10 ᠰᠠᠷ᠎ᠠ ᠶᠢᠨ 10᠎ ᠤ ᠡᠳᠣᠷ
ᠡᠬᠢᠯᠡᠬᠦ ᠴᠠᠭ᠄
2018-10-10 10:14:49
ᠣᠷᠠᠯᠢᠭᠴᠢᠨ᠄
ᠲᠣᠲᠥᠷᠬᠠᠢ ᠦᠭᠡᠢ
ᠦᠭᠡ ᠨᠠᠶᠢᠷᠠᠭᠴᠢ᠄
ᠲᠣᠲᠥᠷᠬᠠᠢ ᠦᠭᠡᠢ
ᠠᠶ᠎ᠠ ᠨᠠᠶᠢᠷᠠᠭᠴᠢ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄
ᠡᠷᠬᠢᠮ ᠬᠦᠨᠳᠦᠳᠦ ᠰᠤᠨᠤᠰᠤᠭᠴᠢᠳ ᠮᠠᠨᠢ ᠰᠠᠶᠢᠨ ᠪᠠᠶᠢᠨ᠎ᠠ ᠤᠤ︖      ᠦᠨᠦᠳᠦᠷ ᠪᠤᠯ 2018 ᠤᠨ ᠤ 10 ᠰᠠᠷ᠎ᠠ ᠶᠢᠨ 10᠂ ᠪᠢᠯᠢᠭ ᠤᠨ ᠤᠯᠠᠷᠢᠯ ᠤᠨ ᠰᠢᠷ᠎ᠠ ᠨᠤᠬᠠᠢ ᠵᠢᠯ ᠤᠨ 9 ᠰᠠᠷ᠎ᠠ ᠶᠢᠨ 2᠂ ᠭᠠᠷᠠᠭ ᠤᠨ ᠭᠤᠷᠪᠠᠨ᠃ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠬᠠᠮ ᠵᠠᠭᠤᠴᠢᠯᠠᠭᠤᠷ ᠤᠨ ᠦᠷᠯᠦᠭᠡ ᠶᠢᠨ ᠮᠡᠳᠡᠭᠡ ᠲᠠ ᠪᠦᠭᠦᠨ ᠲᠠᠢ ᠪᠠᠨ ᠮᠡᠨᠳᠦᠴᠢᠯᠡᠨ ᠵᠤᠯᠭᠠᠵᠦ ᠪᠠᠶᠢᠨ᠎ᠠ᠃      ᠤᠷᠢᠳᠠᠪᠠᠷ ᠴᠠᠭ ᠲᠦᠷᠦ ᠶᠢᠨ ᠮᠡᠳᠡᠭᠡ ᠳᠤ ᠠᠩᠬᠠᠷᠤᠯ ᠢᠶᠠᠨ ᠬᠠᠨᠳᠤᠭᠤᠯᠤᠶ᠎ᠠ      • ᠤᠯᠤᠰ ᠤᠨ ᠲᠡᠷᠢᠭᠦᠯᠡᠭᠴᠢ ᠰᠢ ᠶᠢᠨ ᠫᠢᠩ 9᠎ ᠤ ᠡᠳᠦᠷ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠩᠭᠤᠯᠠ ᠶᠢᠨ ᠶᠡᠷᠦᠩᠬᠡᠶᠢᠯᠡᠭᠴᠢ ᠯᠤᠷᠸᠠᠰᠦ᠋ᠸᠧ ᠲᠠᠢ ᠬᠡᠯᠡᠯᠴᠡᠭᠡ ᠬᠢᠪᠡ᠃ ᠬᠤᠶᠠᠷ ᠤᠯᠤᠰ ᠤᠨ ᠲᠡᠷᠢᠭᠦᠨ ᠬᠤᠶᠠᠷ ᠤᠯᠤᠰ ᠤᠨ ᠬᠠᠷᠢᠯᠴᠠᠭ᠎ᠠ ᠶᠢᠨ ᠢᠳᠡᠪᠬᠢᠳᠡᠢ ᠲᠦᠷᠭᠡᠨ ᠤᠷᠤᠭᠰᠢ ᠬᠦᠭᠵᠢᠬᠦ ᠶᠢ ᠦᠷᠭᠦᠯᠵᠢᠯᠡᠨ ᠠᠬᠢᠭᠤᠯᠬᠤ ᠪᠠᠷ ᠰᠠᠨᠠᠯ ᠨᠢᠭᠡᠳᠡᠢ ᠵᠦᠪᠰᠢᠶᠡᠷᠡᠪᠡ᠃      • ᠤᠯᠤᠰ ᠤᠨ ᠲᠡᠷᠢᠭᠦᠯᠡᠭᠴᠢ ᠰᠢ ᠶᠢᠨ ᠫᠢᠩ 9᠎ ᠤ ᠡᠳᠦᠷ ᠪᠠᠷᠬᠠᠮᠦ᠋᠂ ᠰᠠᠯᠢᠾᠧ ᠳᠤ ᠴᠠᠬᠢᠯᠭᠠᠨ ᠴᠢᠮᠡᠭᠡ ᠶᠠᠪᠤᠭᠤᠯᠵᠦ᠂ ᠲᠡᠭᠦᠨ ᠤ ᠪᠦᠭᠦᠳᠡ ᠨᠠᠶᠢᠷᠠᠮᠳᠠᠬᠤ ᠢᠷᠠᠺ ᠤᠯᠤᠰ ᠤᠨ ᠶᠡᠷᠦᠩᠬᠡᠶᠢᠯᠡᠭᠴᠢ ᠪᠠᠷ ᠰᠤᠩᠭᠤᠭᠳᠠᠭᠰᠠᠨ ᠳᠤ ᠪᠠᠶᠠᠷ ᠬᠦᠷᠭᠡᠪᠡ᠃      • 10 ᠰᠠᠷ᠎ᠠ ᠶᠢᠨ 8᠎ ᠤ ᠦᠳᠡ ᠶᠢᠨ ᠬᠤᠶᠢᠨ᠎ᠠ ᠠᠴᠠ 9᠎ ᠤ ᠡᠳᠦᠷ ᠪᠤᠯᠳᠠᠯ᠎ᠠ᠂ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠬᠦᠬᠡᠬᠤᠳᠠ ᠳᠤ ᠬᠤᠷᠠᠯᠳᠤᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠳᠤ ᠤᠷᠤᠯᠴᠠᠵᠦ ᠶᠠᠷᠢᠶ᠎ᠠ ᠲᠠᠯᠪᠢᠬᠤ ᠳᠠᠭᠠᠨ᠂ ᠦᠨᠳᠦᠰᠦᠨ ᠵᠢᠷᠤᠮᠯᠠᠯ ᠢ ᠡᠵᠡᠮᠰᠢᠨ᠂ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠤ᠂ ᠰᠢᠨ᠎ᠠ ᠴᠠᠭ ᠦᠶ᠎ᠠ ᠶᠢᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠰᠢᠨ᠎ᠠ ᠬᠠᠭᠤᠳᠠᠰᠦ ᠶᠢ ᠴᠢᠷᠮᠠᠶᠢᠨ ᠪᠢᠴᠢᠭᠯᠡᠭᠦ ᠬᠡᠷᠡᠭᠳᠡᠢ ᠬᠡᠵᠤ  ᠴᠢᠬᠤᠯᠠᠴᠢᠯᠠᠪᠠ᠃      • 10 ᠰᠠᠷ᠎ᠠ ᠶᠢᠨ 9᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠬᠦᠬᠡᠬᠤᠳᠠ ᠳᠤ ᠡᠬᠢᠯᠡᠵᠦ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ ᠡᠷᠬᠢᠯᠡᠵᠡᠢ᠃      • 10 ᠰᠠᠷ᠎ᠠ ᠶᠢᠨ 9᠎ ᠤ ᠡᠳᠦᠷ᠂ 2018 ᠤᠨ ᠤ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠦᠵᠡᠰᠭᠦᠯᠡᠩ ᠤᠨ ᠴᠤᠭᠯᠠᠭᠠᠨ ᠵᠢᠴᠢ ᠡᠯᠡᠰᠦᠨ ᠠᠵᠤ ᠦᠢᠯᠡᠰ ᠤᠨ ᠲᠡᠭᠡᠳᠦ ᠲᠡᠰ ᠤᠨ ᠶᠠᠷᠢᠶᠠᠨ ᠤ ᠲᠠᠪᠴᠠᠩ᠂ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠡᠯᠡᠰᠦᠨ ᠤ ᠠᠵᠤ ᠦᠢᠯᠡᠰ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠤᠷᠤᠯᠳᠤᠭᠠᠨ ᠠᠯᠠᠱᠠ ᠠᠶᠢᠮᠠᠭ ᠲᠤ ᠬᠦᠰᠢᠭᠡ ᠪᠠᠨ ᠰᠡᠭᠦᠵᠡᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠠᠵᠢᠯᠯᠠᠭ᠎ᠠ ᠡᠬᠢᠯᠡᠭᠰᠡᠨ ᠢ ᠵᠠᠷᠯᠠᠪᠠ᠃      ᠵᠠᠯᠭᠠᠭᠠᠳ ᠨᠡᠶᠢᠭᠡᠮ ᠤᠨ ᠰᠤᠨᠢᠨ ᠮᠡᠳᠡᠭᠡ ᠠᠴᠠ ᠤᠢᠢᠯᠠᠭᠠᠶ᠎ᠠ      • ᠮᠠᠨ ᠤ ᠤᠷᠤᠨ ᠪᠠᠷᠢᠮᠵᠢᠶᠠᠵᠢᠭᠤᠯᠤᠯᠳᠠ ᠶᠢᠨ ᠭᠤᠷᠪᠠᠨ ᠵᠢᠯ ᠤᠨ ᠠᠵᠢᠯᠯᠠᠭᠠᠨ ᠤ ᠲᠦᠯᠦᠪᠯᠡᠭᠡ ᠪᠠᠨ ᠠᠮᠵᠢᠯᠳᠠ ᠲᠠᠢ ᠪᠡᠶᠡᠯᠡᠬᠦᠯᠵᠤ᠂ ᠡᠯ᠎ᠡ ᠲᠦᠷᠦᠯ ᠤᠨ ᠡᠬᠦᠷᠭᠡ ᠶᠢᠨ ᠬᠦᠢᠴᠡᠳᠬᠡᠯ ᠳᠤᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠵᠤ᠂ ᠰᠢᠨ᠎ᠡ ᠪᠠᠷ ᠮᠠᠨᠳᠤᠵᠤ ᠪᠠᠶᠢᠭ᠎ᠠ ᠠᠵᠤ ᠦᠢᠯᠡᠰ᠂ ᠤᠳᠤ ᠦᠶ᠎ᠡ ᠶᠢᠨ ᠮᠠᠯ ᠠᠵᠤ ᠠᠬᠤᠢ ᠲᠠᠷᠢᠶᠠᠯᠠᠩ᠂ ᠦᠢᠯᠡᠴᠢᠯᠡᠭᠡᠨ ᠤ ᠦᠢᠯᠡᠰ᠂ ᠨᠡᠶᠢᠭᠡᠮ ᠤᠨ ᠬᠠᠮᠢᠶᠠᠷᠤᠯᠳᠠ ᠵᠢᠴᠢ ᠤᠯᠠᠨ ᠨᠡᠶᠢᠳᠡ ᠶᠢᠨ ᠦᠢᠯᠡᠴᠢᠯᠡᠭᠡ ᠵᠡᠷᠭᠡ ᠲᠦᠷᠪᠡᠨ ᠶᠡᠭᠡ ᠬᠦᠷᠢᠶ᠎ᠡ ᠴᠠᠷᠠᠭ᠎ᠠ ᠶᠢᠨ 29 ᠪᠠᠷᠢᠮᠵᠢᠶ᠎ᠠ ᠶᠢᠨ ᠬᠤᠪᠢᠶᠠᠷᠢ ᠰᠢᠰᠲ᠋ᠧᠮ ᠢ ᠪᠠᠶᠢᠭᠤᠯᠵᠤ᠂ ᠨᠡᠶᠢᠳᠡ 1086 ᠲᠦᠷᠦᠯ ᠤᠨ ᠤᠷᠤᠨ ᠨᠤᠳᠤᠬ ᠤᠨ ᠪᠠᠷᠢᠮᠵᠢᠶ᠎ᠠ ᠶᠢ ᠳᠤᠭᠳᠠᠭᠠᠨ᠂ ᠰᠢᠨ᠎ᠡ ᠪᠠᠷ ᠨᠡᠮᠡᠭᠳᠡᠭᠰᠡᠨ ᠪᠠᠷᠢᠮᠵᠢᠶᠠᠵᠢᠭᠤᠯᠤᠯᠳᠠ ᠶᠢᠨ ᠳᠤᠷᠰᠢᠯᠳᠠ ᠶᠢᠨ ᠴᠢᠭ᠋ ᠤᠨ ᠵᠢᠱᠢᠶ᠎ᠡ ᠦᠵᠡᠬᠦᠯᠬᠦ 139 ᠲᠦᠷᠦᠯ ᠵᠦᠢᠯ ᠲᠠᠢ ᠪᠤᠯᠵᠤ᠂ ᠨᠡᠶᠢᠳᠡ 356 ᠪᠠᠷᠢᠮᠵᠢᠶᠠᠵᠢᠭᠤᠯᠤᠯᠳᠠ ᠶᠢᠨ ᠳᠤᠷᠰᠢᠯᠳᠡ ᠶᠢᠨ ᠴᠢᠭ᠋ ᠤᠨ ᠵᠢᠱᠢᠶ᠎ᠡ ᠦᠵᠡᠬᠦᠯᠬᠦ ᠲᠦᠷᠦᠯ ᠵᠦᠢᠯ ᠤᠨ ᠪᠠᠶᠢᠭᠤᠯᠤᠯᠳᠠ ᠶᠢ ᠪᠡᠶᠡᠯᠡᠬᠦᠯᠪᠡ᠃      • ᠤᠢᠢᠷ᠎ᠠ ᠶᠢᠨ ᠡᠳᠦᠷ᠂ ᠤᠯᠤᠰ ᠤᠨ ᠤᠢ ᠰᠢᠭᠤᠢ ᠪᠠ ᠲᠠᠯ᠎ᠠ ᠨᠤᠳᠤᠭ ᠤᠨ ᠲᠤᠪᠴᠢᠶ᠎ᠠ ᠠᠴᠠ 7 ᠭᠠᠵᠠᠷ ᠤᠷᠤᠨ ᠢ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠨ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠤᠷᠤᠨ ᠢᠶᠠᠷ ᠨᠡᠮᠡᠨ ᠲᠤᠭᠲᠠᠭᠠᠭᠰᠠᠠ ᠳᠤ ᠮᠠᠨ ᠤ ᠤᠷᠤᠨ ᠤ ᠪᠠᠶᠠᠨᠨᠠᠭᠤᠷ ᠬᠤᠲᠠ ᠰᠤᠩᠭᠤᠭᠳᠠᠪᠠ᠃      • ᠤᠢᠢᠷ᠎ᠠ ᠶᠢᠨ ᠡᠳᠦᠷ᠂ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠲᠡᠷᠬᠡᠨ ᠤ ᠬᠠᠮᠢᠶᠠᠷᠤᠯᠳᠠ ᠶᠢᠨ ᠭᠠᠵᠠᠷ ᠤᠨ ᠲᠡᠷᠬᠡᠨ ᠤ ᠬᠠᠮᠢᠶᠠᠷᠤᠯᠳᠠ ᠶᠢᠨ ᠠᠵᠢᠯ ᠲᠦᠷᠦᠯ ᠤᠨ ᠤᠶᠤᠨ ᠴᠢᠳᠠᠪᠬᠢᠳᠤ ᠰᠢᠢᠳᠪᠦᠷᠢᠯᠡᠬᠦ ᠶᠢ ᠵᠢᠯᠤᠭᠤᠳᠬᠤ ᠮᠠᠰᠢᠨ ᠬᠦᠮᠦᠨ — ︽ᠰᠡᠴᠡᠨ︾ ᠵᠢᠩᠬᠢᠨᠢ ᠪᠠᠷ ᠠᠵᠢᠯ ᠤᠨ ᠪᠠᠶᠢᠷᠢᠨ ᠳᠠᠭᠠᠨ ᠭᠠᠷᠴᠤ᠂ ᠬᠦᠬᠡᠬᠤᠳᠠ ᠶᠢᠨ ᠲᠡᠷᠬᠡᠨ ᠤ ᠬᠠᠮᠢᠶᠠᠷᠤᠯᠳᠠ ᠶᠢᠨ ᠠᠵᠢᠯ ᠲᠦᠷᠦᠯ ᠤᠨ ᠰᠢᠢᠳᠪᠦᠷᠢᠯᠡᠬᠦ ᠶᠢ ᠵᠢᠯᠤᠭᠤᠳᠬᠤ ᠤᠶᠤᠨ ᠴᠢᠳᠠᠪᠬᠢᠳᠤ ᠴᠠᠬ ᠡᠷᠡᠨ ᠢ ᠨᠡᠬᠡᠬᠡᠵᠡᠢ᠃      • ᠬᠦᠬᠡᠬᠤᠳᠠ ᠶᠢᠨ 15 ᠵᠢᠯ ᠤᠨ ᠲᠦᠷᠢᠮᠳᠦ ᠮᠤᠩᠭᠤᠯ ᠦᠨᠳᠦᠰᠦᠳᠡᠨ ᠤ ᠲᠤᠷᠰᠢᠯᠳᠠ ᠶᠢᠨ ᠰᠤᠷᠭᠠᠭᠤᠯᠢ ᠨᠢ ᠡᠨᠡ ᠵᠢᠯ ᠤᠨ ᠬᠤᠳᠠ ᠶᠢᠨ ᠭᠤᠤᠯᠳᠠᠯᠭ᠎ᠠ ᠲᠠᠢ ᠪᠦᠳᠦᠭᠡᠨ ᠪᠠᠶᠢᠭᠤᠯᠤᠯᠳᠠ ᠶᠢᠨ ᠲᠦᠯᠦᠪᠯᠡᠭᠡ ᠳᠤ ᠤᠷᠤᠵᠦ᠂ 4 ᠰᠠᠷ᠎ᠠ ᠶᠢᠨ ᠲᠤᠮᠳᠠᠴᠢ ᠪᠠᠷ ᠡᠬᠢᠯᠡᠵᠦ ᠪᠠᠷᠢᠯᠭ᠎ᠠ ᠶᠢᠨ ᠺᠤᠮᠫᠠᠨᠢ ᠶᠢᠨ ᠲᠦᠷᠦᠯ ᠵᠦᠢᠯ ᠢᠶᠠᠨ ᠨᠡᠶᠢᠳᠡᠯᠡᠭᠰᠡᠨ ᠪᠤᠯ 10 ᠰᠠᠷ᠎ᠠ ᠶᠢᠨ ᠠᠮᠠᠷᠠᠯᠳᠠ ᠪᠤᠯᠬᠤ ᠳᠤ ᠲᠤᠰ ᠲᠦᠷᠦᠯ ᠵᠦᠢᠯ ᠢ ᠲᠠᠭᠠᠭᠠᠭᠰᠠᠨ ᠺᠤᠮᠫᠠᠨᠢ ᠨᠢᠭᠡᠨᠳᠡ ᠰᠠᠭᠤᠷᠢ ᠲᠠᠯᠪᠢᠬᠤ ᠠᠵᠢᠯ ᠳᠤ ᠪᠠᠨ ᠤᠷᠤᠭᠰᠠᠨ ᠪᠠᠶᠢᠨ᠎ᠠ᠃      • 10 ᠰᠠᠷ᠎ᠠ ᠶᠢᠨ 9᠎ ᠤ ᠡᠳᠦᠷ᠂ 2018 ᠤᠨ ᠤ ᠪᠦᠬᠦ ᠤᠯᠤᠰ ᠤᠨ ᠤᠯᠠᠨ ᠢᠶᠠᠷ ᠢᠶᠠᠨ ᠦᠢᠯᠡᠰ ᠪᠤᠰᠬᠠᠵᠦ ᠨᠡᠶᠢᠳᠡ ᠪᠠᠷ ᠢᠶᠠᠨ ᠰᠢᠨ᠎ᠡ ᠶᠢ ᠡᠬᠦᠳᠬᠦ ᠭᠠᠷᠠᠭ ᠤᠨ ᠠᠵᠢᠯᠯᠠᠭᠠᠨ ᠤ ᠦᠪᠦᠷ ᠮᠤᠩᠭᠤᠯ ᠳᠠᠬᠢ ᠬᠤᠪᠢᠶᠠᠷᠢ ᠳᠠᠯᠠᠪᠠᠢ ᠠᠵᠢᠯᠯᠠᠭᠠᠨ ᠤ ᠡᠬᠢᠯᠡᠯᠳᠡ ᠶᠢᠨ ᠶᠤᠰᠤᠯᠠᠯ ᠤᠯᠠᠭᠠᠨᠴᠠᠪ ᠬᠤᠳᠠ ᠳᠤ ᠶᠠᠪᠤᠭᠳᠠᠪᠠ᠃      • ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠮᠠᠨ ᠤ ᠤᠷᠤᠨ ᠨᠡᠶᠢᠲᠡ 1201.46 ᠲᠦᠮᠡᠨ ᠵᠤᠭᠠᠴᠠᠭᠰᠠᠳ ᠬᠦᠯᠢᠶᠠᠨ ᠠᠪᠴᠤ᠂ 98.25 ᠳ᠋ᠦᠩᠰᠢᠭᠤᠷ ᠲᠦᠭᠦᠷᠢᠭ ᠤᠨ ᠤᠷᠤᠯᠭ᠎ᠠ ᠤᠯᠤᠭᠰᠠᠨ ᠪᠠᠶᠢᠨ᠎ᠠ᠃      • 10 ᠰᠠᠷ᠎ᠠ ᠶᠢᠨ 9᠎ ᠤ ᠦᠳᠡ ᠶᠢᠨ ᠡᠮᠦᠨ᠎ᠡ᠂ ᠲᠤᠳᠤᠭᠠᠳᠤ ᠶᠢ ᠬᠠᠮᠠᠭᠠᠯᠠᠬᠤ ᠭᠠᠯ ᠤᠨᠳᠠᠷᠠᠭᠠᠬᠤ ᠴᠡᠷᠢᠭ ᠠᠩᠬᠢ ᠶᠢ ᠪᠠᠴᠢᠮ ᠶᠠᠪᠤᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠶᠠᠮᠤᠨ ᠳᠤ ᠲᠤᠰᠢᠶᠠᠬᠤ ᠪᠠ ᠬᠦᠯᠢᠶᠠᠨ ᠠᠪᠬᠤ ᠶᠤᠰᠤᠯᠠᠯ ᠵᠢᠩᠬᠢᠨᠢ ᠪᠠᠷ ᠶᠠᠪᠤᠭᠳᠠᠪᠠ᠃ ᠡᠨᠡ ᠨᠢ 53 ᠵᠢᠯ ᠠᠵᠢᠯᠯᠠᠭᠰᠠᠨ ᠭᠠᠯ ᠤᠨᠳᠠᠷᠠᠭᠠᠬᠤ ᠴᠡᠷᠢᠭ ᠠᠩᠬᠢ ᠶᠢᠨ ᠴᠡᠷᠢᠭ ᠤᠨ ᠠᠯᠪᠠ ᠬᠠᠭᠠᠭᠰᠠᠨ ᠲᠡᠤᠬᠡ ᠡᠴᠦᠰᠯᠡᠭᠰᠡᠨ ᠢ ᠬᠠᠷᠠᠭᠤᠯᠵᠦ ᠪᠤᠢ᠃      • 2019 ᠤᠨ ᠤ ᠴᠡᠷᠢᠭ ᠠᠩᠬᠢ ᠶᠢᠨ ᠲᠡᠭᠡᠳᠤ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠠ ᠶᠢᠨ ᠰᠤᠳᠤᠯᠬᠤ ᠰᠤᠷᠤᠭᠴᠢ ᠡᠯᠰᠡᠬᠦ ᠲᠦᠯᠤᠪᠯᠡᠭᠡ ᠶᠢ ᠲᠦᠷᠤᠬᠦᠭᠡᠨ ᠨᠢᠭᠡᠨᠳᠡ ᠪᠠᠭᠤᠯᠭᠠᠪᠠ᠂ ᠡᠬᠦᠨ ᠳᠤ ᠡᠯᠰᠡᠬᠦ ᠪᠠᠷ ᠪᠠᠶᠢᠭ᠎ᠠ ᠴᠡᠷᠢᠭ ᠤᠨ ᠰᠤᠳᠤᠯᠬᠤ ᠰᠤᠷᠤᠭᠴᠢ ᠳᠤ ᠪᠦᠬᠦᠯᠢ ᠡᠳᠤᠷ ᠤᠨ ᠲᠦᠷᠢᠮᠳᠤ ᠪᠠ ᠪᠦᠬᠦᠯᠢ ᠡᠳᠤᠷ ᠤᠨ ᠪᠤᠰᠤ ᠲᠦᠷᠢᠮᠳᠤ ᠭᠡᠬᠦ ᠬᠤᠶᠠᠷ ᠲᠦᠷᠤᠯ ᠪᠠᠭᠳᠠᠨ᠎ᠠ᠃      • ᠰᠤᠷᠪᠤᠯᠵᠢᠯᠠᠬᠴᠢ 8᠎ ᠤ ᠡᠳᠦᠷ ᠬᠤᠷᠠᠯᠳᠤᠬᠰᠠᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠰᠤᠨᠢᠨ ᠮᠡᠳᠡᠭᠡᠨ ᠤ ᠬᠤᠷᠠᠯ ᠠᠴᠠ ᠤᠶᠢᠯᠠᠭᠠᠬᠰᠠᠨ ᠢᠶᠠᠷ᠂ 2018 ᠤᠨ ᠤ ᠳᠡᠯᠡᠬᠡᠢ ᠶᠢᠨ ᠠᠮᠢ ᠨᠠᠰᠤᠨ ᠤ ᠰᠢᠨᠵᠢᠯᠡᠬᠦ ᠤᠬᠠᠭᠠᠨ ᠤ ᠶᠡᠭᠡ ᠬᠤᠷᠠᠯ ᠢ 10 ᠰᠠᠷ᠎ᠠ ᠶᠢᠨ 27-29᠎ ᠤ ᠡᠳᠦᠷ ᠪᠤᠯᠲᠠᠯ᠎ᠠ ᠪᠡᠭᠡᠵᠢᠩ ᠳᠤ ᠬᠤᠷᠠᠯᠳᠤᠭᠤᠯᠬᠤ ᠪᠠᠷ ᠪᠤᠢ᠃      ᠵᠠᠯᠭᠠᠭᠠᠳ ᠰᠤᠶᠤᠯ ᠲᠠᠮᠢᠷ ᠤᠨ ᠮᠡᠳᠡᠭᠡ ᠠᠴᠠ ᠤᠢᠢᠯᠠᠭᠠᠶ᠎ᠠ      • ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠰᠤᠨᠢᠨ ᠮᠡᠳᠡᠬᠡᠨ ᠤ ᠠᠵᠢᠯᠳᠠᠳ ᠤᠨ ᠨᠡᠶᠢᠬᠡᠮᠯᠢᠭ ᠠᠴᠠ ᠭᠤᠤᠯᠯᠠᠨ ᠡᠷᠬᠢᠯᠡᠭᠰᠡᠨ ᠬᠤᠷᠢᠨ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠰᠤᠨᠢᠨ ᠮᠡᠳᠡᠬᠡᠨ ᠤ ᠱᠠᠩᠨᠠᠯ᠂ ᠠᠷᠪᠠᠨ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠠᠷᠪᠠᠨ ᠰᠤᠳᠤᠨ ᠰᠤᠨᠢᠨ ᠮᠡᠳᠡᠬᠡᠨ ᠤ ᠠᠵᠢᠯᠳᠠᠨ ᠢ ᠦᠨᠡᠯᠡᠨ ᠰᠢᠯᠭᠠᠷᠠᠭᠤᠯᠤᠬᠰᠠᠨ ᠦᠷ᠎ᠡ ᠳ᠋ᠦᠩ ᠢ 10 ᠰᠠᠷ᠎ᠠ ᠶᠢᠨ 8᠎ ᠤ ᠡᠳᠤᠷ ᠨᠡᠶᠢᠳᠡᠯᠡᠪᠡ᠃ ᠦᠪᠡᠷᠳᠡᠬᠡᠨ ᠵᠠᠰᠠᠬᠤ ᠤᠷᠤᠨ ᠪᠤᠯᠤᠨ ᠤᠷᠤᠨ ᠳᠤ ᠰᠠᠭᠤᠭ᠎ᠠ ᠳᠦᠪ ᠤᠨ ᠬᠡᠰᠡᠭ ᠵᠠᠭᠤᠴᠢᠯᠠᠭᠤᠷ ᠤᠨ 203 ᠪᠦᠳᠦᠬᠡᠯ ᠬᠤᠷᠢᠨ ᠵᠢᠷᠭᠤᠳᠤᠭᠠᠷ ᠬᠤᠭᠤᠴᠠᠭᠠᠨ ᠤ ᠦᠪᠦᠷ ᠮᠤᠩᠭᠤᠯ ᠤᠨ ᠰᠤᠨᠢᠨ ᠮᠡᠳᠡᠬᠡᠨ ᠤ ᠱᠠᠩᠨᠠᠯ ᠬᠦᠷᠳᠡᠵᠥ᠂ ᠡᠬᠦᠨ ᠳᠤ 3 ᠤᠨᠴᠠᠭᠠᠢ ᠱᠠᠩᠨᠠᠯ᠂ 28 ᠨᠢᠬᠡᠳᠦᠬᠡᠷ ᠳᠡᠰ ᠤᠨ ᠱᠠᠩᠨᠠᠯ᠂ 49 ᠬᠤᠶᠠᠳᠤᠭᠠᠷ ᠳᠡᠰ ᠤᠨ ᠱᠠᠩᠨᠠᠯ᠂ 123 ᠭᠤᠷᠪᠠᠳᠤᠭᠠᠷ ᠳᠡᠰ ᠤᠨ ᠱᠠᠩᠨᠠᠯ ᠪᠤᠢ᠃      • 10 ᠰᠠᠷ᠎ᠠ ᠶᠢᠨ 9᠎ ᠤ ᠡᠳᠦᠷ᠂ ᠬᠦᠬᠡᠬᠤᠳᠠ ᠶᠢᠨ ᠮᠤᠩᠭᠤᠯ ᠦᠨᠳᠦᠰᠦᠳᠡᠨ ᠤ ᠰᠤᠷᠭᠠᠭᠤᠯᠢ ᠠᠴᠠ ᠬᠡᠯᠡᠨ ᠤ ᠤᠷᠴᠢᠨ ᠢᠶᠠᠨ ᠴᠡᠪᠡᠷᠰᠢᠭᠦᠯᠦᠨ ᠮᠤᠩᠭᠤᠯ ᠬᠡᠯᠡ ᠪᠠᠨ ᠲᠦᠷᠢᠮᠵᠢᠭᠦᠯᠦᠨ ᠬᠡᠷᠡᠭᠯᠡᠬᠦ ᠲᠤᠬᠠᠢ ᠰᠢᠢᠳᠪᠦᠷᠢ ᠭᠠᠷᠭᠠᠭᠰᠠᠨ ᠪᠠᠶᠢᠨ᠎ᠠ᠃      • ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠤᠩᠭᠡᠢ ᠲᠤᠪᠴᠢᠶ᠎ᠠ ᠶᠢᠨ ᠵᠢᠶᠠᠩᠰᠤ ᠮᠤᠵᠢ ᠶᠢᠨ ᠭᠠᠶᠢᠯᠢ ᠶᠢᠨ ᠶᠠᠪᠤᠳᠠᠯ ᠤᠨ ᠲᠤᠪᠴᠢᠶ᠎ᠠ ᠹᠠᠨ ᠪᠢᠩ ᠪᠢᠩ ᠤᠨ ᠭᠠᠶᠢᠯᠢ ᠠᠴᠠ ᠵᠠᠶᠢᠯᠠᠭᠰᠠᠨ ᠬᠡᠷᠡᠭ ᠲᠠᠬᠢ ᠬᠤᠯᠪᠤᠬᠳᠠᠯ ᠪᠦᠬᠦᠢ ᠬᠠᠷᠢᠭᠤᠴᠠᠯᠭᠠᠳᠤ ᠨᠢᠭᠡᠴᠠ ᠪᠠ ᠬᠠᠷᠢᠭᠤᠴᠠᠯᠭᠠᠳᠠᠨ ᠠᠴᠠ ᠬᠠᠷᠢᠭᠤᠴᠠᠯᠭ᠎ᠠ ᠨᠡᠭᠡᠮᠵᠢᠯᠠᠪᠡ᠃      ᠵᠠᠯᠭᠠᠭᠠᠳ ᠦᠢᠯᠡᠴᠢᠯᠡᠭᠡᠨ ᠤ ᠮᠡᠳᠡᠭᠡ ᠠᠴᠠ ᠲᠠᠮᠵᠢᠭᠤᠯᠤᠶ᠎ᠠ      • ᠤᠯᠠᠭᠠᠨᠬᠠᠳᠠ ᠬᠤᠳᠠ ᠶᠢᠨ ᠠᠵᠢᠯ ᠦᠢᠯᠡᠰ ᠤᠨ ᠪᠠᠶᠢᠭᠤᠯᠤᠯᠭ᠎ᠠ ᠨᠢᠭᠡᠴᠡ ᠢᠯᠡ ᠪᠠᠷ 255 ᠠᠵᠢᠯᠳᠠᠨ ᠡᠯᠰᠡᠭᠦ ᠪᠠᠷ ᠪᠤᠢ᠃ ᠨᠠᠷᠢᠨ ᠠᠭᠤᠯᠭ᠎ᠠ ᠶᠢ ᠤᠯᠠᠭᠠᠨᠬᠠᠳᠠ ᠬᠤᠳᠠ ᠶᠢᠨ ᠠᠵᠢᠯᠳᠠᠨ ᠡᠯᠰᠡᠬᠦ ᠰᠤᠷᠠᠭ ᠵᠠᠩᠬᠢ ᠶᠢᠨ ᠰᠦᠯᠵᠢᠶ᠎ᠡ ︵http://www.cfpta.com.cn᠎ ᠠᠴᠠ ᠠᠩᠬᠠᠷᠬᠤ ᠪᠤᠯᠪᠠᠤ᠃      • ᠬᠦᠢᠳᠡᠨ ᠠᠭᠤᠷ ᠠᠮᠢᠰᠬᠤᠯ ᠤᠨ ᠨᠦᠯᠦᠭᠡ ᠪᠠᠷ᠂ ᠤᠢᠢᠷ᠎ᠠ ᠶᠢᠨ ᠬᠤᠶᠠᠷ ᠡᠳᠦᠷ ᠲᠤ ᠮᠠᠨ ᠤ ᠤᠷᠤᠨ ᠤ ᠪᠠᠷᠠᠭᠤᠨ ᠠᠴᠠ ᠵᠡᠭᠦᠨᠰᠢ ᠶᠡᠬᠡᠩᠬᠢ ᠭᠠᠵᠠᠷ ᠢᠶᠠᠷ ᠪᠤᠷᠤᠭᠠᠨ ᠤᠷᠤᠵᠦ᠂ ᠲᠡᠭᠷᠢ ᠬᠦᠢᠳᠡᠷᠡᠭᠰᠡᠨ ᠪᠠᠶᠢᠨ᠎ᠠ᠃ ᠦᠨᠦᠳᠦᠷ ᠠᠴᠠ ᠡᠬᠢᠯᠡᠨ ᠪᠦᠬᠦ ᠤᠷᠤᠨ ᠤ ᠶᠡᠬᠡᠩᠬᠢ ᠭᠠᠵᠠᠷ ᠴᠡᠯᠮᠡᠭᠰᠢᠵᠦ᠂ ᠲᠤᠯᠠᠭᠠᠨ ᠤ ᠬᠡᠮᠵᠢᠶ᠎ᠡ ᠲᠡᠭᠡᠭᠰᠢᠯᠡᠬᠦ ᠪᠤᠯᠤᠨ᠎ᠠ᠃ ᠵᠦᠪᠬᠡᠨ ᠵᠡᠭᠦᠨ ᠪᠡᠶ᠎ᠡ ᠶᠢᠨ ᠬᠡᠰᠡᠭ ᠭᠠᠵᠠᠷ ᠴᠠᠰᠤ ᠪᠤᠷᠤᠭᠠᠨ ᠬᠤᠯᠢᠯᠳᠤᠨ ᠤᠷᠤᠵᠦ᠂ ᠲᠤᠯᠠᠭᠠᠨ ᠤ ᠬᠡᠮᠵᠢᠶ᠎ᠡ ᠮᠦᠨ ᠭᠦ ᠲᠤᠤᠷ᠎ᠠ ᠪᠠᠶᠢᠭᠰᠠᠭᠠᠷ᠃      ᠦᠨᠦᠳᠦᠷ ᠤᠨ ᠨᠡᠪᠳᠡᠷᠡᠭᠦᠯᠭᠡ ᠮᠠᠨᠢ ᠡᠶᠢᠨᠬᠦ ᠦᠨᠳᠦᠷᠯᠡᠵᠦ ᠪᠠᠶᠢᠨ᠎ᠠ᠃ ᠮᠡᠳᠡᠭᠡ ᠶᠢ ᠮᠢᠨᠢ ᠬᠦᠯᠢᠶᠠᠨ ᠰᠤᠨᠤᠰᠴᠤ᠂ ᠤᠷᠮ᠎ᠠ ᠬᠠᠶᠢᠷᠠᠯᠠᠭᠰᠠᠨ ᠲᠠ ᠪᠦᠬᠦᠨ ᠳᠡᠭᠡᠨ ᠠᠵᠠ ᠵᠢᠷᠭᠠᠯ ᠬᠦᠰᠡᠨ ᠤᠳᠬᠠᠨᠳᠤᠶᠠᠭ᠎ᠠ ᠶᠢᠨ ᠲᠠᠭᠤᠯᠠᠭᠰᠠᠨ ︽ᠬᠠᠷ᠎ᠠ ᠬᠠᠷᠠᠬᠠᠨ ᠬᠠᠷᠠᠴᠠ︾ ᠭᠡᠰᠡᠨ ᠳᠠᠭᠤᠤ ᠪᠠᠷ ᠠᠶ᠎ᠠ ᠪᠠᠷᠢᠵᠦ ᠨᠡᠪᠲᠡᠷᠡᠬᠦᠯᠭᠡ ᠪᠠᠨ ᠵᠢᠷᠭᠠᠭᠠᠶ᠎ᠠ︕ ᠪᠠᠶᠠᠷᠲᠠᠢ︕                  ᠨᠠᠶᠢᠷᠠᠭᠤᠯᠤᠨ ᠨᠡᠪᠳᠡᠷᠡᠭᠦᠯᠦᠭᠴᠢ᠄ ᠪᠤᠯᠤᠷ                  ᠮᠡᠷᠭᠡᠵᠢᠯ᠄ ᠬᠦᠬᠡᠪᠠᠷᠰ                  ᠬᠢᠨᠠᠭᠴᠢ᠄ ᠬᠤᠤᠰ
ᠬᠤᠪᠢᠶᠠᠯᠴᠠᠬᠤ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号