10 ᠰᠠᠷ᠎ᠠ ᠶᠢᠨ 11᠎ ᠤ ᠡᠳᠣᠷ
ᠡᠬᠢᠯᠡᠬᠦ ᠴᠠᠭ᠄
2018-10-11 11:30:31
ᠣᠷᠠᠯᠢᠭᠴᠢᠨ᠄
ᠲᠣᠲᠥᠷᠬᠠᠢ ᠦᠭᠡᠢ
ᠦᠭᠡ ᠨᠠᠶᠢᠷᠠᠭᠴᠢ᠄
ᠲᠣᠲᠥᠷᠬᠠᠢ ᠦᠭᠡᠢ
ᠠᠶ᠎ᠠ ᠨᠠᠶᠢᠷᠠᠭᠴᠢ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄
     ᠡᠷᠬᠢᠮ ᠬᠦᠨᠳᠦᠳᠦ ᠰᠤᠨᠤᠰᠤᠭᠴᠢᠳ ᠮᠠᠨᠢ᠂ ᠰᠠᠶᠢᠨ ᠪᠠᠶᠢᠨ᠎ᠠ ᠤᠤ︖      ᠦᠨᠦᠳᠦᠷ ᠪᠤᠯ 2018 ᠤᠨ ᠤ 10 ᠰᠠᠷ᠎ᠠ ᠶᠢᠨ 11᠂ ᠪᠢᠯᠢᠭ ᠤᠨ ᠤᠯᠠᠷᠢᠯ ᠤᠨ ᠰᠢᠷ᠎ᠠ ᠨᠤᠬᠠᠢ ᠵᠢᠯ ᠤᠨ 9 ᠰᠠᠷ᠎ᠠ ᠶᠢᠨ 3᠂ ᠭᠠᠷᠠᠭ ᠤᠨ ᠲᠦᠷᠪᠡᠨ᠃ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠬᠠᠮ ᠵᠠᠭᠤᠴᠢᠯᠠᠭᠤᠷ ᠤᠨ ᠦᠷᠯᠦᠭᠡ ᠶᠢᠨ ᠮᠡᠳᠡᠭᠡ ᠲᠠ ᠪᠦᠭᠦᠨ ᠲᠠᠢ ᠪᠠᠨ ᠮᠡᠨᠳᠦᠴᠢᠯᠡᠨ ᠵᠤᠯᠭᠠᠵᠦ ᠪᠠᠶᠢᠨ᠎ᠠ᠃      ᠤᠷᠢᠳᠠᠪᠠᠷ ᠴᠠᠭ ᠲᠦᠷᠦ ᠶᠢᠨ ᠮᠡᠳᠡᠭᠡ ᠳᠤ ᠠᠩᠬᠠᠷᠤᠯ ᠢᠶᠠᠨ ᠬᠠᠨᠳᠤᠭᠤᠯᠤᠶ᠎ᠠ      • ᠨᠠᠮ ᠤᠨ ᠲᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ᠂ ᠲᠦᠪ ᠤᠨ ᠡᠳ᠋ ᠤᠨ ᠵᠠᠰᠠᠭ ᠤᠨ ᠠᠵᠤ ᠠᠬᠤᠢ ᠶᠢᠨ ᠵᠦᠪᠯᠡᠯ ᠤᠨ ᠡᠷᠬᠢᠯᠡᠭᠴᠢ ᠰᠢ ᠶᠢᠨ ᠫᠢᠩ 10 ᠰᠠᠷ᠎ᠠ ᠶᠢᠨ 10᠎ ᠤ ᠦᠳᠡ ᠶᠢᠨ ᠬᠤᠶᠢᠨ᠎ᠠ ᠲᠦᠪ ᠤᠨ ᠡᠳ᠋ ᠤᠨ ᠵᠠᠰᠠᠭ᠂ ᠠᠵᠤ ᠠᠬᠤᠢ ᠶᠢᠨ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠢ ᠰᠡᠷᠬᠡᠶᠢᠯᠡᠨ ᠵᠠᠰᠠᠬᠤ ᠴᠢᠳᠠᠪᠤᠷᠢ ᠶᠢ ᠪᠦᠬᠦ ᠬᠦᠴᠦᠨ ᠢᠶᠠᠷ ᠲᠡᠭᠡᠭᠰᠢᠯᠡᠭᠦᠯᠵᠦ ᠰᠧᠴᠤᠸᠠᠨ᠋ ᠲᠦᠪᠡᠳ ᠲᠡᠮᠤᠷ ᠵᠠᠮ ᠤᠨ ᠲᠦᠯᠦᠪᠵᠢᠭᠦᠯᠭᠡ ᠪᠦᠳᠦᠭᠡᠨ ᠪᠠᠶᠢᠭᠤᠯᠤᠯᠳᠠ ᠶᠢ ᠪᠦᠬᠦ ᠲᠡᠯ᠎ᠡ ᠪᠠᠷ ᠡᠬᠢᠯᠡᠭᠦᠯᠬᠦ ᠬᠡᠷᠡᠭᠳᠡᠢ ᠬᠡᠵᠦ ᠴᠢᠬᠤᠯᠠᠴᠢᠯᠠᠵᠠᠢ᠃      • ᠤᠯᠤᠰ ᠤᠨ ᠳᠡᠷᠢᠬᠦᠯᠡᠭᠴᠢ ᠰᠢ ᠶᠢᠨ ᠫᠢᠩ ᠤᠨ ᠤᠷᠢᠯᠭ᠎ᠠ ᠪᠠᠷ᠂ ᠨᠤᠷᠧᠠᠢ ᠸᠠᠩᠳᠤ ᠤᠯᠤᠰ ᠤᠨ ᠸᠠᠩ ᠬᠠᠷᠠᠯᠳ᠋ ᠳᠠᠪᠤᠳᠤᠭᠠᠷ 10 ᠰᠠᠷ᠎ᠠ ᠶᠢᠨ 11᠎ ᠠᠴᠠ 20᠎ ᠤ ᠡᠳᠦᠷ ᠪᠤᠯᠳᠠᠯ᠎ᠠ ᠳᠤᠮᠳᠠᠳᠤ ᠤᠯᠤᠰ ᠲᠤ ᠳᠦᠷᠦ ᠶᠢᠨ ᠠᠶᠢᠯᠴᠢᠯᠠᠯᠳᠠ ᠬᠢᠬᠦ ᠪᠠᠷ ᠪᠤᠢ᠃      • ᠠᠷᠪᠠ ᠶᠢᠰᠦᠳᠦᠬᠡᠷ ᠬᠤᠭᠤᠴᠠᠭᠠᠨ ᠤ ᠳᠦᠪ ᠤᠨ ᠬᠤᠶᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠯᠳᠠ ᠠᠴᠠ ᠦᠪᠦᠷ ᠮᠤᠩᠭᠤᠯ᠂ ᠬᠢᠷᠢᠨ ᠵᠡᠷᠭᠡ 26 ᠤᠷᠤᠨ ᠨᠤᠳᠤᠭ ᠪᠤᠯᠤᠨ ᠨᠢᠬᠡᠴᠢ ᠶᠢᠨ ᠨᠠᠮ ᠤᠨ ᠵᠤᠬᠢᠶᠠᠨ ᠪᠠᠶᠢᠭᠤᠯᠤᠯᠳᠠ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠤᠰᠬᠠᠢ ᠳᠦᠷᠦᠯ ᠤᠨ ᠳᠤᠭᠤᠷᠢᠨ ᠪᠠᠶᠢᠴᠠᠭᠠᠯᠳᠠ ᠦᠷᠨᠢᠭᠦᠯᠬᠦ ᠪᠠᠷ ᠪᠤᠢ᠃      • ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠠᠯᠪᠠᠨ ᠳᠢᠩᠬᠢᠮ ︽ᠰᠢᠪᠠᠳᠠᠨ ᠪᠠᠶᠢᠴᠠᠭᠠᠬᠤ ᠬᠢᠨᠠᠨ ᠰᠢᠯᠭᠠᠬᠤ ᠠᠵᠢᠯ ᠢ ᠨᠢᠭᠡᠳᠤᠯᠳᠠᠢ ᠲᠦᠯᠤᠪᠯᠡᠨ ᠵᠢᠷᠤᠮᠵᠢᠭᠤᠯᠬᠤ ᠲᠤᠬᠠᠢ ᠮᠡᠳᠡᠭᠳᠡᠯ︾᠎ ᠢ ᠲᠠᠷᠤᠮᠠᠯᠯᠠᠨ ᠲᠠᠷᠬᠠᠭᠠᠪᠠ᠃      • 10 ᠰᠠᠷ᠎ᠠ ᠶᠢᠨ 10᠎ ᠤ ᠦᠳᠡ ᠶᠢᠨ ᠬᠤᠶᠢᠨ᠎ᠠ᠂ ᠦᠪᠡᠷᠳᠡᠭᠡᠨ ᠵᠠᠰᠠᠬᠤ ᠤᠷᠤᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠢᠮᠠᠳᠤᠭᠠᠷ ᠬᠤᠷᠠᠯ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠢ  ᠡᠷᠬᠢᠯᠡᠵᠡᠢ᠃      • 10 ᠰᠠᠷ᠎ᠠ ᠶᠢᠨ 9᠎ ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ ᠰᠢᠶᠤᠤ ᠯᠢᠨ ᠦᠬᠠᠢ ᠬᠤᠳᠠ ᠳᠤ ᠪᠠᠶᠢᠴᠠᠭᠠᠨ ᠰᠤᠳᠤᠯᠬᠤ ᠳᠠᠭᠠᠨ᠂ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠬᠡᠷᠡᠭᠳᠡᠢ ᠬᠡᠵᠤ  ᠴᠢᠬᠤᠯᠠᠴᠢᠯᠠᠪᠠ᠃      ᠵᠠᠯᠭᠠᠭᠠᠳ ᠨᠡᠶᠢᠭᠡᠮ ᠤᠨ ᠰᠤᠨᠢᠨ ᠮᠡᠳᠡᠭᠡ ᠠᠴᠠ ᠤᠢᠢᠯᠠᠭᠠᠶ᠎ᠠ      • ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠦᠨ ᠰᠤᠨᠢᠨ ᠮᠡᠳᠡᠭᠡ ᠨᠡᠶᠢᠳᠡᠯᠡᠬᠦ ᠬᠤᠷᠠᠯ ᠬᠤᠷᠠᠯᠳᠤᠭᠤᠯᠵᠦ᠂ ᠰᠢᠨ᠎ᠡ ᠪᠠᠷ ᠵᠠᠰᠠᠪᠤᠷᠢ ᠤᠷᠤᠭᠤᠯᠤᠭᠰᠠᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠳᠠᠯ ᠠᠬᠤᠢ ᠶᠢᠨ ᠬᠠᠮᠢᠶᠠᠷᠤᠯᠳᠠ ᠶᠢᠨ ᠲᠦᠷᠢᠮ ᠢ 2018 ᠤᠨ ᠤ 8 ᠰᠠᠷ᠎ᠠ ᠶᠢᠨ 1᠎ ᠠᠴᠠ ᠡᠬᠢᠯᠡᠨ ᠬᠡᠷᠡᠭᠵᠢᠭᠦᠯᠦᠭᠰᠡᠨ ᠪᠠ 2018 ᠤᠨ ᠠᠴᠠ ᠡᠬᠢᠯᠡᠨ ᠭᠤᠷᠪᠠᠨ ᠵᠢᠯ ᠲᠠᠷᠠᠭᠠᠯᠠᠨ ︽ᠠᠳᠠᠯ ᠠᠬᠤᠢ ᠶᠢᠨ ᠬᠠᠮᠢᠶᠠᠷᠤᠯᠳᠠ ᠦᠢᠯᠡᠴᠢᠯᠡᠬᠡᠨ ᠤ ᠴᠢᠨᠰᠠᠭ᠎ᠠ ᠶᠢ ᠳᠡᠭᠡᠭᠰᠢᠯᠡᠬᠦᠯᠬᠦ ᠤᠨ︾᠎ ᠤ ᠠᠵᠢᠯᠯᠠᠭ᠎ᠠ ᠦᠷᠨᠢᠭᠦᠯᠬᠦ ᠪᠠᠷ ᠪᠤᠯᠤᠭᠰᠠᠨ ᠢ ᠨᠡᠶᠢᠳᠡᠯᠡᠪᠡ᠃      • 10 ᠰᠠᠷ᠎ᠠ ᠶᠢᠨ 10᠎ ᠤ ᠡᠳᠦᠷ ᠠᠴᠠ 10 ᠰᠠᠷ᠎ᠠ ᠶᠢᠨ 31᠎ ᠤ ᠡᠳᠤᠷ ᠪᠤᠯᠳᠠᠯ᠎ᠠ᠂ 2019 ᠤᠨ ᠤ ᠪᠦᠬᠦ ᠤᠯᠤᠰ ᠤᠨ ᠠᠰᠫᠢᠷᠠᠨᠲ ᠡᠯᠰᠡᠬᠦ ᠰᠢᠯᠭᠠᠯᠳᠠ ᠨᠡᠷ᠎ᠡ ᠪᠦᠷᠢᠳᠬᠡᠬᠦᠯᠵᠦ ᠡᠬᠢᠯᠡᠭᠰᠡᠨ ᠪᠠᠶᠢᠨ᠎ᠠ᠃ ᠲᠤᠬᠠᠢ ᠶᠢᠨ ᠲᠠᠯᠠᠪᠤᠷ ᠲᠤ ᠨᠢ ᠪᠠᠳᠤᠯᠭᠠᠵᠢᠭᠤᠯᠬᠤ ᠴᠠᠭ ᠢ ᠡᠯ᠎ᠡ ᠱᠠᠳᠤᠨ ᠤ ᠰᠤᠷᠭᠠᠨ ᠬᠦᠮᠦᠵᠢᠯ ᠤᠨ ᠰᠤᠷᠤᠭᠴᠢ ᠡᠯᠰᠡᠬᠦ ᠰᠢᠯᠭᠠᠯᠳᠠ ᠶᠢᠨ ᠪᠠᠶᠢᠭᠤᠯᠤᠮᠵᠢ ᠪᠦᠬᠦ ᠤᠯᠤᠰ ᠤᠨ ᠰᠤᠷᠤᠭᠴᠢ ᠡᠯᠰᠡᠬᠦ ᠠᠵᠢᠯ ᠤᠨ ᠲᠤᠬᠢᠷᠠᠭᠤᠯᠤᠯᠳᠠ ᠪᠤᠯᠤᠨ ᠲᠤᠬᠠᠢ ᠶᠢᠨ ᠭᠠᠵᠠᠷ ᠤᠨ ᠰᠢᠯᠭᠠᠯᠳᠠ ᠶᠢᠨ ᠴᠠᠭ ᠤᠨ ᠪᠠᠶᠢᠳᠠᠯ ᠢ ᠦᠨᠳᠤᠰᠦᠯᠡᠨ ᠲᠤᠭᠳᠠᠭᠠᠬᠤ ᠪᠦᠭᠡᠳ ᠨᠡᠶᠢᠳᠡᠯᠡᠨ᠎ᠡ᠃ ᠰᠢᠯᠭᠠᠭᠤᠯᠬᠤ ᠦᠨᠡᠮᠯᠡᠯ ᠢᠶᠠᠨ ᠲᠠᠷᠤᠮᠠᠯᠯᠠᠬᠤ ᠴᠠᠭ᠄ 2018 ᠤᠨ ᠤ 12 ᠰᠠᠷ᠎ᠠ ᠶᠢᠨ 14 - 24᠎ ᠤ ᠡᠳᠤᠷ᠃      • 10 ᠰᠠᠷ᠎ᠠ ᠶᠢᠨ 9᠎ ᠤ ᠡᠳᠦᠷ᠂ ᠶᠠᠫᠤᠨ ᠤ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠤᠨ ᠪᠡᠭᠡᠵᠢᠩ ᠳᠠᠬᠢ ᠬᠡᠷᠡᠭ ᠡᠷᠬᠢᠯᠡᠬᠦ ᠭᠠᠵᠠᠷ ᠤᠨ ᠬᠢᠨ ᠤᠷᠳᠤᠰ ᠬᠤᠳᠠ ᠳᠤ ᠪᠠᠶᠢᠴᠠᠭᠠᠨ ᠰᠤᠳᠤᠯᠤᠯᠳᠠ ᠬᠢᠵᠦ ᠲᠤᠷᠰᠢᠯᠭ᠎ᠠ ᠪᠠᠨ ᠰᠤᠯᠢᠯᠴᠠᠭᠰᠠᠨ ᠪᠠᠶᠢᠨ᠎ᠠ᠃      • ᠠᠷᠠᠳ ᠤᠨ ᠬᠡᠪᠯᠡᠯ ᠤᠨ ᠬᠤᠷᠢᠶ᠎ᠠ ᠦᠢᠷ᠎ᠠ ᠳᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠶᠢᠨ ᠰᠢᠳᠭᠡᠯ ᠦᠭᠬᠦ ᠲᠦᠷᠢᠮ︾᠎ ᠤᠨ ᠵᠠᠰᠠᠪᠤᠷᠢ ᠤᠷᠤᠭᠤᠯᠤᠭᠰᠠᠨ ᠠᠭᠤᠯᠭ᠎ᠠ ᠶᠢᠨ ᠬᠠᠷᠢᠴᠠᠭᠤᠯᠤᠯ ᠬᠡᠪᠯᠡᠯ ᠢ ᠬᠡᠪᠯᠡᠬᠦᠯᠤᠨ ᠲᠠᠷᠬᠠᠭᠠᠪᠠ᠃      • ᠤᠯᠤᠰ ᠤᠨ ᠪᠠᠶᠠᠷ ᠤᠨ ᠠᠮᠠᠷᠠᠯᠲᠠ ᠶᠢᠨ ᠭᠠᠷᠠᠭ ᠲᠤ ᠬᠠᠮ ᠪᠠᠩᠬᠢ ᠶᠢᠨ ᠰᠦᠯᠵᠢᠶᠡᠨ ᠤ ᠰᠤᠯᠢᠯᠴᠠᠭ᠎ᠠ ᠶᠢᠨ ᠶᠡᠷᠦᠩᠭᠡᠢ ᠵᠤᠭᠤᠰᠤᠨ ᠲᠤᠭ᠎ᠠ 1.58 ᠲᠦᠮᠡᠨ ᠳ᠋ᠦᠡᠭᠰᠢᠭᠤᠷ ᠲᠦᠬᠦᠷᠢᠭ ᠬᠦᠷᠴᠦ᠂ ᠰᠤᠯᠢᠯᠴᠠᠭᠠᠨ ᠤ ᠶᠡᠷᠦᠩᠭᠡᠢ ᠤᠳᠠᠭᠠᠨ ᠤ ᠲᠤᠭ᠎ᠠ ᠨᠢ 7.94 ᠳ᠋ᠦᠡᠭᠰᠢᠭᠤᠷ ᠤᠳᠠᠭ᠎ᠠ ᠬᠦᠷᠴᠦ᠂ ᠡᠳᠤᠷ ᠲᠤᠮᠳᠠᠴᠢ ᠪᠠᠷ ᠨᠢᠳᠤᠨᠤᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠭᠠᠷᠠᠭ ᠤᠨ ᠬᠢ ᠠᠴᠠ ᠲᠤᠰ ᠲᠤᠰ 31.9% ᠪᠠ 24.5%᠎ ᠪᠠᠷ ᠨᠡᠮᠡᠭᠳᠡᠪᠡ᠃ ᠡᠨᠡ ᠵᠢᠯ ᠤᠨ ᠤᠯᠤᠰ ᠤᠨ ᠪᠠᠶᠠᠷ ᠤᠨ ᠠᠮᠠᠷᠠᠯᠲᠠ ᠶᠢᠨ ᠭᠠᠷᠠᠭ ᠤᠨ 7 ᠡᠳᠤᠷ ᠲᠠᠬᠢ ᠪᠠᠩᠬᠢ ᠶᠢᠨ ᠺᠠᠷᠲ ᠤᠨ ᠪᠠᠩᠬᠢ ᠠᠯᠤᠰᠯᠠᠭᠰᠠᠨ ᠰᠤᠯᠢᠯᠴᠠᠭᠠᠨ ᠤ ᠬᠡᠮᠵᠢᠶ᠎ᠡ ᠨᠢᠳᠤᠨᠤᠨ ᠤ ᠤᠯᠤᠰ ᠤᠨ ᠪᠠᠶᠠᠷ ᠤᠨ ᠠᠮᠠᠷᠠᠯᠲᠠ ᠶᠢᠨ ᠭᠠᠷᠠᠭ ᠤᠨ 8 ᠡᠳᠤᠷ ᠤᠨ ᠶᠡᠷᠦᠩᠭᠡᠢ ᠬᠡᠮᠵᠢᠶ᠎ᠡ ᠠᠴᠠ ᠲᠠᠪᠠᠵᠤ᠂ ᠲᠡᠦᠭᠡᠨ ᠰᠢᠨ᠎ᠡ ᠲᠡᠮᠳᠡᠭᠯᠡᠯ  ᠡᠬᠦᠳᠪᠡ᠃      • ᠲᠤᠮᠲᠠᠲᠤ ᠤᠯᠤᠰ ᠤᠨ ᠨᠢᠭᠡᠲᠦᠭᠰᠡᠨ ᠬᠤᠯᠪᠤᠭ᠎ᠠ ︵ᠸᠢᠶᠧᠲᠨᠠᠮ︶᠎ ᠶᠢᠨ ᠠᠵᠢᠯᠯᠠᠬᠤ ᠬᠢᠵᠠᠭᠠᠷᠲᠤ ᠺᠤᠮᠫᠠᠨᠢ 9᠎ ᠤ ᠡᠲᠦᠷ ᠸᠢᠶᠧᠲᠨᠠᠮ ᠤᠨ ᠨᠡᠶᠢᠰᠯᠡᠯ ᠬᠠᠨᠤᠢ ᠳᠤ ᠠᠯᠪᠠᠨ ᠶᠤᠰᠤᠭᠠᠷ ᠪᠠᠶᠢᠭᠤᠯᠤᠭᠲᠠᠯ᠎ᠠ᠂ ᠡᠨᠡ ᠨᠢ ᠲᠤᠮᠲᠠᠲᠤ ᠤᠯᠤᠰ ᠤᠨ ᠨᠢᠭᠡᠲᠦᠭᠰᠡᠨ ᠬᠤᠯᠪᠤᠭ᠎ᠠ ᠶᠢ ︽ᠨᠢᠭᠡ ᠪᠦᠰᠡ ᠨᠢᠭᠡ ᠵᠠᠮ︾᠎ ᠤᠨ ᠬᠦᠷᠢᠶᠠᠨ ᠳᠠᠬᠢ 12᠎ ᠳᠠᠬᠢ ᠰᠠᠯᠪᠤᠷᠢ  ᠦᠷᠲᠡᠭᠡ  ᠪᠤᠯᠤᠨ᠎ᠠ᠃      ᠵᠠᠯᠭᠠᠭᠠᠳ ᠰᠤᠶᠤᠯ ᠲᠠᠮᠢᠷ ᠤᠨ ᠮᠡᠳᠡᠭᠡ ᠠᠴᠠ ᠤᠢᠢᠯᠠᠭᠠᠶ᠎ᠠ      • 10 ᠰᠠᠷ᠎ᠠ ᠶᠢᠨ 10᠎ ᠤ ᠡᠳᠦᠷ᠂ ︽ᠴᠠᠬᠠᠷ ᠰᠤᠶᠤᠯ ᠤᠨ ᠰᠤᠳᠤᠯᠭᠠᠨ ᠤ ᠤᠷᠤᠨ ᠪᠦᠰᠡ ᠶᠢᠨ ᠬᠠᠮᠵᠢᠯᠴᠠᠭᠠᠨ ᠤ ᠬᠤᠶᠠᠳᠡᠬᠢ ᠤᠳᠠᠭᠠᠨ ᠤ ᠶᠠᠷᠢᠯᠴᠠᠬᠤ ᠬᠤᠷᠠᠯ︾ ᠤᠯᠠᠭᠠᠨᠴᠠᠪ ᠬᠤᠳᠠ ᠶᠢᠨ ᠬᠤᠸᠡᠳᠧ ᠰᠢᠶᠠᠨ ᠳᠤ ᠶᠠᠪᠤᠭᠳᠠᠵᠠᠢ᠃      • ︽ᠲᠠᠯ᠎ᠠ ᠨᠤᠳᠤᠭ ᠤᠨ ᠲᠠᠪᠢᠯᠠᠩ᠂ ᠵᠢᠷᠦᠭᠡ ᠰᠡᠳᠬᠢᠯ ᠤᠨ ᠵᠢᠷᠤᠭᠯᠠᠯ︾ ᠭᠤᠤᠯ ᠰᠡᠳᠦᠪᠳᠦ ᠵᠠᠯᠠᠭᠤ ᠱᠤᠭᠤᠮᠠᠯ ᠤᠷᠠᠯᠢᠭᠴᠢᠨ ᠰᠠᠴᠤᠷᠠᠯᠳᠤ ᠶᠢᠨ ᠱᠤᠭᠤᠮᠠᠯ ᠤᠷᠠᠨ ᠪᠦᠳᠦᠭᠡᠯ ᠤᠨ ᠦᠵᠡᠭᠦᠯᠦᠯᠭᠡ 10 ᠰᠠᠷ᠎ᠠ ᠶᠢᠨ 10᠎ ᠤ ᠡᠳᠦᠷ ᠦᠪᠦᠷ ᠮᠤᠩᠭᠤᠯ ᠤᠨ ᠤᠷᠠᠨ ᠵᠢᠷᠤᠭ ᠤᠨ ᠤᠷᠳᠤᠨ ᠳᠤ ᠡᠬᠢᠯᠡᠵᠡᠢ᠃      • 10 ᠰᠠᠷ᠎ᠠ ᠶᠢᠨ 11᠎ ᠤ ᠡᠳᠦᠷ ᠤᠨ ᠦᠳᠡ ᠶᠢᠨ ᠬᠤᠶᠢᠨ᠎ᠠ ᠶᠢᠨ 16᠄ 00 ᠴᠠᠭ ᠲᠤ ᠮᠤᠩᠭᠤᠯ ᠤᠯᠤᠰ ᠤᠨ ᠨᠡᠷᠡᠳᠦ ᠵᠤᠬᠢᠶᠠᠯᠴᠢ ᠪ᠊᠂ ᠰᠢᠭᠦᠳᠡᠷᠢᠴᠡᠴᠡᠭ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠮᠤᠩᠭᠤᠯ ᠰᠤᠳᠤᠯᠤᠯ ᠤᠨ ᠲᠡᠭᠡᠳᠦ ᠰᠤᠷᠭᠠᠭᠤᠯᠢ ᠶᠢᠨ ᠬᠠᠷᠢᠭᠤ ᠮᠡᠳᠡᠭᠦᠯᠦᠯᠳᠡ ᠶᠢᠨ ᠲᠠᠩᠬᠢᠮ ᠳᠤ ︽ᠮᠤᠩᠭᠤᠯ ᠷᠤᠮᠠᠨ ᠤ ᠬᠦᠭᠵᠢᠯ ᠪᠠ ᠮᠤᠩᠭᠤᠯ ᠤᠨ ᠡᠮᠡᠭᠳᠡᠢ ᠷᠤᠮᠠᠨᠴᠢᠳ ᠤᠨ ᠲᠦᠢᠮᠤ ᠮᠢᠨᠤ ᠪᠢᠴᠢᠬᠦ ᠠᠷᠭ᠎ᠠ ᠪᠠᠷᠢᠯ︾ ᠰᠡᠳᠦᠪ ᠢᠶᠠᠷ ᠶᠠᠷᠢᠶ᠎ᠠ ᠢᠯᠡᠳᠬᠡᠯ ᠬᠢᠬᠦ ᠪᠠᠷ ᠪᠤᠢ᠃      • 10 ᠰᠠᠷ᠎ᠠ ᠶᠢᠨ 8᠎ ᠤ ᠡᠳᠦᠷ ᠪᠤᠯᠤᠬᠰᠠᠨ ᠤᠯᠠᠨ ᠤᠯᠤᠰ ᠤᠨ ᠤᠯᠢᠮᠫᠢᠺ ᠤᠨ ᠵᠦᠪᠯᠡᠯ ᠤᠨ 133᠎ ᠳᠠᠬᠢ ᠤᠳᠠᠭ᠎ᠠ ᠶᠢᠨ ᠪᠦᠭᠦᠳᠡ ᠬᠤᠷᠠᠯ ᠠᠴᠠ 2022 ᠤᠨ ᠤ ᠳᠦᠷᠪᠡᠳᠦᠭᠡᠷ ᠬᠤᠭᠤᠴᠠᠭᠠᠨ ᠤ ᠵᠤᠨ ᠤ ᠤᠯᠠᠷᠢᠯ ᠤᠨ ᠵᠠᠯᠠᠭᠤᠴᠤᠳ ᠤᠨ ᠤᠯᠢᠮᠫᠢᠺ ᠤᠨ ᠴᠤᠬᠯᠠᠭᠠᠨ ᠢ ᠰᠧᠨᠧᠭᠠᠯ ᠳᠤ ᠵᠤᠬᠢᠶᠠᠨ ᠪᠠᠶᠢᠭᠤᠯᠬᠤ ᠶᠢ ᠵᠦᠪᠰᠢᠶᠡᠷᠡᠪᠡ᠃      ᠵᠠᠯᠭᠠᠭᠠᠳ ᠦᠢᠯᠡᠴᠢᠯᠡᠭᠡᠨ ᠤ ᠮᠡᠳᠡᠭᠡ ᠠᠴᠠ ᠲᠠᠮᠵᠢᠭᠤᠯᠤᠶ᠎ᠠ      • 2018 ᠤᠨ ᠤ ᠨᠠᠮᠤᠷ ᠤᠨ ᠤᠯᠠᠷᠢᠯ ᠤᠨ ᠲᠤᠮᠤ ᠬᠡᠪᠴᠢᠶᠡᠨ ᠤ ᠠᠵᠢᠯᠳᠠᠨ ᠡᠯᠰᠡᠭᠦ ᠴᠤᠭᠯᠠᠭᠠᠨ ᠵᠢᠴᠢ 31 ᠳ᠋ᠦ᠋ᠭᠡᠷ ᠬᠤᠭᠤᠴᠠᠭᠠᠨ ᠤ ᠶᠡᠭᠡ ᠲᠡᠭᠡᠳᠦ ᠰᠤᠷᠭᠠᠭᠤᠯᠢ ᠠᠴᠠ ᠲᠡᠭᠦᠰᠦᠭᠰᠡᠳ ᠤᠨ ᠠᠵᠢᠯ ᠤᠯᠭᠤᠯᠳᠠ ᠶᠢᠨ ᠬᠡᠯᠡᠯᠴᠡᠭᠡᠷ ᠤᠨ ᠬᠤᠷᠠᠯ ᠢ 10 ᠰᠠᠷ᠎ᠠ ᠶᠢᠨ 13᠎ ᠤ ᠡᠳᠦᠷ ᠬᠦᠬᠡᠬᠤᠳᠠ ᠶᠢᠨ ᠲᠢᠶᠠᠨ ᠢᠤᠢ ᠬᠦᠮᠦᠨ ᠤ ᠬᠦᠴᠦᠨ ᠤ ᠡᠬᠢ ᠪᠠᠶᠠᠯᠢᠭ ᠤᠨ ᠵᠠᠬ᠎ᠠ ᠲᠡᠯᠭᠡᠭᠦᠷ ᠲᠤ ᠡᠷᠬᠢᠯᠡᠨ ᠶᠠᠪᠤᠭᠳᠠᠭᠤᠯᠬᠤ ᠪᠠᠷ ᠪᠤᠢ᠃      • ᠢᠷᠡᠬᠦ ᠭᠤᠷᠪᠠᠨ ᠬᠤᠨᠤᠭ ᠲᠤ ᠮᠠᠨ ᠤ ᠤᠷᠤᠨ ᠤ ᠶᠡᠬᠡᠩᠬᠢ ᠭᠠᠵᠠᠷ ᠲᠤᠩᠭᠠᠯᠠᠭ᠂ ᠬᠡᠰᠡᠭ ᠲᠡᠭᠡᠨ ᠡᠭᠦᠯᠡ ᠲᠠᠢ᠂ ᠰᠢᠯᠢ ᠶᠢᠨ ᠭᠤᠤᠯ ᠠᠶᠢᠮᠠᠭ ᠤᠨ ᠵᠡᠭᠦᠨ ᠡᠮᠦᠨ᠎ᠡ ᠪᠡᠶ᠎ᠡ᠂ ᠤᠯᠠᠭᠠᠨᠬᠠᠳᠠ ᠬᠤᠳᠠ ᠶᠢᠨ ᠪᠠᠷᠠᠭᠤᠨ ᠬᠤᠶᠢᠳᠤ ᠪᠡᠶ᠎ᠡ᠂ ᠤᠷᠳᠤᠰ ᠬᠤᠳᠠ ᠶᠢᠨ ᠡᠮᠦᠨ᠎ᠡ ᠪᠡᠶ᠎ᠡ᠂ ᠬᠦᠯᠦᠨ ᠪᠤᠶᠢᠷ ᠬᠤᠳᠠ ᠶᠢᠨ ᠪᠠᠷᠭᠠᠤᠨ ᠬᠤᠶᠢᠳᠤ ᠪᠡᠶ᠎ᠡ ᠪᠠᠷ ᠪᠠᠭ᠎ᠠ ᠪᠤᠷᠤᠭᠠᠨ ᠪᠤᠶᠤ ᠪᠤᠷᠤᠭᠠᠨ ᠴᠠᠰᠤ ᠬᠤᠯᠢᠯᠳᠤᠨ ᠤᠷᠤᠨ᠎ᠠ᠃ ᠦᠨᠦᠳᠦᠷ ᠠᠴᠠ ᠡᠬᠢᠯᠡᠨ ᠮᠠᠨ ᠤ ᠤᠷᠤᠨ ᠤ ᠶᠡᠬᠡᠩᠬᠢ ᠭᠠᠵᠠᠷ ᠤᠨ ᠲᠤᠯᠠᠭᠠᠨ ᠤ ᠬᠡᠮᠵᠢᠶ᠎ᠡ ᠠᠯᠭᠤᠷ ᠲᠡᠭᠡᠭᠰᠢᠯᠡᠵᠦ᠂ 12᠎ ᠤ ᠡᠳᠦᠷ ᠬᠦᠬᠡᠬᠤᠳᠠ ᠶᠢᠨ ᠬᠠᠮᠤᠭ ᠲᠡᠭᠡᠷ᠎ᠡ ᠲᠤᠯᠠᠭᠠᠨ ᠤ ᠬᠡᠮᠵᠢᠶ᠎ᠡ 16 ᠭᠷᠠᠳᠦ᠋ᠰ ᠤᠷᠴᠢᠮ ᠪᠤᠯᠬᠤ ᠪᠤᠯᠤᠨ᠎ᠠ᠃      ᠦᠨᠦᠳᠦᠷ ᠤᠨ ᠨᠡᠪᠳᠡᠷᠡᠭᠦᠯᠭᠡ ᠮᠠᠨᠢ ᠡᠶᠢᠨᠬᠦ ᠦᠨᠳᠦᠷᠯᠡᠵᠦ ᠪᠠᠶᠢᠨ᠎ᠠ᠃ ᠮᠡᠳᠡᠭᠡ ᠶᠢ ᠮᠢᠨᠢ ᠬᠦᠯᠢᠶᠠᠨ ᠰᠤᠨᠤᠰᠴᠤ᠂ ᠤᠷᠮ᠎ᠠ ᠬᠠᠶᠢᠷᠠᠯᠠᠭᠰᠠᠨ ᠲᠠ ᠪᠦᠬᠦᠨ ᠳᠡᠭᠡᠨ ᠠᠵᠠ ᠵᠢᠷᠭᠠᠯ ᠬᠦᠰᠡᠨ ᠬᠠᠷᠠᠩᠭ᠎ᠠ ᠬᠠᠮᠳᠤᠯᠢᠭ ᠤᠨ ᠲᠠᠭᠤᠯᠠᠭᠰᠠᠨ ︽ᠬᠠᠯᠠᠭᠤᠨ ᠰᠡᠳᠬᠢᠯ︾ ᠭᠡᠰᠡᠨ ᠳᠠᠭᠤᠤ ᠪᠠᠷ ᠠᠶ᠎ᠠ ᠪᠠᠷᠢᠵᠦ ᠨᠡᠪᠲᠡᠷᠡᠬᠦᠯᠭᠡ ᠪᠠᠨ ᠵᠢᠷᠭᠠᠭᠠᠶ᠎ᠠ︕ ᠲᠠ ᠪᠥᠬᠦᠨ ᠤ ᠬᠥᠯᠢᠶᠡᠨ ᠠᠪᠴᠤ ᠰᠤᠨᠤᠰᠤᠭᠰᠡᠨ ᠳᠤ ᠪᠠᠶᠠᠷᠯᠠᠯ᠎ᠠ︕ ᠪᠠᠶᠠᠷᠲᠠᠢ︕                  ᠨᠠᠶᠢᠷᠠᠭᠤᠯᠤᠨ ᠨᠡᠪᠳᠡᠷᠡᠭᠦᠯᠦᠭᠴᠢ᠄ ᠪᠤᠯᠤᠷ                  ᠮᠡᠷᠭᠡᠵᠢᠯ᠄ ᠬᠦᠬᠡᠪᠠᠷᠰ                  ᠬᠢᠨᠠᠭᠴᠢ᠄ ᠬᠤᠤᠰ
ᠬᠤᠪᠢᠶᠠᠯᠴᠠᠬᠤ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号