10 ᠰᠠᠷ᠎ᠠ ᠶᠢᠨ 7᠎ ᠤ ᠡᠳᠤᠷ
ᠡᠬᠢᠯᠡᠬᠦ ᠴᠠᠭ᠄
2018-10-07 10:07:00
ᠣᠷᠠᠯᠢᠭᠴᠢᠨ᠄
ᠲᠣᠲᠥᠷᠬᠠᠢ ᠦᠭᠡᠢ
ᠦᠭᠡ ᠨᠠᠶᠢᠷᠠᠭᠴᠢ᠄
ᠲᠣᠲᠥᠷᠬᠠᠢ ᠦᠭᠡᠢ
ᠠᠶ᠎ᠠ ᠨᠠᠶᠢᠷᠠᠭᠴᠢ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄
     ᠡᠷᠬᠢᠮ ᠬᠦᠠᠳᠦᠲᠦ ᠰᠦᠯᠵᠢᠶᠡᠨ ᠠᠠᠳᠠ ᠨᠠᠷ ᠮᠢᠨᠢ ᠰᠠᠶᠢᠨ ᠪᠠᠶᠢᠨᠠᠤ︖      ᠦᠨᠥᠳᠦᠷ ᠪᠣᠯ 2018 ᠣᠨ ᠤ 10 ᠰᠠᠷ᠎ᠠ ᠶᠢᠨ 7᠂ ᠪᠢᠯᠢᠭ ᠤᠨ ᠤᠯᠠᠷᠢᠯ ᠤᠨ ᠰᠢᠷ᠎ᠠ ᠨᠤᠬᠠᠢ ᠵᠢᠯ ᠤᠨ 8 ᠰᠠᠷ᠎ᠠ ᠶᠢᠨ 28᠂ ᠭᠠᠷᠠᠭ ᠤᠨ ᠡᠳᠦᠷ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ︽ᠦᠷᠯᠥᠭᠡ ᠶᠢᠨ ᠮᠡᠳᠡᠭᠡ︾ ᠲᠠ ᠪᠦᠬᠦᠨ ᠲᠠᠢ ᠮᠡᠠᠳᠦᠴᠢᠯᠡᠨ ᠵᠣᠯᠭᠠᠵᠥ ᠪᠠᠶᠢᠨ᠎ᠠ᠃         ᠨᠡᠶᠢᠭᠡᠮ ᠤᠨ ᠰᠣᠨᠢᠨ ᠮᠡᠳᠡᠭᠡ• ᠤᠢᠢᠯᠠᠭᠠᠬᠰᠠᠨ ᠢᠶᠠᠷ᠂ ᠬᠠᠤᠯᠢ ᠴᠠᠭᠠᠵᠠ ᠶᠢᠨ ᠶᠠᠮᠤᠨ ᠤ ᠬᠤᠤᠷ ᠲᠠᠶᠢᠯᠤᠭᠤᠯᠬᠤ ᠬᠠᠮᠢᠶᠠᠷᠤᠯᠳᠠ ᠶᠢᠨ ᠲᠤᠪᠴᠢᠶ᠎ᠠ ᠶᠢᠨ ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠤᠷᠤᠨ ᠳᠤ ᠪᠠᠶᠢᠴᠠᠭᠠᠯᠳᠠ ᠬᠢᠪᠠ᠃• ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠭᠠᠷᠤᠯᠳᠠ ᠶᠢᠨ ᠤᠷᠤᠨ ᠳᠤᠨᠢ ᠠᠩᠬ᠎ᠠ ᠡᠳ᠋ᠰᠢᠭᠦᠯᠦᠨ ᠪᠤᠯᠪᠠᠰᠤᠷᠠᠭᠤᠯᠬᠤ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠦᠭᠰᠡᠨ 6 ᠵᠢᠯ ᠭᠠᠷᠤᠢ ᠶᠢᠨ ᠲᠤᠷᠰᠢ᠂ ᠮᠠᠨ ᠤ ᠤᠷᠤᠨ ᠨᠡᠶᠢᠳᠡ 38 ᠬᠤᠰᠢᠭᠤ ᠰᠢᠶᠠᠨ ᠢ ᠵᠤᠬᠢᠶᠠᠨ ᠪᠠᠶᠢᠭᠤᠯᠤᠨ ᠲᠤᠰ ᠲᠦᠷᠦᠯ ᠵᠦᠢᠯ ᠢ ᠬᠡᠷᠡᠭᠵᠢᠭᠦᠯᠵᠦ᠂ ᠠᠩᠬ᠎ᠠ ᠡᠳ᠋ᠰᠢᠭᠦᠯᠦᠨ ᠪᠤᠯᠪᠠᠰᠤᠷᠠᠭᠤᠯᠬᠤ ᠲᠦᠭᠦᠭᠡᠷᠦᠮᠵᠢ ᠶᠢ ᠨᠡᠶᠢᠳᠡ 10508 ᠪᠠᠶᠢᠭᠤᠯᠵᠤ᠂ ᠰᠢᠨ᠎ᠠ ᠪᠠᠷ ᠨᠡᠮᠡᠭᠳᠡᠭᠰᠡᠨ ᠲᠦᠮᠦᠰᠦ᠂ ᠵᠢᠮᠢᠰ ᠨᠤᠭᠤᠭ᠎ᠠ ᠨᠦᠭᠡᠴᠡᠯᠡᠬᠦ ᠴᠢᠳᠠᠪᠤᠷᠢ 56.4 ᠲᠦᠮᠡᠨ ᠲᠤᠨ ᠳᠤ ᠬᠦᠷᠦᠭᠰᠡᠨ ᠪᠠᠶᠢᠨ᠎ᠠ᠃• ᠡᠨᠡ ᠵᠢᠯ ᠠᠴᠠ ᠨᠠᠭᠠᠰᠢ ᠬᠤᠷᠴᠢᠨ ᠪᠠᠷᠠᠭᠤᠨ ᠭᠠᠷᠤᠨ ᠲᠤᠮᠳᠠᠳᠤ ᠬᠤᠰᠢᠭᠤ ᠪᠦᠬᠦ ᠤᠷᠤᠨ ᠪᠦᠰᠡ ᠶᠢᠨ ᠵᠣᠭᠠᠴᠠᠯ ᠢ ᠬᠦᠭᠵᠢᠬᠦᠯᠬᠦ ᠶᠡᠷᠤᠩᠬᠡᠢ ᠰᠡᠳᠬᠢᠴᠡ ᠶᠢ ᠪᠠᠷᠢᠮᠳᠠᠯᠠᠵᠦ᠂ ᠬᠠᠨᠭ᠍ᠭᠠᠯ ᠊᠊᠊᠊᠊᠊᠊ ᠪᠠᠳᠤᠴᠠᠭᠠᠨ ᠤ ᠰᠡᠯᠡᠬᠦᠴᠡᠯ ᠵᠣᠭᠠᠴᠠᠯ ᠤᠨ 4A ᠲᠡᠰ ᠤᠨ ᠵᠤᠭᠠᠴᠠᠯ ᠤᠨ ᠤᠷᠣᠨ ᠢ ᠴᠤᠬᠴᠠᠯᠠᠵᠦ᠂ ᠲᠦᠰᠢᠶᠡᠳᠤ ᠴᠢᠨ ᠸᠠᠩ ᠤᠨ ᠤᠷᠳᠤᠨ ᠤ ᠦᠵᠡᠮᠵᠢ ᠶᠢᠨ ᠤᠷᠣᠨ ᠢ ᠰᠢᠨᠡᠳᠭᠡᠨ ᠪᠠᠶᠢᠭᠤᠯᠵᠠᠢ᠃ ᠤᠯᠤᠰ ᠤᠨ ᠪᠠᠶᠠᠷ ᠤᠨ ᠠᠯᠳᠠᠨ ᠭᠠᠷᠠᠭ ᠤᠨ ᠲᠦᠷᠦᠭᠦᠤ ᠲᠠᠪᠤᠨ ᠡᠳᠦᠷ ᠲᠤ ᠪᠠᠳᠤᠴᠠᠭᠠᠨ ᠤ ᠦᠵᠡᠮᠵᠢ ᠶᠢᠨ ᠤᠷᠤᠨ ᠪᠠ ᠲᠦᠰᠢᠶᠡᠳᠤ ᠴᠢᠨ ᠸᠠᠩ ᠤᠨ ᠤᠷᠳᠤᠨ ᠤ ᠦᠵᠡᠮᠵᠢ ᠶᠢᠨ ᠤᠷᠤᠨ ᠨᠢ ᠡᠳᠦᠷ ᠪᠦᠷᠢ ᠲᠤᠮᠳᠠᠴᠢ ᠪᠠᠷ 5000 ᠭᠠᠷᠤᠢ ᠵᠤᠭᠠᠴᠠᠭᠰᠠᠳ ᠢ ᠬᠦᠯᠢᠶᠠᠨ ᠠᠪᠴᠠᠢ᠃• ᠤᠯᠠᠭᠠᠨᠬᠠᠳᠠ ᠬᠤᠲᠠ ᠶᠢᠨ ᠬᠠᠩᠭᠠᠨ ᠪᠤᠷᠤᠯᠠᠭᠤᠯᠬᠤ ᠬᠤᠷᠰᠢᠶ᠎ᠠ ᠮᠠᠯᠴᠢᠨ ᠲᠠᠷᠢᠶᠠᠴᠢᠨ ᠤ ᠤᠷᠤᠯᠭ᠎ᠠ ᠶᠢ 3.7 ᠳ᠋ᠦᠩᠰᠢᠭᠤᠷ ᠲᠦᠭᠦᠷᠢᠭ ᠨᠡᠮᠡᠭᠳᠡᠭᠦᠯᠵᠡᠢ᠃• ᠬᠦᠷᠢᠶ᠎ᠡ ᠬᠤᠰᠢᠭᠤᠨ ᠤ ᠠᠷᠠᠳ ᠤᠨ ᠰᠢᠭᠦᠬᠦ ᠬᠤᠷᠢᠶ᠎ᠠ ᠶᠢᠨ ᠬᠢᠨ ᠤᠯᠤᠰ ᠤᠨ ᠪᠠᠶᠠᠷ ᠤᠨ ᠠᠮᠠᠷᠠᠯᠲᠠ ᠶᠢᠨ ᠡᠳᠦᠷ ᠢᠶᠠᠨ ᠠᠰᠢᠭᠯᠠᠨ᠂ ᠪᠦᠬᠦ ᠬᠤᠷᠢᠶ᠎ᠠ ᠶᠢᠨ ᠺᠠᠳ᠋ᠷ ᠴᠠᠭᠳᠠᠭ᠎ᠠ ᠪᠠᠨ ᠵᠤᠬᠢᠶᠠᠨ ᠪᠠᠶᠢᠭᠤᠯᠵᠤ᠂ ︽ᠤᠯᠤᠰ ᠤᠨ ᠪᠠᠶᠠᠷ ᠤᠨ ᠬᠤᠭᠤᠴᠠᠭᠠᠨ ᠤ ᠬᠦᠢᠴᠡᠳᠭᠡᠭᠦ ᠠᠵᠢᠯᠯᠠᠭ᠎ᠠ︾ ᠦᠷᠨᠢᠭᠦᠯᠪᠡ᠃• ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ︽ᠨᠠᠷᠠᠨ ᠭᠡᠷᠠᠯᠳᠤ ᠡᠷᠤᠭᠡ ᠠᠮᠠ ᠶᠢᠨ ᠶᠠᠪᠤᠳᠠᠯ ᠤᠨ ᠵᠢᠷᠬᠢᠶ᠎ᠠ ᠶᠢᠨ ᠲᠠᠪᠴᠠᠩ ᠨᠠᠭᠡᠭᠡᠵᠤ ︿ᠢᠨᠲ᠋ᠧᠷ ᠰᠦᠯᠵᠢᠶ᠎ᠠ + ᠡᠷᠤᠭᠡ ᠠᠮᠠ ᠶᠢᠨ ᠶᠠᠪᠤᠳᠠᠯ﹀︾᠎ ᠢ ᠪᠠᠶᠠᠯᠡᠭᠦᠯᠤᠨ ᠠᠷᠠᠳ ᠲᠤ ᠲᠦᠭᠦᠮ ᠦᠵᠠᠭᠦᠯᠵᠤ ᠪᠠᠶᠢᠨ᠎ᠠ᠃ ᠤᠳᠤᠬᠠᠨ ᠪᠤᠯᠳᠠᠯ᠎ᠠ᠂ ᠲᠤᠰ ᠲᠠᠪᠴᠠᠩ ᠢ 1.3 ᠲᠦᠮᠡ ᠭᠠᠷᠤᠢ ᠭᠦᠮᠤᠨ ᠠᠩᠬᠠᠷᠴᠤ᠂ 2100 ᠭᠦᠮᠤᠨ ᠤᠳᠠᠭ᠎ᠠ ᠶᠢᠨ ᠡᠷᠤᠭᠡ ᠠᠮᠠ ᠶᠢᠨ ᠶᠠᠪᠤᠳᠠᠯ ᠤᠨ ᠠᠰᠠᠭᠤᠨ ᠯᠠᠪᠯᠠᠭ᠎ᠠ ᠳᠤ ᠬᠠᠷᠢᠭᠤᠯᠳᠠ ᠦᠭᠴᠦ᠂ ᠡᠷᠤᠭᠡ ᠠᠮᠠ ᠳᠤ ᠬᠤᠯᠪᠤᠭᠳᠠᠬᠤ ᠲᠦᠷᠤ ᠶᠢᠨ ᠪᠣᠳᠤᠯᠭ᠎ᠠ ᠶᠢᠨ ᠮᠠᠳᠡᠭᠡ ᠵᠠᠩᠭᠢ ᠶᠢ 2400 ᠭᠠᠷᠤᠢ ᠵᠤᠷᠪᠤᠰ᠂ ᠡᠷᠤᠭᠡ ᠠᠮᠠ ᠶᠢᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠰᠤᠷᠠᠭ ᠵᠠᠩᠭᠢ ᠶᠢ 1600 ᠭᠠᠷᠤᠢ ᠵᠤᠷᠪᠤᠰ ᠨᠠᠶᠢᠳᠠᠯᠡᠪᠡ᠃• ᠮᠠᠷᠭᠠᠰᠢ ᠨᠥᠭᠦᠭᠡᠳᠦᠷ ᠪᠥᠬᠦ ᠣᠷᠣᠨ ᠤ ᠶᠡᠬᠡᠩᠬᠢ ᠬᠡᠰᠡᠭ ᠭᠠᠵᠠᠷ ᠣᠷᠣᠨ ᠤ ᠠᠭᠠᠷ ᠤᠨ ᠳᠤᠯᠠᠭᠠᠨ ᠦᠷᠭᠦᠯᠵᠢᠯᠡᠨ ᠳᠤᠷᠣᠬᠰᠢᠯᠠᠵᠥ᠂ ᠪᠣᠷᠣᠭᠠᠨ ᠴᠠᠰᠦ ᠲᠠᠢ ᠴᠠᠭ ᠠᠭᠤᠷ ᠢᠯᠠᠷᠡᠬᠡᠳ ᠬᠠᠯᠠᠭᠤᠨ ᠨᠠᠮᠤᠷ ᠴᠠᠭᠠᠰᠢᠯᠠᠵᠤ᠂ ᠬᠦᠢᠳᠡᠨ ᠤ ᠡᠷᠴᠢ ᠴᠢᠩᠭᠠᠷᠠᠬᠰᠠᠨ ᠡᠪᠦᠯ ᠤᠨ ᠪᠠᠶᠢᠳᠠᠯ ᠢᠯᠡᠷᠡᠬᠦ ᠪᠤᠯᠣᠨ᠎ᠠ᠃          ᠰᠤᠶᠣᠯ ᠲᠠᠮᠢᠷ ᠤᠨ ᠮᠡᠳᠡᠭᠡ• 10 ᠰᠠᠷ᠎ᠠ ᠶᠢᠨ 5᠎ ᠤ ᠡᠳᠦᠷ᠂ ᠠᠯᠠᠱᠠ ᠵᠡᠭᠦᠨ ᠬᠤᠰᠢᠭᠤᠨ ᠤ ᠵᠢᠷᠠᠲᠠᠢ ᠪᠠᠯᠭᠠᠰᠣᠨ ᠤ ᠪᠠᠭᠠᠳᠤᠷᠪᠣᠯᠠᠭ ᠭᠠᠴᠠᠭᠠᠨ ᠤ ᠮᠠᠯᠴᠢᠨ ᠲᠡᠮᠦᠷ ᠤᠨ ᠬᠢᠨ ᠲᠡᠮᠡᠭᠡᠨ ᠰᠤᠶᠣᠯ ᠤᠨ ᠨᠠᠶᠢᠷ ᠡᠷᠬᠢᠯᠡᠨ ᠣᠯᠤᠰ ᠤᠨ ᠪᠠᠶᠠᠷ ᠢ ᠤᠳᠬ᠎ᠠ ᠠᠭᠤᠯᠭ᠎ᠠ ᠲᠠᠢ ᠲᠡᠮᠳᠡᠭᠯᠡᠪᠡ᠃• ᠲᠦᠷᠪᠡᠳᠦᠭᠡᠷ ᠬᠤᠭᠤᠴᠠᠭᠠᠨ ᠤ ᠪᠦᠬᠦ ᠤᠯᠣᠰ ᠤᠨ ᠶᠡᠭᠡ ᠳᠡᠭᠡᠲᠦ ᠰᠤᠷᠭᠠᠭᠤᠯᠢ ᠶᠢᠨ ᠮᠤᠩᠭᠤᠯ ᠬᠡᠯᠡ ᠤᠳᠬ᠎ᠠ ᠵᠣᠬᠢᠶᠠᠯ ᠤᠨ ᠮᠡᠷᠭᠡᠵᠢᠯ ᠤᠨ ᠰᠤᠳᠣᠯᠤᠨ ᠰᠤᠷᠣᠬᠴᠢ ᠶᠢᠨ ᠡᠷᠳᠡᠮ ᠰᠢᠠᠵᠢᠯᠡᠭᠡᠨ ᠤ ᠬᠤᠷᠠᠯ 11 ᠰᠠᠷ᠎ᠠ ᠶᠢᠨ 24᠎ ᠤ ᠡᠳᠦᠷ ᠦᠪᠦᠷ ᠮᠤᠩᠭᠤᠯ ᠤᠨ ᠪᠠᠭᠰᠢ ᠶᠢᠨ ᠶᠡᠭᠡ ᠰᠣᠷᠭᠠᠭᠤᠯᠢ ᠳᠤ ᠶᠠᠪᠤᠬᠳᠠᠨ᠎ᠠ᠃• ᠤᠶᠢᠷ᠎ᠠ ᠳᠤ᠂ ︽ᠮᠤᠩᠭᠤᠯ ᠠᠳᠤᠭᠤ︾ ᠰᠡᠳᠭᠦᠯ ᠤᠨ ᠲᠠᠷᠬᠠᠭᠠᠬᠤ ᠦᠷᠲᠡᠭᠡ ᠪᠠᠷᠠᠭᠤᠨ ᠦᠵᠦᠮᠦᠴᠢᠨ ᠬᠤᠰᠢᠭᠤᠨ ᠤ ᠵᠢᠷ ᠤᠨ ᠭᠤᠣᠯ ᠪᠠᠯᠭᠠᠰᠣᠨ ᠤ ᠵᠢᠭᠠᠰᠤᠲᠠᠢ ᠭᠠᠴᠠᠭᠠᠨ ᠳᠤ ᠪᠠᠶᠢᠭᠤᠯᠣᠬᠳᠠᠪᠠ᠃ ᠲᠤᠰ ᠰᠡᠳᠭᠦᠯ ᠨᠢ ᠮᠤᠩᠭᠤᠯ ᠠᠳᠤᠭᠤᠨ ᠰᠤᠶᠣᠯ ᠤᠨ ᠰᠤᠳᠣᠯᠤᠯ ᠰᠢᠠᠵᠢᠯᠡᠭᠡ᠂ ᠰᠤᠶᠣᠯ ᠤᠯᠠᠮᠵᠢᠯᠠᠯ ᠢᠶᠠᠷ ᠭᠤᠣᠯ ᠠᠭᠤᠯᠭ᠎ᠠ ᠪᠤᠯᠭᠠᠵᠥ᠂ ᠳᠡᠯᠡᠬᠡᠢ ᠳ᠋ᠠᠬᠢᠨ ᠳᠤ ᠮᠤᠩᠭᠤᠯ ᠠᠳᠤᠭᠤᠨ ᠰᠤᠶᠣᠯ ᠢᠶᠠᠨ ᠤᠬᠠᠭᠤᠯᠣᠨ ᠰᠤᠷᠲᠠᠯᠴᠢᠯᠠᠬᠤ ᠶᠢ ᠵᠣᠷᠢᠬᠰᠠᠨ ᠪᠠᠶᠢᠨ᠎ᠠ᠃• 10 ᠰᠠᠷ᠎ᠠ ᠶᠢᠨ 6᠎ ᠤ ᠡᠳᠦᠷ ᠶᠠᠪᠤᠬᠳᠠᠬᠰᠠᠨ ᠰᠢᠯᠢ ᠶᠢᠨ ᠭᠤᠣᠯ ᠠᠶᠢᠮᠠᠭ ᠤᠨ ᠠᠪᠤᠷᠭᠤ ᠴᠤᠯᠠᠲᠠᠨ ᠪᠦᠷᠢᠠᠰᠠᠶᠢᠨ ᠤ ᠬᠦᠥ ᠪᠠᠶᠠᠷᠵᠢᠪᠬᠤᠯᠠᠩ ᠤᠨ ᠦᠷᠪᠦᠭᠡ ᠶᠢ ᠮᠢᠯᠢᠶᠠᠬᠤ ᠨᠠᠶᠢᠷ ᠤᠨ ᠬᠦᠴᠥᠲᠦ 128 ᠪᠦᠬᠡ ᠶᠢᠨ ᠪᠠᠷᠢᠯᠳᠤᠭᠠᠨ ᠳᠤ ᠵᠡᠭᠦᠨ ᠪᠠᠭᠠᠷᠢᠨ ᠤ ᠠᠯᠲᠠᠠᠰᠦ᠋ᠬᠡ ᠲᠡᠷᠢᠭᠦᠯᠡᠪᠡ᠃• ᠭᠤᠴᠢᠨ ᠨᠠᠢᠮᠠᠳᠤᠭᠠᠷ ᠬᠤᠭᠤᠴᠠᠭᠠᠨ ᠤ ᠪᠡᠭᠡᠵᠢᠩ ᠤᠨ ᠨᠠᠭᠠᠳᠤᠮ 10 ᠰᠠᠷ᠎ᠠ ᠶᠢᠨ 20᠎ ᠤ ᠡᠳᠦᠷ ᠲᠥᠪ ᠤᠨ ᠦᠠᠳᠦᠰᠦᠲᠡᠨ ᠤ ᠶᠡᠭᠡ ᠰᠤᠷᠭᠠᠭᠤᠯᠢ ᠶᠢᠨ ᠲᠠᠮᠢᠷ ᠤᠨ ᠲᠠᠯᠠᠪᠤᠷ ᠲᠤ ᠶᠠᠪᠤᠬᠳᠠᠨ᠎ᠠ᠃ ᠨᠠᠭᠠᠳᠤᠮ ᠨᠢ ᠪᠦᠬᠡ ᠪᠠᠷᠢᠯᠳᠤᠬᠤ᠂ ᠰᠤᠷ ᠬᠠᠷᠪᠣᠬᠤ᠂ ᠰᠢᠲᠠᠷ᠎ᠠ ᠶᠢᠨ ᠤᠷᠣᠯᠳᠤᠭᠠᠨ ᠵᠡᠷᠭᠡ ᠪᠠᠶᠠᠯᠢᠭ ᠠᠭᠤᠯᠭ᠎ᠠ ᠪᠠᠷ ᠶᠠᠪᠤᠬᠳᠠᠬᠤ ᠪᠤᠯᠣᠨ᠎ᠠ᠃     ᠡᠷᠬᠢᠮ ᠬᠦᠠᠳᠦᠲᠦ ᠰᠤᠨᠣᠰᠤᠬᠴᠢᠳ ᠡ᠂ ᠦᠨᠦᠳᠦᠷ ᠤᠨ ᠨᠡᠪᠲᠡᠷᠡᠭᠦᠯᠭᠡ ᠮᠢᠨᠢ ᠡᠶᠢᠠᠬᠦ ᠦᠠᠳᠦᠷᠯᠡᠵᠥ ᠪᠠᠶᠢᠨ᠎ᠠ᠃ ᠲᠤᠰ ᠳ᠋ᠤᠭᠠᠷ ᠢᠶᠠᠨ ᠪᠢᠳᠡ ᠰᠠᠷᠠᠠᠳᠤᠶᠠᠭ᠎ᠠ ᠶᠢᠨ ᠳᠠᠭᠤᠯᠠᠬᠰᠠᠨ ︽ᠪᠣᠷᠬᠠᠨ ᠡᠬᠡ ᠤᠷᠣᠨ︾ ᠭᠡᠬᠦ ᠠᠶ᠎ᠠ ᠳᠠᠭᠤᠣ ᠪᠠᠷ ᠵᠢᠷᠭᠠᠭᠠᠵᠥ ᠪᠠᠶᠢᠨ᠎ᠠ︕ ᠲᠠ ᠪᠦᠬᠦᠨ ᠤ ᠬᠦᠯᠢᠶᠡᠨ ᠠᠪᠴᠦ ᠰᠤᠨᠣᠰᠤᠬᠰᠠᠨ ᠳᠤ ᠪᠠᠶᠠᠷᠯᠠᠯ᠎ᠠ᠃ ᠳᠠᠷᠠᠭᠠᠴᠢ ᠶᠢᠨ ᠳ᠋ᠤᠭᠠᠷ ᠲᠤ ᠳᠠᠬᠢᠨ ᠵᠣᠯᠭᠠᠶ᠎ᠠ᠂ ᠪᠠᠶᠠᠷᠲᠠᠢ︕                    ᠨᠠᠶᠢᠷᠠᠭᠤᠯᠣᠨ ᠨᠡᠪᠲᠡᠷᠡᠭᠦᠯᠥᠭᠴᠢ᠄ ᠦᠯᠵᠡᠶᠢᠪᠠᠲᠦ                    ᠮᠡᠷᠭᠡᠵᠢᠯ᠄ ᠲᠤᠯᠭ᠎ᠠ                    ᠬᠢᠨᠠᠬᠴᠢ᠄ ᠴᠡᠴᠡᠭ
ᠬᠤᠪᠢᠶᠠᠯᠴᠠᠬᠤ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号