10 ᠰᠠᠷ᠎ᠠ ᠶᠢᠨ 8᠎ ᠤ ᠡᠳᠣᠷ
ᠡᠬᠢᠯᠡᠬᠦ ᠴᠠᠭ᠄
2018-10-08 10:36:35
ᠣᠷᠠᠯᠢᠭᠴᠢᠨ᠄
ᠲᠣᠲᠥᠷᠬᠠᠢ ᠦᠭᠡᠢ
ᠦᠭᠡ ᠨᠠᠶᠢᠷᠠᠭᠴᠢ᠄
ᠲᠣᠲᠥᠷᠬᠠᠢ ᠦᠭᠡᠢ
ᠠᠶ᠎ᠠ ᠨᠠᠶᠢᠷᠠᠭᠴᠢ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄
     ᠡᠷᠬᠢᠮ ᠬᠦᠠᠳᠦᠲᠦ ᠰᠦᠯᠵᠢᠶᠡᠨ ᠠᠠᠳᠠ ᠨᠠᠷ ᠮᠢᠨᠢ ᠰᠠᠶᠢᠨ ᠪᠠᠶᠢᠨᠠᠤ︖      ᠦᠨᠥᠳᠦᠷ ᠪᠣᠯ 2018 ᠣᠨ ᠤ 10 ᠰᠠᠷ᠎ᠠ ᠶᠢᠨ 8᠂ ᠪᠢᠯᠢᠭ ᠤᠨ ᠤᠯᠠᠷᠢᠯ ᠤᠨ ᠰᠢᠷ᠎ᠠ ᠨᠤᠬᠠᠢ ᠵᠢᠯ ᠤᠨ 8 ᠰᠠᠷ᠎ᠠ ᠶᠢᠨ 29᠂ ᠭᠠᠷᠠᠭ ᠤᠨ ᠨᠢᠭᠡᠨ᠂ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ︽ᠦᠷᠯᠥᠭᠡ ᠶᠢᠨ ᠮᠡᠳᠡᠭᠡ︾ ᠲᠠ ᠪᠦᠬᠦᠨ ᠲᠠᠢ ᠮᠡᠠᠳᠦᠴᠢᠯᠡᠨ ᠵᠣᠯᠭᠠᠵᠥ ᠪᠠᠶᠢᠨ᠎ᠠ᠃      ᠨᠡᠶᠢᠭᠡᠮ ᠤᠨ ᠰᠣᠨᠢᠨ ᠮᠡᠳᠡᠭᠡ      ● ᠦᠢᠷ᠎ᠠ ᠳᠤ᠂ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠭ ᠤᠨ ᠲᠢᠩᠬᠢᠮ ᠤᠨ ᠲᠦᠰᠦᠪ ᠤᠨ ᠬᠦᠢᠴᠡᠳᠭᠡᠯ ᠢ ᠢᠯᠡ ᠨᠡᠶᠢᠳᠡᠯᠡᠭᠦ ᠲᠠᠪᠴᠠᠩ ᠳᠡᠭᠡᠷ᠎ᠠ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ 327 ᠰᠠᠯᠠᠭ᠎ᠠ ᠮᠦᠴᠢᠷ ᠠᠴᠠ 2017 ᠣᠨ ᠤ ᠲᠦᠰᠦᠪ ᠤᠨ ᠬᠦᠢᠴᠡᠳᠭᠡᠯ ᠢᠶᠠᠨ ᠨᠡᠶᠢᠭᠡᠮ ᠨᠡᠶᠢᠲᠡ ᠳᠤ ᠲᠦᠪᠯᠡᠷᠡᠩᠭᠦᠢ ᠢᠯᠡ ᠨᠡᠶᠢᠳᠡᠯᠡᠭᠰᠡᠨ ᠪᠠᠶᠢᠨ᠎ᠠ᠃ ᠤᠶᠢᠯᠠᠭᠠᠬᠰᠠᠨ ᠢᠶᠠᠷ᠂ 2013 ᠤᠨ ᠠᠴᠠ ᠡᠬᠢᠯᠡᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠰᠠᠯᠠᠭ᠎ᠠ ᠮᠥᠴᠢᠷ ᠤᠨ ᠣᠷᠣᠯᠭ᠎ᠠ ᠵᠠᠷᠤᠯᠭ᠎ᠠ ᠶᠢᠨ ᠨᠠᠷᠢᠨ ᠳᠠᠩᠰᠠ ᠶᠢ ᠵᠢᠯ ᠳᠠᠷᠠᠭᠠᠯᠠᠨ ᠢᠯᠠ ᠨᠡᠶᠢᠲᠡᠯᠡᠭᠰᠡᠨ ᠪᠠᠶᠢᠨ᠎ᠠ᠃      ● ᠦᠪᠡᠷᠳᠡᠬᠡᠨ ᠵᠠᠰᠠᠬᠤ ᠤᠷᠤᠨ ᠤ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ ᠠᠴᠠ ᠤᠢᠢᠯᠠᠭᠠᠬᠰᠠᠨ ᠢᠶᠠᠷ᠂ ᠡᠨᠡ ᠵᠢᠯ ᠤᠨ ᠲᠦᠷᠦᠬᠦᠦ 8 ᠰᠠᠷ᠎ᠠ ᠳᠤ᠂ ᠪᠦᠬᠦ ᠤᠷᠤᠨ ᠤ ᠬᠡᠪᠴᠢᠶᠡᠵᠢᠯ ᠠᠴᠠ ᠲᠡᠭᠡᠭᠰᠢᠬᠢ ᠠᠵᠦ ᠦᠢᠯᠡᠳᠪᠦᠷᠢ ᠶᠢᠨ ᠨᠡᠮᠡᠭᠳᠡᠯ ᠦᠷᠳᠡᠭ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 5.6%᠎ ᠪᠠᠷ ᠨᠡᠮᠡᠭᠳᠡᠭᠰᠡᠨ ᠪᠠᠶᠢᠨ᠎ᠠ᠃      ● ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠳᠠ ᠶᠢᠨ ᠰᠠᠯᠪᠤᠷᠢ ᠠᠩᠬᠢ ᠶᠢᠨ ᠲᠡᠷᠬᠡᠨ ᠤ ᠬᠠᠮᠢᠶᠠᠷᠤᠯᠳᠠ ᠶᠢᠨ ᠭᠠᠵᠠᠷ ᠤᠨ ᠮᠠᠰᠢᠨ ᠬᠦᠮᠦᠨ — ︽ᠰᠡᠴᠡᠨ︾ ᠵᠢᠩᠬᠢᠨᠢ ᠪᠠᠷ ᠠᠵᠢᠯ ᠤᠨ ᠪᠠᠶᠢᠷᠢᠨ ᠳᠠᠭᠠᠨ ᠭᠠᠷᠴᠤ᠂ ᠬᠦᠬᠡᠬᠤᠳᠠ ᠶᠢᠨ ᠲᠡᠷᠬᠡᠨ ᠤ ᠬᠠᠮᠢᠶᠠᠷᠤᠯᠳᠠ ᠶᠢᠨ ᠠᠵᠢᠯ ᠲᠦᠷᠦᠯ ᠤᠨ ᠤᠶᠤᠨ ᠴᠢᠳᠠᠪᠬᠢᠳᠤ ᠴᠠᠬ ᠡᠷᠡᠨ ᠢ ᠨᠡᠬᠡᠬᠡᠵᠡᠢ᠃      ● ᠰᠤᠷᠪᠤᠯᠵᠢᠯᠠᠭᠴᠢ ᠦᠪᠦᠷ ᠮᠤᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠤᠷᠳᠤᠨ ᠠᠴᠠ ᠤᠢᠢᠯᠠᠭᠠᠬᠰᠠᠨ ᠢᠶᠠᠷ᠂ ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭᠠᠨ ᠳᠤ ᠲᠤᠰ ᠤᠷᠳᠤᠨ ᠤ ᠬᠢᠨ ᠡᠳᠦᠷ ᠪᠦᠷᠢ ᠳᠤᠮᠳᠠᠴᠢ ᠪᠠᠷ 7500 ᠭᠠᠷᠤᠢ ᠵᠤᠭᠠᠴᠠᠭᠴᠢ ᠶᠢ ᠬᠦᠯᠢᠶᠡᠨ ᠠᠪᠤᠬᠰᠠᠨ ᠪᠠᠶᠢᠨ᠎ᠠ᠃      ● ᠣᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ ᠤᠯᠠᠭᠠᠠᠴᠠᠪ ᠬᠤᠲᠠ ᠨᠡᠶᠢᠳᠡ ᠴᠠᠭᠳᠠᠭᠠᠨ ᠤ ᠬᠦᠴᠦᠨ 1953 ᠬᠦᠮᠦᠨ ᠤᠳᠠᠭ᠎ᠠ᠂ ᠴᠠᠬᠳᠠᠭᠠᠨ ᠤ ᠲᠡᠷᠭᠡ 368 ᠤᠳᠠᠭ᠎ᠠ ᠬᠦᠳᠡᠯᠭᠡᠵᠦ᠂ ᠬᠠᠷᠢᠶ᠎ᠠ ᠤᠷᠤᠨ ᠤ ᠵᠠᠮ ᠬᠠᠷᠢᠯᠴᠠᠭᠠᠨ ᠤ ᠰᠠᠭᠠᠳ ᠦᠭᠡᠢ ᠨᠡᠪᠲᠡᠷᠡᠵᠤ᠂ ᠡᠮᠬᠢ ᠲᠢᠭᠯᠢᠮ ᠲᠠᠢ ᠪᠠᠶᠢᠬᠤ ᠶᠢ ᠪᠠᠲᠤᠯᠠᠭᠰᠠᠨ ᠪᠠᠶᠢᠨ᠎ᠠ᠃      ● ᠤᠶᠢᠷ᠎ᠠ ᠶᠢᠨ ᠵᠢᠯ᠂ ᠰᠢᠯᠤᠭᠤᠨ ᠬᠦᠪᠡᠭᠡᠲᠦ ᠴᠠᠭᠠᠨ ᠬᠤᠰᠢᠭᠤ ᠠᠮᠢ ᠠᠬᠤᠢ ᠶᠢᠨ ᠪᠣᠯᠪᠠᠰᠤᠨ ᠤ ᠪᠠᠶᠢᠭᠤᠯᠣᠯᠲᠠ ᠶᠢ ᠴᠢᠬᠤᠯᠠᠴᠢᠯᠠᠵᠥ 215 ᠲᠥᠮᠡᠨ ᠮᠦ ᠡᠯᠡᠰᠦᠷᠬᠡᠭ ᠭᠠᠵᠠᠷ ᠢ ᠵᠠᠰᠠᠨ ᠰᠠᠶᠢᠵᠢᠷᠠᠭᠤᠯᠪᠠ᠃      ● ᠡᠪᠦᠯ ᠤᠨ ᠤᠯᠠᠷᠢᠯ ᠤᠨ ᠠᠵᠢᠯᠯᠠᠵᠤ ᠠᠮᠠᠷᠠᠬᠤ ᠴᠠᠭ ᠢ ᠦᠨᠳᠦᠰᠦᠯᠡᠨ᠂ ᠬᠦᠬᠡᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠶᠡᠷᠦᠩᠬᠡᠢ ᠺᠣᠮᠫᠠᠨᠢ ᠠᠴᠠ ᠲᠤᠬᠲᠠᠭᠠᠬᠰᠠᠨ ᠡᠪᠦᠯ ᠤᠨ ᠣᠯᠠᠷᠢᠯ ᠤᠨ ᠴᠠᠭ ᠤᠨ ᠲᠤᠬᠢᠷᠠᠭᠤᠯᠣᠯᠲᠠ ᠶᠢ ᠥᠨᠦᠳᠦᠷ ᠠᠴᠠ ᠡᠬᠢᠯᠡᠨ ᠬᠡᠷᠡᠭᠵᠢᠭᠦᠯᠬᠦ ᠪᠤᠯᠣᠨ᠎ᠠ᠃      ● ᠤᠯᠤᠰ ᠤᠨ ᠳᠤᠭ᠎ᠠ ᠪᠦᠷᠢᠳᠬᠡᠯ ᠤᠨ ᠳᠤᠪᠴᠢᠶ᠎ᠠ ᠶᠢᠨ ᠦᠢᠷ᠎ᠠ ᠳᠤ ᠨᠡᠶᠢᠳᠡᠯᠡᠭᠰᠡᠨ ᠮᠡᠳᠡᠬᠦᠯᠦᠯᠳᠡ ᠳᠤ ᠬᠠᠷᠠᠭᠤᠯᠤᠬᠰᠠᠨ ᠢᠶᠠᠷ᠂ ᠦᠬᠡᠷᠡᠴᠢᠯᠡᠯᠳᠡ ᠨᠡᠬᠡᠬᠡᠯᠳᠡ ᠬᠢᠭᠰᠡᠨ ᠠᠴᠠ ᠨᠠᠭᠠᠰᠢ᠂ ᠮᠠᠨ ᠤ ᠤᠯᠤᠰ ᠤᠨ ᠵᠠᠮ ᠬᠠᠷᠢᠯᠴᠠᠭ᠎ᠠ ᠵᠦᠬᠡᠬᠡᠪᠦᠷᠢ ᠶᠢᠨ ᠪᠦᠳᠦᠬᠡᠨ ᠪᠠᠶᠢᠭᠤᠯᠤᠯᠳᠠ ᠶᠢᠨ ᠦᠷ᠎ᠡ ᠠᠰᠢᠭ ᠳᠤᠪᠤᠶᠢᠮ᠎ᠠ ᠪᠤᠯᠵᠤ᠂ ᠳᠦᠷᠪᠡᠨ ᠵᠦᠭ ᠨᠠᠢᠮᠠᠨ ᠵᠤᠪᠬᠢᠰ ᠲᠤ ᠨᠡᠪᠲᠡᠷᠡᠭᠰᠡᠡ ᠶᠡᠷᠦᠩᠬᠡᠶᠢᠯᠡᠭᠰᠡᠨ ᠵᠦᠬᠡᠬᠡᠪᠦᠷᠢ ᠶᠢᠨ ᠳᠤᠤᠷ ᠨᠢᠬᠡᠨᠳᠡ ᠪᠦᠷᠢᠯᠳᠦᠪᠡ᠃      ● ᠤᠢᠢᠷ᠎ᠠ ᠶᠢᠨ ᠡᠳᠦᠷ᠂ ᠤᠯᠤᠰ ᠤᠨ ᠤᠢ ᠰᠢᠭᠤᠢ ᠪᠠ ᠲᠠᠯ᠎ᠠ ᠨᠤᠳᠤᠭ ᠤᠨ ᠲᠤᠪᠴᠢᠶ᠎ᠠ ᠠᠴᠠ 7 ᠭᠠᠵᠠᠷ ᠤᠷᠤᠨ ᠢ ᠪᠦᠬᠦ ᠤᠯᠤᠰ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠤᠷᠤᠨ ᠢᠶᠠᠷ ᠨᠡᠮᠡᠨ ᠲᠤᠭᠲᠠᠭᠠᠭᠰᠠᠠ ᠳᠤ ᠮᠠᠨ ᠤ ᠤᠷᠣᠨ ᠤ ᠪᠠᠶᠠᠨᠨᠠᠭᠤᠷ ᠬᠤᠲᠠ ᠰᠤᠩᠭᠤᠭᠳᠠᠵᠠᠢ᠃      ᠰᠤᠶᠣᠯ ᠲᠠᠮᠢᠷ ᠤᠨ ᠮᠡᠳᠡᠭᠡ      ● ᠦᠪᠦᠷ ᠮᠤᠩᠭᠤᠯ ᠤᠨ ᠢᠯᠢ ᠠᠵᠥ ᠦᠢᠯᠡᠰ ᠤᠨ ᠪᠦᠯᠦᠭᠯᠡᠯ ᠤᠨ ᠬᠤᠪᠢ ᠤᠷᠤᠭᠤᠯᠤᠬᠰᠠᠨ ᠬᠢᠵᠠᠭᠠᠷᠳᠤ ᠺᠤᠮᠫᠠᠨᠢ ᠠᠴᠠ ᠳᠡᠮᠵᠢᠭᠰᠡᠨ ︽2018 ᠬᠤᠸᠠ ᠸᠧᠢ ᠭᠠᠷ ᠤᠳᠠᠰᠤ ᠬᠤᠨᠳᠠᠭᠠᠳᠤ ᠳᠤᠮᠳᠠᠳᠤ ᠤᠯᠤᠰ ᠤᠨ ᠮᠢᠭᠮᠡᠨ ᠰᠢᠳᠠᠷ᠎ᠠ ᠶᠢᠨ ᠬᠦᠬᠡ ᠳᠡᠰ ᠤᠨ ᠬᠤᠯᠪᠤᠭᠠᠳᠤ ᠤᠷᠤᠯᠳᠤᠭᠠᠨ ᠤ ᠬᠦᠬᠡᠬᠤᠳᠠ • ᠢᠯᠢ ᠳᠤᠰᠬᠠᠢ ᠳᠠᠯᠠᠪᠠᠢ︾ ᠤᠷᠤᠯᠳᠤᠭᠠᠨ 10 ᠰᠠᠷ᠎ᠠ ᠶᠢᠨ 7 — 8᠎ ᠤ ᠡᠳᠤᠷ ᠪᠤᠯᠳᠠᠯ᠎ᠠ ᠬᠦᠬᠡ ᠳᠠᠯ᠎ᠠ ᠬᠤᠷᠠᠯ ᠤᠨ ᠳᠦᠪ ᠲᠤ ᠶᠠᠪᠤᠬᠳᠠᠨ᠎ᠠ᠃      ● ᠤᠶᠢᠷ᠎ᠠ ᠳᠤ᠂ ᠤᠷᠳᠣᠰ ᠬᠤᠲᠠ ᠶᠢᠨ ᠡᠵᠡᠨ ᠬᠤᠷᠤᠭ᠎ᠠ ᠬᠤᠰᠢᠭᠤᠨ ᠤ ᠰᠣᠪᠣᠷᠭ᠎ᠠ ᠵᠣᠭᠠᠴᠠᠯ ᠤᠨ ᠤᠷᠣᠨ ᠳᠤ ᠴᠠᠭᠠᠠᠪᠠᠨᠳᠢ᠂ ᠵᠢᠷᠭᠠᠯ ᠤᠨ ᠡᠷᠬᠢᠯᠡᠨ ᠨᠠᠶᠢᠷᠠᠭᠤᠯᠣᠬᠰᠠᠨ ︽ᠮᠦᠩᠬᠡ ᠶᠢᠨ ᠰᠢᠳᠦᠭᠡᠨ︾ ᠭᠡᠬᠦ ᠨᠣᠮ ᠮᠤᠩᠭᠤᠯ ᠬᠢᠲᠠᠳ ᠬᠤᠶᠠᠷ ᠬᠡᠯᠡ ᠪᠠᠷ ᠬᠡᠪᠯᠡᠭᠳᠡᠨ ᠲᠠᠷᠬᠠᠭᠠᠬᠳᠠᠪᠠ᠃      ● ︽ᠠᠷᠠᠠᠵᠠᠯ︾ ᠬᠤᠨᠳᠠᠭᠠᠲᠦ ᠠᠩᠬᠠᠳᠤᠭᠠᠷ ᠤᠳᠠᠭᠠᠨ ᠤ ᠮᠤᠩᠭᠤᠯ ᠪᠦᠬᠡ ᠶᠢᠨ ᠱᠠᠩᠨᠠᠯᠲᠦ ᠤᠷᠣᠯᠳᠤᠭᠠᠨ 10 ᠰᠠᠷ᠎ᠠ ᠶᠢᠨ 21᠎ ᠤ ᠡᠳᠦᠷ ᠲᠥᠮᠡᠳ ᠵᠡᠭᠦᠨ ᠬᠤᠰᠢᠭᠤᠨ ᠳᠤ ᠶᠠᠪᠤᠬᠳᠠᠨ᠎ᠠ᠃      ᠡᠷᠬᠢᠮ ᠬᠦᠠᠳᠦᠲᠦ ᠰᠤᠨᠣᠰᠤᠬᠴᠢᠳ ᠡ᠂ ᠦᠨᠦᠳᠦᠷ ᠤᠨ ᠨᠡᠪᠲᠡᠷᠡᠭᠦᠯᠭᠡ ᠮᠢᠨᠢ ᠡᠶᠢᠠᠬᠦ ᠦᠠᠳᠦᠷᠯᠡᠵᠥ ᠪᠠᠶᠢᠨ᠎ᠠ᠃ ᠲᠤᠰ ᠳ᠋ᠤᠭᠠᠷ ᠢᠶᠠᠨ ᠪᠢᠳᠡ ᠪᠠᠳᠤᠡᠷᠳᠡᠨᠢ ᠶᠢᠨ ᠳᠠᠭᠤᠯᠠᠬᠰᠠᠨ ︽ᠠᠭᠤᠯᠠ ᠲᠠᠯ᠎ᠠ ᠶᠢᠨ ᠤᠨᠠᠭ᠎ᠠ︾ ᠭᠡᠬᠦ ᠠᠶ᠎ᠠ ᠳᠠᠭᠤᠣ ᠪᠠᠷ ᠵᠢᠷᠭᠠᠭᠠᠵᠥ ᠪᠠᠶᠢᠨ᠎ᠠ︕ ᠲᠠ ᠪᠦᠬᠦᠨ ᠤ ᠬᠦᠯᠢᠶᠡᠨ ᠠᠪᠴᠦ ᠰᠤᠨᠣᠰᠤᠬᠰᠠᠨ ᠳᠤ ᠪᠠᠶᠠᠷᠯᠠᠯ᠎ᠠ᠃ ᠳᠠᠷᠠᠭᠠᠴᠢ ᠶᠢᠨ ᠳ᠋ᠤᠭᠠᠷ ᠲᠤ ᠳᠠᠬᠢᠨ ᠵᠣᠯᠭᠠᠶ᠎ᠠ᠂ ᠪᠠᠶᠠᠷᠲᠠᠢ︕                  ᠨᠠᠶᠢᠷᠠᠭᠤᠯᠣᠨ ᠨᠡᠪᠲᠡᠷᠡᠭᠦᠯᠥᠭᠴᠢ᠄ ᠦᠯᠵᠡᠶᠢᠪᠠᠲᠦ                  ᠮᠡᠷᠭᠡᠵᠢᠯ᠄ ᠤᠶᠤᠨᠳᠠᠯᠠᠢ                  ᠬᠢᠨᠠᠬᠴᠢ᠄ ᠴᠡᠴᠡᠭ
ᠬᠤᠪᠢᠶᠠᠯᠴᠠᠬᠤ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号