10 ᠰᠠᠷ᠎ᠠ ᠶᠢᠨ 9᠎ ᠤ ᠡᠳᠣᠷ
ᠡᠬᠢᠯᠡᠬᠦ ᠴᠠᠭ᠄
2018-10-09 10:09:17
ᠣᠷᠠᠯᠢᠭᠴᠢᠨ᠄
ᠲᠣᠲᠥᠷᠬᠠᠢ ᠦᠭᠡᠢ
ᠦᠭᠡ ᠨᠠᠶᠢᠷᠠᠭᠴᠢ᠄
ᠲᠣᠲᠥᠷᠬᠠᠢ ᠦᠭᠡᠢ
ᠠᠶ᠎ᠠ ᠨᠠᠶᠢᠷᠠᠭᠴᠢ᠄
ᠲᠣᠲᠥᠷᠬᠠᠢ ᠦᠭᠡᠢ
ᠤᠩᠰᠢᠭᠰᠠᠨ ᠤᠳᠠᠭ᠎ᠠ᠄
     ᠡᠷᠬᠢᠮ ᠬᠦᠨᠳᠦᠳᠦ ᠰᠤᠨᠤᠰᠤᠭᠴᠢᠳ ᠮᠠᠨᠢ᠂ ᠰᠠᠶᠢᠨ ᠪᠠᠶᠢᠨ᠎ᠠ ᠤᠤ︖      ᠦᠨᠦᠳᠦᠷ ᠪᠤᠯ 2018 ᠤᠨ ᠤ 10 ᠰᠠᠷ᠎ᠠ ᠶᠢᠨ 9᠂ ᠪᠢᠯᠢᠭ ᠤᠨ ᠤᠯᠠᠷᠢᠯ ᠤᠨ ᠰᠢᠷ᠎ᠠ ᠨᠤᠬᠠᠢ ᠵᠢᠯ ᠤᠨ 9 ᠰᠠᠷ᠎ᠠ ᠶᠢᠨ 1᠂ ᠭᠠᠷᠠᠭ ᠤᠨ ᠬᠤᠶᠠᠷ᠃ ᠦᠪᠦᠷ ᠮᠤᠩᠭᠤᠯ ᠤᠨ ᠡᠳᠦᠷ ᠤᠨ ᠰᠤᠨᠢᠨ ᠤ ᠬᠤᠷᠢᠶᠠᠨ ᠤ ᠬᠠᠮ ᠵᠠᠭᠤᠴᠢᠯᠠᠭᠤᠷ ᠤᠨ ᠦᠷᠯᠦᠭᠡ ᠶᠢᠨ ᠮᠡᠳᠡᠭᠡ ᠲᠠ ᠪᠦᠭᠦᠨ ᠲᠠᠢ ᠪᠠᠨ ᠮᠡᠨᠳᠦᠴᠢᠯᠡᠨ ᠵᠤᠯᠭᠠᠵᠦ ᠪᠠᠶᠢᠨ᠎ᠠ᠃ ᠤᠷᠢᠳᠠᠪᠠᠷ ᠴᠠᠭ ᠲᠦᠷᠦ ᠶᠢᠨ ᠮᠡᠳᠡᠭᠡ ᠳᠤ ᠠᠩᠬᠠᠷᠤᠯ ᠢᠶᠠᠨ ᠬᠠᠨᠳᠤᠭᠤᠯᠤᠶ᠎ᠠ      • ᠨᠠᠮ ᠤᠨ ᠳᠦᠪ ᠬᠤᠷᠢᠶᠠᠨ ᠤ ᠤᠬᠠᠭᠤᠯᠬᠤ ᠬᠡᠯᠳᠡᠰ᠂ ᠲᠦᠪ ᠤᠨ ᠷᠠᠳᠢᠣ᠋ ᠲᠧᠯᠸᠢᠰ ᠤᠨ ᠶᠡᠷᠤᠩᠬᠡᠢ ᠬᠤᠷᠢᠶ᠎ᠠ ᠬᠠᠮᠳᠤᠷᠠᠨ ᠵᠤᠬᠢᠶᠠᠨ ᠪᠦᠳᠦᠬᠡᠭᠰᠡᠨ ︽ᠮᠡᠷᠬᠡᠳ ᠤᠨ ᠴᠢᠭᠤᠯᠭᠠᠨ︾᠎ ᠤ ᠤᠨᠴᠠ ᠫᠷᠦᠭᠷᠡᠮ ︽ᠡᠭᠡᠯ ᠪᠤᠷᠤᠭᠵᠢᠭᠤᠨ ︿ᠦᠭᠡ ᠶᠠᠷᠢᠶ᠎ᠠ﹀ — ᠶᠡᠷᠦᠩᠬᠡᠢ ᠱᠦᠵᠢ ᠰᠢ ᠶᠢᠨ ᠫᠢᠩ ᠤᠨ ᠡᠰᠢᠯᠡᠨ ᠬᠡᠷᠡᠭᠯᠡᠭᠰᠡᠡ ᠡᠷᠲᠡᠨ ᠤ ᠰᠤᠩᠭᠤᠳᠠᠭ ᠬᠡᠯᠡᠯᠬᠡ︾᠎ ᠶᠢ 8᠎ ᠤ ᠡᠳᠤᠷ ᠠᠴᠠ 19᠎ ᠤ ᠡᠳᠤᠷ ᠪᠤᠯᠳᠠᠯ᠎ᠠ ᠳᠦᠪ ᠲᠧᠯᠸᠢᠰ ᠤᠨ ᠬᠠᠮ ᠰᠤᠪᠠᠭ ᠤᠨ ᠰᠦᠨᠢ ᠶᠢᠨ ᠨᠡᠪᠳᠡᠷᠡᠬᠦᠯᠬᠡ ᠳᠤ ᠨᠡᠪᠳᠡᠷᠡᠬᠦᠯᠬᠦ ᠪᠤᠯᠤᠨ᠎ᠡ᠃      • 10 ᠰᠠᠷ᠎ᠠ ᠶᠢᠨ 8᠎ ᠤ ᠦᠳᠡ ᠶᠢᠨ ᠡᠮᠦᠨ᠎ᠡ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠬᠦᠬᠡᠬᠤᠳᠠ ᠳᠤ ᠶᠠᠫᠤᠨ ᠤ ᠶᠠᠫᠤᠨ ᠲᠤᠮᠳᠠᠳᠤ ᠶᠢᠨ ᠠᠵᠤ ᠠᠬᠤᠢ ᠶᠢᠨ ᠨᠡᠶᠢᠭᠡᠮᠯᠢᠭ ᠤᠨ ᠦᠪᠦᠷ ᠮᠤᠩᠭᠤᠯ ᠳᠤ ᠠᠶᠢᠯᠴᠢᠯᠠᠬᠤ ᠲᠦᠯᠦᠭᠡᠯᠡᠭᠴᠢᠳ ᠤᠨ ᠪᠦᠯᠬᠦᠮ ᠲᠠᠢ ᠠᠭᠤᠯᠵᠠᠪᠠ᠃ᠵᠠᠯᠭᠠᠭᠠᠳ ᠨᠡᠶᠢᠭᠡᠮ ᠤᠨ ᠰᠤᠨᠢᠨ ᠮᠡᠳᠡᠭᠡ ᠠᠴᠠ ᠤᠢᠢᠯᠠᠭᠠᠶ᠎ᠠ      • ᠤᠢᠢᠷ᠎ᠠ ᠳᠤ᠂ ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠪᠤᠷᠢ ᠶᠢᠨ ᠲᠢᠩᠬᠢᠮ ᠠᠴᠠ ᠤᠢᠢᠯᠠᠭᠠᠭᠰᠠᠨ ᠢᠶᠠᠷ᠂ ᠡᠨᠡ ᠵᠢᠯ ᠮᠠᠨ ᠤ ᠤᠷᠤᠨ ᠦᠨᠲᠤᠰᠤᠨ ᠡᠮ ᠡᠮᠨᠡᠯᠬᠡ ᠶᠢᠨ ᠲᠠᠭᠠᠳᠬᠠᠯ ᠤᠨ ᠵᠠᠰᠠᠭ ᠤᠨ ᠤᠷᠲᠤᠨ ᠤ ᠨᠦᠬᠦᠪᠤᠷᠢ ᠶᠢᠨ ᠪᠠᠷᠢᠮᠵᠢᠶ᠎ᠠ ᠶᠢ ᠬᠦᠮᠤᠨ ᠲᠤᠮᠲᠠᠴᠢ ᠳᠤ 490 ᠲᠦᠬᠦᠷᠢᠭ ᠪᠤᠯᠭᠠᠨ ᠥᠰᠬᠡᠵᠥ᠂ ᠲᠦᠷᠦ ᠶᠢᠨ ᠪᠤᠲᠤᠯᠭ᠎ᠠ ᠶᠢᠨ ᠬᠦᠷᠢᠶ᠎ᠠ ᠬᠡᠪᠴᠢᠶᠠᠨ ᠳᠠᠬᠢ ᠲᠠᠩᠰᠡ ᠲᠠᠶᠢᠯᠬᠤ ᠬᠠᠷᠢᠴᠠᠯ ᠢ 75%᠎ ᠳᠤ ᠬᠦᠷᠬᠡᠪᠠ᠃      • ᠤᠯᠤᠰ ᠤᠨ ᠠᠷᠠᠳ ᠤᠨ ᠶᠠᠪᠤᠳᠠᠯ ᠤᠨ ᠶᠠᠮᠤᠨ ᠤ ᠨᠡᠶᠢᠭᠡᠮ ᠲᠤᠭᠤᠷᠢᠭ ᠤᠨ ᠵᠠᠰᠠᠯᠳᠠ ᠪᠠ ᠦᠢᠯᠡᠴᠢᠯᠡᠭᠡ ᠶᠢᠨ ᠰᠢᠨ᠎ᠠ ᠶᠢ ᠡᠭᠦᠳᠭᠦ ᠲᠤᠷᠰᠢᠯᠳᠠ ᠶᠢᠨ ᠲᠤᠭᠤᠷᠢᠭ ᠤᠨ ᠲᠤᠬᠠᠢ ᠶᠢᠨ ᠭᠠᠵᠠᠷ ᠲᠤᠨᠢ ᠰᠢᠯᠭᠠᠨ ᠬᠤᠷᠢᠶᠠᠬᠤ ᠲᠤᠰᠬᠠᠢ ᠮᠡᠷᠭᠡᠵᠢᠯᠳᠠᠨ ᠤ ᠲᠤᠭᠤᠢᠢᠯᠠᠩ ᠤᠢᠢᠷ᠎ᠠ ᠳᠤ ᠪᠤᠭᠤᠳᠤ ᠬᠤᠳᠠ ᠶᠢᠨ ᠬᠦᠨᠳᠡᠯᠡᠨ ᠲᠤᠭᠤᠷᠢᠭ ᠪᠠ ᠤᠯᠠᠭᠠᠨᠬᠠᠳᠠ ᠬᠤᠳᠠ ᠶᠢᠨ ᠬᠤᠨᠭ᠍ᠱᠠᠨ ᠲᠤᠭᠤᠷᠢᠭ ᠲᠤ ᠬᠦᠷᠴᠤ ᠬᠢᠨᠠᠨ ᠰᠢᠯᠭᠠᠬᠤ ᠠᠵᠢᠯ ᠦᠷᠨᠢᠭᠦᠯᠪᠠ᠃ ᠬᠢᠨᠠᠨ ᠰᠢᠯᠭᠠᠬᠤ ᠠᠵᠢᠯ ᠳᠤ᠂ ᠮᠡᠳᠡᠭᠦᠯᠦᠯᠳᠡ ᠶᠢ ᠰᠤᠨᠤᠰᠬᠤ᠂ ᠮᠠᠲ᠋ᠧᠷᠢᠶᠠᠯ ᠦᠵᠡᠭᠦ᠂ ᠪᠠᠶᠢᠴᠠᠭᠠᠯᠳᠠ ᠶᠢᠨ ᠬᠠᠭᠤᠳᠠᠰᠦ ᠲᠠᠷᠬᠠᠭᠠᠬᠤ᠂ ᠰᠠᠭᠤᠭᠠᠯᠢ ᠠᠷᠠᠳ ᠲᠠᠢ ᠶᠠᠷᠢᠯᠴᠠᠬᠤ᠂ ᠲᠤᠬᠠᠢ ᠶᠢᠨ ᠭᠠᠵᠠᠷ ᠲᠤᠨᠢ ᠬᠦᠷᠴᠤ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠪᠠᠷ 6 ᠨᠡᠶᠢᠳᠡᠯᠢᠭ ᠬᠡᠷᠡᠭ ᠤᠨ ᠵᠢᠱᠢᠶ᠎ᠠ ᠶᠢ ᠰᠤᠩᠭᠤᠨ ᠪᠠᠶᠢᠴᠠᠭᠠᠵᠦ᠂ 5 ᠨᠡᠶᠢᠭᠡᠮ ᠲᠤᠭᠤᠷᠢᠭ ᠢᠶᠠᠷ ᠬᠦᠷᠴᠤ᠂ 130 ᠭᠠᠷᠤᠢ ᠰᠠᠭᠤᠭᠠᠯᠢ ᠠᠷᠠᠳ ᠢ ᠰᠤᠷᠪᠤᠯᠵᠢᠯᠠᠵᠠᠢ᠃      • ᠪᠦᠬᠦ ᠤᠷᠤᠨ ᠤ ᠡᠯ᠎ᠠ ᠱᠠᠳᠤᠨ ᠤ ᠡᠯ᠎ᠡ ᠲᠦᠷᠦᠯ ᠤᠨ ᠰᠤᠷᠭᠠᠭᠤᠯᠢ ᠰᠤᠷᠭᠠᠭᠤᠯᠢ ᠶᠢᠨ ᠬᠦᠷᠢᠶᠡᠨ ᠤ ᠰᠦᠯᠵᠢᠶ᠎ᠠ᠂ ᠵᠢᠷᠬᠢᠶ᠎ᠠ ᠶᠢᠨ ᠤᠯᠠᠨ ᠨᠡᠶᠢᠳᠡ ᠶᠢᠨ ᠳᠠᠪᠴᠠᠩ᠂ ᠵᠢᠷᠬᠢᠶ᠎ᠠ ᠶᠢᠨ ᠳᠤᠭᠤᠷᠢᠭ ᠵᠡᠷᠬᠡ ᠰᠢᠨ᠎ᠠ ᠵᠠᠭᠤᠴᠢᠯᠠᠭᠤᠷ ᠢ ᠠᠰᠢᠬᠯᠠᠵᠤ᠂ ᠳᠤᠰᠬᠠᠢ ᠰᠡᠳᠦᠪᠳᠤ ᠢᠯᠡᠳᠬᠡᠯ ᠲᠡᠶᠢᠯᠦᠮᠵᠢ ᠬᠢᠬᠦ᠂ ᠭᠤᠤᠯ ᠰᠡᠳᠦᠪᠳᠤ ᠠᠩᠬᠢ ᠶᠢᠨ ᠬᠤᠷᠠᠯ ᠬᠢᠬᠦ᠂ ᠦᠨᠡᠨᠴᠢ ᠢᠳᠡᠬᠡᠮᠵᠢ ᠶᠢᠨ ᠳᠤᠬᠠᠢ ᠵᠤᠬᠢᠶᠠᠨ ᠪᠢᠴᠢᠯᠭᠡ ᠶᠢᠨ ᠤᠷᠤᠯᠳᠤᠭᠠᠨ ᠬᠢᠬᠦ᠂ ᠦᠨᠡᠨᠴᠢ ᠢᠳᠡᠬᠡᠮᠵᠢ ᠶᠢᠨ ᠳᠤᠬᠠᠢ ᠶᠠᠷᠢᠶ᠎ᠠ ᠢᠯᠡᠳᠬᠡᠯ ᠤᠨ ᠤᠷᠤᠯᠳᠤᠭᠠᠨ ᠬᠢᠬᠦ ᠮᠡᠳᠤ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠰᠤᠷᠭᠠᠭᠤᠯᠢ ᠶᠢᠨ ᠬᠦᠷᠢᠶᠡᠨ ᠤ ᠦᠨᠡᠨᠴᠢ ᠢᠳᠡᠬᠡᠮᠵᠢ ᠶᠢᠨ ᠰᠤᠶᠤᠯ ᠤᠨ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃      • ᠡᠨᠡ ᠵᠢᠯ ᠤᠨ ᠲᠡᠭᠡᠷ᠎ᠠ ᠬᠠᠭᠠᠰ ᠵᠢᠯ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠢᠨᠲ᠋ᠧᠷ ᠰᠦᠯᠵᠢᠶ᠎ᠠ ᠶᠢᠨ ᠮᠡᠳᠡᠭᠡ ᠵᠠᠩᠬᠢ ᠶᠢᠨ ᠠᠯᠪᠠᠨ ᠬᠡᠷ ᠤᠨ ᠬᠢᠨ ᠢᠨᠲ᠋ᠧᠷ ᠰᠦᠯᠵᠢᠶ᠎ᠠ ᠶᠢ ᠲᠤᠰᠬᠠᠢ ᠴᠡᠭᠴᠡᠯᠡᠭᠦ ᠠᠵᠢᠯ ᠢ ᠯᠠᠪᠳᠠᠭᠤᠨ ᠪᠠᠳᠤᠳᠠᠢ ᠠᠬᠢᠭᠤᠯᠵᠤ᠂ ᠱᠠᠯᠢᠭ ᠵᠠᠪᠠᠭ᠋ᠠᠢ᠂ ᠵᠤᠭᠤᠰ ᠮᠦᠷᠦ᠋ᠢᠴᠡᠭᠦ ᠵᠡᠷᠭᠡ ᠠᠵᠢᠯᠯᠠᠭ᠎ᠠ ᠳᠤ ᠬᠤᠯᠪᠤᠬᠳᠠᠬᠰᠠᠨ 1302 ᠰᠦᠯᠵᠢᠶᠡᠨ ᠦᠷᠳᠡᠭᠡ ᠪᠤᠯᠤᠨ ᠰᠦᠯᠵᠢᠶᠡᠨ ᠢᠷᠭᠡᠳ ᠢ ᠮᠡᠭᠡᠯᠡᠭᠰᠡᠨ᠂ ᠡᠷᠭᠡ ᠳᠤ ᠬᠠᠯᠳᠠᠬᠰᠠᠨ ᠵᠡᠷᠭᠡ ᠠᠵᠢᠯᠯᠠᠭ᠎ᠠ ᠳᠤ ᠬᠤᠯᠪᠤᠬᠳᠠᠬᠰᠠᠨ 59 ᠰᠦᠯᠵᠢᠶᠡᠨ ᠦᠷᠳᠡᠭᠡ ᠶᠢ ᠬᠠᠤᠯᠢ ᠶᠤᠰᠤᠭᠠᠷ ᠬᠦᠴᠦᠨ ᠦᠭᠡᠢ ᠪᠤᠯᠭᠠᠵᠤ᠂ ᠰᠦᠯᠵᠢᠶᠠᠨ ᠤ ᠠᠮᠤᠷ ᠲᠦᠪᠰᠢᠨ ᠢ ᠬᠠᠮᠠᠭᠠᠯᠠᠨ᠂ ᠰᠦᠯᠵᠢᠶᠡᠨ ᠤ ᠤᠷᠴᠢᠨ ᠲᠤᠭᠤᠷᠢᠨ ᠢ ᠰᠢᠯᠢᠳᠡᠭᠵᠢᠭᠦᠯᠵᠠᠢ᠃      • ᠤᠢᠢᠷ᠎ᠠ ᠳᠤ᠂ ᠤᠷᠠᠳ ᠤᠨ ᠬᠤᠶᠢᠳᠤ ᠬᠤᠰᠢᠭᠤᠨ ᠤ ᠵᠠᠰᠠᠭ ᠤᠨ ᠤᠷᠳᠤᠨ ᠬᠢᠯᠢ ᠲᠠᠭᠠᠤ ᠶᠢᠨ ᠮᠠᠯᠴᠢᠳ ᠤᠨ ᠬᠤᠳᠳᠤᠭ ᠲᠤ ᠦᠨᠳᠦᠷ ᠠᠷᠰᠧᠨ᠂ ᠦᠨᠳᠦᠷ ᠹᠯᠤᠷᠳᠦ ᠱᠤᠷᠪᠤᠭ ᠤᠰᠤ ᠶᠢ ᠰᠢᠢᠳᠪᠦᠷᠢᠯᠡᠬᠦ ᠲᠦᠭᠦᠭᠡᠷᠦᠮᠵᠢ ᠤᠭᠰᠠᠷᠠᠵᠦ ᠦᠭᠭᠦᠭᠰᠡᠨ ᠢᠶᠠᠷ ᠬᠢᠯᠢ ᠲᠠᠭᠠᠤ ᠶᠢᠨ 388 ᠮᠠᠯᠴᠢᠳ ᠠᠮᠤᠷ ᠲᠦᠪᠰᠢᠨ ᠤᠰᠤ ᠤᠯᠵᠦ ᠤᠤᠭᠤᠬᠤ ᠪᠤᠯᠤᠭᠰᠠᠨ ᠪᠠᠶᠢᠨ᠎ᠠ᠃      • 10 ᠰᠠᠷ᠎ᠠ ᠶᠢᠨ 1᠎ ᠤ ᠡᠲᠦᠷ ᠠᠴᠠ 7᠎ ᠤ ᠡᠲᠦᠷ ᠪᠤᠯᠲᠠᠯ᠎ᠠ ᠪᠦᠬᠦ ᠤᠯᠤᠰ ᠤᠨ ᠵᠢᠵᠢᠭᠯᠡᠨ ᠬᠤᠲᠠᠯᠲᠤᠭᠰᠠᠨ ᠪᠠ ᠬᠤᠭᠤᠯᠠ ᠤᠮᠲᠠᠭᠠᠨ ᠤ ᠠᠵᠤ ᠠᠬᠤᠶᠢᠯᠠᠯ ᠤᠨ ᠪᠤᠷᠤᠯᠠᠭᠤᠯᠤᠯᠲᠠ 1.4 ᠲᠦᠮᠡᠨ ᠳ᠋ᠦᠩᠰᠢᠭᠤᠷ ᠲᠦᠭᠦᠷᠢᠭ ᠲᠤ ᠬᠦᠷᠪᠡ᠂ ᠡᠲᠦᠷ ᠲᠤᠮᠲᠠᠴᠢ ᠶᠢᠨ ᠪᠤᠷᠤᠯᠠᠭᠤᠯᠤᠯᠲᠠ ᠶᠢᠨ ᠬᠡᠮᠵᠢᠶ᠎ᠠ ᠨᠢᠲᠤᠨᠤᠨ ᠤ ᠠᠳᠠᠯᠢ ᠬᠤᠭᠤᠴᠠᠭᠠᠨ ᠤ ᠬᠢ ᠠᠴᠠ 9.5% ᠨᠡᠮᠡᠭᠲᠡᠪᠡ᠃      • ᠰᠤᠷᠪᠤᠯᠵᠢᠯᠠᠬᠴᠢ ᠳᠤᠮᠳᠠᠳᠤ ᠤᠯᠤᠰ ᠤᠨ ᠳᠡᠮᠤᠷ ᠵᠠᠮ ᠤᠨ ᠶᠡᠷᠦᠩᠬᠡᠢ ᠺᠤᠮᠫᠠᠨᠢ ᠠᠴᠠ ᠦᠢᠯᠠᠭᠠᠬᠰᠠᠨ ᠢᠶᠠᠷ᠂ 6᠎ ᠤ ᠡᠳᠤᠷ ᠲᠤ᠂ ᠪᠦᠬᠦ ᠤᠯᠤᠰ ᠤᠨ ᠳᠡᠮᠤᠷ ᠵᠠᠮ ᠤᠨ ᠬᠢᠨ 1379.5 ᠳᠦᠮᠡᠨ ᠬᠦᠮᠦᠨ ᠤᠳᠠᠭ᠎ᠠ ᠶᠢᠨ ᠠᠶᠠᠨᠴᠢᠨ ᠢ ᠬᠦᠷᠬᠡᠵᠥ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 11.5%᠎ ᠪᠠᠷ ᠨᠡᠮᠡᠭᠳᠡᠵᠤ᠂ 741 ᠴᠤᠪᠤᠭ᠎ᠠ ᠭᠠᠯᠲᠦ ᠲᠡᠷᠭᠡ ᠨᠡᠮᠡᠵᠤ ᠲᠤᠬᠢᠷᠠᠭᠤᠯᠤᠭᠰᠠᠠ ᠪᠠᠶᠢᠨ᠎ᠠ᠃ 7᠎ ᠤ ᠡᠳᠦᠷ᠂ ᠪᠦᠬᠦ ᠤᠯᠤᠰ ᠤᠨ ᠲᠡᠮᠦᠷ ᠵᠠᠮ ᠤᠨ ᠬᠢᠨ ᠪᠤᠴᠠᠬᠤ ᠠᠶᠠᠨᠴᠢᠳ ᠤᠨ ᠤᠷᠬᠢᠯ ᠤᠨ ᠬᠤᠭᠤᠴᠠᠭ᠎ᠠ ᠶᠢ ᠤᠭᠲᠤᠵᠤ᠂ 1520 ᠳᠦᠮᠡᠨ ᠬᠦᠮᠤᠨ ᠤᠳᠠᠭ᠎ᠠ ᠶᠢᠨ ᠠᠶᠠᠨᠴᠢᠨ ᠢ ᠬᠦᠷᠬᠡᠵᠥ᠂ 814 ᠠᠶᠠᠨᠴᠢᠳ ᠤᠨ ᠭᠠᠯᠳᠤ ᠳᠡᠷᠬᠡ ᠨᠡᠮᠡᠵᠥ ᠳᠤᠬᠢᠷᠠᠭᠤᠯᠪᠠ᠃      • ᠤᠯᠤᠰ ᠤᠨ ᠪᠠᠶᠠᠷ ᠤᠨ ᠠᠮᠠᠷᠠᠯᠳᠠ ᠶᠢᠨ ᠬᠤᠭᠤᠴᠠᠭᠠᠨ ᠳᠤ᠂ ᠤᠯᠤᠰ ᠤᠨ ᠲᠤᠳᠤᠭᠠᠳᠤ ᠳᠤ ᠨᠡᠶᠢᠳᠡ 7.26 ᠳ᠋ᠦᠩᠰᠢᠭᠤᠷ ᠵᠤᠭᠠᠴᠠᠭᠰᠠᠳ ᠢ ᠵᠤᠴᠢᠯᠠᠵᠦ᠂ ᠠᠳᠠᠯᠢ ᠬᠤᠭᠤᠴᠠᠭᠠᠨ ᠤ ᠬᠢ ᠠᠴᠠ 9.43%᠎ ᠪᠠᠷ ᠨᠡᠮᠡᠭᠳᠡᠵᠦ᠂᠂ ᠤᠯᠤᠰ ᠤᠨ ᠲᠤᠳᠤᠭᠠᠳᠤ ᠶᠢᠨ ᠵᠤᠭᠠᠴᠠᠯ ᠤᠨ ᠤᠷᠤᠯᠭ᠎ᠠ 5990.8 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.04%᠎ ᠪᠠᠷ ᠨᠡᠮᠡᠭᠳᠡᠵᠡᠢ᠃      • ᠲᠤᠮᠲᠠᠲᠤ ᠤᠯᠤᠰ ᠤᠨ ᠨᠢᠬᠦᠯᠡᠰᠦᠩᠬᠦᠢ ᠶᠢᠨ ᠬᠤᠯᠪᠤᠭᠠᠲᠤ ᠬᠤᠷᠠᠯ ᠤᠶᠢᠷ᠎ᠠ ᠳᠤ ︽2017 ᠤᠨ ᠤ ᠲᠤᠮᠲᠠᠲᠤ ᠤᠯᠤᠰ ᠤᠨ ᠨᠢᠬᠦᠯᠡᠰᠦᠩᠬᠦᠢ ᠶᠢᠨ ᠬᠠᠨᠳᠢᠪ ᠤᠨ ᠮᠡᠲᠡᠬᠦᠯᠦᠯᠲᠡ︾᠎ ᠶᠢ ᠱᠧᠨᠵᠧᠨ ᠳᠤ ᠨᠡᠶᠢᠲᠡᠯᠡᠪᠡ᠃ ︽ᠮᠡᠲᠡᠬᠦᠯᠦᠯᠲᠡ︾᠎ ᠳᠤ ᠳᠤᠳᠤᠷᠠᠭᠰᠠᠨ ᠢᠶᠠᠷ᠂ 2017 ᠤᠨ ᠳᠤ ᠮᠠᠨ ᠤ ᠤᠯᠤᠰ ᠤᠨ ᠬᠢᠯᠢ ᠶᠢᠨ ᠲᠤᠲᠤᠭᠠᠲᠤ ᠳᠤ ᠤᠯᠤᠰ ᠤᠨ ᠲᠤᠲᠤᠭᠠᠲᠤ ᠭᠠᠲᠠᠭᠠᠲᠤ ᠶᠢᠨ ᠬᠠᠨᠳᠢᠪᠯᠠᠭᠰᠠᠨ ᠡᠳ᠋ ᠪᠤᠲᠠᠰ 1499.86 ᠳ᠋ᠦᠩᠰᠢᠭᠤᠷ ᠲᠦᠭᠦᠷᠢᠭ ᠲᠤ ᠬᠦᠷᠴᠦ ᠨᠢᠲᠤᠨᠤᠨ ᠤ ᠠᠳᠠᠯᠢ ᠬᠤᠭᠤᠴᠠᠭᠠᠨ ᠤ ᠬᠢ ᠠᠴᠠ 7.86% ᠨᠡᠮᠡᠭᠲᠡᠪᠡ᠃      ᠵᠠᠯᠭᠠᠭᠠᠳ ᠰᠤᠶᠤᠯ ᠲᠠᠮᠢᠷ ᠤᠨ ᠮᠡᠳᠡᠭᠡ ᠠᠴᠠ ᠤᠢᠢᠯᠠᠭᠠᠶ᠎ᠠ      • ᠬᠤᠶᠠᠳᠣᠭᠠᠷ ᠬᠤᠭᠤᠴᠠᠭᠠᠨ ᠤ ᠸᠧᠢ ᠹᠠᠩ ᠪᠢᠨᠬᠠᠢ • ᠣᠯᠠᠨ ᠣᠯᠣᠰ ᠤᠨ ᠮᠣᠷᠢᠨ ᠮᠡᠷᠭᠡᠵᠢᠯ ᠤᠨ ᠰᠣᠶᠣᠯ ᠤᠨ ᠨᠠᠶᠢᠷ ᠤᠢᠢᠷ᠎ᠠ ᠶᠢᠨ ᠡᠳᠦᠷ ᠱᠠᠨᠳᠦ᠋ᠩ ᠮᠣᠵᠢ ᠶᠢᠨ ᠸᠧᠢ ᠹᠠᠩ ᠬᠤᠳᠡ ᠶᠢᠨ ᠪᠢᠨᠬᠠᠢ ᠠᠵᠣ ᠠᠬᠤᠢ ᠮᠡᠷᠭᠡᠵᠢᠯ ᠤᠨ ᠨᠡᠭᠡᠭᠡᠯᠳᠡ ᠶᠢᠨ ᠲᠣᠭᠤᠷᠢᠭ ᠲᠤ ᠶᠠᠪᠣᠭᠳᠠᠪᠠ᠃ ᠣᠯᠠᠭᠠᠨᠬᠠᠳᠠ ᠬᠤᠳᠡ ᠶᠢᠨ ᠪᠠᠭᠠᠷᠢᠨ ᠪᠠᠷᠠᠭᠤᠨ ᠬᠤᠰᠢᠭᠤᠨ ᠤ ᠣᠯᠠᠮᠵᠢᠯᠠᠯᠳᠣ ᠰᠣᠷ ᠬᠠᠷᠪᠣᠯᠳᠠ ᠶᠢᠨ ᠨᠡᠶᠢᠭᠡᠮᠯᠢᠭ᠂ ᠠᠳᠣᠭᠤᠨ ᠰᠣᠶᠣᠯ ᠤᠨ ᠨᠡᠶᠢᠭᠡᠮᠯᠢᠭ ᠨᠢ ᠣᠷᠢᠯᠭ᠎ᠠ ᠪᠠᠷ ᠨᠠᠮᠨᠠᠭ᠎ᠠ ᠶᠢᠨ ᠠᠩᠬᠢ ᠪᠠᠨ ᠲᠠᠶᠢᠴᠢᠯᠠᠨ ᠣᠷᠣᠯᠳᠣᠭᠠᠨ ᠳᠤ ᠣᠷᠣᠯᠴᠠᠭᠠᠳ ᠨᠠᠮᠨᠠᠭ᠎ᠠ ᠶᠢᠨ ᠮᠠᠩᠯᠠᠢ ᠠᠪᠣᠭᠰᠠᠨ ᠪᠠᠭ᠋ᠠᠳᠣᠮ᠎ᠠ ᠠᠮᠵᠢᠯᠳᠡ ᠣᠯᠵᠣ ᠮᠣᠩᠭᠤᠯ ᠮᠣᠷᠢ ᠮᠣᠩᠭᠤᠯ ᠰᠣᠶᠣᠯ ᠤᠨ ᠢᠶᠠᠨ ᠠᠯᠳᠡᠷ ᠴᠣᠣ ᠶᠢ ᠪᠠᠰᠨ ᠨᠢᠭᠡᠨ ᠣᠳᠠᠭ᠎ᠠ ᠲᠡᠯᠡᠭᠡᠢ ᠳ᠋ᠠᠬᠢᠨ᠎ᠠ ᠠᠯᠳᠠᠷᠰᠢᠭᠤᠯᠣᠨ ᠭᠠᠶᠢᠬᠠᠭᠤᠯᠵᠠᠢ᠃      • ᠤᠷᠤᠰ ᠤᠯᠤᠰ ᠤᠨ ᠨᠡᠶᠢᠰᠯᠡᠯ ᠮᠤᠰᠺᠧᠠ ᠳᠤ ᠪᠤᠯᠤᠭᠰᠠᠨ ᠲᠡᠯᠡᠭᠡᠢ ᠶᠢᠨ ᠠᠯᠳᠠᠷᠳᠦ ᠲᠠᠭᠤᠴᠢᠨ ︽ᠬᠤᠰᠢᠶᠧ ᠺᠠᠷᠢᠷᠠᠰ︾ ᠬᠤᠨᠳᠠᠭᠠᠳᠤ ᠤᠯᠠᠨ ᠤᠯᠤᠰ ᠤᠨ ᠡᠷᠡᠭᠳᠡᠶᠢᠴᠦᠳ ᠤᠨ ᠨᠠᠷᠢᠨ ᠴᠡᠭᠡᠯ ᠬᠤᠭᠤᠯᠠᠶᠢᠳᠤ ᠲᠠᠭᠤᠴᠢᠳ ᠤᠨ ᠤᠷᠤᠯᠳᠤᠭᠠᠨ ᠳᠤ ᠰᠢᠯᠢ ᠶᠢᠨ ᠭᠤᠤᠯ ᠠᠶᠢᠮᠠᠭ ᠤᠨ 24 ᠨᠠᠰᠤᠲᠠᠢ ᠵᠠᠯᠠᠭᠤ ᠲᠠᠭᠤᠴᠢᠨ ᠲᠤᠯᠬᠢᠶᠠᠨ 3 ᠨᠤᠭᠤᠯᠠᠭ᠎ᠠ ᠲᠠᠷᠠᠭᠠᠯᠠᠨ ᠦᠵᠦᠭᠦᠷᠯᠡᠵᠦ᠂ ᠡᠨᠡᠬᠦ ᠨᠡᠷ᠎ᠡ ᠬᠦᠨᠳᠦᠳᠦ ᠤᠷᠤᠯᠳᠤᠭᠠᠨ ᠤ ᠰᠢᠯᠢᠳᠡᠭ 10 ᠲᠠᠭᠤᠴᠢᠨ ᠤ ᠵᠢᠷᠭᠤᠳᠤᠭᠠᠷ ᠲᠤ ᠲᠤᠳᠤᠷᠠᠵᠠᠢ᠃      • ᠦᠪᠦᠷ ᠮᠤᠩᠭᠤᠯ ᠤᠨ ᠦᠬᠠᠢ ᠬᠤᠳᠠ ᠳᠤ ᠨᠤᠳᠤᠭ ᠲᠠᠢ 19 ᠨᠠᠰᠤᠲᠠᠢ ᠤᠶᠤᠳᠠᠨ ᠸᠠᠩ ᠸᠧᠢ ᠶᠠᠨ ᠮᠤᠩᠭᠤᠯ ᠬᠤᠪᠴᠠᠰᠤ ᠵᠠᠰᠠᠯ ᠢᠶᠠᠷ ᠢᠶᠠᠨ ᠫᠠᠷᠢᠰ ᠤᠨ ᠨᠠᠮᠤᠷ ᠤᠨ ᠤᠯᠠᠷᠢᠯ ᠤᠨ ᠬᠤᠪᠴᠠᠰᠤ ᠵᠠᠰᠠᠯ ᠤᠨ ᠭᠠᠷᠠᠭ ᠤᠨ ᠠᠵᠢᠯᠯᠠᠭ᠎ᠠ ᠳᠤ ᠤᠷᠤᠯᠴᠠᠪᠠ᠃      • 10 ᠰᠠᠷ᠎ᠠ ᠶᠢᠨ 6᠎ ᠤ ᠡᠳᠤᠷ᠂ ᠭᠤᠷᠪᠠᠳᠤᠭᠠᠷ ᠬᠤᠭᠤᠴᠠᠭᠠᠨ ᠤ ᠵᠤᠨ ᠤ ᠤᠯᠠᠷᠢᠯ ᠤᠨ ᠵᠠᠯᠠᠭᠤᠴᠤᠳ ᠤᠨ ᠤᠯᠢᠮᠫᠢᠺ ᠤᠨ ᠲᠠᠮᠢᠷ ᠤᠨ ᠴᠤᠭᠯᠠᠭᠠᠨ ᠤ ᠨᠡᠬᠡᠬᠡᠯᠳᠡ ᠠᠷᠭᠧᠨ᠋ᠲ᠋ᠢᠨ ᠤ ᠨᠡᠶᠢᠰᠯᠡᠯ ᠪᠦᠶᠧᠨᠤᠰ ᠠᠶᠢᠷᠧᠰ ᠲᠤ ᠶᠠᠪᠤᠭᠳᠠᠪᠠ᠃ 12 ᠡᠳᠦᠷ ᠶᠠᠪᠤᠭᠳᠠᠬᠤ ᠲᠤᠰ ᠤᠳᠠᠭᠠᠨ ᠤ ᠲᠠᠮᠢᠷ ᠤᠨ ᠴᠤᠭᠯᠠᠭᠠᠨ ᠳᠤ ᠪᠦᠬᠦ ᠲᠡᠯᠡᠭᠡᠢ ᠶᠢᠨ 200 ᠭᠠᠷᠤᠢ ᠤᠯᠤᠰ ᠤᠷᠤᠨ ᠤ 4000 ᠭᠠᠷᠤᠢ ᠵᠠᠯᠠᠭᠤ ᠲᠠᠮᠢᠷᠴᠢᠳ ᠤᠷᠤᠯᠴᠠᠬᠤ ᠪᠤᠯᠤᠨ᠎ᠠ᠃ ᠵᠠᠯᠭᠠᠭᠠᠳ ᠦᠢᠯᠡᠴᠢᠯᠡᠭᠡᠨ ᠤ ᠮᠡᠳᠡᠭᠡ ᠠᠴᠠ ᠲᠠᠮᠵᠢᠭᠤᠯᠤᠶ᠎ᠠ      • ᠢᠷᠡᠬᠦ ᠬᠤᠶᠠᠷ ᠬᠤᠨᠤᠭ ᠲᠤ ᠮᠠᠨ ᠤ ᠤᠷᠤᠨ ᠤ ᠰᠢᠯᠢ ᠶᠢᠨ ᠭᠤᠤᠯ ᠠᠶᠢᠮᠠᠭ ᠤᠨ ᠬᠤᠶᠢᠳᠤ ᠪᠠᠶ᠎ᠡ᠂ ᠬᠢᠩᠭᠠᠨ ᠠᠶᠢᠮᠠᠭ ᠤᠨ ᠪᠠᠷᠠᠭᠤᠨ ᠪᠡᠶ᠎ᠡ ᠪᠠ ᠬᠤᠶᠢᠳᠤ ᠪᠡᠶ᠎ᠡ᠂ ᠬᠦᠯᠦᠨ ᠪᠤᠶᠢᠷ ᠬᠤᠳᠠ ᠳᠤ ᠴᠠᠰᠤ ᠪᠤᠷᠤᠭᠠᠨ ᠬᠤᠯᠢᠯᠳᠤᠨ ᠤᠷᠤᠬᠤ ᠪᠤᠶᠤ ᠪᠠᠭ᠎ᠠ ᠴᠠᠰᠤ ᠤᠷᠤᠵᠦ᠂ ᠪᠤᠰᠤᠳ ᠭᠠᠵᠠᠷ ᠲᠤᠩᠭᠠᠯᠠᠭ ᠪᠠᠶᠢᠭᠰᠠᠨ ᠠᠴᠠ ᠪᠠᠨ ᠡᠭᠦᠯᠡᠰᠢᠵᠦ᠂ ᠬᠦᠢᠳᠡᠨ ᠠᠭᠤᠷ ᠠᠮᠢᠰᠬᠤᠯ ᠤᠨ ᠨᠦᠯᠦᠭᠡᠯᠡᠯ ᠢᠶᠠᠷ ᠦᠷᠯᠦᠭᠡ ᠤᠷᠤᠢ ᠳᠠᠭᠠᠨ ᠲᠤᠯᠠᠭᠠᠨ ᠤ ᠬᠡᠮᠵᠢᠶ᠎ᠡ ᠮᠡᠳᠡᠭᠳᠡᠮ᠎ᠡ ᠲᠤᠷᠤᠭᠰᠢᠯᠠᠵᠦ᠂ 4᠎ ᠠᠴᠠ 5 ᠲᠡᠰ ᠤᠨ ᠰᠠᠯᠬᠢ ᠰᠠᠯᠬᠢᠯᠠᠨ᠎ᠠ᠃      ᠦᠨᠦᠳᠦᠷ ᠤᠨ ᠨᠡᠪᠳᠡᠷᠡᠭᠦᠯᠭᠡ ᠮᠠᠨᠢ ᠡᠶᠢᠨᠬᠦ ᠦᠨᠳᠦᠷᠯᠡᠵᠦ ᠪᠠᠶᠢᠨ᠎ᠠ᠃ ᠮᠡᠳᠡᠭᠡ ᠶᠢ ᠮᠢᠨᠢ ᠬᠦᠯᠢᠶᠠᠨ ᠰᠤᠨᠤᠰᠴᠤ᠂ ᠤᠷᠮ᠎ᠠ ᠬᠠᠶᠢᠷᠠᠯᠠᠭᠰᠠᠨ ᠲᠠ ᠪᠦᠬᠦᠨ ᠳᠡᠭᠡᠨ ᠠᠵᠠ ᠵᠢᠷᠭᠠᠯ ᠬᠦᠰᠡᠨ ᠰᠠᠷᠠᠨᠳᠤᠶᠠᠭ᠎ᠠ ᠶᠢᠨ ᠲᠠᠭᠤᠯᠠᠭᠰᠠᠨ ︽ᠴᠢᠮ᠎ᠠ ᠤᠷᠤᠭᠤ ᠨᠠᠳᠠ ᠤᠷᠤᠭᠤ ᠤᠷᠤᠰᠤᠨ᠎ᠠ︾ ᠭᠡᠰᠡᠨ ᠳᠠᠭᠤᠤ ᠪᠠᠷ ᠠᠶ᠎ᠠ ᠪᠠᠷᠢᠵᠦ ᠨᠡᠪᠲᠡᠷᠡᠬᠦᠯᠭᠡ ᠪᠠᠨ ᠵᠢᠷᠭᠠᠭᠠᠶ᠎ᠠ︕ ᠪᠠᠶᠠᠷᠲᠠᠢ︕                  ᠨᠠᠶᠢᠷᠠᠭᠤᠯᠤᠨ ᠨᠡᠪᠳᠡᠷᠡᠭᠦᠯᠦᠭᠴᠢ᠄ ᠪᠤᠯᠤᠷ                  ᠮᠡᠷᠭᠡᠵᠢᠯ᠄ ᠬᠦᠬᠡᠪᠠᠷᠰ                  ᠬᠢᠨᠠᠭᠴᠢ᠄ ᠬᠤᠤᠰ
ᠬᠤᠪᠢᠶᠠᠯᠴᠠᠬᠤ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号