ᠦᠪᠡᠷᠳᠡᠭᠡᠨ ᠵᠠᠰᠠᠬᠤ ᠤᠷᠤᠨ ᠤ ᠤᠤᠭᠠᠨ ᠡᠯᠧᠺᠲᠷᠤᠨ ᠤᠷᠠᠨ ᠵᠤᠬᠢᠶᠠᠯ ᠤᠨ ᠰᠡᠳᠬᠦᠯ ᠤᠩᠰᠢᠬᠴᠢᠳ ᠲᠠᠢ ᠵᠤᠯᠭᠠᠯ᠎ᠠ
2018-10-01 15:09:40
ᠵᠣᠬᠢᠶᠠᠭᠴᠢ᠄ 
ᠸ᠊ · ᠭᠡᠷᠡᠯᠳᠦ
ᠣᠩᠰᠢᠭᠰᠠᠨ ᠣᠳᠠᠭ᠎ᠠ᠄ 
★★★☆☆
      9 ᠰᠠᠷ᠎ᠠ ᠶᠢᠨ 26᠎ ᠤ ᠡᠳᠦᠷ᠂ ᠵᠢᠤᠶᠤᠸᠠᠨ ᠲᠤᠭᠤᠷᠢᠭ ᠤᠨ ᠤᠬᠠᠭᠤᠯᠬᠤ ᠬᠡᠯᠳᠡᠰ ᠤᠨ ᠭᠠᠷᠭᠠᠭᠰᠠᠨ ᠶᠡᠷᠦᠩᠬᠡᠶᠢᠯᠡᠭᠰᠡᠨ ᠴᠢᠨᠠᠷᠳᠠᠢ ᠰᠦᠯᠵᠢᠶᠡᠨ ᠤ ᠡᠯᠧᠺᠲᠷᠤᠨ ᠤᠷᠠᠨ ᠵᠤᠬᠢᠶᠠᠯ ᠤᠨ ᠰᠡᠳᠬᠦᠯ ᠪᠤᠯᠬᠤ ︽ᠵᠢᠤᠶᠤᠸᠠᠨ ᠤ ᠤᠳᠬ᠎ᠠ ᠤᠷᠠᠯᠢᠭ︾ ᠵᠢᠩᠬᠢᠨᠢ ᠪᠠᠷ ᠸᠢᠴᠠᠲ ᠤᠨ ᠲᠠᠪᠴᠠᠩ ᠢᠶᠠᠷ ᠲᠠᠮᠵᠢᠨ ᠨᠡᠶᠢᠳᠡᠯᠡᠭᠳᠡᠪᠡ᠃      ᠤᠢᠢᠯᠠᠭᠠᠬᠰᠠᠨ ᠢᠶᠠᠷ᠂ ᠲᠤᠰ ᠰᠡᠳᠬᠦᠯ ᠪᠤᠯ ᠦᠪᠡᠷᠳᠡᠭᠡᠨ ᠵᠠᠰᠠᠬᠤ ᠤᠷᠤᠨ ᠤ ᠤᠤᠭᠠᠨ ᠡᠯᠧᠺᠲᠷᠤᠨ ᠤᠷᠠᠨ ᠵᠤᠬᠢᠶᠠᠯ ᠤᠨ ᠰᠡᠳᠬᠦᠯ ᠪᠤᠯᠤᠨ᠎ᠠ᠃ ︽ᠵᠢᠤᠶᠤᠸᠠᠨ ᠤ ᠤᠳᠬ᠎ᠠ ᠤᠷᠠᠯᠢᠭ︾ ᠰᠡᠳᠭᠦᠯ ᠤᠨ ᠨᠡᠷ᠎ᠠ ᠶᠢ ᠲᠤᠮᠳᠠᠳᠤ ᠤᠯᠤᠰ ᠤᠨ ᠵᠤᠬᠢᠶᠠᠯᠴᠢᠳ ᠤᠨ ᠡᠪᠯᠡᠯ ᠤᠨ ᠲᠡᠳ᠋ ᠲᠡᠷᠢᠭᠦᠯᠡᠭᠴᠢ᠂ ᠤᠳᠤ ᠦᠶ᠎ᠠ ᠶᠢᠨ ᠠᠯᠳᠠᠷᠳᠤ ᠵᠤᠬᠢᠶᠠᠯᠴᠢ ᠵᠢᠶᠠ ᠫᠢᠩ ᠣᠤ ᠪᠢᠴᠢᠵᠦ ᠦᠭᠴᠠᠢ᠃      ︽ᠵᠢᠤᠶᠤᠸᠠᠨ ᠤ ᠤᠳᠬ᠎ᠠ ᠤᠷᠠᠯᠢᠭ︾ ᠵᠢᠤᠶᠤᠸᠠᠨ ᠲᠤᠭᠤᠷᠢᠭ ᠤᠨ ᠠᠯᠪᠠᠨ ᠤ ᠸᠢᠴᠠᠲ ᠤᠨ ᠲᠠᠪᠴᠠᠩ ᠪᠤᠯᠬᠤ ︽ᠵᠢᠤᠶᠤᠸᠠᠨ ᠤ ᠨᠡᠶᠢᠳᠡᠯᠡᠯ︾᠎ ᠳᠤ ᠨᠡᠶᠢᠳᠡᠯᠡᠭᠳᠡᠵᠤ ᠪᠠᠶᠢᠭ᠎ᠠ ᠬᠤᠤᠰ ᠰᠠᠷ᠎ᠠ ᠶᠢᠨ ᠰᠡᠳᠭᠦᠯ ᠪᠤᠯᠤᠨ᠎ᠠ᠃ ᠲᠤᠰ ᠰᠡᠳᠬᠦᠯ ᠲᠠᠪᠤᠨ ᠪᠤᠯᠤᠩ ᠲᠠᠢ᠂ ᠭᠤᠤᠯᠳᠠᠭᠤ ᠵᠢᠤᠶᠤᠸᠠᠨ ᠲᠤᠭᠤᠷᠢᠭ ᠢ ᠲᠤᠰᠬᠠᠨ ᠬᠠᠷᠠᠭᠤᠯᠤᠬᠰᠠᠨ ᠤᠷᠠᠨ ᠵᠤᠬᠢᠶᠠᠯ ᠪᠤᠯᠤᠨ ᠲᠡᠤᠬᠡ ᠶᠢᠨ ᠬᠠᠮᠢᠶᠠᠳᠠᠢ ᠵᠤᠬᠢᠶᠠᠯ ᠢ ᠨᠡᠶᠢᠳᠡᠯᠡᠨ᠂ ᠵᠢᠤᠶᠤᠸᠠᠨ ᠲᠤᠭᠤᠷᠢᠭ ᠤᠨ ᠤᠳᠬ᠎ᠠ ᠤᠷᠠᠯᠢᠭ ᠤᠨ ᠪᠠᠭ᠋ᠠᠳᠠᠳ ᠪᠤᠯᠤᠨ ᠤᠩᠰᠢᠬᠴᠢᠳ ᠲᠤ ᠰᠤᠯᠢᠯᠴᠠᠭᠠᠨ ᠤ ᠲᠠᠪᠴᠠᠩ ᠬᠠᠩᠭᠠᠬᠤ ᠪᠤᠯᠤᠨ᠎ᠠ᠃ ᠴᠠᠭᠠᠰᠤᠨ ᠬᠡᠪᠯᠡᠯ ᠤᠨ ᠰᠡᠳᠬᠦᠯ ᠲᠠᠢ ᠠᠳᠠᠯᠢᠳᠬᠠᠪᠠᠯ᠂ ᠡᠯᠧᠺᠲᠷᠤᠨ ᠤᠷᠠᠨ ᠵᠤᠬᠢᠶᠠᠯ ᠤᠨ ᠰᠡᠳᠬᠦᠯ ᠨᠢ ᠲᠠᠷᠬᠠᠭᠠᠯᠳᠠ ᠵᠡᠷᠭᠡ ᠶᠢᠨ ᠬᠢᠵᠠᠭᠠᠷᠯᠠᠯ ᠳᠤ ᠬᠢᠵᠠᠭᠠᠷᠯᠠᠬᠳᠠᠬᠤ ᠦᠭᠡᠢ᠂ ︽ᠢᠨᠲ᠋ᠧᠷ ᠰᠦᠯᠵᠢᠶ᠎ᠠ +︾᠎ ᠶᠢᠨ ᠬᠡᠯᠪᠡᠷᠢ ᠪᠠᠷ ᠤᠷᠠᠨ ᠵᠤᠬᠢᠶᠠᠯ ᠤᠨ ᠰᠡᠳᠬᠦᠯ ᠢ ᠤᠩᠰᠢᠬᠴᠢᠳ ᠲᠤ ᠬᠦᠷᠭᠡᠬᠦ ᠪᠤᠯᠤᠨ᠎ᠠ᠃
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号