ᠰᠢ ᠶᠢᠨ ᠫᠢᠩ ᠠᠩᠭᠤᠯᠠ ᠶᠢᠨ ᠶᠡᠷᠦᠩᠬᠡᠶᠢᠯᠡᠭᠴᠢ ᠯᠦᠸᠧᠯᠦ᠋ᠨᠰᠦ᠋ᠸᠧ ᠲᠠᠢ ᠬᠡᠯᠡᠯᠴᠡᠭᠡ ᠬᠢᠪᠡ
2018-10-10 10:55:51
ᠵᠣᠬᠢᠶᠠᠭᠴᠢ᠄ 
ᠰᠦᠨ ᠢ
ᠣᠩᠰᠢᠭᠰᠠᠨ ᠣᠳᠠᠭ᠎ᠠ᠄ 
★★★☆☆
      ᠬᠤᠶᠠᠷ ᠤᠯᠤᠰ ᠤᠨ ᠳᠡᠷᠢᠬᠦᠨ ᠬᠤᠶᠠᠷ ᠤᠯᠤᠰ ᠤᠨ ᠬᠠᠷᠢᠯᠴᠠᠭ᠎ᠠ ᠪᠠᠨ ᠦᠷᠬᠦᠯᠵᠢᠯᠡᠨ ᠢᠳᠡᠪᠬᠢᠳᠡᠢ ᠳᠦᠷᠬᠡᠨ ᠢᠶᠠᠷ ᠤᠷᠤᠬᠰᠢ ᠬᠦᠭᠵᠢᠬᠦᠯᠬᠦ ᠶᠢ ᠰᠠᠨᠠᠯ ᠨᠢᠬᠡᠳᠡᠢ ᠵᠦᠪᠰᠢᠶᠡᠷᠡᠪᠡ        ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 9᠎ ᠤ ᠴᠠᠬᠢᠯᠭᠠᠨ ᠮᠡᠳᠡᠭᠡ  ᠤᠯᠤᠰ ᠤᠨ ᠳᠡᠷᠢᠬᠦᠯᠡᠭᠴᠢ ᠰᠢ ᠶᠢᠨ ᠫᠢᠩ 9᠎ ᠤ ᠡᠳᠤᠷ ᠠᠷᠠᠳ ᠤᠨ ᠶᠡᠭᠡ ᠬᠤᠷᠠᠯ ᠤᠨ ᠳᠠᠩᠬᠢᠮ ᠳᠤ ᠠᠩᠭᠤᠯᠠ ᠶᠢᠨ ᠶᠡᠷᠦᠩᠬᠡᠶᠢᠯᠡᠭᠴᠢ ᠯᠦᠸᠧᠯᠦ᠋ᠨᠰᠦ᠋ᠸᠧ ᠲᠠᠢ ᠬᠡᠯᠡᠯᠴᠡᠭᠡ ᠬᠢᠪᠡ᠃      ᠰᠢ ᠶᠢᠨ ᠫᠢᠩ ᠯᠦᠸᠧᠯᠦ᠋ᠨᠰᠦ᠋ᠸᠧ ᠶᠢᠨ ᠳᠤᠮᠳᠠᠳᠤ ᠤᠯᠤᠰ ᠲᠤ ᠢᠷᠡᠵᠤ ᠳᠦᠷᠦ ᠶᠢᠨ ᠶᠠᠪᠤᠳᠠᠯ ᠤᠨ ᠠᠶᠢᠯᠴᠢᠯᠠᠯᠳᠠ ᠬᠢᠭᠰᠡᠨ ᠢ ᠪᠠᠶᠠᠷᠯᠠᠨ ᠤᠬᠳᠤᠵᠥ᠂ ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠳᠡᠬᠦᠰᠦᠭᠰᠡᠨ ᠤ ᠨᠢᠬᠡ ᠰᠠᠷ᠎ᠠ ᠶᠢᠨ ᠳᠠᠷᠠᠭ᠎ᠠ ᠯᠦᠸᠧᠯᠦ᠋ᠨᠰᠦ᠋ᠸᠧ ᠲᠠᠢ ᠳᠠᠬᠢᠨᠳᠠ ᠠᠭᠤᠯᠵᠠᠬᠰᠠᠨ ᠳᠠᠭᠠᠨ ᠲᠤᠩ ᠪᠠᠶᠠᠷᠳᠠᠢ ᠪᠠᠶᠢᠨ᠎ᠠ ᠬᠡᠵᠥ ᠢᠯᠡᠳᠬᠡᠪᠡ᠃ ᠰᠢ ᠶᠢᠨ ᠫᠢᠩ᠂ ᠪᠡᠬᠡᠵᠢᠩ ᠳᠠᠬᠢ ᠳᠦᠷᠦᠬᠦᠴᠦᠳ ᠤᠨ ᠬᠤᠷᠠᠯ ᠠᠮᠵᠢᠯᠳᠠ ᠲᠠᠢ ᠬᠤᠷᠠᠯᠳᠤᠬᠰᠠᠨ ᠨᠢ ᠳᠤᠮᠳᠠᠳᠤ ᠠᠹᠷᠢᠺᠠ᠂ ᠳᠤᠮᠳᠠᠳᠤ ᠠᠩᠭᠤᠯᠠ ᠶᠢᠨ ᠬᠠᠷᠢᠯᠴᠠᠭ᠎ᠠ ᠶᠢᠨ ᠬᠦᠭᠵᠢᠯᠳᠡ ᠳᠤ ᠰᠢᠨ᠎ᠡ ᠬᠦᠳᠡᠯᠬᠡᠬᠦ ᠬᠦᠴᠦᠨ ᠤᠷᠤᠭᠤᠯᠵᠤ᠂ ᠰᠢᠨ᠎ᠡ ᠠᠵᠠ ᠳᠤᠬᠢᠶᠠᠯ ᠢ ᠠᠪᠴᠢᠷᠠᠵᠥ ᠦᠭᠪᠡ᠃ ᠬᠤᠶᠠᠷ ᠳᠠᠯ᠎ᠠ ᠪᠠᠷ ᠢᠶᠠᠨ ᠬᠠᠮᠳᠤ ᠪᠠᠷ ᠴᠢᠷᠮᠠᠶᠢᠵᠥ ᠪᠠᠶᠢᠭᠠᠳ ᠳᠤᠮᠳᠠᠳᠤ ᠠᠩᠭᠤᠯᠠ ᠶᠢᠨ ᠬᠠᠷᠢᠯᠴᠠᠭ᠎ᠠ ᠢᠳᠡᠪᠬᠢᠳᠡᠢ᠂ ᠳᠦᠷᠬᠡᠨ ᠤᠷᠤᠬᠰᠢ ᠬᠦᠭᠵᠢᠬᠦ ᠶᠢ ᠦᠷᠬᠦᠯᠵᠢᠯᠡᠨ ᠠᠬᠢᠭᠤᠯᠤᠶ᠎ᠠ᠃ ᠳᠤᠮᠳᠠᠳᠤ ᠶᠢᠨ ᠳᠠᠯ᠎ᠠ ᠶᠢᠨ ᠬᠢᠨ ᠳᠤᠮᠳᠠᠳᠤ ᠠᠩᠭᠤᠯᠠ ᠬᠤᠶᠠᠷ ᠤᠯᠤᠰ ᠤᠨ ᠬᠠᠮᠳᠤᠷᠠᠯᠴᠠᠭᠠᠨ ᠤ ᠢᠷᠡᠬᠡᠳᠦᠢ ᠳᠤ ᠢᠳᠡᠬᠡᠯ ᠳᠦᠬᠦᠷᠡᠩ ᠪᠤᠢ ᠬᠡᠵᠥ ᠵᠢᠭᠠᠵᠥ ᠭᠠᠷᠭᠠᠪᠠ᠃      ᠰᠢ ᠶᠢᠨ ᠫᠢᠩ᠂ ᠬᠤᠶᠠᠷ ᠳᠠᠯ᠎ᠠ ᠪᠠᠷ ᠢᠶᠠᠨ ᠤᠯᠤᠰ ᠳᠦᠷᠦ ᠶᠢᠨ ᠢᠳᠡᠬᠡᠯᠴᠡᠭᠡ ᠪᠠᠨ ᠨᠡᠮᠡᠭᠳᠡᠬᠦᠯᠵᠥ᠂ ᠳᠡᠬᠡᠳᠤ ᠲᠠᠪᠬᠤᠷᠭ᠎ᠠ ᠶᠢᠨ ᠶᠠᠪᠤᠯᠴᠠᠭ᠎ᠠ ᠪᠠᠨ ᠨᠢᠬᠳᠠᠷᠠᠭᠤᠯᠵᠥ᠂ ᠪᠠᠶᠢᠯᠳᠤᠬᠤ ᠪᠤᠳᠤᠯᠭ᠎ᠠ ᠶᠢᠨ ᠤᠯᠤᠯᠴᠠᠭ᠎ᠠ ᠪᠠᠨ ᠴᠢᠩᠭᠠᠳᠬᠠᠵᠥ᠂ ᠳᠤᠰ ᠳᠤᠰ ᠤᠨ ᠭᠤᠤᠯᠯᠠᠬᠴᠢ ᠠᠰᠢᠬ ᠳᠤᠰᠠ ᠪᠤᠯᠤᠨ ᠴᠢᠬᠤᠯᠠ ᠶᠡᠭᠡ ᠠᠩᠬᠠᠷᠴᠤ ᠪᠠᠶᠢᠭ᠎ᠠ ᠠᠰᠠᠭᠤᠳᠠᠯ ᠲᠡᠭᠡᠷ᠎ᠡ ᠬᠠᠷᠢᠯᠴᠠᠨ ᠦᠢᠯᠠᠭᠠᠯᠴᠠᠵᠥ ᠳᠡᠮᠵᠢᠶ᠎ᠡ᠃ ᠳᠤᠮᠳᠠᠳᠤ ᠶᠢᠨ ᠳᠠᠯ᠎ᠡ ᠶᠢᠨ ᠬᠢᠨ ᠠᠹᠷᠢᠺᠠ ᠳᠢᠪ ᠤᠨ ᠤᠯᠤᠰ ᠤᠳ ᠤᠨ ᠳᠡᠥᠬᠡᠨ ᠤᠴᠠᠷᠠᠯ ᠢ ᠦᠪᠡᠷ ᠢᠶᠠᠨ ᠳᠤᠭᠤᠯᠤᠬᠰᠠᠨ ᠪᠤᠯᠬᠤᠷ ᠮᠡᠳᠡᠵᠥ ᠪᠤᠢ᠂ ᠠᠹᠷᠢᠺᠠ ᠳᠢᠪ ᠤᠨ ᠤᠯᠤᠰ ᠤᠳ ᠤᠨ ᠠᠷᠠᠳ ᠳᠦᠮᠡᠨ ᠤ ᠭᠠᠳᠠᠭᠠᠳᠤ ᠶᠢᠨ ᠭᠠᠷ ᠳᠦᠷᠦᠯᠳᠡ ᠶᠢ ᠡᠰᠡᠷᠬᠦᠴᠡᠵᠥ᠂ ᠪᠡᠶ᠎ᠡ ᠪᠠᠨ ᠳᠠᠭᠠᠭᠠᠵᠥ ᠬᠦᠭᠵᠢᠯᠳᠡ ᠶᠢᠨ ᠵᠠᠮ ᠢᠶᠠᠨ ᠰᠤᠩᠭᠤᠬᠤ ᠶᠢ ᠡᠷᠡᠰ ᠳᠡᠮᠵᠢᠨ᠎ᠡ᠃      ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠤᠨ ᠪᠡᠭᠡᠵᠢᠩ ᠳᠠᠬᠢ ᠲᠦᠷᠦᠭᠦᠴᠦᠳ ᠤᠨ ᠬᠤᠷᠠᠯ ᠤᠨ ᠦᠷ᠎ᠡ ᠪᠦᠲᠦᠭᠡᠯ ᠢ ᠨᠠᠶᠢᠳᠠᠪᠤᠷᠢᠵᠢᠭᠤᠯᠵᠤ᠂ ︽ᠨᠠᠢᠮᠠᠨ ᠶᠡᠭᠡ ᠠᠵᠢᠯᠯᠠᠭ᠎ᠠ︾᠎ ᠶᠢᠨ ᠬᠠᠮᠢᠶ᠎ᠠ ᠪᠦᠬᠦᠢ ᠠᠷᠭ᠎ᠠ ᠬᠡᠮᠵᠢᠶᠡᠨ ᠤ ᠡᠷᠲᠡᠬᠡᠨ ᠨᠠᠶᠢᠳᠠᠪᠤᠷᠢᠵᠢᠭᠤᠯᠤᠭᠳᠠᠬᠤ ᠶᠢ ᠠᠬᠢᠭᠤᠯᠵᠤ᠂ ︽ᠨᠢᠭᠡ ᠪᠦᠰᠡ ᠨᠢᠭᠡ ᠵᠠᠮ︾᠎ ᠢ ᠬᠠᠮᠲᠤ ᠪᠠᠷ ᠪᠦᠳᠦᠬᠡᠨ ᠪᠠᠶᠢᠭᠤᠯᠬᠤ ᠶᠢ ᠠᠬᠢᠭᠤᠯᠵᠤ᠂ ᠲᠤᠰ ᠲᠤᠰ ᠤᠨ ᠬᠦᠭᠵᠢᠯᠲᠡ ᠶᠢᠨ ᠪᠠᠶᠢᠯᠳᠤᠬᠤ ᠪᠤᠳᠤᠯᠭ᠎ᠠ ᠪᠠᠨ ᠵᠤᠯᠭᠠᠯᠴᠠᠭᠤᠯᠬᠤ ᠶᠢ ᠴᠢᠩᠭᠠᠳᠬᠠᠵᠤ᠂ ᠤᠯᠠᠮᠵᠢᠯᠠᠯᠲᠤ ᠬᠦᠷᠢᠶᠡᠨ ᠳᠠᠬᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠰᠢᠨ᠎ᠡ ᠨᠡᠮᠡᠭᠳᠡᠯ ᠤᠨ ᠴᠡᠭ ᠢ ᠦᠷᠭᠡᠳᠭᠡᠵᠦ᠂ ᠬᠤᠶᠠᠷ ᠤᠯᠤᠰ ᠤᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠳᠤ ᠰᠢᠨ᠎ᠡ ᠭᠢᠯᠠᠰ ᠴᠡᠭ ᠢ ᠴᠤᠭᠴᠠᠯᠠᠨ ᠦᠭᠴᠦ᠂ ᠠᠩᠭᠤᠯᠠ ᠶᠢᠨ ᠲᠠᠯ᠎ᠠ ᠶᠢᠨ ᠬᠢᠨ ᠤ ᠠᠵᠦ ᠦᠢᠯᠡᠳᠪᠦᠷᠢᠵᠢᠯᠲᠡ ᠪᠤᠯᠤᠨ ᠠᠵᠤ ᠠᠬᠤᠢ ᠶᠢᠨ ᠤᠯᠠᠨ ᠡᠰᠢᠵᠢᠯᠲᠡ ᠶᠢᠨ ᠠᠬᠢᠴᠠ ᠶᠢ ᠠᠬᠢᠭᠤᠯᠤᠨ᠎ᠠ᠃ ᠠᠵᠢᠯᠲᠠᠨ ᠪᠤᠯᠤᠨ ᠤᠷᠤᠨ ᠨᠤᠲᠤᠭ ᠤᠨ ᠮᠤᠵᠢ ᠬᠤᠲᠠ ᠶᠢᠨ ᠶᠠᠪᠤᠯᠴᠠᠭ᠎ᠠ ᠶᠢ ᠦᠷᠭᠡᠳᠭᠡᠵᠦ᠂ ᠳᠤᠮᠳᠠᠳᠤ ᠠᠩᠭᠤᠯᠠ ᠶᠢᠨ ᠪᠤᠯᠪᠠᠰᠤᠨ ᠤ ᠬᠠᠷᠢᠯᠴᠠᠨ ᠲᠤᠯᠢᠳᠠᠯ᠂ ᠠᠷᠠᠳ ᠤᠨ ᠰᠡᠳᠭᠢᠯ ᠤᠨ ᠨᠡᠪᠲᠡᠷᠡᠯᠴᠡᠭᠡ ᠶᠢ ᠠᠬᠢᠭᠤᠯᠤᠶ᠎ᠠ᠃ ᠤᠯᠠᠨ ᠤᠯᠤᠰ ᠤᠨ ᠬᠠᠮᠲᠤᠷᠠᠯᠴᠠᠭ᠎ᠠ ᠶᠢ ᠦᠷᠨᠢᠭᠦᠯᠵᠦ᠂ ᠤᠯᠠᠨ ᠲᠠᠯ᠎ᠠ ᠶᠢᠨ ᠵᠤᠬᠢᠴᠠᠭᠤᠯᠭ᠎ᠠ ᠬᠠᠮᠵᠢᠯᠴᠠᠭ᠎ᠠ ᠪᠠᠨ ᠨᠢᠬᠲᠠᠷᠠᠭᠤᠯᠵᠤ᠂ ᠤᠯᠠᠨ ᠲᠠᠯᠠᠲᠤ ᠦᠵᠡᠯ ᠢ ᠬᠠᠮᠲᠤ ᠪᠠᠷ ᠬᠠᠮᠠᠭᠠᠯᠠᠵᠤ᠂ ᠨᠡᠬᠡᠭᠡᠯᠲᠡᠲᠦ ᠬᠡᠯᠪᠡᠷᠢ ᠶᠢᠨ ᠳᠡᠯᠡᠬᠡᠢ ᠶᠢᠨ ᠠᠵᠤ ᠠᠬᠤᠢ ᠶᠢ ᠪᠦᠲᠦᠭᠡᠨ ᠪᠠᠶᠢᠭᠤᠯᠵᠤ᠂ ᠤᠯᠠᠨ ᠤᠯᠤᠰ ᠤᠨ ᠡᠮᠬᠢ ᠲᠢᠭᠯᠢᠮ ᠤᠨ ᠨᠡᠩ ᠲᠦᠪ ᠭᠤᠤᠯᠴᠢ ᠵᠤᠬᠢᠰᠲᠠᠢ ᠪᠤᠯᠬᠤ ᠶᠢ ᠠᠬᠢᠭᠤᠯᠤᠶ᠎ᠠ ᠭᠡᠵᠦ ᠴᠢᠬᠤᠯᠠᠴᠢᠯᠠᠪᠠ᠃      ᠯᠦᠸᠧᠯᠦ᠋ᠨᠰᠦ᠋ᠸᠧ᠂ ᠠᠩᠭᠤᠯᠠ ᠳᠤᠮᠳᠠᠳᠤ ᠳᠡᠭᠡᠲᠦ ᠳᠠᠪᠬᠤᠷᠭ᠎ᠠ ᠶᠢᠨ ᠨᠢᠬᠲᠠ ᠶᠠᠪᠤᠯᠴᠠᠭ᠎ᠠ ᠪᠠᠨ ᠪᠠᠲᠤᠯᠠᠭᠰᠠᠠ ᠨᠢ ᠬᠤᠶᠠᠷ ᠲᠠᠯ᠎ᠠ ᠶᠢᠨ ᠬᠤᠶᠠᠷ ᠤᠯᠤᠰ ᠤᠨ ᠬᠠᠷᠢᠯᠴᠠᠭ᠎ᠠ ᠶᠢ ᠳᠡᠭᠡᠲᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠢᠯᠡᠷᠡᠭᠦᠯᠵᠦ ᠪᠠᠶᠢᠨ᠎ᠠ᠃ ᠤᠷᠲᠤ ᠬᠤᠭᠤᠴᠠᠭᠠᠨ ᠤ ᠲᠤᠷᠰᠢᠳᠠ᠂ ᠠᠩᠭᠤᠯᠠ ᠳᠤᠮᠳᠠᠳᠤ ᠶᠢᠨ ᠬᠠᠮᠲᠤᠷᠠᠯᠴᠠᠭ᠎ᠠ ᠨᠢ ᠠᠩᠭᠤᠯᠠ ᠶᠢᠨ ᠠᠵᠤ ᠠᠬᠤᠢ ᠨᠡᠶᠢᠭᠡᠮ ᠤᠨ ᠬᠦᠭᠵᠢᠯᠲᠡ ᠳᠤ ᠢᠳᠡᠪᠬᠢᠲᠡᠢ ᠦᠢᠯᠡᠳᠦᠯ ᠦᠵᠡᠭᠦᠯᠪᠡ᠃ ᠠᠩᠭᠤᠯᠠ ᠶᠢᠨ ᠲᠠᠯ᠎ᠠ ᠶᠢᠨ ᠬᠢᠨ ᠬᠤᠶᠠᠷ ᠤᠯᠤᠰ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠵᠢᠴᠢ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠬᠠᠮᠲᠤᠷᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠠᠩᠭᠤᠯᠠ ᠶᠢᠨ ᠤᠯᠤᠰ ᠤᠨ ᠬᠦᠭᠵᠢᠯᠲᠡ ᠳᠤ ᠨᠡᠩ ᠰᠠᠶᠢᠲᠤᠷ ᠲᠦᠯᠬᠢᠭᠴᠢ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ᠃ ᠳᠤᠮᠳᠠᠳᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠨ ᠤ ᠲᠠᠪᠴᠠᠩ ᠨᠢ ᠳᠤᠮᠳᠠᠳᠤ ᠤᠯᠤᠰ ᠤᠨ ᠪᠦᠬᠦ᠋ᠢᠯᠡ ᠠᠹᠷᠢᠺᠠ ᠲᠢᠪ ᠯᠦᠭᠡ ᠶᠢᠨ ᠬᠠᠮᠲᠤᠷᠠᠯᠴᠠᠭ᠎ᠠ ᠶᠢ ᠠᠬᠢᠭᠤᠯᠪᠠ᠃ ᠠᠹᠷᠢᠺᠠ ᠲᠢᠪ ᠤᠨ ᠤᠯᠤᠰ ᠤᠳ ᠲᠤᠮᠳᠠᠳᠤ ᠤᠯᠤᠰ ᠠᠴᠠ ᠠᠹᠷᠢᠺᠠ ᠲᠢᠪ ᠤᠨ ᠡᠭᠡ ᠬᠠᠭᠤᠷᠠᠢ ᠶᠢᠨ ᠪᠤᠳᠠᠳᠠᠢ ᠱᠠᠭᠠᠷᠳᠠᠯᠭ᠎ᠠ ᠶᠢ  ᠦᠨᠳᠤᠰᠤᠯᠡᠨ  ᠠᠹᠷᠢᠺᠠ  ᠲᠢᠪ ᠎ ᠯᠦᠭᠡ  ᠬᠠᠮᠳᠤᠷᠠᠯᠴᠠᠭ᠎ᠠ  ᠦᠷᠨᠢᠭᠦᠯᠵᠤ ᠂ ᠦᠨᠡᠨ ᠪᠤᠲᠠᠲᠠᠢ ᠠᠷᠭ᠎ᠠ ᠠᠪᠴᠠᠯ ᠠᠪᠴᠤ ᠪᠠᠶᠢᠭ᠎ᠠ ᠮᠦᠷᠳᠡᠭᠡᠨ ᠶᠠᠮᠠᠷᠪᠠ ᠤᠯᠤᠰ ᠲᠦᠷᠤ ᠶᠢᠨ ᠨᠦᠭᠦᠴᠡᠯ ᠲᠠᠭᠠᠯᠳᠤᠭᠤᠯᠬᠤ ᠦᠭᠡᠢ᠂ ᠠᠹᠷᠢᠺᠠ ᠲᠢᠪ ᠤᠨ ᠤᠯᠤᠰ ᠤᠳ ᠤᠨ ᠲᠤᠳᠤᠭᠠᠳᠤ ᠵᠠᠰᠠᠭ ᠲᠤ ᠭᠠᠷ ᠲᠦᠷᠤᠭᠦ ᠦᠭᠡᠢ ᠪᠠᠶᠢᠬᠤ ᠶᠢ ᠲᠡᠭᠡᠳᠤ ᠬᠡᠮᠵᠢᠶ᠎ᠠ ᠪᠠᠷ ᠮᠠᠭᠳᠠᠨ ᠰᠠᠶᠢᠰᠢᠶᠠᠨ᠎ᠠ᠃ ᠲᠤᠮᠳᠠᠳᠤ ᠶᠢᠨ ᠲᠠᠯ᠎ᠠ ᠶᠢᠨ ᠲᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠲᠠᠪᠴᠠᠩ ᠤᠨ ᠪᠤᠷᠤ ᠲᠦᠯᠦᠪ ᠤᠨ ᠲᠤᠳᠤᠷ᠎ᠠ ᠲᠤᠷᠠᠳᠤᠨ ᠭᠠᠷᠭᠠᠭᠰᠠᠨ ᠬᠠᠮᠳᠤᠷᠠᠯᠴᠠᠭᠠᠨ ᠤ ᠲᠦᠯᠦᠪᠯᠡᠭᠡ ᠨᠢ ᠠᠹᠷᠢᠺᠠ ᠲᠢᠪ ᠤᠨ ᠤᠯᠤᠰ ᠤᠳ ᠤᠨ ᠭᠦᠭᠵᠢᠯᠳᠠ ᠳᠤ ᠴᠢᠬᠤᠯᠠ ᠢᠳᠡᠪᠬᠢ ᠨᠦᠯᠤᠭᠡ ᠲᠠᠢ ᠶᠤᠮ᠃ ᠠᠩᠭᠤᠯᠠ ᠲᠤᠮᠳᠠᠳᠤ ᠶᠢᠨ ᠬᠠᠮᠳᠤᠷᠠᠯᠴᠠᠭ᠎ᠠ ᠠᠹᠷᠢᠺᠠ ᠲᠤᠮᠳᠠᠳᠤ ᠶᠢᠨ ᠬᠠᠮᠳᠤᠷᠠᠯᠴᠠᠭᠠᠨ ᠤ ᠦᠯᠢᠭᠡᠷ ᠵᠢᠱᠢᠶ᠎ᠠ ᠪᠤᠯᠬᠤ ᠶᠢ ᠭᠦᠰᠡᠵᠤ ᠪᠠᠶᠢᠨ᠎ᠠ᠃ ᠠᠩᠭᠤᠯᠠ ᠶᠢᠨ ᠬᠢᠨ ᠲᠤᠮᠳᠠᠳᠤ ᠤᠯᠤᠰ ᠤᠨ ᠤᠯᠡᠨ ᠤᠯᠤᠰ ᠤᠨ ᠶᠠᠪᠤᠳᠠᠯ ᠳᠠᠬᠢ ᠴᠢᠬᠤᠯᠠ ᠨᠦᠯᠤᠭᠡ ᠶᠢ ᠴᠢᠬᠤᠯᠠᠴᠢᠯᠠᠨ ᠦᠵᠡᠵᠤ᠂ ᠲᠤᠮᠳᠠᠳᠤ ᠶᠢᠨ ᠲᠠᠯ᠎ᠠ ᠶᠢᠨ ᠠᠹᠷᠢᠺᠠ ᠲᠢᠪ ᠤᠨ ᠬᠠᠯᠠᠮᠰᠢᠯ ᠠᠰᠠᠭᠤᠳᠠᠯ ᠢ ᠵᠤᠬᠢᠰᠳᠠᠢ ᠰᠢᠢᠳᠪᠤᠷᠢᠯᠡᠭᠦ ᠳᠤ ᠪᠠᠳᠠᠷᠠᠭᠤᠯᠤᠭᠰᠠᠨ ᠪᠦᠲᠦᠭᠡᠯᠴᠢ ᠴᠢᠨᠠᠷ ᠲᠠᠢ ᠦᠢᠯᠡᠳᠤᠯ ᠢ ᠲᠡᠭᠡᠳᠤ ᠬᠡᠮᠵᠢᠶ᠎ᠠ ᠪᠠᠷ ᠦᠨᠡᠯᠡᠵᠤ ᠪᠠᠶᠢᠨ᠎ᠠ᠃ ᠠᠩᠭᠤᠯᠠ ᠶᠢᠨ ᠬᠢᠨ ᠤᠯᠠᠨ ᠲᠠᠯᠠᠳᠤ ᠦᠵᠡᠯ ᠢ ᠲᠡᠮᠵᠢᠵᠤ᠂ ᠲᠡᠯᠡᠭᠡᠢ ᠶᠢᠨ ᠢᠷᠡᠭᠡᠳᠤᠢ ᠶᠢ ᠡᠯ᠎ᠠ ᠤᠯᠤᠰ ᠬᠠᠮᠳᠤ ᠪᠠᠷ ᠲᠤᠭᠳᠠᠭᠠᠬᠤ ᠶᠢ ᠰᠠᠨᠠᠭᠠᠴᠢᠯᠠᠵᠤ᠂ ᠲᠤᠷᠠᠳᠠᠶ᠎ᠠ ᠲᠤᠮᠳᠠᠳᠤ ᠤᠯᠤᠰ ᠯᠤᠭ᠎ᠠ ᠤᠯᠠᠨ ᠲᠠᠯᠠᠳᠤ ᠭᠡᠷᠡᠭ ᠶᠠᠪᠤᠳᠠᠯ ᠳᠠᠬᠢ ᠬᠠᠮᠳᠤᠷᠠᠯᠴᠠᠭ᠎ᠠ ᠪᠠᠨ ᠨᠢᠭᠳᠠᠷᠠᠭᠤᠯᠤᠨ᠎ᠠ ᠭᠡᠵᠤ ᠢᠯᠡᠳᠭᠡᠪᠡ᠃      ᠭᠡᠯᠡᠯᠴᠡᠭᠡ ᠲᠡᠬᠦᠰᠦᠭᠰᠡᠨ ᠤ ᠲᠠᠷᠠᠭ᠎ᠠ᠂ ᠬᠤᠶᠠᠷ ᠤᠯᠤᠰ ᠤᠨ ᠲᠡᠷᠢᠬᠦᠨ ᠪᠠᠰᠠ ᠬᠤᠶᠠᠷ ᠲᠠᠯ᠎ᠠ ᠶᠢᠨ ᠬᠠᠮᠳᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠬᠠᠮᠳᠤ ᠪᠠᠷ ᠬᠡᠷᠡᠴᠢᠯᠡᠪᠡ᠃      ᠬᠡᠯᠡᠯᠴᠡᠭᠡ ᠬᠢᠬᠦ ᠠᠴᠠ ᠡᠮᠤᠨ᠎ᠠ᠂ ᠰᠢ ᠶᠢᠨ ᠫᠢᠡᠭ ᠠᠷᠠᠳ ᠤᠨ ᠶᠡᠭᠡ ᠬᠤᠷᠠᠯ ᠤᠨ ᠲᠠᠩᠬᠢᠮ ᠤᠨ ᠵᠡᠭᠦᠨ ᠡᠭᠦᠳᠡᠨ ᠤ ᠭᠠᠳᠠᠨᠠᠬᠢ ᠲᠠᠯᠠᠪᠠᠢ ᠳᠤ ᠯᠦᠸᠧᠯᠦ᠋ᠨᠰᠦ᠋ᠸᠧ ᠶᠢ ᠤᠭᠳᠤᠬᠤ ᠶᠤᠰᠤᠯᠠᠯ ᠶᠠᠪᠤᠭᠳᠠᠭᠤᠯᠪᠠ᠃ ᠫᠸᠡᠭ ᠯᠢ ᠶᠤᠸᠠᠨ᠂ ᠶᠠᠩ ᠵᠢᠶᠧ ᡂᠢ᠂ ᠱᠸᠠ ᠶᠦᠸᠠᠢ ᠶᠤᠸᠠᠢ᠂ ᠸᠠᠩ ᠢ᠂ ᠾᠧ ᠯᠢ ᠹᠸᠡᠭ᠂ ᠾᠧ ᠸᠧᠢ ᠨᠠᠷ ᠤᠷᠤᠯᠴᠠᠪᠠ᠃
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号