ᠰᠢ ᠶᠢᠨ ᠫᠢᠩ ᠢᠷᠠᠺ ᠤᠨ ᠰᠢᠨ᠎ᠡ ᠪᠠᠷ ᠳᠤᠰᠢᠶᠠᠯ ᠳᠤ ᠭᠠᠷᠤᠬᠰᠠᠨ ᠶᠡᠷᠦᠩᠬᠡᠶᠢᠯᠡᠭᠴᠢ ᠪᠠᠷᠬᠠᠮᠦ᠋ · ᠰᠠᠯᠢᠾᠧ ᠳᠤ ᠪᠠᠶᠠᠷ ᠤᠨ ᠴᠠᠬᠢᠯᠭᠠᠨ ᠴᠢᠮᠡᠭᠡ ᠶᠠᠪᠤᠭᠤᠯᠪᠠ
2018-10-10 10:58:14
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 9᠎ ᠤ ᠴᠠᠬᠢᠯᠭᠠᠨ ᠮᠡᠳᠡᠭᠡ  ᠤᠯᠤᠰ ᠤᠨ ᠳᠡᠷᠢᠬᠦᠯᠡᠭᠴᠢ ᠰᠢ ᠶᠢᠨ ᠫᠢᠩ 10 ᠰᠠᠷ᠎ᠠ ᠶᠢᠨ 9᠎ ᠤ ᠡᠳᠤᠷ ᠪᠠᠷᠬᠠᠮᠦ᠋ · ᠰᠠᠯᠢᠾᠧ ᠳᠤ ᠴᠠᠬᠢᠯᠭᠠᠨ ᠴᠢᠮᠡᠭᠡ ᠶᠠᠪᠤᠭᠤᠯᠵᠥ᠂ ᠳᠡᠬᠦᠨ ᠤ ᠪᠦᠬᠦᠳᠡ ᠨᠠᠶᠢᠷᠠᠮᠳᠠᠬᠤ ᠢᠷᠠᠺ ᠤᠯᠤᠰ ᠤᠨ ᠶᠡᠷᠦᠩᠬᠡᠶᠢᠯᠡᠭᠴᠢ ᠪᠠᠷ ᠰᠤᠩᠭᠤᠬᠳᠠᠬᠰᠠᠨ ᠳᠤ ᠪᠠᠶᠠᠷ ᠬᠦᠷᠬᠡᠪᠡ᠃      ᠰᠢ ᠶᠢᠨ ᠫᠢᠩ ᠪᠠᠶᠠᠷ ᠤᠨ ᠴᠠᠬᠢᠯᠭᠠᠨ ᠴᠢᠮᠡᠭᠡ ᠳᠡᠭᠡᠨ᠂ ᠳᠤᠮᠳᠠᠳᠤ ᠢᠷᠠᠺ ᠤᠤᠯ ᠠᠴᠠ ᠪᠠᠨ ᠨᠦᠬᠦᠷᠰᠡᠭ ᠶᠤᠮ᠂ ᠦᠢᠷ᠎ᠠ ᠶᠢᠨ ᠵᠢᠯ ᠠᠴᠠ ᠬᠤᠶᠠᠷ ᠤᠯᠤᠰ ᠤᠨ ᠤᠯᠤᠰ ᠳᠦᠷᠦ ᠶᠢᠨ ᠢᠳᠡᠬᠡᠯᠴᠡᠭᠡ ᠳᠠᠰᠤᠷᠠᠯᠳᠠ ᠦᠬᠡᠢ ᠬᠦᠨᠵᠡᠬᠡᠶᠢᠷᠡᠵᠥ᠂ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠳᠦᠷᠬᠡᠨ ᠬᠦᠭᠵᠢᠵᠥ᠂ ᠰᠤᠶᠤᠯ ᠢᠷᠬᠡᠨᠰᠢᠯ ᠤᠨ ᠰᠤᠯᠢᠯᠴᠠᠭ᠎ᠠ ᠨᠡᠩ ᠨᠢᠬᠳᠠᠷᠠᠭᠰᠠᠨ ᠳᠤ ᠪᠢ ᠪᠠᠶᠠᠷᠯᠠᠵᠥ ᠪᠤᠢ᠃ ᠳᠠᠨ ᠤ ᠤᠳᠤᠷᠢᠳᠤᠯᠭ᠎ᠠ ᠳᠤᠤᠷ᠎ᠠ᠂ ᠢᠷᠠᠺ ᠤᠨ ᠤᠯᠤᠰ ᠳᠦᠷᠦ ᠶᠢᠨ ᠡᠶᠡᠳᠡᠯ ᠪᠤᠯᠤᠨ ᠠᠵᠥ ᠠᠬᠤᠢ ᠶᠢᠨ ᠳᠠᠬᠢᠨ ᠪᠦᠳᠦᠬᠡᠨ ᠪᠠᠶᠢᠭᠤᠯᠤᠯᠳᠠ ᠶᠢᠨ ᠠᠬᠢᠴᠠ ᠯᠠᠪᠳᠠᠭᠤᠨ ᠢᠶᠠᠷ ᠠᠬᠢᠵᠥ᠂ ᠳᠤᠰ ᠤᠯᠤᠰ ᠤᠨ ᠢᠶᠠᠨ ᠪᠠᠶᠢᠳᠠᠯ ᠳᠤ ᠵᠤᠬᠢᠴᠠᠬᠰᠠᠨ ᠬᠦᠭᠵᠢᠯᠳᠡ ᠶᠢᠨ ᠵᠠᠮ ᠢ ᠰᠦᠪᠡᠭᠴᠢᠯᠡᠬᠦ ᠳᠠᠯ᠎ᠠ ᠪᠠᠷ ᠨᠡᠩ ᠶᠡᠭᠡ ᠠᠮᠵᠢᠯᠳᠠ ᠤᠯᠬᠤ ᠶᠢ ᠬᠦᠰᠡᠵᠥ ᠪᠤᠢ᠃ ᠪᠢ ᠳᠤᠮᠳᠠᠳᠤ ᠢᠷᠠᠺ ᠤᠨ ᠬᠠᠷᠢᠯᠴᠠᠭᠠᠨ ᠤ ᠬᠦᠭᠵᠢᠯᠳᠠ ᠶᠢ ᠳᠡᠬᠡᠳᠤ ᠬᠡᠮᠵᠢᠶ᠎ᠡ ᠪᠠᠷ ᠴᠢᠬᠤᠯᠠᠴᠢᠯᠠᠨ᠎ᠠ᠂ ᠳᠤᠷᠠᠳᠠᠶ᠎ᠠ ᠳᠠᠨ ᠲᠠᠢ ᠬᠠᠮᠳᠤ ᠦᠷᠬᠦᠯᠵᠢᠯᠡᠨ ᠴᠢᠷᠮᠠᠶᠢᠵᠥ᠂ ᠳᠤᠮᠳᠠᠳᠤ ᠢᠷᠠᠺ ᠤᠨ ᠬᠠᠷᠢᠯᠴᠠᠭ᠎ᠠ ᠪᠠᠶᠢᠭᠤᠯᠤᠬᠰᠠᠨ 60 ᠵᠢᠯ ᠤᠨ ᠤᠢ ᠪᠠᠷ ᠠᠵᠠ ᠳᠤᠬᠢᠶᠠᠯ ᠪᠤᠯᠭᠠᠵᠥ᠂ ᠳᠤᠮᠳᠠᠳᠤ ᠢᠷᠠᠺ ᠤᠨ ᠪᠠᠶᠢᠯᠳᠤᠬᠤ ᠪᠤᠳᠤᠯᠭ᠎ᠠ ᠶᠢᠨ ᠬᠠᠨᠢᠳᠠᠨ ᠤ ᠬᠠᠷᠢᠯᠴᠠᠭ᠎ᠠ ᠶᠢ ᠠᠬᠢᠭᠤᠯᠤᠨ ᠨᠡᠩ ᠶᠡᠭᠡ ᠬᠦᠭᠵᠢᠯᠳᠠ ᠶᠢ ᠤᠯᠵᠥ᠂ ᠬᠤᠶᠠᠷ ᠤᠯᠤᠰ ᠪᠤᠯᠤᠨ ᠬᠤᠶᠠᠷ ᠤᠯᠤᠰ ᠤᠨ ᠠᠷᠠᠳ ᠳᠦᠮᠡᠨ ᠳᠤ ᠪᠤᠶᠠᠨ ᠦᠢᠯᠡᠳᠦᠨ᠎ᠡ ᠬᠡᠵᠥ ᠵᠢᠭᠠᠵᠥ ᠭᠠᠷᠭᠠᠵᠠᠢ᠃
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号