ᠳᠦᠪ ᠤᠨ ᠬᠤᠶᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠯᠳᠠ 26 ᠤᠷᠤᠨ ᠨᠤᠳᠤᠭ ᠪᠤᠯᠤᠨ ᠨᠢᠬᠡᠴᠢ ᠶᠢᠨ ᠨᠠᠮ ᠤᠨ ᠵᠤᠬᠢᠶᠠᠨ ᠪᠠᠶᠢᠭᠤᠯᠤᠯᠳᠠ ᠳᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠳᠤᠰᠬᠠᠢ ᠳᠦᠷᠦᠯ ᠤᠨ ᠳᠤᠭᠤᠷᠢᠨ ᠪᠠᠶᠢᠴᠠᠭᠠᠯᠳᠠ ᠦᠷᠨᠢᠬᠦᠯᠦᠨ᠎ᠡ
2018-10-10 10:59:36
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 9᠎ ᠤ ᠴᠠᠬᠢᠯᠭᠠᠨ ᠮᠡᠳᠡᠭᠡ ᠠᠴᠠ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ ᠳᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠢᠢᠯᠠᠩ ᠤᠨ ᠳᠠᠷᠤᠭ᠎ᠠ ᠵᠤᠤ ᠯᠧ ᠵᠢᠢ 9᠎ ᠤ ᠡᠳᠤᠷ ᠠᠷᠪᠠ ᠶᠢᠰᠦᠳᠦᠬᠡᠷ ᠬᠤᠭᠤᠴᠠᠭᠠᠨ ᠤ ᠳᠦᠪ ᠤᠨ ᠬᠤᠶᠠᠳᠤᠭᠠᠷ ᠡᠬᠡᠯᠵᠢ ᠶᠢᠨ ᠳᠤᠭᠤᠷᠢᠨ ᠪᠠᠶᠢᠴᠠᠭᠠᠯᠳᠠ ᠶᠢᠨ ᠠᠵᠢᠯ ᠤᠨ ᠳᠠᠶᠢᠴᠢᠯᠠᠯᠳᠠ ᠪᠠᠶᠢᠷᠢᠯᠠᠭᠤᠯᠤᠯᠳᠠ ᠬᠢᠬᠦ ᠬᠤᠷᠠᠯ ᠲᠡᠭᠡᠷ᠎ᠡ ᠶᠠᠷᠢᠶ᠎ᠠ ᠲᠠᠯᠪᠢᠵᠤ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠦᠷᠬᠦᠯᠵᠢᠯᠡᠨ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠤᠯᠤᠰ ᠳᠦᠷᠦ ᠶᠢᠨ ᠵᠤᠬᠰᠤᠴᠠ ᠪᠠᠨ ᠦᠨᠳᠦᠷ ᠪᠤᠯᠭᠠᠵᠤ᠂ ᠳᠤᠭᠤᠷᠢᠨ ᠪᠠᠶᠢᠴᠠᠭᠠᠯᠳᠠ ᠬᠢᠨᠠᠯᠳᠠ ᠳᠠᠯᠪᠢᠯᠳᠠ ᠪᠠᠨ ᠴᠢᠩᠭᠠᠳᠬᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠤᠯᠤᠰ ᠳᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠠᠬᠢᠭᠤᠯᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠤ ᠢᠯᠠᠯᠳᠠ ᠤᠯᠬᠤ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ ᠬᠡᠵᠥ ᠴᠢᠬᠤᠯᠠᠴᠢᠯᠠᠪᠠ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠭᠤᠷᠢᠨ ᠪᠠᠶᠢᠴᠠᠭᠠᠬᠤ ᠠᠵᠢᠯ ᠤᠨ ᠳᠤᠬᠠᠢ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠥ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠤᠨ ᠲᠤᠬᠠᠢ ᠳᠤᠰᠬᠠᠢ ᠳᠦᠷᠦᠯ ᠤᠨ ᠳᠤᠭᠤᠷᠢᠨ ᠪᠠᠶᠢᠴᠠᠭᠠᠯᠳᠠ ᠳᠤ ᠪᠠᠶᠢᠷᠢᠯᠠᠭᠤᠯᠤᠯᠳᠠ ᠬᠢᠪᠡ᠃      ᠨᠠᠮ ᠤᠨ ᠲᠦᠪ ᠬᠤᠷᠢᠶᠠᠨ ᠤ ᠵᠦᠪᠰᠢᠶᠡᠷᠡᠯ ᠢᠶᠠᠷ᠂ ᠠᠷᠪᠠ ᠶᠢᠰᠦᠳᠦᠭᠡᠷ ᠬᠤᠭᠤᠴᠠᠭᠠᠨ ᠤ ᠲᠦᠪ ᠤᠨ ᠬᠤᠶᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠯᠲᠠ ᠨᠢ ᠦᠪᠦᠷ ᠮᠤᠩᠭᠤᠯ᠂ ᠭᠢᠷᠢᠨ᠂ ᠠᠨᠾᠦ᠋ᠢ᠂ ᠵᠢᠶᠠᠩᠰᠢ᠂ ᠬᠤᠪᠸᠢ᠂ ᠭᠤᠸᠠᠩᠰᠢ᠂ ᠴᠦᠡᠭᠴᠢᠩ᠂ ᠶᠦᠨᠨᠠᠨ᠂ ᠲᠦᠪᠡᠳ᠂ ᠱᠠᠨᠰᠢ᠂ ᠭᠠᠨᠰᠤ᠂ ᠬᠦᠬᠡᠨᠠᠭᠤᠷ᠂ ᠰᠢᠨᠵᠢᠶᠠᠩ᠂ ᠤᠯᠤᠰ ᠤᠨ ᠬᠦᠭᠵᠢᠭᠦᠯᠦᠯᠲᠡ ᠪᠠ ᠦᠭᠡᠷᠡᠴᠢᠯᠡᠯᠲᠡ ᠶᠢᠨ ᠵᠦᠪᠯᠡᠯ᠂ ᠰᠤᠷᠭᠠᠨ ᠬᠦᠮᠦᠵᠢᠯ ᠤᠨ ᠶᠠᠮᠤᠨ᠂ ᠠᠷᠠᠳ ᠤᠨ ᠶᠠᠪᠤᠳᠠᠯ ᠤᠨ ᠶᠠᠮᠤᠨ᠂ ᠡᠳ᠋ ᠤᠨ ᠵᠠᠰᠠᠭ ᠤᠨ ᠶᠠᠮᠤᠨ᠂ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠪᠤᠷᠢ ᠶᠢᠨ ᠶᠠᠮᠤᠨ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠤᠰᠤᠨ ᠠᠰᠢᠬᠯᠠᠯᠲᠠ ᠶᠢᠨ ᠶᠠᠮᠤᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠲᠦᠷᠦ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠳᠡᠳᠭᠦᠵᠦ ᠨᠡᠬᠡᠭᠡᠨ ᠬᠦᠭᠵᠢᠭᠦᠯᠬᠦ ᠤᠳᠤᠷᠢᠳᠬᠤ ᠳᠤᠭᠤᠢᠢᠯᠠᠩ ᠤᠨ ᠠᠯᠪᠠᠨ ᠭᠡᠷ᠂ ᠳᠤᠮᠳᠠᠳᠦ ᠤᠯᠤᠰ ᠤᠨ ᠲᠠᠷᠢᠶᠠᠯᠠᠩ ᠤᠨ ᠬᠦᠭᠵᠢᠭᠦᠯᠦᠯᠲᠡ ᠶᠢᠨ ᠪᠠᠩᠭᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠭᠢ ᠶᠢᠨ ᠬᠤᠪᠢᠴᠠᠭᠠᠲᠤ ᠬᠢᠵᠠᠭᠠᠷᠲᠤ ᠺᠤᠮᠫᠠᠨᠢ ᠵᠡᠷᠭᠡ 26 ᠤᠷᠤᠨ ᠨᠤᠲᠤᠭ᠂ ᠨᠢᠭᠡᠴᠢ ᠶᠢᠨ ᠨᠠᠮ ᠤᠨ ᠵᠤᠬᠢᠶᠠᠨ ᠪᠠᠶᠢᠭᠤᠯᠤᠯᠲᠠ ᠳᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠲᠤᠯᠬᠤ ᠠᠵᠢᠯ ᠤᠨ ᠲᠤᠬᠠᠢ ᠲᠤᠰᠬᠠᠢ ᠲᠦᠷᠦᠯ ᠤᠨ ᠲᠤᠭᠤᠷᠢᠨ ᠪᠠᠶᠢᠴᠠᠭᠠᠯᠲᠠ ᠦᠷᠨᠢᠭᠦᠯᠬᠦ ᠪᠤᠯᠤᠨ᠎ᠠ᠃
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号