ᠰᠢᠨ᠎ᠡ ᠤᠷᠤᠨ ᠪᠠᠶᠢᠷᠢ ᠳᠤ ᠵᠤᠬᠰᠤᠵᠥ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨᠠᠮ
2018-10-10 11:42:17
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      — ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠳᠤᠬᠠᠢ ᠦᠬᠦᠯᠡᠬᠦ ᠨᠢ                                                              ᠳᠤᠰ ᠰᠤᠨᠢᠨ ᠤ ᠰᠢᠬᠦᠮᠵᠢᠯᠡᠭᠴᠢ          ︽ᠤᠯᠠᠨ ᠤ ᠬᠦᠴᠦᠨ ᠳᠤ ᠤᠪᠤᠭ᠎ᠠ ᠪᠤᠰᠤᠨ᠎ᠠ︾᠂ ᠠᠭᠤᠤ ᠶᠡᠭᠡ ᠵᠤᠷᠢᠭ ᠰᠠᠨᠠᠭ᠎ᠠ ᠨᠢ ᠠᠭᠤᠤ ᠶᠡᠭᠡ ᠦᠢᠯᠡᠰ ᠢ ᠠᠬᠢᠭᠤᠯᠵᠤ ᠴᠢᠳᠠᠳᠠᠭ᠃ ᠡᠨᠡ ᠤᠳᠠᠭ᠎ᠠ ᠶᠢᠨ ᠪᠦᠬᠦ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠨᠢ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠳᠡᠬᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠦᠪᠦᠷ ᠮᠤᠩᠭᠤᠯ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠰᠢᠨ᠎ᠡ ᠳᠦᠷᠰᠤ ᠪᠠᠶᠢᠳᠠᠯ ᠢ ᠡᠬᠦᠳᠤᠨ ᠴᠤᠬᠴᠠᠯᠠᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ᠃      ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠪᠤᠯ ᠬᠦᠮᠦᠨ ᠤ ᠳᠤᠬᠠᠢ ᠠᠵᠢᠯ ᠬᠢᠬᠦ ᠶᠠᠪᠤᠳᠠᠯ ᠮᠦᠨ ᠪᠠᠶᠢᠵᠥ᠂ ᠦᠵᠡᠯ ᠰᠠᠨᠠᠭ᠎ᠠ ᠶᠢ ᠨᠢᠬᠡᠳᠬᠡᠬᠦ᠂ ᠬᠦᠴᠦᠨ ᠴᠢᠳᠠᠯ ᠢ ᠨᠢᠬᠳᠠᠷᠠᠭᠤᠯᠬᠤ ᠳᠠᠯ᠎ᠠ ᠪᠠᠷ ᠮᠠᠰᠢ ᠴᠢᠬᠤᠯᠠ ᠦᠢᠯᠡᠳᠦᠯ ᠪᠠᠳᠠᠷᠠᠭᠤᠯᠵᠥ ᠪᠠᠶᠢᠳᠠᠭ᠃ ᠶᠡᠷᠦᠩᠬᠡᠢ ᠱᠦᠵᠢ ᠰᠢ ᠶᠢᠨ ᠫᠢᠩ ᠤᠨ ᠪᠦᠬᠦ ᠤᠯᠤᠰ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠬᠤᠷᠠᠯ ᠳᠡᠬᠡᠷᠡᠬᠢ ᠴᠢᠬᠤᠯᠠ ᠶᠠᠷᠢᠶ᠎ᠠ ᠨᠢ ᠪᠦᠬᠦ ᠳᠠᠯ᠎ᠠ ᠶᠢ ᠡᠵᠡᠮᠳᠡᠵᠥ᠂ ᠦᠨᠳᠤᠷ ᠲᠤ ᠵᠤᠬᠰᠤᠨ ᠠᠯᠤᠰ ᠢ ᠪᠠᠷᠠᠯᠠᠵᠥ᠂ ᠳᠤᠳᠤᠭᠠᠳᠤ ᠠᠭᠤᠯᠬᠤᠨ ᠡᠯᠪᠡᠭ ᠪᠠᠶᠠᠯᠢᠭ᠂ ᠦᠵᠡᠯ ᠰᠠᠨᠠᠭ᠎ᠠ ᠰᠤᠳᠤᠨ ᠬᠦᠨᠵᠡᠬᠡᠢ ᠪᠠᠶᠢᠵᠥ᠂ ᠰᠢᠨ᠎ᠡ ᠪᠠᠶᠢᠳᠠᠯ ᠳᠤᠤᠷᠠᠬᠢ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠵᠢᠯᠤᠭᠤᠳᠬᠤ ᠬᠦᠳᠦᠯᠪᠦᠷᠢ ᠶᠢᠨ ᠴᠢᠨᠠᠷᠳᠠᠢ ᠪᠢᠴᠢᠭ ᠮᠠᠲᠧᠷᠢᠶᠠᠯ ᠪᠤᠯᠬᠤ ᠶᠤᠮ᠂ ᠪᠢᠳᠡ ᠡᠷᠬᠡᠪᠰᠢ ᠬᠢᠨᠠᠮᠠᠭᠠᠢ ᠰᠤᠷᠤᠯᠴᠠᠨ ᠦᠢᠯᠠᠭᠠᠵᠥ᠂ ᠦᠵᠡᠯ ᠰᠠᠨᠠᠭ᠎ᠠ ᠦᠢᠯᠠ ᠠᠵᠢᠯᠯᠠᠭ᠎ᠠ ᠪᠠᠨ ᠶᠡᠷᠢᠶᠠᠨ ᠤ ᠵᠤᠷᠢᠭ ᠰᠠᠨᠠᠭ᠎ᠠ ᠳᠡᠬᠡᠷ᠎ᠡ ᠨᠢᠬᠡᠳᠦᠬᠦᠯᠵᠥ᠂ ︽ᠶᠢᠰᠦ ᠶᠢ ᠪᠠᠷᠢᠮᠳᠠᠯᠠᠬᠤ︾᠎ ᠪᠠᠷ ᠦᠨᠳᠤᠰᠤᠨ ᠵᠢᠷᠤᠮᠯᠠᠯ ᠢᠶᠠᠨ ᠪᠤᠯᠭᠠᠵᠥ᠂ ᠰᠢᠨ᠎ᠡ ᠤᠷᠤᠨ ᠪᠠᠶᠢᠷᠢ ᠳᠤ ᠵᠤᠬᠰᠤᠵᠥ᠂ ᠰᠢᠨ᠎ᠡ ᠤᠷᠤᠨ ᠪᠠᠶᠢᠷᠢ ᠪᠠᠨ ᠤᠨᠤᠪᠴᠢᠳᠠᠢ ᠤᠯᠵᠥ᠂ ᠡᠯ᠎ᠡ ᠵᠦᠢᠯ ᠤᠨ ᠱᠠᠭᠠᠷᠳᠠᠯᠭ᠎ᠠ ᠪᠤᠯᠤᠨ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠬᠡᠷᠡᠭᠳᠡᠢ᠃ ᠤᠳᠤᠬᠠᠨ ᠤ ᠳᠤᠮᠳᠠᠳᠤ ᠤᠯᠤᠰ ᠶᠠᠬ ᠬᠦᠭᠵᠢᠯᠳᠠ ᠶᠢᠨ ᠵᠠᠩᠬᠢᠯᠠᠭ᠎ᠠ ᠶᠢᠨ ᠬᠤᠭᠤᠴᠠᠭ᠎ᠠ᠂ ᠦᠬᠡᠷᠡᠴᠢᠯᠡᠯᠳᠡ ᠶᠢᠨ ᠪᠤᠭᠤᠮᠳᠠ ᠰᠢᠪᠳᠤᠯᠬᠤ ᠬᠤᠭᠤᠴᠠᠭ᠎ᠠ ᠳᠤ ᠤᠷᠤᠰᠢᠵᠥ᠂ ᠮᠦᠨ ᠪᠠᠰᠠ ᠵᠦᠷᠢᠴᠡᠯ ᠳᠤᠪᠤᠶᠢᠮ᠎ᠠ ᠬᠤᠭᠤᠴᠠᠭᠠᠨ ᠳᠤ ᠤᠷᠤᠰᠢᠵᠥ ᠪᠠᠶᠢᠳᠠᠭ᠃ ᠦᠷᠢᠰᠦᠯᠳᠦᠬᠡᠨ ᠪᠤᠯᠤᠨ ᠬᠦᠴᠢᠷ ᠪᠡᠷᠬᠡᠰᠢᠶᠠᠯ ᠳᠤ ᠬᠠᠨᠳᠤᠨ᠂ ᠦᠵᠡᠯ ᠰᠠᠨᠠᠭ᠎ᠠ ᠪᠠᠨ ᠨᠢᠬᠡᠳᠬᠡᠵᠥ᠂ ᠬᠦᠴᠦᠨ ᠴᠢᠳᠠᠯ ᠢᠶᠠᠨ ᠨᠢᠬᠳᠠᠷᠠᠭᠤᠯᠵᠥ᠂ ᠡᠬᠡᠳᠡᠷᠡᠬᠡᠨ ᠪᠤᠳᠤᠯᠢᠶᠠᠨᠳᠠᠢ ᠳᠡᠥᠬᠡᠨ ᠠᠬᠢᠴᠠ ᠳᠤ ᠪᠠᠶᠢᠯᠳᠤᠬᠤ ᠪᠤᠳᠤᠯᠭ᠎ᠠ ᠶᠢᠨ ᠳᠤᠬᠳᠠᠯ ᠬᠦᠴᠦᠨ ᠢᠶᠠᠨ ᠪᠠᠷᠢᠮᠳᠠᠯᠠᠬᠤ ᠶᠢ ᠨᠡᠩ ᠱᠠᠭᠠᠷᠳᠠᠨ᠎ᠠ᠃ ᠰᠢᠨ᠎ᠡ ᠪᠠᠶᠢᠳᠠᠯ ᠳᠤᠤᠷᠠᠬᠢ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠳᠤᠷ ᠬᠢᠬᠦ ᠳᠤ ᠳᠠᠷᠤᠢ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ  ᠦᠵᠡᠯ ᠰᠠᠨᠠᠭ᠎ᠠ ᠪᠤᠯᠤᠨ  ᠨᠠᠮ ᠤᠨ  ᠠᠷᠪᠠ ᠶᠢᠰᠦᠳᠦᠬᠡᠷ  ᠶᠡᠭᠡ ᠬᠤᠷᠠᠯ ᠤᠨ ᠵᠤᠷᠢᠭ  ᠰᠠᠨᠠᠭ᠎ᠠ ᠪᠠᠷ ᠵᠢᠯᠤᠭᠤᠳᠤᠯᠭ᠎ᠠ  ᠪᠤᠯᠭᠠᠵᠥ᠂ ︽ᠳᠦᠷᠪᠡᠨ ᠤᠬᠠᠮᠰᠠᠷ︾᠎ ᠢᠶᠠᠨ ᠴᠢᠩᠭᠠᠳᠬᠠᠵᠥ᠂ ︽ᠳᠦᠷᠪᠡᠨ ᠢᠳᠡᠬᠡᠯ︾᠎ ᠢᠶᠠᠨ ᠪᠠᠳᠤ ᠪᠤᠢ ᠪᠤᠯᠭᠠᠵᠥ᠂ ᠳᠤᠭ ᠢᠶᠠᠨ ᠮᠠᠨᠳᠤᠭᠤᠯᠬᠤ᠂ ᠠᠷᠠᠳ ᠤᠨ ᠰᠡᠳᠬᠢᠯ ᠢ ᠨᠢᠬᠳᠠᠷᠠᠭᠤᠯᠬᠤ᠂ ᠰᠢᠨ᠎ᠡ ᠴᠢᠳᠠᠪᠤᠷᠢᠳᠠᠨ ᠢ ᠬᠦᠮᠦᠵᠢᠬᠦᠯᠬᠦ᠂ ᠰᠤᠶᠤᠯ ᠢ ᠮᠠᠨᠳᠤᠭᠤᠯᠬᠤ᠂ ᠳᠦᠷᠢ ᠳᠦᠷᠬᠦ ᠪᠠᠨ ᠢᠯᠡᠷᠡᠬᠦᠯᠬᠦ ᠡᠬᠦᠷᠬᠡ ᠬᠠᠷᠢᠭᠤᠴᠠᠯᠭ᠎ᠠ ᠶᠢ ᠤᠬᠠᠮᠰᠠᠷ ᠠᠴᠠ ᠪᠠᠨ ᠡᠬᠦᠷᠬᠡᠯᠡᠵᠥ᠂ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠳᠦᠮᠡᠨ ᠤ ᠬᠦᠰᠡᠯᠡᠩ ᠢᠳᠡᠬᠡᠯ ᠪᠢᠰᠢᠷᠠᠯ᠂ ᠦᠷᠳᠡᠭ ᠤᠨ ᠦᠢᠯᠠᠭᠠᠬᠳᠠᠬᠤᠨ᠂ ᠶᠤᠰᠤ ᠰᠤᠷᠳᠠᠬᠤᠨ ᠤ ᠦᠵᠡᠯᠳᠡ ᠳᠡᠬᠡᠷ᠎ᠡ ᠪᠠᠨ ᠨᠢᠬᠳᠠ ᠪᠦᠯᠬᠦᠮᠳᠡᠬᠦ ᠶᠢ ᠠᠬᠢᠭᠤᠯᠵᠥ᠂ ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠥ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ᠃      ᠤᠳᠤᠬᠠᠨ ᠳᠤ᠂ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠹᠷᠤᠡᠲ ᠤᠨ ᠬᠢᠨ ᠵᠦᠪ ᠲᠠᠯ᠎ᠠ ᠶᠢ ᠪᠠᠷᠢᠮᠳᠠᠯᠠᠵᠥ ᠰᠢᠨ᠎ᠡ ᠶᠢ ᠡᠬᠦᠳᠬᠦ ᠴᠢᠬᠤᠯᠠ ᠱᠠᠳᠤᠨ ᠳᠤ ᠤᠷᠤᠵᠤ᠂ ᠰᠠᠶᠢᠨ ᠲᠤᠷᠰᠢᠯᠭ᠎ᠠ ᠪᠠᠨ ᠪᠠᠷᠢᠮᠳᠠᠯᠠᠬᠤ ᠪᠠᠷ ᠦᠯᠤ ᠪᠠᠷᠠᠮ ᠪᠠᠰᠠ ᠰᠢᠨ᠎ᠠ ᠲᠤᠷᠰᠢᠯᠭ᠎ᠠ ᠶᠢ ᠡᠷᠢᠵᠤ ᠤᠯᠬᠤ ᠭᠡᠷᠡᠭᠳᠠᠢ ᠪᠠᠶᠢᠨ᠎ᠠ᠃ ᠮᠠᠨ ᠤ ᠤᠷᠤᠨ ᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠤᠯᠠᠮ ᠴᠢᠨᠠᠭᠰᠢᠳᠠ ᠰᠠᠶᠢᠵᠢᠷᠠᠭᠤᠯᠬᠤ ᠶᠢ ᠠᠬᠢᠭᠤᠯᠬᠤ ᠳᠤ᠂ ᠡᠷᠭᠡᠪᠰᠢ ᠵᠦᠪ ᠤᠨᠤᠪᠴᠢᠳᠠᠢ ᠤᠯᠤᠰ ᠲᠦᠷᠤ ᠶᠢᠨ ᠴᠢᠭᠯᠡᠯ ᠢ ᠪᠠᠷᠢᠮᠳᠠᠯᠠᠵᠤ᠂ ᠰᠠᠭᠤᠷᠢ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠠᠵᠢᠯ ᠤᠨ ᠲᠠᠯ᠎ᠠ ᠪᠠᠷ ᠬᠦᠴᠦ ᠤᠷᠤᠭᠤᠯᠵᠤ᠂ ᠵᠠᠩᠬᠢᠯᠠᠭ᠎ᠠ ᠶᠢᠨ ᠭᠠᠵᠠᠷ᠂ ᠭᠤᠤᠯ ᠠᠵᠢᠯ ᠳᠤ ᠬᠦᠴᠦ ᠤᠷᠤᠭᠤᠯᠵᠥ᠂ ᠠᠵᠢᠯ ᠤᠨ ᠶᠠᠰᠤ ᠴᠢᠨᠠᠷ ᠪᠤᠯᠤᠨ ᠬᠢᠷᠢ ᠲᠦᠪᠰᠢᠨ ᠳᠤ ᠭᠦᠴᠤ ᠤᠷᠤᠭᠤᠯᠵᠤ᠂ ᠭᠦᠴᠤᠷᠭᠡᠭ ᠶᠡᠭᠡ ᠨᠢᠭᠳᠠᠷᠠᠯ ᠤᠨ ᠭᠦᠴᠤᠨ ᠪᠤᠯᠤᠨ ᠲᠠᠭᠠᠭᠤᠯᠬᠤ ᠭᠦᠴᠤᠨ ᠲᠠᠢ ᠨᠡᠶᠢᠭᠡᠮ ᠵᠢᠷᠤᠮ ᠤᠨ ᠦᠵᠡᠯ ᠤᠬᠠᠮᠰᠠᠷ ᠤᠨ ᠬᠡᠯᠪᠡᠷᠢ ᠶᠢ ᠪᠠᠶᠢᠭᠤᠯᠵᠤ᠂ ᠦᠨᠳᠤᠰᠤᠳᠠᠨ ᠤ ᠰᠡᠷᠭᠦᠨ ᠮᠠᠨᠳᠤᠯᠳᠠ ᠶᠢᠨ ᠶᠡᠭᠡ ᠡᠭᠦᠷᠭᠡ ᠶᠢ ᠡᠭᠦᠷᠭᠡᠯᠡᠭᠦ ᠴᠠᠭ ᠦᠶ᠎ᠠ ᠶᠢᠨ ᠰᠢᠨ᠎ᠠ ᠴᠢᠳᠠᠪᠤᠷᠢᠳᠠᠨ ᠢ ᠭᠦᠮᠤᠵᠢᠭᠦᠯᠵᠤ᠂ ᠦᠨᠳᠤᠰᠤᠳᠠᠨ ᠨᠦᠭᠦᠳ ᠤᠨ ᠤᠯᠠᠨ ᠲᠦᠮᠡᠨ ᠤ ᠦᠵᠡᠯ ᠰᠠᠨᠠᠭ᠎ᠠ ᠰᠤᠶᠤᠯ ᠤᠨ ᠠᠮᠢᠳᠤᠷᠠᠯ ᠤᠨ ᠰᠢᠨ᠎ᠠ ᠡᠷᠡᠮᠡᠯᠵᠠᠯ ᠢ ᠨᠡᠩ ᠰᠠᠶᠢᠳᠤᠷ ᠬᠠᠨᠭ᠍ᠭᠠᠵᠤ᠂ ᠭᠠᠳᠠᠭᠠᠳᠤ ᠤᠬᠠᠭᠤᠯᠭ᠎ᠠ ᠪᠤᠯᠤᠨ ᠭᠠᠳᠠᠭᠠᠳᠤ ᠰᠤᠶᠤᠯ ᠤᠨ ᠰᠤᠯᠢᠯᠴᠠᠭ᠎ᠠ ᠶᠢᠨ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠭᠦ ᠭᠡᠷᠡᠭᠳᠠᠢ᠃ ᠵᠦᠪ ᠲᠠᠯ᠎ᠠ ᠶᠢ ᠪᠠᠷᠢᠮᠳᠠᠯᠠᠬᠤ ᠲᠤᠮᠳᠠ ᠰᠢᠨ᠎ᠠ ᠶᠢ ᠡᠭᠦᠳᠴᠤ᠂ ᠰᠢᠨ᠎ᠡ ᠶᠢ ᠡᠬᠦᠳᠬᠦ ᠳᠤᠮᠳᠠ ᠵᠦᠪ ᠳᠠᠯ᠎ᠠ ᠶᠢ ᠪᠠᠷᠢᠮᠳᠠᠯᠠᠪᠠᠯ ᠰᠠᠶᠢ ᠴᠠᠭ ᠦᠶ᠎ᠠ ᠳᠤ ᠤᠰᠤᠯᠳᠠᠬᠤ ᠦᠭᠡᠢ᠂ ᠡᠭᠦᠷᠭᠡ ᠬᠠᠷᠢᠭᠤᠴᠠᠯᠭ᠎ᠠ ᠳᠠᠭᠠᠨ ᠤᠰᠤᠯᠳᠠᠬᠤ ᠦᠭᠡᠢ᠂ ᠠᠷᠠᠳ ᠲᠦᠮᠡᠨ ᠳᠡᠭᠡᠨ ᠤᠰᠤᠯᠳᠠᠬᠤ ᠦᠭᠡᠢ ᠴᠣ᠋ ᠰᠢᠨ᠎ᠠ ᠠᠵᠢᠯ ᠤᠨ ᠪᠦᠳᠤᠮᠵᠢ ᠶᠢ ᠤᠯᠵᠥ ᠴᠢᠳᠠᠨ᠎ᠠ᠃      ᠰᠢᠨ᠎ᠠ ᠪᠠᠶᠢᠳᠠᠯ ᠲᠤᠤᠷᠠᠬᠢ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠰᠠᠶᠢᠳᠤᠷ ᠬᠢᠬᠦ ᠳᠤ᠂ ᠵᠠᠩᠬᠢᠯᠠᠭ᠎ᠠ ᠨᠢ ᠨᠠᠮ ᠳᠤ ᠪᠤᠢ᠂ ᠵᠠᠩᠬᠢᠯᠠᠭ᠎ᠠ ᠨᠢ ᠭᠦᠮᠤᠨ ᠳᠤ ᠪᠤᠢ᠃ ᠨᠢᠭᠡ ᠤᠳᠤᠷᠢᠳᠬᠤ ᠺᠠᠳ᠋ᠷ ᠤᠨ ᠪᠤᠯᠪᠠᠰᠤᠷᠠᠩᠭᠤᠢ ᠡᠰᠡᠭᠦ᠂ ᠭᠦᠨᠳᠤ ᠬᠠᠷᠢᠭᠤᠴᠠᠯᠭ᠎ᠠ ᠶᠢ ᠡᠭᠦᠷᠭᠡᠯᠡᠵᠤ ᠴᠢᠳᠠᠬᠤ ᠡᠰᠡᠭᠦ ᠶᠢ ᠦᠵᠡᠭᠦ ᠳᠤ᠂ ᠨᠢᠭᠡ ᠴᠢᠬᠤᠯᠠ ᠲᠠᠯ᠎ᠠ ᠨᠢ ᠬᠡᠪᠡᠯ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠴᠢᠬᠤᠯᠠᠴᠢᠯᠠᠵᠥ ᠪᠠᠶᠢᠬᠤ ᠡᠰᠡᠭᠦ᠂ ᠴᠢᠳᠠᠮᠠᠭᠠᠢ ᠠᠳᠬᠤᠵᠥ ᠪᠠᠶᠢᠬᠤ ᠡᠰᠡᠭᠦ ᠪᠤᠯᠤᠨ᠎ᠠ︔ ᠨᠢᠭᠡ ᠱᠠᠳᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠲᠤᠭᠤᠢᠢᠯᠠᠩ︶᠎ ᠶᠢᠨ ᠤᠯᠤᠰ ᠲᠦᠷᠤ ᠶᠢᠨ ᠲᠠᠯ᠎ᠠ ᠪᠠᠷ ᠭᠦᠴᠤᠷᠭᠡᠭ ᠪᠠᠶᠢᠬᠤ ᠡᠰᠡᠭᠦ᠂ ᠨᠠᠮ ᠢ ᠪᠦᠭᠦ ᠲᠠᠯ᠎ᠠ ᠪᠠᠷ ᠴᠢᠩᠭ᠎ᠠ ᠵᠠᠰᠠᠬᠤ ᠲᠠᠯ᠎ᠠ ᠪᠠᠷ ᠭᠤᠶᠢᠪᠢᠰᠢ ᠦᠭᠡᠢ ᠪᠠᠶᠢᠬᠤ ᠡᠰᠡᠭᠦ ᠶᠢ ᠬᠠᠷᠠᠬᠤ ᠳᠤ᠂ ᠨᠢᠭᠡᠨ ᠴᠢᠬᠤᠯᠠ ᠬᠡᠮᠵᠢᠭᠦᠷ ᠪᠤᠯ ᠲᠠᠷᠤᠢ ᠲᠤᠭ ᠲᠡᠮᠳᠡᠭ ᠲᠤᠳᠤᠷᠬᠠᠢ ᠪᠠᠷ ᠨᠠᠮ ᠠᠴᠠ ᠰᠤᠷᠳᠠᠯ ᠤᠬᠠᠭᠤᠯᠭ᠎ᠠ ᠶᠢ ᠬᠠᠮᠢᠶᠠᠷᠬᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠡᠰᠡᠭᠦ ᠪᠤᠯᠤᠨ᠎ᠠ᠃ ᠨᠠᠮ ᠤᠨ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠳᠠᠬᠢ ᠪᠦᠭᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠳᠤ ᠰᠠᠶᠢᠨ ᠰᠤᠷᠳᠠᠯ ᠪᠤᠯ ᠪᠠᠳᠤᠯᠠᠭ᠎ᠠ᠂ ︽ᠲᠦᠷᠪᠡᠨ ᠰᠤᠷᠳᠠᠯ︾ ᠤᠨᠴᠠᠭᠠᠢᠢᠯᠠᠨ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠵᠠᠯᠠᠷᠠᠭᠤᠯᠤᠨ᠎ᠠ︔ ᠴᠢᠳᠠᠪᠤᠷᠢ ᠪᠠᠨ ᠴᠢᠩᠭᠠᠳᠬᠠᠬᠤ ᠪᠤᠯ ᠵᠠᠩᠬᠢᠯᠠᠭ᠎ᠠ᠂ ᠲᠠᠰᠤᠷᠠᠯᠳᠠ ᠦᠭᠡᠢ ᠠᠯᠬᠤᠭ᠎ᠠ ᠪᠠᠨ ᠲᠦᠷᠭᠡᠳᠭᠡᠨ ᠬᠠᠷᠠᠭ᠎ᠠ ᠪᠠᠨ ᠰᠠᠷᠠᠭᠤᠯᠵᠢᠭᠤᠯᠵᠤ ᠲᠠᠷᠢᠬᠢ ᠲᠤᠯᠤᠭᠠᠢ ᠪᠠᠨ ᠰᠡᠷᠭᠡᠭᠵᠢᠭᠦᠯᠤᠨ ᠦᠵᠦᠭ ᠪᠢᠷ ᠢᠶᠠᠨ ᠬᠤᠷᠴᠠᠯᠠᠵᠤ᠂ ᠤᠯᠤᠰ ᠲᠦᠷᠦ ᠪᠠᠳᠤ ᠴᠢᠩᠭ᠎ᠠ᠂ ᠠᠪᠢᠶᠠᠰ ᠴᠢᠳᠠᠪᠤᠷᠢ ᠰᠢᠯᠢᠳᠡᠭ᠂ ᠪᠤᠳᠠᠳᠠᠢ ᠶᠢ ᠡᠷᠬᠢᠮᠯᠡᠵᠤ ᠰᠢᠨ᠎ᠠ ᠶᠢ ᠡᠭᠦᠳᠬᠦ᠂ ᠢᠯᠠᠭᠤᠬᠰᠠᠨ ᠲᠠᠶᠢᠨ ᠬᠢᠵᠤ ᠲᠡᠶᠢᠯᠬᠦ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠡᠩᠨᠡᠭᠡ ᠶᠢ ᠪᠠᠶᠢᠭᠤᠯᠵᠥ᠂ ᠢᠮᠠᠭᠳᠠ ᠴᠠᠭ ᠦᠶ᠎ᠠ ᠶᠢᠨ ᠡᠮᠤᠨ᠎ᠠ ᠤᠷᠤᠭᠰᠢᠯᠠᠵᠤ᠂ ᠭᠡᠪ ᠰᠤᠷᠳᠠᠯ ᠤᠨ ᠬᠤᠰᠢᠭᠤᠴᠢ ᠶᠢ ᠬᠦᠳᠦᠯᠤᠨ ᠲᠠᠭᠠᠭᠤᠯᠬᠤ ᠭᠡᠷᠡᠭᠳᠠᠢ᠃      ᠰᠢᠨ᠎ᠡ ᠴᠠᠬ ᠦᠶ᠎ᠡ ᠳᠤ ᠰᠡᠳᠬᠢᠯ ᠢ ᠨᠢᠬᠡᠳᠬᠡᠨ ᠬᠦᠴᠦᠨ ᠢᠶᠠᠨ ᠬᠠᠮᠳᠤᠳᠬᠠᠬᠤ ᠳᠤ ᠰᠤᠷᠳᠠᠯ ᠤᠬᠠᠭᠤᠯᠭ᠎ᠠ ᠦᠵᠡᠯ ᠰᠠᠨᠠᠭᠠᠨ ᠤ ᠹᠷᠤᠨᠲ ᠤᠨ ᠬᠢᠨ ᠵᠠᠶᠢᠯᠠᠰᠢ ᠦᠬᠡᠢ ᠬᠠᠷᠢᠭᠤᠴᠠᠯᠭ᠎ᠠ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠤᠨ ᠰᠤᠷᠳᠠᠯ ᠤᠠᠬᠭᠤᠯᠭ᠎ᠠ ᠦᠵᠡᠯ ᠰᠠᠨᠠᠭᠠᠨ ᠤ ᠠᠵᠢᠯ ᠤᠨ ᠳᠤᠬᠠᠢ ᠴᠢᠬᠤᠯᠠ ᠪᠠᠶᠢᠷᠢᠯᠠᠭᠤᠯᠤᠯᠳᠠ ᠶᠢ ᠬᠦᠨᠵᠡᠬᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ᠡᠬᠦᠷᠬᠡ ᠬᠠᠷᠢᠭᠤᠴᠠᠯᠭ᠎ᠠ ᠵᠢᠳᠬᠦᠯ ᠴᠢᠷᠮᠠᠶᠢᠯᠭ᠎ᠠ ᠪᠠᠷ ᠢᠶᠠᠨ ᠤᠷᠤᠬᠰᠢᠯᠡᠨ ᠳᠠᠪᠰᠢᠬᠰᠠᠨ ᠦᠪᠦᠷ ᠮᠤᠩᠭᠤᠯ᠂ ᠢᠳᠡᠬᠡᠯᠳᠡᠢ ᠨᠡᠬᠡᠬᠡᠯᠳᠡᠳᠤ ᠦᠪᠦᠷ ᠮᠤᠩᠭᠤᠯ᠂ ᠳᠠᠩᠰᠤᠭ ᠠᠮᠢᠵᠢᠷᠠᠯ ᠤᠨ ᠬᠦᠴᠦᠨ ᠲᠠᠢ ᠦᠪᠦᠷ ᠮᠤᠩᠭᠤᠯ ᠢ ᠳᠤᠳᠤᠷᠬᠠᠢᠢᠯᠠᠵᠥ ᠴᠢᠳᠠᠪᠠᠯ ᠪᠢᠳᠠ ᠳᠠᠷᠤᠢ ᠡᠬᠡ ᠤᠯᠤᠰ ᠤᠨ ᠤᠮᠠᠷᠠᠳᠤ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠬᠤ ᠳᠤ ᠡᠷᠡᠰ ᠪᠠᠳᠤ ᠦᠵᠡᠯ ᠰᠠᠨᠠᠭᠠᠨ ᠤ ᠪᠠᠳᠤᠯᠠᠭ᠎ᠠ ᠪᠤᠯᠤᠨ ᠪᠠᠳᠤ ᠴᠢᠩᠭ᠎ᠠ ᠤᠶᠤᠨ ᠰᠠᠨᠠᠭᠠᠨ ᠤ ᠬᠦᠴᠦᠨ ᠴᠢᠳᠠᠯ ᠢ ᠬᠠᠩᠭᠠᠵᠥ ᠴᠢᠳᠠᠬᠤ ᠶᠤᠮ᠃
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号