ᠭᠠᠯᠪᠠ ᠶᠢᠨ ᠲᠤᠤᠯᠢ ᠬᠠᠶᠢᠯᠠᠭᠰᠠᠨ ᠪᠠᠶᠢᠭᠠᠯᠢ ᠶᠢᠨ ᠠᠭᠤᠤ ᠭᠠᠶᠢᠬᠠᠮᠰᠢᠭ
2018-10-10 10:53:03
ᠵᠣᠬᠢᠶᠠᠭᠴᠢ᠄ 
ᠦᠷᠭᠡᠨᠪᠠᠶᠠᠷ
ᠣᠩᠰᠢᠭᠰᠠᠨ ᠣᠳᠠᠭ᠎ᠠ᠄ 
★★★☆☆
      ᠠᠯᠳᠠᠨ ᠰᠢᠷᠭᠠᠯ ᠨᠠᠮᠤᠷ ᠤᠨ ᠠᠷᠪᠠᠨ ᠰᠠᠷ᠎ᠠ ᠶᠢᠨ ᠡᠬᠢ ᠪᠠᠷ᠂ ᠰᠤᠷᠪᠤᠯᠵᠢᠯᠠᠭᠴᠢ ᠲᠡᠯᠡᠬᠡᠢ ᠳ᠋ᠡᠬᠢᠨ ᠳᠤ ᠠᠪᠤᠷᠭᠤ ᠭᠦᠷᠪᠡᠯ ᠤᠨ ᠨᠤᠳᠤᠭ ᠬᠡᠮᠡᠨ ᠠᠯᠳᠠᠷᠰᠢᠬᠰᠠᠨ ᠡᠳᠡᠭᠡᠳ ᠰᠠᠶᠢᠬᠠᠨ ᠦᠵᠡᠮᠵᠢᠳᠦ ᠡᠷᠢᠶᠡᠨ ᠬᠤᠳᠠ ᠵᠢᠴᠢ ᠡᠷᠢᠶᠡᠨ ᠬᠤᠳᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠬᠦᠷᠴᠦ ᠵᠤᠭᠠᠴᠠᠯ᠎ᠠ᠃
      ᠠᠪᠤᠷᠭᠤ ᠭᠦᠷᠪᠡᠯ ᠤᠨ ᠱᠤᠭᠤᠮᠠᠯ᠃              ᠰᠤᠷᠪᠤᠯᠵᠢᠯᠠᠭᠴᠢ ᠦᠷᠭᠡᠨᠪᠠᠶᠠᠷ ᠰᠡᠭᠦᠳᠡᠷᠯᠡᠪᠡ       ᠰᠤᠷᠪᠤᠯᠵᠢᠯᠠᠭᠴᠢ ᠶᠢᠨ ᠰᠠᠭᠤᠭᠰᠠᠨ ᠮᠠᠰᠢᠨ ᠲᠡᠷᠭᠡ ᠴᠡᠴᠡᠷᠯᠢᠭ ᠤᠨ ᠡᠭᠦᠳᠡᠨ ᠡᠮᠦᠨ᠎ᠡ ᠨᠢ ᠬᠦᠷᠬᠦ ᠳᠤ᠄ ︽ᠡᠷᠢᠶᠡᠨ ᠬᠤᠳᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠲᠠᠨ ᠢ ᠪᠠᠶᠠᠷᠯᠠᠨ ᠤᠭᠳᠤᠵᠤ ᠪᠠᠶᠢᠨ᠎ᠠ︾ ᠭᠡᠰᠡᠨ ᠮᠤᠩᠭᠤᠯ ᠬᠢᠳᠠᠳ ᠦᠰᠦᠭᠳᠦ ᠲᠤᠮᠤᠬᠠᠨ ᠫᠠᠶᠢᠰᠠ ᠨᠢ ᠰᠤᠷᠪᠤᠯᠵᠢᠯᠠᠭᠴᠢ ᠶᠢᠨ ᠬᠠᠷᠠᠴᠠᠨ ᠳᠤ ᠬᠠᠯᠠᠭᠤᠬᠠᠨ ᠬᠠᠷᠠᠭᠳᠠᠵᠤ᠂ ᠰᠡᠳᠭᠢᠯ ᠳᠤ ᠲᠤᠯᠠᠭᠠᠬᠠᠨ ᠰᠠᠨᠠᠭᠳᠠᠯ᠎ᠠ᠃ ᠴᠡᠴᠡᠷᠯᠢᠭ ᠤᠨ ᠡᠮᠦᠨᠡᠬᠢ ᠵᠠᠮ ᠤᠨ ᠬᠠᠵᠠᠭᠤ ᠪᠠᠷ᠂ ᠤᠭ ᠬᠠᠷᠢᠴᠠᠯ ᠢᠶᠠᠷ ᠨᠢ ᠱᠤᠭᠤᠵᠤ ᠪᠦᠳᠦᠭᠡᠭᠰᠡᠨ ᠴᠠᠷᠳᠠ ᠶᠢᠨ ᠭᠠᠯᠪᠠ ᠶᠢᠨ ᠰᠡᠭᠦᠯᠴᠢ ᠦᠶ᠎ᠡ ᠶᠢᠨ ᠡᠷᠢᠶᠡᠨ ᠤ ᠰᠢᠪᠠᠭᠤᠯᠢᠭ ᠠᠪᠤᠷᠭᠤ ᠭᠦᠷᠪᠡᠯ ᠪᠤᠯᠤᠨ ᠲᠠᠪᠬᠢᠭᠠᠴᠢ ᠠᠪᠤᠷᠭᠤ ᠭᠦᠷᠪᠡᠯ ᠨᠢ ᠠᠩᠨᠠᠯ ᠤᠨ ᠭᠠᠵᠠᠷ ᠲᠠᠭᠠᠨ ᠨᠤᠭᠤᠰᠤᠨ ᠬᠤᠰᠢᠭᠤᠳᠤ ᠠᠪᠤᠷᠭᠤ ᠭᠦᠷᠪᠡᠯ ᠢ ᠪᠡᠷᠢᠵᠤ ᠢᠳᠡᠬᠦ ᠪᠠᠷ ᠬᠦᠭᠡᠭᠡᠵᠦ ᠪᠠᠶᠢᠭ᠎ᠠ ᠮᠠᠰᠢ ᠠᠮᠢᠳᠤ ᠲᠦᠷᠰᠦᠯᠢᠭ ᠲᠤᠮᠤ ᠱᠤᠭᠤᠮᠠᠯ ᠤᠳ ᠢ ᠱᠤᠭᠤᠵᠤ ᠲᠠᠯᠪᠢᠭᠰᠠᠨ ᠨᠢ ᠮᠠᠰᠢ ᠭᠠᠶᠢᠬᠠᠯᠳᠠᠢ ᠪᠠᠶᠢᠯ᠎ᠠ᠃ ᠲᠠᠬᠢᠭᠠᠳ ᠲᠤᠳᠤᠭᠰᠢᠯᠠᠪᠠᠯ᠂ ᠪᠦᠭᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠠᠴᠠ ᠨᠡᠷᠡᠶᠢᠳᠦᠭᠰᠡᠨ᠄ ︽ᠡᠷᠢᠶᠡᠨ ᠤ ᠲᠠᠪᠤᠰᠤᠨ ᠨᠠᠭᠤᠷ ᠤᠨ ᠴᠠᠷᠳᠠ ᠶᠢᠨ ᠭᠠᠯᠪᠠ ᠶᠢᠨ ᠠᠪᠤᠷᠭᠤ ᠬᠦᠷᠪᠡᠯ ᠤᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ︾ ᠭᠡᠰᠡᠨ ᠲᠤᠮᠤ ᠬᠢᠳᠠᠳ ᠦᠰᠦᠭᠳᠦ ᠪᠢᠴᠢᠭᠡᠰᠦ ᠰᠡᠶᠢᠯᠦᠭᠡᠰᠦᠳᠡᠢ ᠪᠠᠶᠢᠯ᠎ᠠ᠃ ᠴᠡᠴᠡᠷᠯᠢᠭ ᠤᠨ ᠲᠤᠳᠤᠷ᠎ᠠ ᠪᠠᠨ ᠡᠷᠢᠶᠡᠨ ᠤ ᠡᠷᠳᠡᠨ ᠤ ᠤᠯᠠᠭ᠎ᠠ ᠦᠷᠳᠡᠭᠡ ᠶᠢᠨ ᠪᠠᠷᠢᠯᠭ᠎ᠠ ᠶᠢ ᠰᠡᠷᠭᠦᠭᠡᠵᠦ ᠪᠠᠶᠢᠭᠤᠯᠤᠭᠰᠠᠨ ᠪᠠᠷᠢᠯᠭ᠎ᠠ ᠵᠡᠷᠭᠡ ᠨᠢ ᠵᠤᠭᠠᠴᠠᠭᠴᠢ ᠶᠢᠨ ᠠᠩᠬᠠᠷᠤᠯ ᠰᠤᠨᠢᠷᠬᠠᠯ ᠢ ᠶᠠᠭᠠᠬᠢᠬᠤ ᠶᠢᠨ ᠠᠷᠭ᠎ᠠ ᠦᠭᠡᠢ ᠲᠠᠳᠠᠵᠤ ᠪᠠᠶᠢᠯ᠎ᠠ᠃
      ᠡᠷᠢᠶᠡᠨ ᠤ ᠤᠯᠠᠭ᠎ᠠ ᠦᠷᠳᠡᠭᠡ ᠶᠢᠨ ᠠᠷᠠᠯᠵᠢᠶ᠎ᠠ ᠬᠤᠳᠠᠯᠳᠤᠭ᠎ᠠ ᠶᠢᠨ ᠲᠡᠦᠬᠡᠨ ᠪᠠᠶᠢᠳᠠᠯ ᠢ ᠬᠠᠷᠠᠭᠤᠯᠤᠭᠰᠠᠨ ᠵᠢᠷᠤᠭ᠃              ᠰᠤᠷᠪᠤᠯᠵᠢᠯᠠᠭᠴᠢ ᠦᠷᠭᠡᠨᠪᠠᠶᠠᠷ ᠰᠡᠭᠦᠳᠡᠷᠯᠡᠪᠡ      ᠲᠠᠨᠢᠯᠴᠠᠭᠤᠯᠤᠭᠰᠠᠠ ᠢ ᠦᠨᠳᠦᠰᠦᠯᠡᠪᠡᠯ᠂ ᠡᠷᠢᠶᠡᠨ ᠬᠤᠳᠠ ᠶᠢᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠲᠦᠯᠦᠪᠵᠢᠭᠦᠯᠦᠭᠰᠡᠨ ᠶᠡᠷᠦᠩᠬᠡᠢ ᠲᠠᠯᠠᠪᠠᠢ ᠨᠢ 70 ᠲᠡᠭᠰᠢ ᠲᠦᠷᠪᠡᠯᠵᠢᠨ ᠺᠢᠯᠤᠮᠧᠲᠷ ᠪᠠᠶᠢᠵᠤ᠂ 2006 ᠤᠨ ᠠᠴᠠ ᠡᠬᠢᠯᠡᠵᠦ᠂ ᠴᠡᠴᠡᠷᠯᠢᠭ ᠤᠨ ᠭᠤᠤᠯ ᠲᠤᠭᠤᠷᠢᠭ ᠢ ᠨᠢ ᠡᠬᠢᠯᠡᠨ ᠪᠦᠳᠦᠭᠡᠨ ᠪᠠᠶᠢᠭᠤᠯᠵᠤ᠂ ᠠᠪᠤᠷᠭᠤ ᠭᠦᠷᠪᠡᠯ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠤᠷᠳᠤᠨ᠂ ᠠᠭᠤᠷᠬᠠᠢ ᠶᠢᠨ ᠪᠤᠳᠠᠰ ᠤᠨ ᠲᠠᠯᠠᠰ ᠤᠨ ᠤᠷᠳᠤᠨ᠂ ᠠᠪᠤᠷᠭᠤ ᠭᠦᠷᠪᠡᠯ ᠤᠨ ᠴᠢᠯᠠᠭᠤᠵᠢᠮᠠᠯ ᠤᠨ ᠪᠤᠯᠠᠭᠳᠠᠴᠠ ᠶᠢᠨ ᠤᠷᠳᠤᠨ ᠵᠢᠴᠢ ᠡᠷᠢᠶᠡᠨ ᠤ ᠤᠯᠠᠭ᠎ᠠ ᠦᠷᠳᠡᠭᠡ ᠶᠢᠨ ᠪᠠᠭᠤᠷᠢ ᠶᠢᠨ ᠮᠦᠽᠸᠢ ᠵᠡᠷᠭᠡ ᠶᠢ ᠤᠷᠢᠳ ᠬᠤᠵᠢᠳ ᠪᠠᠶᠢᠭᠤᠯᠪᠠ᠃ 2008 ᠤᠨ ᠤ 5 ᠰᠠᠷ᠎ᠠ ᠠᠴᠠ ᠡᠬᠢᠯᠡᠨ ᠴᠡᠴᠡᠷᠯᠢᠭ ᠢ ᠲᠤᠷᠰᠢᠨ ᠡᠵᠡᠩᠨᠡᠵᠦ᠂ ᠲᠤᠬᠠᠢ ᠶᠢᠨ ᠵᠢᠯ ᠳᠡᠭᠡᠨ ᠤᠯᠤᠰ ᠤᠨ ᠲᠤᠳᠤᠭᠠᠳᠤ ᠭᠠᠳᠠᠭᠠᠳᠤ ᠶᠢᠨ 10 ᠲᠦᠮᠡ ᠰᠢᠬᠠᠮ ᠵᠤᠭᠠᠴᠠᠭᠴᠢ ᠶᠢ ᠲᠠᠳᠠᠨ ᠠᠪᠴᠢᠷᠠᠵᠤ᠂ ᠦᠪᠦᠷ ᠮᠤᠩᠭᠤᠯ ᠤᠨ 10 ᠶᠡᠭᠡ ᠪᠠᠶᠢᠭᠠᠯᠢ ᠶᠢᠨ ᠦᠵᠡᠮᠵᠢ ᠶᠢᠨ ᠨᠢᠭᠡ ᠪᠠᠷ ᠦᠨᠡᠯᠡᠭᠳᠡᠪᠡ᠃ 2006 ᠤᠨ ᠤ 12 ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠤ ᠲᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠦᠨᠡᠯᠡᠭᠳᠡᠵᠦ᠂ 2009 ᠤᠨ ᠤ 5 ᠰᠠᠷ᠎ᠠ ᠳᠤ᠂ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠶᠠᠮᠤᠨ ᠠᠴᠠ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ ᠤᠨ ᠰᠢᠨᠵᠢᠯᠡᠬᠦ ᠤᠬᠠᠭᠠᠨ ᠤ ᠮᠡᠳᠡᠯᠭᠡ ᠶᠢ ᠲᠦᠭᠡᠮᠡᠯᠵᠢᠭᠦᠯᠬᠦ ᠰᠠᠭᠤᠷᠢᠨ ᠢᠶᠠᠷ ᠨᠡᠷᠡᠶᠢᠳᠴᠤ᠂ 9 ᠰᠠᠷ᠎ᠠ ᠳᠤᠨᠢ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ ᠢᠶᠠᠷ ᠦᠨᠡᠯᠡᠭᠳᠡᠵᠡᠢ᠃ 2010 ᠤᠨ ᠤ 9 ᠰᠠᠷ᠎ᠠ ᠳᠤ ᠤᠯᠤᠰ ᠤᠨ 4A ᠲᠡᠰ ᠤᠨ ᠵᠤᠭᠠᠴᠠᠯ ᠤᠨ ᠦᠵᠡᠮᠵᠢ ᠶᠢᠨ ᠤᠷᠤᠨ ᠤ ᠢᠷᠠᠭᠤ ᠠᠯᠳᠠᠷ ᠢ ᠬᠦᠷᠳᠡᠵᠡᠢ᠃
      ᠡᠷᠢᠶᠡᠨ ᠤ ᠤᠯᠠᠭ᠎ᠠ ᠦᠷᠳᠡᠭᠡ ᠳᠤ ᠬᠡᠷᠡᠭᠯᠡᠵᠦ ᠪᠠᠶᠢᠭᠰᠠᠨ ᠲᠡᠷᠭᠡ᠃
      ᠡᠷᠢᠶᠡᠨ ᠤ ᠡᠷᠳᠡᠨ ᠤ ᠤᠯᠠᠭ᠎ᠠ ᠦᠷᠳᠡᠭᠡ ᠶᠢᠨ ᠪᠠᠷᠢᠯᠭ᠎ᠠ ᠶᠢ ᠰᠡᠷᠭᠦᠭᠡᠵᠦ ᠪᠠᠶᠢᠭᠤᠯᠤᠭᠰᠠᠨ ᠭᠡᠷ ᠪᠠᠷᠢᠯᠭ᠎ᠠ ᠪᠠ ᠬᠢᠮᠡᠯ ᠲᠡᠮᠡᠭᠡ᠃              ᠰᠤᠷᠪᠤᠯᠵᠢᠯᠠᠭᠴᠢ ᠦᠷᠭᠡᠨᠪᠠᠶᠠᠷ ᠰᠡᠭᠦᠳᠡᠷᠯᠡᠪᠡ
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号