ᠳᠤᠳᠤᠷᠭ᠎ᠠ ᠶᠢᠨ ᠰᠢᠮ᠎ᠡ ᠠᠴᠠ ᠵᠢᠷᠭᠠᠯ ᠤᠨᠳᠤᠷᠤᠨ᠎ᠠ
2018-10-11 11:17:33
ᠵᠣᠬᠢᠶᠠᠭᠴᠢ᠄ 
ᠢᠦᠢ ᠯᠠᠨ ᠪᠤᠤ ᠰᠠᠷᠠᠭᠤᠯ ᠨᠠᠪᠴᠢ ᠪᠤᠤ ᠴᠢᠩ ᠱᠧᠩ ᠳᠠᠳᠤᠯᠭ᠎ᠠ ᠶᠢᠨ ᠰᠤᠷᠪᠤᠯᠵᠢᠯᠠᠭᠴᠢ ᠴᠤᠪᠤᠭᠤ
ᠣᠩᠰᠢᠭᠰᠠᠨ ᠣᠳᠠᠭ᠎ᠠ᠄ 
★★★☆☆
      ᠲᠤᠳᠤᠷᠭ᠎ᠠ ᠶᠢᠨ ᠲᠦᠷᠦᠭᠦᠦ ᠰᠠᠯᠬᠢᠨ᠎ᠠ ᠨᠠᠶᠢᠭᠤᠵᠤ᠂ ᠰᠢᠵᠢᠷ ᠳᠠᠪᠠᠯᠭᠠᠨ ᠦᠶᠠᠯᠵᠠᠨ ᠬᠠᠶᠠᠯᠠᠨ᠎ᠠ᠃ ᠬᠤᠩᠭᠤᠷ ᠰᠠᠯᠬᠢᠨ ᠰᠡᠩᠬᠢᠨᠡᠨ ᠰᠢᠪᠡᠨᠡᠭᠰᠡᠭᠡᠷ᠂ ᠡᠯᠪᠡᠭ ᠬᠤᠷᠢᠶᠠᠯᠳᠠ ᠶᠢᠨ ᠴᠢᠮᠡᠭᠡ ᠶᠢ ᠲᠠᠮᠵᠢᠭᠤᠯᠤᠨ᠎ᠠ ᠁      ᠨᠠᠮᠤᠷ ᠤᠨ ᠬᠤᠭᠤᠰ ᠰᠠᠷ᠎ᠠ ᠶᠢᠨ ᠰᠡᠭᠦᠯᠴᠢ ᠪᠠᠷ ᠰᠤᠷᠪᠤᠯᠵᠢᠯᠠᠭᠴᠢ ᠬᠤᠷᠴᠢᠨ ᠵᠡᠭᠦᠨ ᠭᠠᠷᠤᠨ ᠬᠤᠶᠢᠳᠤ ᠬᠤᠰᠢᠭᠤ ᠪᠠᠷ ᠰᠤᠷᠪᠤᠯᠵᠢᠯᠠᠨ ᠶᠠᠪᠤᠬᠤ ᠳᠠᠭᠠᠨ ᠰᠤᠨᠳᠤᠤ ᠰᠤᠮᠤ ᠶᠢᠨ ᠲᠤᠳᠤᠷᠭᠠᠨ ᠳᠠᠷᠢᠶᠠᠨ ᠤ ᠵᠠᠬ᠎ᠠ ᠳᠤ ᠤᠪᠤᠭ᠎ᠠ ᠭᠠᠴᠠᠭ᠎ᠠ ᠶᠢᠨ ᠳᠠᠷᠢᠶᠠᠴᠢᠨ ᠼᠦᠢ ᠹᠧᠩ ᠭᠧ ᠲᠠᠢ ᠳᠠᠭᠠᠷᠠᠯᠳᠤᠯ᠎ᠠ᠃ ︽ᠮᠠᠨ ᠤ 20 ᠮᠦ ᠳᠠᠷᠢᠶ᠎ᠠ ᠶᠢᠨ ᠡᠨᠡ ᠰᠠᠶᠢᠬᠠᠨ ᠤᠷᠭᠤᠴᠠ ᠠᠴᠠ ᠦᠵᠡᠪᠡᠯ ᠮᠦ ᠪᠦᠷᠢ ᠠᠴᠠ 1000 ᠵᠢᠩ ᠳᠤᠳᠤᠷᠭ᠎ᠠ ᠬᠤᠷᠢᠶᠠᠨ᠎ᠠ᠂ ᠨᠢᠭᠡ ᠵᠢᠩ ᠳᠡᠭᠡᠨ 1.6 ᠲᠦᠭᠦᠷᠢᠭ᠃ ᠵᠢᠯ ᠤᠨ ᠡᠬᠢᠨ ᠳᠤ 20 ᠮᠦ ᠳᠠᠷᠢᠶᠠᠨ ᠭᠠᠵᠠᠷ ᠢᠶᠠᠨ ᠬᠤᠷᠰᠢᠶ᠎ᠠ ᠶᠢᠨ ᠳᠠᠷᠢᠶᠠᠨ ᠭᠠᠵᠠᠷ ᠤᠨ ᠡᠵᠡᠩᠨᠡᠯᠳᠡ ᠶᠢᠨ ᠡᠷᠬᠡ ᠶᠢᠨ ᠰᠢᠯᠵᠢᠭᠦᠯᠦᠯᠳᠡ ᠳᠤ ᠤᠷᠤᠭᠤᠯᠵᠤ᠂ ᠮᠦ ᠪᠦᠷᠢ ᠶᠢᠨ ᠳᠠᠷᠢᠶᠠᠨ ᠭᠠᠵᠠᠷ ᠤᠨ 500 ᠲᠦᠭᠦᠷᠢᠭ ᠤᠨ ᠪᠠᠳᠤᠯᠠᠭᠠᠳᠤ ᠮᠦᠩᠬᠦ ᠳᠡᠭᠡᠷ᠎ᠡ ᠢᠯᠡᠭᠦᠦ ᠤᠷᠤᠯᠭ᠎ᠠ ᠶᠢᠨ ᠵᠠᠭᠤᠨ ᠤ ᠵᠢᠷᠠ ᠶᠢ ᠨᠡᠮᠡᠵᠤ᠂ ᠳᠠᠬᠢᠨ ᠨᠢᠭᠡ ᠵᠢᠯ ᠤᠨ ᠬᠦᠯᠦᠰᠦᠨ ᠮᠦᠩᠬᠦ ᠪᠠᠨ ᠨᠡᠮᠡᠪᠡᠯ ᠡᠨᠡ ᠵᠢᠯ ᠤᠨ ᠤᠰᠤᠨ ᠳᠤᠳᠤᠷᠭ᠎ᠠ ᠶᠢᠨ ᠳᠠᠷᠢᠶᠠᠨ ᠤ ᠤᠷᠤᠯᠭ᠎ᠠ 48200 ᠲᠦᠭᠦᠷᠢᠭ ᠲᠤ ᠬᠦᠷᠬᠦ ᠪᠤᠯᠤᠨ᠎ᠠ︾ ᠬᠡᠵᠤ ᠼᠦᠢ ᠹᠧᠩ ᠭᠧ ᠳᠠᠩᠰᠠᠨ ᠳᠡᠪᠳᠡᠷ ᠢᠶᠠᠨ ᠰᠤᠷᠪᠤᠯᠵᠢᠯᠠᠭᠴᠢ ᠳᠤ ᠦᠵᠡᠭᠦᠯᠦᠨ᠎ᠡ᠃ ᠼᠦᠢ ᠹᠧᠩ ᠭᠧ ᠲᠠᠢ ᠠᠳᠠᠯᠢ ᠪᠠᠷ᠂ ᠰᠤᠨᠳᠤᠤ ᠰᠤᠮᠤ ᠶᠢᠨ ᠤᠪᠤᠭ᠎ᠠ ᠭᠠᠴᠠᠭ᠎ᠠ ᠶᠢᠨ 523 ᠡᠷᠦᠭᠡ ᠶᠢᠨ ᠤᠯᠠᠩᠬᠢ ᠨᠢ ᠪᠦᠷ ᠮᠠ ᠯᠢᠶᠠᠨ ᠡᡁᠧ ᠤᠰᠤᠨ ᠳᠤᠳᠤᠷᠭ᠎ᠠ ᠶᠢᠨ ᠬᠤᠷᠰᠢᠶ᠎ᠠ ᠳᠤ ᠤᠷᠤᠵᠤ᠂ ︽ᠠᠵᠤ ᠠᠬᠤᠢᠢᠯᠠᠯ + ᠬᠤᠷᠰᠢᠶ᠎ᠠ + ᠳᠠᠷᠢᠶᠠᠴᠢᠨ ᠡᠷᠦᠭᠡ︾᠎ ᠶᠢᠨ ᠵᠠᠭᠪᠤᠷ ᠢᠶᠠᠷ ᠳᠠᠮᠵᠢᠵᠤ ᠪᠠᠶᠠᠵᠢᠯ ᠤᠨ ᠵᠠᠮ ᠢᠶᠠᠨ ᠡᠯᠬᠦᠪᠡ᠃      ᠮᠠ ᠯᠢᠶᠠᠨ ᠾᠧ ᠤᠰᠤᠨ ᠲᠤᠳᠤᠷᠭ᠎ᠠ ᠶᠢᠨ ᠲᠤᠰᠬᠠᠢ ᠬᠤᠷᠰᠢᠶ᠎ᠠ ᠨᠢ ᠤᠪᠤᠭ᠎ᠠ ᠭᠠᠴᠠᠭ᠎ᠠ ᠠᠴᠠ ᠭᠠᠳᠠᠨ᠎ᠠ ᠪᠠᠰᠠ ᠡᠷᠬᠢᠨ ᠲᠤᠭᠤᠷᠢᠨ ᠤ ᠶᠦᠡᠭ ᠱᠧᠡᠭ ᠵᠡᠷᠭᠡ 6 ᠭᠠᠴᠠᠭ᠎ᠠ ᠲᠤᠰᠬᠤᠨ ᠤ 1300 ᠲᠠᠷᠢᠶᠠᠴᠢᠨ ᠡᠷᠤᠬᠡ ᠶᠢᠨ ᠤᠰᠤᠨ ᠲᠤᠳᠤᠷᠭ᠎ᠠ ᠶᠢᠨ ᠵᠠᠬᠢᠶᠠᠯᠠᠭ᠎ᠠ ᠶᠢᠨ ᠲᠠᠷᠢᠶᠠᠯᠠᠩ ᠢ ᠲᠠᠭᠠᠭᠤᠯᠤᠨ ᠬᠦᠭᠵᠢᠬᠦᠯᠵᠤ᠂ ᠾᠧ ᠹᠧᠡᠭ ᠬᠤᠳᠠᠯᠳᠤᠨ ᠠᠪᠬᠤ ᠪᠠ ᠪᠤᠷᠤᠯᠠᠭᠤᠯᠬᠤ ᠺᠤᠮᠫᠠᠨᠢ ᠮᠦ ᠪᠦᠷᠢ 1000 ᠵᠢᠩ ᠤᠨ ᠤᠨᠠᠯᠳᠠ ᠪᠠᠷ ᠪᠠᠷᠢᠮᠵᠢᠶ᠎ᠠ ᠪᠤᠯᠭᠠᠨ ᠤᠰᠤᠨ ᠲᠤᠳᠤᠷᠭ᠎ᠠ ᠶᠢ ᠨᠢ ᠬᠤᠷᠢᠶᠠᠨ ᠠᠪᠬᠤ ᠶᠢᠨ ᠬᠠᠮᠳᠤ᠂ ᠬᠤᠳᠠᠯᠳᠤᠨ ᠠᠪᠬᠤ ᠦᠨ᠎ᠡ ᠨᠢ ᠵᠠᠬ᠎ᠠ ᠳᠡᠯᠭᠡᠭᠦᠷ ᠤᠨ ᠠᠳᠠᠯᠢ ᠲᠦᠷᠦᠯ ᠤᠨ ᠪᠦᠳᠦᠭᠡᠭᠳᠡᠭᠦᠨ ᠠᠴᠠ 0.15 ᠲᠦᠭᠦᠷᠢᠭ ᠦᠨᠳᠤᠷ ᠪᠠᠶᠢᠬᠤ ᠶᠢ ᠪᠠᠳᠤᠯᠠᠵᠤ᠂ ᠲᠠᠷᠢᠶᠠᠴᠢᠨ ᠤ ᠮᠦ ᠪᠦᠷᠢ ᠶᠢᠨ ᠠᠰᠢᠭ ᠬᠤᠨᠵᠢᠪᠤᠷᠢ ᠶᠢ 818 ᠲᠦᠭᠦᠷᠢᠭ ᠠᠴᠠ ᠳᠡᠭᠡᠭᠰᠢ ᠪᠠᠶᠢᠯᠭᠠᠵᠤ᠂ ︽ᠬᠠᠷᠢᠯᠴᠠᠨ ᠠᠰᠢᠭᠲᠠᠢ ᠬᠠᠮᠳᠤ ᠪᠠᠷ ᠠᠰᠢᠭ ᠬᠦᠷᠳᠡᠬᠦ︾ ᠲᠠᠷᠢᠶᠠᠴᠢᠨ ᠠᠵᠤ ᠠᠬᠤᠢᠢᠯᠠᠯ ᠤᠨ ᠠᠰᠢᠭ ᠲᠤᠰᠠ ᠶᠢ ᠬᠤᠯᠪᠤᠬᠤ ᠲᠤᠭᠲᠠᠴᠠ ᠶᠢ ᠴᠢᠩᠭᠠᠳᠬᠠᠭᠰᠠᠨ ᠪᠠᠶᠢᠨ᠎ᠠ ᠭᠡᠵᠤ ᠮᠠ ᠯᠢᠶᠠᠨ ᠾᠧ ᠤᠰᠤᠨ ᠲᠤᠳᠤᠷᠭ᠎ᠠ ᠶᠢᠨ ᠲᠤᠰᠬᠠᠢ ᠬᠤᠷᠰᠢᠶ᠎ᠠ ᠶᠢᠨ ᠳᠠᠷᠤᠭ᠎ᠠ ᠵᠠᠩ ᠬᠠᠢ ᠭᠠᠩ ᠰᠤᠷᠪᠤᠯᠵᠢᠯᠠᠭᠴᠢ ᠳᠤ ᠶᠠᠷᠢᠵᠤ ᠪᠠᠶᠢᠯ᠎ᠠ᠃      ᠬᠤᠷᠴᠢᠨ ᠵᠡᠭᠦᠨ ᠭᠠᠷᠤᠨ ᠬᠤᠶᠢᠳᠤ ᠬᠤᠰᠢᠭᠤ ᠰᠤᠩᠭᠠᠷᠢ ᠮᠦᠷᠡᠨ ᠪᠤᠯᠤᠨ ᠯᠢᠶᠤᠤ ᠡᡁᠧ ᠭᠤᠤᠯ ᠤᠨ ᠰᠠᠪᠠ ᠭᠠᠵᠠᠷ ᠪᠠ ᠬᠤᠷᠴᠢᠨ ᠤ ᠡᠯᠡᠰᠦᠷᠭᠡᠭ ᠭᠠᠵᠠᠷ ᠤᠨ ᠵᠠᠭᠠᠭ ᠲᠤ ᠪᠠᠶᠢᠷᠢᠰᠢᠨ᠂ ᠳᠠᠷᠢᠶᠠᠨ ᠭᠠᠵᠠᠷ ᠤᠨ ᠳᠠᠯᠠᠪᠠᠢ 386 ᠲᠦᠮᠡᠨ ᠮᠦ ᠪᠠᠶᠢᠵᠤ᠂ ᠳᠠᠷᠢᠮᠠᠯ ᠤᠨ ᠶᠡᠷᠦᠩᠬᠡᠢ ᠤᠨᠠᠯᠳᠠ ᠨᠢ ᠵᠢᠯ ᠳᠤ 30 ᠳ᠋ᠦᠩᠰᠢᠭᠤᠷ ᠵᠢᠩ ᠳᠤ ᠬᠦᠷᠴᠦ᠂ ᠪᠦᠬᠦ ᠤᠯᠤᠰ ᠤᠨ ᠠᠮᠤ ᠪᠤᠳᠠᠭ᠎ᠠ ᠦᠢᠯᠡᠳᠪᠦᠷᠢᠯᠡᠬᠦ ᠲᠤᠮᠤ ᠬᠤᠰᠢᠭᠤ ᠪᠠᠶᠢᠵᠤ᠂ ᠦᠪᠦᠷ ᠮᠤᠩᠭᠤᠯ ᠤᠨ ᠰᠢᠯᠢᠳᠡᠭ ᠪᠦᠬᠡᠷᠡᠩᠬᠡᠢ ᠲᠤᠳᠤᠷᠭ᠎ᠠ ᠶᠢᠨ ᠴᠢᠬᠤᠯᠠ ᠰᠠᠭᠤᠷᠢᠨ᠂ ᠪᠦᠬᠦ ᠤᠯᠤᠰ ᠤᠨ ᠪᠤᠬᠢᠷᠳᠤᠯ ᠦᠭᠡᠢ ᠢᠳᠡᠭᠡᠨ ︵ᠤᠰᠤᠨ ᠳᠤᠳᠤᠷᠭ᠎ᠠ︶᠎ ᠤ ᠦᠢᠯᠡᠳᠪᠦᠷᠢᠯᠡᠯ ᠤᠨ ᠪᠠᠷᠢᠮᠵᠢᠶᠠᠳᠤ ᠰᠠᠭᠤᠷᠢᠨ ᠪᠤᠯᠵᠤ᠂ 2017 ᠤᠨ ᠤ 5 ᠰᠠᠷ᠎ᠠ ᠳᠤ ᠤᠯᠤᠰ ᠤᠨ ᠶᠠᠰᠤ ᠴᠢᠨᠠᠷ ᠢ ᠬᠢᠨᠠᠨ ᠪᠠᠶᠢᠴᠠᠭᠠᠬᠤ ᠶᠡᠷᠦᠩᠬᠡᠢ ᠲᠤᠪᠴᠢᠶ᠎ᠠ ᠠᠴᠠ ᠬᠤᠷᠴᠢᠨ ᠵᠡᠭᠦᠨ ᠭᠠᠷᠤᠨ ᠬᠤᠶᠢᠳᠤ ᠬᠤᠰᠢᠭᠤᠨ ᠤ ᠤᠰᠤᠨ ᠳᠤᠳᠤᠷᠭ᠎ᠠ ᠶᠢ ︽ᠤᠯᠤᠰ ᠤᠨ ᠭᠠᠵᠠᠷ ᠵᠦᠢ ᠶᠢᠨ ᠢᠯᠡᠷᠬᠡᠶᠢᠯᠡᠯᠲᠦ ᠬᠠᠮᠠᠭᠠᠯᠠᠯᠳᠠ ᠶᠢᠨ ᠦᠢᠯᠡᠳᠭᠦᠨ︾᠎ ᠢᠶᠠᠷ ᠪᠠᠳᠤᠯᠠᠬᠰᠠᠨ ᠪᠠᠶᠢᠨ᠎ᠠ᠃      ᠤᠳᠤᠬᠠᠨ ᠳᠤ ᠲᠤᠰ ᠬᠤᠰᠢᠭᠤ ᠰᠤᠨᠳᠤᠤ ᠰᠤᠮᠤ᠂ ᠶᠢᠨ ᠪᠤᠤ ᠲᠦᠨ ᠪᠠᠯᠭᠠᠰᠤ ᠪᠠᠷ ᠭᠤᠤᠯᠳᠠᠯᠭ᠎ᠠ ᠪᠤᠯᠭᠠᠨ᠂ ᠪᠤᠬᠢᠷᠳᠤᠯ ᠦᠭᠡᠢ ᠤᠰᠤᠨ ᠲᠤᠳᠤᠷᠭ᠎ᠠ ᠶᠢ ᠪᠠᠷᠢᠮᠵᠢᠶᠠᠵᠢᠭᠤᠯᠵᠤ ᠲᠠᠷᠢᠬᠤ ᠰᠠᠭᠤᠷᠢᠨ ᠢ 32 ᠲᠦᠮᠡᠨ ᠮᠦ᠂ ᠤᠷᠭᠠᠨᠢᠭ ᠤᠰᠤᠨ ᠲᠤᠳᠤᠷᠭ᠎ᠠ ᠪᠠᠷᠢᠮᠵᠢᠶᠠᠵᠢᠭᠤᠯᠵᠤ ᠲᠠᠷᠢᠬᠤ ᠰᠠᠭᠤᠷᠢᠨ ᠢ 2 ᠲᠦᠮᠡᠨ ᠮᠦ ᠪᠦᠳᠦᠭᠡᠨ ᠪᠠᠶᠢᠭᠤᠯᠵᠤ᠂ ᠳᠤᠰᠬᠠᠢ ᠮᠡᠷᠭᠡᠵᠢᠯᠳᠡᠳ ᠤᠨ ᠲᠦᠰᠦᠬᠡᠯᠡᠬᠦ ᠪᠠᠷ᠂ 2018 ᠤᠨ ᠤ ᠤᠰᠤᠨ ᠳᠤᠳᠤᠷᠭ᠎ᠠ ᠶᠢᠨ ᠤᠨᠠᠯᠳᠠ ᠨᠢ ᠮᠦ ᠪᠦᠷᠢ ᠳᠡᠭᠡᠨ 1100 ᠵᠢᠩ ᠳᠤ ᠬᠦᠷᠴᠦ᠂ ᠨᠡᠶᠢᠳᠡ 3.5 ᠳ᠋ᠦᠩᠰᠢᠭᠤᠷ ᠵᠢᠩ ᠤᠰᠤᠨ ᠳᠤᠳᠤᠷᠭ᠎ᠠ ᠬᠤᠷᠢᠶᠠᠬᠤ ᠪᠤᠯᠤᠨ᠎ᠠ᠃ ᠤᠯᠠᠨ ᠵᠢᠯ ᠤᠨ ᠲᠤᠷᠰᠢ ᠤᠰᠤᠨ ᠳᠤᠳᠤᠷᠭ᠎ᠠ ᠶᠢᠨ ᠳᠠᠯᠠᠪᠠᠢ ᠬᠢᠬᠡᠳ ᠶᠡᠷᠦᠩᠬᠡᠢ ᠤᠨᠠᠯᠳᠠ ᠨᠢ ᠪᠦᠬᠦ ᠤᠷᠤᠨ ᠤ ᠬᠤᠰᠢᠭᠤ ᠰᠢᠶᠠᠨ ᠳᠤ ᠲᠦᠷᠦᠭᠦᠯᠡᠵᠦ ᠪᠤᠢ᠃ ᠲᠤᠰ ᠬᠤᠰᠢᠭᠤ ︽ᠠᠵᠤ ᠠᠬᠤᠢᠢᠯᠠᠯ + ᠬᠤᠷᠰᠢᠶ᠎ᠠ + ᠳᠠᠷᠢᠶᠠᠴᠢᠨ ᠡᠷᠦᠭᠡ︾᠎ ᠶᠢᠨ ᠵᠠᠭᠪᠤᠷ ᠢᠶᠠᠷ ᠳᠠᠮᠵᠢᠭᠤᠯᠵᠤ᠂ ᠮᠠᠯᠴᠢᠨ ᠲᠠᠷᠢᠶᠠᠴᠢᠨ ᠢ ᠵᠤᠬᠢᠶᠠᠨ ᠪᠠᠶᠢᠭᠤᠯᠵᠤ ︽ᠨᠢᠭᠡᠳᠤᠯᠲᠠᠢ ᠮᠡᠷᠭᠡᠵᠢᠯ ᠤᠨ ᠵᠢᠯᠤᠭᠤᠳᠤᠯᠭ᠎ᠠ᠂ ᠪᠦᠳᠦᠭᠡᠭᠳᠡᠬᠦᠨ ᠢ ᠨᠢᠭᠡᠳᠤᠯᠲᠠᠢ ᠬᠤᠳᠠᠯᠳᠤᠨ ᠠᠪᠬᠤ᠂ ᠨᠢᠭᠡᠳᠤᠯᠲᠠᠢ ᠡᠳ᠋ᠰᠢᠭᠦᠯᠵᠦ ᠪᠤᠭᠤᠳᠠᠯᠯᠠᠬᠤ᠂ ᠲᠦᠷᠦᠯ ᠲᠡᠮᠳᠡᠭ ᠢ ᠵᠠᠬ᠎ᠠ ᠳᠡᠯᠭᠡᠬᠦᠷ ᠲᠤ ᠨᠢᠭᠡᠳᠤᠯᠲᠠᠢ ᠭᠠᠷᠭᠠᠬᠤ︾ ᠲᠠᠷᠢᠶᠠᠯᠠᠩ ᠤᠨ ᠠᠵᠤ ᠦᠢᠯᠡᠰᠵᠢᠭᠰᠡᠨ ᠡᠵᠡᠩᠨᠡᠯᠲᠠ ᠶᠢᠨ ᠵᠠᠮ ᠢᠶᠠᠷ ᠵᠠᠮᠨᠠᠪᠠ᠃      ᠬᠤᠷᠴᠢᠨ ᠵᠡᠭᠦᠨ ᠭᠠᠷᠤᠨ ᠬᠤᠶᠢᠳᠤ ᠬᠤᠰᠢᠭᠤ ᠤᠷᠤᠨ ᠨᠤᠳᠤᠬ ᠤᠨ ᠪᠤᠳᠠᠳᠤ ᠪᠠᠶᠢᠳᠠᠯ ᠳᠠᠭᠠᠨ ᠰᠠᠭᠤᠷᠢᠯᠠᠵᠤ᠂ ᠪᠠᠶᠢᠭᠠᠯᠢᠯᠢᠭ᠂ ᠪᠤᠬᠢᠷᠳᠤᠯ ᠦᠭᠡᠢ ᠭᠠᠵᠠᠷ ᠰᠢᠷᠤᠢ ᠶᠢᠨ ᠲᠠᠪᠠᠭᠤᠯᠢᠭ ᠢᠶᠠᠨ ᠭᠦᠢᠴᠡᠳ ᠠᠰᠢᠬᠯᠠᠨ᠂ ᠰᠤᠡᠳᠤᠦ ᠤᠰᠤᠨ ᠴᠦᠬᠦᠷᠦᠮ ᠪᠤᠯᠤᠨ ᠰᠠᠨ ᠪᠠ ᠤᠰᠤᠨ ᠴᠦᠬᠦᠷᠦᠮ ᠤᠨ ᠪᠠᠶᠢᠭᠠᠯᠢᠯᠢᠭ ᠤᠰᠤᠨ ᠰᠤᠷᠪᠤᠯᠵᠢ ᠵᠢᠴᠢ ᠮᠠ ᠯᠢᠶᠠᠨ ᠾᠧ ᠤᠰᠤᠨ ᠳᠤᠳᠤᠷᠭ᠎ᠠ ᠳᠠᠷᠢᠵᠤ ᠤᠷᠭᠤᠭᠤᠯᠬᠤ ᠬᠤᠷᠰᠢᠶ᠎ᠠ ᠶᠢᠨ ᠨᠡᠷᠡᠳᠤ ᠲᠡᠮᠳᠡᠭ ᠲᠦᠷᠦᠯ ᠳᠡᠮᠳᠡᠭ ᠤᠨ ᠳᠠᠪᠠᠭᠤᠯᠢᠭ ᠲᠤ ᠲᠦᠰᠢᠭᠯᠡᠨ᠂ ︽ᠮᠠ ᠯᠢᠶᠠᠨ ᠾᠧ︾ ᠰᠤᠨᠳᠤᠤ ᠪᠤᠬᠢᠷᠳᠤᠯ ᠦᠭᠡᠢ ᠲᠤᠳᠤᠷᠭ᠎ᠠ ᠵᠡᠷᠭᠡ ᠠᠮᠤ ᠪᠤᠳᠠᠭᠠᠨ ᠤ ᠪᠦᠳᠦᠭᠡᠭᠳᠡᠬᠦᠨ ᠤ ᠨᠡᠷᠡᠲᠦ ᠲᠡᠮᠲᠡᠭ ᠢ ᠠᠰᠢᠬᠯᠠᠨ᠂ ᠬᠡᠪᠴᠢᠶᠡᠵᠢᠬᠦᠯᠬᠦ᠂ ᠪᠠᠷᠢᠮᠵᠢᠶᠠᠵᠢᠭᠤᠯᠬᠤ᠂ ᠤᠳᠤᠬᠢᠴᠢᠯᠠᠬᠤ ᠪᠠᠷ ᠬᠠᠷᠠᠯᠲᠠ ᠪᠤᠯᠭᠠᠵᠤ᠂ ︽ᠠᠵᠤ ᠠᠬᠤᠢᠢᠯᠠᠯ + ᠬᠤᠷᠰᠢᠶ᠎ᠠ + ᠳᠠᠷᠢᠶᠠᠴᠢᠨ ᠡᠷᠦᠭᠡ︾᠎ ᠶᠢᠨ ᠠᠵᠤ ᠦᠢᠯᠡᠰ ᠤᠨ ᠡᠵᠡᠩᠨᠡᠯᠲᠠ ᠶᠢᠨ ᠵᠠᠬᠪᠤᠷ ᠢ ᠬᠡᠷᠡᠭᠵᠢᠬᠦᠯᠵᠤ᠂ ᠵᠠᠬ᠎ᠠ ᠳᠡᠯᠭᠡᠬᠦᠷ ᠤᠨ ᠬᠠᠨᠭ᠍ᠭᠠᠯᠭ᠎ᠠ ᠬᠡᠷᠡᠭᠴᠡᠭᠡ ᠶᠢ ᠦᠷᠭᠡᠳᠭᠡᠵᠤ᠂ ᠮᠠᠯᠴᠢᠨ ᠲᠠᠷᠢᠶᠠᠴᠢᠨ ᠤ ᠤᠰᠤᠨ ᠲᠤᠳᠤᠷᠭ᠎ᠠ ᠲᠠᠷᠢᠬᠤ ᠠᠰᠢᠭ ᠤᠷᠤᠯᠭ᠎ᠠ ᠶᠢ ᠦᠨᠡᠨ ᠬᠦ ᠳᠡᠭᠡᠭᠰᠢᠯᠡᠭᠦᠯᠵᠠᠢ᠃ ᠲᠤᠰ ᠬᠤᠰᠢᠭᠤ ᠠᠵᠤ ᠠᠬᠤᠢᠢᠯᠠᠯ ᠢ ᠵᠤᠷᠢᠭᠵᠢᠭᠤᠯᠤᠨ ︽ᠬᠤᠪᠢ ᠤᠷᠤᠭᠤᠯᠬᠤ ᠳᠦᠷᠢᠮ᠂ ᠵᠠᠬᠢᠶᠠᠯᠠᠭ᠎ᠠ ᠪᠠᠷ ᠤᠷᠤᠯᠭ᠎ᠠ ᠶᠢ ᠪᠠᠳᠤᠯᠠᠬᠤ᠂ ᠭᠡᠷ᠎ᠡ ᠶᠢᠨ ᠦᠨ᠎ᠡ ᠪᠠᠷ ᠬᠤᠳᠠᠯᠳᠤᠨ ᠠᠪᠬᠤ᠂ ᠬᠤᠶᠠᠳᠡᠬᠢ ᠤᠳᠠᠭ᠎ᠠ ᠠᠰᠢᠭ ᠤᠯᠵᠠᠪᠤᠷᠢ ᠪᠠᠨ ᠬᠤᠪᠢᠶᠠᠷᠢᠯᠠᠬᠤ︾ ᠵᠡᠷᠭᠡ ᠠᠷᠭ᠎ᠠ ᠬᠡᠯᠪᠡᠷᠢ ᠪᠠᠷ ᠳᠠᠷᠢᠶᠠᠴᠢᠳ ᠤᠨ ᠳᠤᠰᠬᠠᠢ ᠬᠤᠷᠰᠢᠶ᠎ᠠ ᠲᠠᠢ ᠬᠠᠮᠵᠢᠯᠴᠠᠭᠤᠯᠵᠤ᠂ ᠲᠠᠷᠢᠶᠠᠨ ᠭᠠᠵᠠᠷ ᠠᠴᠠ ᠬᠤᠭᠤᠯᠠᠨ ᠰᠢᠷᠡᠭᠡᠨ ᠳᠤ ᠬᠦᠷᠳᠡᠯᠡᠬᠢ ᠪᠦᠬᠦ ᠶᠠᠪᠤᠴᠠ ᠳᠤ ᠶᠠᠰᠤ ᠴᠢᠨᠠᠷ ᠤᠨ ᠠᠮᠤᠷ ᠳᠦᠪᠰᠢᠨ ᠢ ᠬᠢᠨᠠᠨ ᠡᠵᠡᠮᠳᠡᠬᠦ ᠳᠦᠷᠢᠮ ᠢ ᠬᠡᠷᠡᠭᠵᠢᠭᠦᠯᠵᠤ᠂ ᠲᠤᠳᠤᠷᠭ᠎ᠠ ᠶᠢᠨ ᠶᠠᠰᠤ ᠴᠢᠨᠠᠷ ᠢᠶᠠᠨ ᠪᠦᠬᠦ ᠳᠠᠯ᠎ᠡ ᠪᠠᠷ ᠲᠡᠭᠡᠭᠰᠢᠯᠡᠭᠦᠯᠦᠭᠰᠡᠨ ᠪᠠᠶᠢᠨ᠎ᠠ᠃      ᠳᠤᠳᠤᠷᠭ᠎ᠠ ᠶᠢᠨ ᠰᠢᠮ᠎ᠡ ᠠᠴᠠ ᠵᠢᠷᠭᠠᠯ ᠤᠨᠳᠤᠷᠤᠨ᠂ ᠨᠠᠮᠤᠷ ᠤᠨ ᠬᠤᠷᠢᠶᠠᠯᠳᠠ ᠠᠴᠠ ᠬᠦᠰᠡᠯ ᠵᠢᠭᠦᠷᠯᠡᠨ᠎ᠡ᠃ ᠲᠠᠪᠤᠨ ᠲᠠᠷᠢᠶ᠎ᠠ ᠡᠯᠪᠡᠭ ᠬᠤᠷᠢᠶᠠᠵᠤ᠂ ᠲᠦᠷᠦ ᠲᠦᠪᠰᠢᠨ ᠲᠦᠮᠡᠨ ᠠᠮᠤᠭᠤᠯᠠᠩ ᠪᠠᠶᠢᠬᠤ ᠪᠠᠶᠠᠷ ᠵᠢᠷᠭᠠᠯ ᠤᠨ ᠵᠢᠷᠤᠭᠯᠠᠯ ᠬᠤᠷᠴᠢᠨ ᠤ ᠳᠠᠯ᠎ᠠ ᠨᠤᠳᠤᠭ ᠲᠤ ᠳᠡᠯᠭᠡᠭᠳᠡᠨ᠎ᠡ ᠁
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号