ᠰᠢ ᠶᠢᠨ ᠫᠢᠩ᠄ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠢ ᠰᠡᠷᠬᠡᠶᠢᠯᠡᠨ ᠵᠠᠰᠠᠬᠤ ᠴᠢᠳᠠᠪᠤᠷᠢ ᠶᠢ ᠪᠦᠬᠦ ᠬᠦᠴᠦᠨ ᠢᠶᠠᠷ ᠳᠡᠬᠡᠭᠰᠢᠯᠡᠬᠦᠯᠵᠥ ᠰᠧᠴᠤᠸᠠᠨ ᠠᠴᠠ ᠳᠦᠪᠡᠳ ᠬᠦᠷᠬᠦ ᠳᠡᠮᠤᠷ ᠵᠠᠮ ᠤᠨ ᠳᠦᠯᠦᠪᠵᠢᠬᠦᠯᠬᠡ ᠪᠦᠳᠦᠬᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠡᠬᠢᠯᠡᠬᠦᠯᠤᠨ᠎ᠡ
2018-10-11 11:47:37
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
          ᠯᠢ ᠺᠧ ᠴᠢᠶᠠᠩ ᠸᠠᠩ ᠬᠤ᠋ ᠨᠢᠩ ᠬᠠᠨ ᠵᠧᠩ ᠤᠷᠤᠯᠴᠠᠵᠠᠢ              ᠰᠢᠨᠬᠤᠸᠠ ᠬᠤᠷᠢᠶᠠᠨ ᠤ ᠪᠡᠬᠡᠵᠢᠩ ᠤᠨ 10 ᠰᠠᠷ᠎ᠠ ᠶᠢᠨ 10᠎ ᠤ ᠴᠠᠬᠢᠯᠭᠠᠨ ᠮᠡᠳᠡᠭᠡ ᠨᠠᠮ ᠤᠨ ᠳᠦᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠳᠡᠷᠢᠬᠦᠯᠡᠭᠴᠢ᠂ ᠳᠦᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠳᠡᠷᠢᠬᠦᠯᠡᠭᠴᠢ᠂ ᠳᠦᠪ ᠤᠨ ᠡᠳ᠋ ᠤᠨ ᠵᠠᠰᠠᠭ ᠠᠵᠥ ᠠᠬᠤᠢ ᠶᠢᠨ ᠵᠦᠪᠯᠡᠯ ᠤᠨ ᠡᠷᠬᠢᠯᠡᠭᠴᠢ ᠰᠢ ᠶᠢᠨ ᠫᠢᠩ 10 ᠰᠠᠷ᠎ᠠ ᠶᠢᠨ 10᠎ ᠤ ᠦᠳᠡ ᠶᠢᠨ ᠬᠤᠶᠢᠨ᠎ᠠ ᠳᠦᠪ ᠤᠨ ᠡᠳ᠋ ᠤᠨ ᠵᠠᠰᠠᠬ ᠠᠵᠥ ᠠᠬᠤᠢ ᠶᠢᠨ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠥ᠂ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠢ ᠰᠡᠷᠬᠡᠶᠢᠯᠡᠨ ᠵᠠᠰᠠᠬᠤ ᠴᠢᠳᠠᠪᠤᠷᠢ ᠶᠢ ᠳᠡᠬᠡᠭᠰᠢᠯᠡᠬᠦᠯᠬᠦ ᠪᠠ ᠰᠧᠴᠤᠸᠠᠨ ᠠᠴᠠ ᠳᠦᠪᠡᠳ ᠬᠦᠷᠬᠦ ᠳᠡᠮᠤᠷ ᠵᠠᠮ ᠤᠨ ᠳᠦᠯᠦᠪᠵᠢᠬᠦᠯᠬᠡ ᠪᠠ ᠪᠦᠳᠦᠬᠡᠨ ᠪᠠᠶᠢᠭᠤᠯᠤᠯᠳᠠ ᠶᠢᠨ ᠠᠰᠠᠭᠤᠳᠠᠯ ᠢ ᠰᠤᠳᠤᠯᠪᠠ᠃ ᠰᠢ ᠶᠢᠨ ᠫᠢᠩ ᠬᠤᠷᠠᠯ ᠳᠡᠬᠡᠷ᠎ᠡ ᠴᠢᠬᠤᠯᠠ ᠶᠠᠷᠢᠶ᠎ᠠ ᠳᠠᠯᠪᠢᠵᠥ᠂ ᠪᠠᠶᠢᠭᠠᠯᠢ ᠶᠢᠨ ᠭᠠᠮᠰᠢᠭ ᠢ ᠰᠡᠷᠬᠡᠶᠢᠯᠡᠨ ᠵᠠᠰᠠᠬᠤ ᠶᠢ ᠴᠢᠩᠭᠠᠳᠬᠠᠬᠤ ᠨᠢ ᠤᠯᠤᠰ ᠤᠨ ᠪᠤᠲᠤᠯᠭ᠎ᠠ ᠠᠷᠠᠳ ᠤᠨ ᠠᠮᠢᠳᠤᠷᠠᠯ ᠳᠤ ᠬᠤᠯᠪᠤᠬᠳᠠᠬᠤ ᠶᠤᠮ᠂ ᠦᠨᠳᠦᠷ ᠦᠷ᠎ᠡ ᠪᠦᠳᠦᠮᠵᠢᠳᠡᠢ ᠰᠢᠨᠵᠢᠯᠡᠬᠦ ᠤᠬᠠᠭᠠᠨᠴᠢ ᠪᠦᠬᠦᠢ ᠪᠠᠶᠢᠭᠠᠯᠢ ᠶᠢᠨ ᠭᠠᠮᠰᠢᠭ ᠢ ᠰᠡᠷᠬᠡᠶᠢᠯᠡᠨ ᠵᠠᠰᠠᠬᠤ ᠰᠢᠰᠲ᠋ᠧᠮ ᠢ ᠪᠠᠶᠢᠭᠤᠯᠵᠥ᠂ ᠪᠦᠬᠦ ᠨᠡᠶᠢᠬᠡᠮ ᠤᠨ ᠪᠠᠶᠢᠭᠠᠯᠢ ᠶᠢᠨ ᠭᠠᠮᠰᠢᠭ ᠢ ᠰᠡᠷᠬᠡᠶᠢᠯᠡᠨ ᠵᠠᠰᠠᠬᠤ ᠴᠢᠳᠠᠪᠤᠷᠢ ᠶᠢ ᠳᠡᠬᠡᠭᠰᠢᠯᠡᠬᠦᠯᠵᠥ᠂ ᠠᠷᠠᠳ ᠤᠯᠠᠨ ᠤ ᠠᠮᠢ ᠨᠠᠰᠤ ᠡᠳ᠋ ᠬᠦᠷᠦᠩᠬᠡ ᠶᠢᠨ ᠠᠮᠤᠷ ᠳᠦᠪᠰᠢᠨ ᠪᠤᠯᠤᠨ ᠤᠯᠤᠰ ᠤᠨ ᠠᠮᠤᠷ ᠳᠦᠪᠰᠢᠨ ᠢ ᠬᠠᠮᠠᠭᠠᠯᠠᠬᠤ ᠳᠤ ᠬᠦᠴᠦᠨ ᠪᠦᠬᠦᠢ ᠪᠠᠳᠤᠯᠠᠭ᠎ᠠ ᠬᠠᠩᠭᠠᠬᠤ ᠬᠡᠷᠡᠭᠳᠡᠢ︔ ᠰᠧᠴᠤᠸᠠᠨ ᠠᠴᠠ ᠳᠦᠪᠡᠳ ᠬᠦᠷᠬᠦ ᠳᠡᠮᠤᠷ ᠵᠠᠮ ᠢ ᠳᠦᠯᠦᠪᠵᠢᠬᠦᠯᠦᠨ ᠪᠦᠳᠦᠬᠡᠨ ᠪᠠᠶᠢᠭᠤᠯᠬᠤ ᠨᠢ ᠤᠯᠤᠰ ᠤᠨ ᠤᠷᠲᠤ ᠤᠳᠠᠭᠠᠨ ᠠᠮᠤᠷ ᠳᠦᠪᠰᠢᠨ ᠪᠠᠶᠢᠬᠤ ᠪᠠ ᠳᠦᠪᠡᠳ ᠤᠨ ᠠᠵᠥ ᠠᠬᠤᠢ ᠨᠡᠶᠢᠬᠡᠮ ᠤᠨ ᠬᠦᠭᠵᠢᠯᠳᠡ ᠳᠤ ᠴᠢᠬᠤᠯᠠ ᠶᠡᠭᠡ ᠪᠦᠬᠡᠳ ᠠᠯᠤᠰ ᠬᠡᠳᠤ ᠶᠢᠨ ᠠᠴᠢ ᠬᠤᠯᠪᠤᠬᠳᠠᠯ ᠲᠠᠢ ᠶᠤᠮ᠂ ᠡᠷᠬᠡᠪᠰᠢ ᠡᠨᠡ ᠬᠦ ᠳᠤᠮᠤ ᠶᠠᠪᠤᠳᠠᠯ ᠢ ᠰᠠᠶᠢᠳᠤᠷ ᠬᠢᠵᠥ ᠪᠦᠳᠦᠬᠡᠬᠦ ᠬᠡᠷᠡᠭᠳᠡᠢ ᠬᠡᠵᠥ ᠴᠢᠬᠤᠯᠠᠴᠢᠯᠠᠪᠠ᠃      ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ᠂ ᠳᠦᠪ ᠤᠨ ᠡᠳ᠋ ᠤᠨ ᠵᠠᠰᠠᠬ ᠠᠵᠥ ᠠᠬᠤᠢ ᠶᠢᠨ ᠵᠦᠪᠯᠡᠯ ᠤᠨ ᠳᠡᠳ᠋ ᠡᠷᠬᠢᠯᠡᠭᠴᠢ ᠯᠢ ᠺᠧ ᠴᠢᠶᠠᠩ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠪ ᠤᠨ ᠱᠦᠵᠢ ᠨᠠᠷ ᠤᠨ ᠭᠠᠵᠠᠷ ᠤᠨ ᠱᠦᠵᠢ᠂ ᠳᠦᠪ ᠤᠨ ᠡᠳ᠋ ᠤᠨ ᠵᠠᠰᠠᠬ ᠠᠵᠥ ᠠᠬᠤᠢ ᠶᠢᠨ ᠵᠦᠪᠯᠡᠯ ᠤᠨ ᠬᠡᠰᠢᠬᠦᠨ ᠸᠠᠩ ᠬᠤ᠋ ᠨᠢᠩ᠂ ᠨᠠᠮ ᠤᠨ ᠳᠦᠪ ᠬᠤᠷᠢᠶᠠᠨ ᠤ ᠤᠯᠤᠰ ᠳᠦᠷᠦ ᠶᠢᠨ ᠳᠤᠪᠴᠢᠶ᠎ᠠ ᠶᠢᠨ ᠪᠠᠶᠢᠩᠭᠤ ᠶᠢᠨ ᠬᠡᠰᠢᠬᠦᠨ᠂ ᠳᠦᠷᠦ ᠶᠢᠨ ᠶᠠᠪᠤᠳᠠᠯ ᠤᠨ ᠬᠤᠷᠢᠶᠠᠨ ᠤ ᠳᠡᠳ᠋ ᠶᠡᠷᠦᠩᠬᠡᠢ ᠰᠠᠶᠢᠳ᠂ ᠳᠦᠪ ᠤᠨ ᠡᠳ᠋ ᠤᠨ ᠵᠠᠰᠠᠬ ᠠᠵᠥ ᠠᠬᠤᠢ ᠶᠢᠨ ᠵᠦᠪᠯᠡᠯ ᠤᠨ ᠬᠡᠰᠢᠬᠦᠨ ᠬᠠᠨ ᠵᠧᠩ ᠬᠤᠷᠠᠯ ᠳᠤ ᠤᠷᠤᠯᠴᠠᠪᠠ᠃      ᠬᠤᠷᠠᠯ ᠠᠴᠠ ᠤᠯᠤᠰ ᠤᠨ ᠬᠦᠭᠵᠢᠬᠦᠯᠤᠯᠳᠠ ᠪᠠ ᠦᠬᠡᠷᠡᠴᠢᠯᠡᠯᠳᠡ ᠶᠢᠨ ᠵᠦᠪᠯᠡᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠳᠠ ᠶᠢᠨ ᠶᠠᠮᠤᠨ᠂ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ᠂ ᠤᠰᠤᠨ ᠠᠰᠢᠬᠯᠠᠯᠳᠠ ᠶᠢᠨ ᠶᠠᠮᠤᠨ᠂ ᠰᠢᠨᠵᠢᠯᠡᠬᠦ ᠤᠬᠠᠭᠠᠨ ᠮᠡᠷᠬᠡᠵᠢᠯ ᠤᠨ ᠶᠠᠮᠤᠨ ᠪᠤᠯᠤᠨ ᠳᠤᠮᠳᠠᠳᠤ ᠤᠯᠤᠰ ᠤᠨ ᠳᠡᠮᠤᠷ ᠵᠠᠮ ᠤᠨ ᠶᠡᠷᠦᠩᠬᠡᠢ ᠺᠤᠮᠫᠠᠨᠢ ᠶᠢᠨ ᠬᠠᠷᠢᠭᠤ ᠮᠡᠳᠡᠬᠦᠯᠦᠯᠳᠡ ᠶᠢ ᠰᠤᠨᠤᠰᠴᠠᠢ᠃      ᠬᠤᠷᠠᠯ ᠠᠴᠠ᠂ ᠮᠠᠨ ᠤ ᠤᠯᠤᠰ ᠪᠤᠯ ᠳᠡᠯᠡᠬᠡᠢ ᠳᠡᠭᠡᠷᠡᠬᠢ ᠪᠠᠶᠢᠭᠠᠯᠢ ᠶᠢᠨ ᠭᠠᠮᠰᠢᠭ ᠤᠨ ᠨᠦᠯᠦᠭᠡ ᠬᠠᠮᠤᠭ ᠤᠨ ᠬᠦᠨᠳᠦ ᠨᠤᠴᠢᠲᠠᠢ ᠪᠠᠶᠢᠳᠠᠭ ᠤᠯᠤᠰ ᠤᠨ ᠨᠢᠭᠡ ᠪᠤᠯᠬᠤ ᠶᠤᠮ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠠᠴᠠ ᠨᠠᠭᠠᠰᠢ᠂ ᠨᠠᠮ ᠪᠤᠯᠤᠨ ᠵᠠᠰᠠᠭ ᠤᠨ ᠤᠷᠳᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠮᠠᠨ ᠤ ᠤᠯᠤᠰ ᠤᠨ ᠨᠡᠶᠢᠭᠡᠮ ᠵᠢᠷᠤᠮᠲᠤ ᠪᠠᠶᠢᠭᠤᠯᠤᠯ ᠤᠨ ᠬᠦᠴᠦᠨ ᠢᠶᠠᠨ ᠲᠦᠪᠯᠡᠷᠡᠭᠦᠯᠵᠦ ᠶᠡᠭᠡ ᠶᠠᠪᠤᠳᠠᠯ ᠪᠦᠲᠦᠭᠡᠬᠦ ᠤᠯᠤᠰ ᠲᠦᠷᠦ ᠶᠢᠨ ᠳᠠᠪᠠᠭᠤᠯᠢᠭ ᠢᠶᠠᠨ ᠪᠠᠳᠠᠷᠠᠭᠤᠯᠵᠤ ᠤᠯᠤᠭᠰᠠᠨ ᠭᠠᠮᠰᠢᠭ ᠠᠴᠠ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠦᠷ᠎ᠡ ᠪᠦᠲᠦᠮᠵᠢ ᠳᠡᠯᠡᠬᠡᠢ ᠨᠡᠶᠢᠲᠡ ᠳᠤ ᠮᠡᠳᠡᠷᠡᠭᠳᠡᠭᠰᠡᠨ ᠪᠠᠶᠢᠨ᠎ᠠ᠃ ᠡᠭᠦᠨ ᠤ ᠬᠠᠮᠲᠤ᠂ ᠮᠠᠨ ᠤ ᠤᠯᠤᠰ ᠤᠨ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠡᠷᠦᠩᠭᠡᠢ ᠳᠡᠭᠡᠨ ᠪᠠᠰᠠ ᠬᠠᠷᠢᠴᠠᠩᠭᠤᠢ ᠪᠠᠷ ᠪᠠᠭᠤᠷᠠᠢ ᠪᠠᠶᠢᠭ᠎ᠠ ᠲᠤᠯᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠨᠢ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠮᠦᠨ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠤᠯᠤᠨ ᠤᠯᠤᠰ ᠤᠷᠤᠨ ᠤ ᠠᠮᠤᠷ ᠲᠦᠪᠰᠢᠨ ᠳᠤ ᠬᠤᠯᠪᠤᠭᠲᠠᠬᠤ ᠶᠡᠭᠡ ᠶᠠᠪᠤᠳᠠᠯ ᠪᠤᠯᠬᠤ ᠮᠦᠷᠲᠡᠭᠡᠨ ᠪᠠᠰᠠ ᠮᠠᠨ ᠤ ᠨᠠᠮ ᠤᠨ ᠲᠦᠷᠦ ᠪᠠᠷᠢᠬᠤ ᠴᠢᠳᠠᠪᠤᠷᠢ ᠶᠢᠨ ᠴᠢᠬᠤᠯᠠ ᠶᠡᠭᠡ ᠰᠢᠯᠭᠠᠯᠲᠠ ᠮᠦᠨ ᠪᠤᠯᠬᠤᠷ ᠡᠷᠬᠡᠪᠰᠢ ᠴᠢᠩᠭ᠎ᠠ ᠠᠳᠬᠤᠵᠤ ᠪᠤᠲᠠᠲᠠᠢ ᠠᠳᠬᠤᠬᠤ ᠬᠡᠷᠡᠭᠲᠡᠢ ᠭᠡᠵᠦ ᠵᠢᠭᠠᠵᠤ ᠭᠠᠷᠭᠠᠪᠠ᠃      ᠬᠤᠷᠠᠯ ᠠᠴᠠ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠳᠦᠷᠪᠡᠨ ᠤᠬᠠᠮᠰᠠᠷ︾᠎ ᠢ ᠪᠠᠲᠤ ᠪᠠᠬᠢ ᠪᠤᠢ ᠪᠤᠯᠭᠠᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠬᠤ ᠶᠢᠨ ᠲᠤᠭᠤᠷᠢᠨ ᠳᠤ᠂ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠡᠷᠭᠡᠶᠢᠯᠡᠬᠦ ᠪᠠᠷ ᠭᠤᠤᠯ ᠪᠤᠯᠭᠠᠬᠤ᠂ ᠰᠡᠷᠭᠡᠶᠢᠯᠡᠬᠦ ᠲᠡᠮᠡᠴᠡᠬᠦ ᠠᠪᠤᠷᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠬᠡᠪ ᠤᠨ ᠭᠠᠮᠰᠢᠭ ᠠᠴᠠ ᠠᠪᠤᠷᠠᠬᠤ ᠪᠤᠯᠤᠨ ᠬᠡᠪ ᠤᠨ ᠪᠤᠰᠤ ᠭᠠᠮᠰᠢᠭ ᠠᠴᠠ ᠠᠪᠤᠷᠠᠬᠤ ᠶᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ ᠢ  ᠶᠡᠷᠦᠩᠬᠡᠶᠢᠯᠡᠨ ᠪᠠᠭᠠᠰᠬᠠᠬᠤ᠂ ᠨᠢᠭᠡᠳᠦᠯᠲᠡᠢ ᠲᠦᠯᠦᠪᠵᠢᠭᠦᠯᠦᠨ ᠰᠡᠷᠭᠡᠶᠢᠯᠡᠨ ᠬᠤᠷᠢᠬᠯᠠᠬᠤ ᠶᠢ ᠴᠢᠩᠭᠠᠳᠬᠠᠬᠤ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠳᠤ ᠡᠯ᠎ᠡ ᠲᠠᠯ᠎ᠡ ᠶᠢᠨ ᠬᠢᠨ ᠵᠡᠷᠭᠡ ᠪᠠᠷ ᠠᠳᠬᠤᠵᠤ ᠬᠠᠮᠲᠤ ᠪᠠᠷ ᠬᠠᠮᠢᠶᠠᠷᠤᠭᠰᠠᠨ᠂ ᠵᠤᠬᠢᠴᠠᠯᠳᠤᠨ ᠬᠠᠮᠵᠢᠯᠴᠠᠭᠰᠠᠨ ᠪᠠᠶᠢᠷᠢᠰᠢᠯ ᠢ ᠪᠦᠷᠢᠯᠳᠦᠬᠦᠯᠬᠦ ᠬᠡᠷᠡᠭᠲᠡᠢ︔ ᠬᠦᠮᠦᠨ ᠢᠶᠠᠷ ᠦᠨᠳᠦᠰᠦ ᠪᠤᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨ ᠬᠦ ᠬᠠᠮᠠᠭᠠᠯᠠᠬᠤ ᠬᠡᠷᠡᠭᠲᠡᠢ︔ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠩᠭᠤᠢ ᠤᠷᠤᠰᠢᠬᠤ ᠬᠠᠷᠢᠴᠠᠭ᠎ᠠ ᠶᠢ ᠪᠠᠶᠢᠭᠤᠯᠬᠤ ᠬᠡᠷᠡᠭᠲᠡᠢ︔ ᠰᠡᠷᠭᠡᠶᠢᠯᠡᠬᠦ ᠪᠠᠷ ᠭᠤᠤᠯ ᠪᠤᠯᠭᠠᠬᠤ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠪᠤᠯᠤᠨ ᠬᠤᠬᠢᠷᠠᠯ ᠢ ᠬᠠᠮᠤᠭ ᠤᠨ ᠳᠤᠤᠷ᠎ᠠ ᠬᠡᠮᠵᠢᠶᠡᠨ ᠳᠤ ᠬᠦᠷᠲᠡᠯ᠎ᠡ ᠪᠠᠭᠠᠰᠬᠠᠬᠤ ᠪᠠᠷ ᠴᠢᠷᠮᠠᠶᠢᠬᠤ ᠬᠡᠷᠡᠭᠲᠡᠢ︔ ᠦᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠠᠶᠢᠭᠠᠯᠢ ᠵᠢᠢᠨ ᠭᠠᠮᠰᠢᠭ ᠢ ᠰᠡᠷᠭᠡᠶᠢᠯᠡᠨ ᠵᠠᠰᠠᠬᠤ ᠰᠢᠰᠲ᠋ᠧᠮ ᠪᠤᠯᠤᠨ ᠰᠡᠷᠭᠡᠶᠢᠯᠡᠨ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠬᠡᠷᠡᠭᠲᠡᠢ︔ ᠤᠯᠠᠨ ᠤᠯᠤᠰ ᠤᠨ ᠬᠠᠮᠲᠤᠷᠠᠯᠴᠠᠭ᠎ᠠ ᠶᠢ ᠪᠠᠷᠢᠮᠲᠠᠯᠠᠵᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠶᠢ ᠬᠦᠴᠦ ᠬᠠᠮᠲᠤᠳᠬᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ᠂ ᠵᠠᠩᠭᠢᠯᠠᠭ᠎ᠠ ᠶᠢᠨ ᠬᠦᠷᠢᠶ᠎ᠠ ᠪᠤᠯᠤᠨ ᠪᠠᠭᠤᠷᠠᠢ ᠭᠤᠭᠴᠤᠭ᠎ᠠ ᠳᠤ ᠴᠢᠭᠯᠡᠭᠦᠯᠵᠦ᠂ ᠭᠤᠤᠯᠲᠠᠯᠭ᠎ᠠ ᠲᠠᠢ ᠢᠨᠵᠧᠨᠧᠷᠢᠩ ᠤᠳ ᠤᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠭᠠᠢ ᠭᠠᠮᠰᠢᠭ ᠠᠶᠤᠯ ᠲᠦᠭᠰᠢᠬᠦᠷᠢ ᠶᠢᠨ ᠪᠠᠶᠢᠴᠠᠭᠠᠯᠲᠠ ᠪᠤᠯᠤᠨ ᠭᠤᠤᠯᠲᠠᠯᠭ᠎ᠠ ᠲᠠᠢ ᠲᠠᠯᠲᠠ ᠭᠡᠮ ᠰᠤᠭᠤᠭ ᠢ ᠪᠠᠶᠢᠴᠠᠭᠠᠬᠤ ᠢᠨᠵᠧᠨᠧᠷᠢᠩ ᠢ ᠭᠡᠷᠡᠭᠵᠢᠭᠦᠯᠵᠦ᠂ ᠠᠶᠤᠯ ᠲᠦᠭᠰᠢᠬᠦᠷᠢ ᠶᠢᠨ ᠲᠠᠯᠲᠠ ᠭᠡᠮ ᠰᠤᠭᠤᠭ ᠤᠨ ᠪᠠᠶᠢᠲᠠᠯ ᠢ ᠡᠵᠡᠮᠲᠡᠬᠦ ᠬᠡᠷᠡᠭᠲᠡᠢ︔ ᠠᠮᠢ ᠠᠬᠤᠢ ᠶᠢᠨ ᠴᠢᠲᠠᠮᠵᠢ ᠶᠢᠨ ᠤᠷᠤᠨ ᠤ ᠠᠮᠢ ᠠᠬᠤᠢ ᠶᠢ ᠰᠡᠷᠭᠦᠭᠡᠬᠦ ᠢᠨᠵᠧᠨᠧᠷᠢᠩ ᠢ ᠭᠡᠷᠡᠭᠵᠢᠭᠦᠯᠵᠦ᠂ ᠤᠢ ᠰᠢᠭᠤᠢ᠂ ᠲᠠᠯ᠎ᠠ ᠨᠤᠲᠤᠭ᠂ ᠭᠤᠤᠯ ᠮᠦᠷᠠᠠ ᠨᠠᠭᠤᠷ ᠪᠦᠷᠢᠳᠦ᠂ ᠨᠤᠭᠤ ᠭᠠᠵᠠᠷ᠂ ᠴᠦᠯᠯᠡᠷᠭᠡᠭᠵᠢᠯ᠂ ᠲᠠᠯᠠᠢ ᠲᠠᠩᠭᠢᠰ ᠤᠨ ᠠᠮᠢ ᠠᠬᠤᠢ ᠶᠢᠨ ᠰᠢᠰᠲ᠋ᠧᠮ ᠤᠨ ᠴᠢᠲᠠᠮᠵᠢ ᠶᠢ ᠰᠡᠷᠭᠦᠭᠡᠬᠦ ᠬᠡᠷᠡᠭᠲᠡᠢ︔ ᠲᠠᠯᠠᠢ ᠶᠢᠨ ᠬᠦᠪᠡᠭᠡ ᠤᠷᠤᠨ ᠢ ᠬᠠᠮᠠᠭᠠᠯᠠᠵᠦ ᠰᠡᠷᠭᠦᠭᠡᠬᠦ ᠢᠨᠵᠧᠨᠧᠷᠢᠩ ᠢ ᠭᠡᠷᠡᠭᠵᠢᠭᠦᠯᠵᠦ᠂ ᠠᠮᠢ ᠠᠬᠤᠢ ᠶᠢᠨ ᠲᠠᠯᠠᠢ ᠶᠢᠨ ᠬᠠᠰᠢᠯᠭ᠎ᠠ ᠶᠢ ᠪᠦᠲᠦᠭᠡᠡ ᠪᠠᠶᠢᠭᠤᠯᠵᠦ᠂ ᠲᠠᠯᠠᠢ ᠶᠢᠨ ᠬᠠᠷ᠎ᠠ ᠰᠠᠯᠬᠢ᠂ ᠰᠢᠭᠤᠷᠭ᠎ᠠ ᠵᠡᠷᠭᠡ ᠲᠠᠯᠠᠢ ᠲᠠᠩᠭᠢᠰ ᠤᠨ ᠭᠠᠢ ᠭᠠᠮᠰᠢᠭ ᠢ ᠰᠡᠷᠭᠡᠶᠢᠯᠡᠬᠦ ᠴᠢᠲᠠᠪᠤᠷᠢ ᠶᠢ ᠲᠡᠭᠡᠭᠰᠢᠯᠡᠭᠦᠯᠬᠦ ᠬᠡᠷᠡᠭᠲᠡᠢ︔ ᠬᠢᠯᠪᠠᠷᠬᠠᠠ ᠭᠠᠵᠠᠷ ᠬᠦᠲᠡᠯᠦᠯᠲᠡ ᠡᠭᠦᠰᠬᠦ ᠤᠷᠤᠨ ᠤ ᠭᠡᠷ ᠪᠠᠶᠢᠰᠢᠩ ᠲᠤᠨᠤᠭ ᠲᠦᠬᠦᠭᠡᠷᠦᠮᠵᠢ ᠶᠢ ᠪᠠᠬᠢᠯᠡᠬᠦ ᠢᠨᠵᠧᠨᠧᠷᠢᠩ ᠢ ᠭᠡᠷᠡᠭᠵᠢᠭᠦᠯᠵᠦ᠂ ᠭᠠᠵᠠᠷ ᠬᠦᠲᠡᠯᠦᠯᠲᠡ ᠲᠠᠢ ᠲᠡᠮᠡᠴᠡᠵᠦ ᠭᠠᠢ ᠭᠠᠮᠰᠢᠭ ᠢ ᠰᠡᠷᠭᠡᠶᠢᠯᠡᠬᠦ ᠴᠢᠲᠠᠪᠤᠷᠢ ᠶᠢ ᠲᠡᠭᠡᠭᠰᠢᠯᠡᠭᠦᠯᠬᠦ ᠬᠡᠷᠡᠭᠲᠡᠢ︔ ᠦᠶᠡᠷ ᠤᠰᠤᠲᠤᠯ ᠢ ᠰᠡᠷᠭᠡᠶᠢᠯᠡᠵᠦ ᠭᠠᠩ ᠬᠠᠭᠰᠠᠷᠠᠭᠠᠠ ᠲᠠᠢ ᠲᠡᠮᠡᠴᠡᠬᠦ ᠤᠰᠤᠨ ᠠᠰᠢᠠᠠᠯᠠᠯᠲᠠ ᠶᠢᠨ ᠲᠡᠭᠡᠭᠰᠢᠯᠡᠭᠦᠯᠬᠦ ᠢᠨᠵᠧᠨᠧᠷᠢᠩ ᠢ ᠭᠡᠷᠡᠭᠵᠢᠭᠦᠯᠵᠦ᠂ ᠦᠶᠡᠷ ᠤᠰᠤᠲᠤᠯ ᠲᠠᠢ ᠲᠡᠮᠡᠴᠠᠵᠦ ᠭᠠᠩ ᠬᠠᠭᠰᠠᠷᠠᠭᠠᠠ ᠲᠠᠢ ᠲᠡᠮᠡᠴᠡᠬᠦ ᠢᠨᠵᠧᠨᠧᠷᠢᠩ ᠤᠨ ᠰᠢᠰᠲ᠋ᠧᠮ ᠢ ᠲᠡᠭᠦᠯᠲᠡᠷᠵᠢᠭᠦᠯᠬᠦ ᠬᠡᠷᠡᠭᠲᠡᠢ︔ ᠭᠠᠵᠠᠷ ᠤᠨ ᠭᠠᠢ ᠭᠠᠮᠰᠢᠭ ᠢ ᠶᠡᠷᠦᠩᠭᠡᠶᠢᠯᠡᠡ ᠵᠠᠰᠠᠬᠤ ᠪᠠ ᠠᠶᠤᠯ ᠲᠦᠭᠰᠢᠬᠦᠷᠢ ᠠᠴᠠ ᠵᠠᠶᠢᠯᠠᠭᠤᠯᠬᠤ ᠨᠡᠭᠦᠯᠭᠡᠬᠦ ᠢᠨᠵᠧᠨᠧᠷᠢᠩ ᠢ ᠭᠡᠷᠡᠭᠵᠢᠭᠦᠯᠵᠦ᠂ ︽ᠠᠷᠪᠠᠠ ᠭᠤᠷᠪᠠᠲᠤᠭᠠᠷ ᠲᠠᠪᠤᠨ ᠵᠢᠯ︾᠎ ᠤᠨ ᠭᠠᠵᠠᠷ  ᠤᠨ ᠭᠠᠢ ᠭᠠᠮᠰᠢᠭ ᠠᠶᠤᠯ ᠲᠦᠭᠰᠢᠬᠦᠷᠢ ᠠᠴᠠ ᠵᠠᠶᠢᠯᠠᠭᠤᠯᠬᠤ ᠨᠡᠬᠦᠯᠭᠡᠬᠦ ᠡᠭᠦᠷᠭᠡ ᠶᠢ ᠨᠠᠶᠢᠲᠠᠪᠤᠷᠢᠵᠢᠭᠤᠯᠬᠤ ᠬᠡᠷᠡᠭᠲᠡᠢ︔ ᠪᠠᠴᠢᠮ ᠪᠠᠶᠢᠲᠠᠯ ᠢ ᠠᠷᠭᠠᠴᠠᠬᠤ ᠠᠪᠤᠷᠠᠠ ᠲᠤᠰᠠᠯᠠᠬᠤ ᠲᠦᠪ ᠤᠨ ᠪᠦᠲᠦᠭᠡᠡ ᠪᠠᠶᠢᠭᠤᠯᠤᠯᠲᠠ ᠶᠢᠨ ᠢᠨᠵᠧᠨᠧᠷᠢᠩ ᠢ ᠭᠡᠷᠡᠭᠵᠢᠭᠦᠯᠵᠦ᠂ ᠤᠷᠤᠠ ᠪᠦᠰᠡ ᠶᠢᠨ ᠴᠢᠨᠠᠷ ᠲᠠᠢ ᠪᠠᠴᠢᠮ ᠪᠠᠶᠢᠲᠠᠯ ᠢ ᠠᠷᠭᠠᠴᠬᠠᠤ ᠠᠪᠤᠷᠠᠠ ᠲᠤᠰᠠᠯᠠᠬᠤ ᠲᠦᠪ ᠤᠳ ᠢ ᠪᠦᠲᠦᠭᠡᠡ ᠪᠠᠶᠢᠭᠤᠯᠬᠤ ᠭᠡᠷᠡᠭᠲᠡᠢ︔ ᠪᠠᠶᠢᠭᠠᠯᠢ ᠶᠢᠨ ᠭᠠᠢ ᠭᠠᠮᠰᠢᠭ ᠢ ᠬᠢᠨᠠᠠ ᠬᠡᠮᠵᠢᠵᠦ ᠤᠷᠢᠳᠴᠢᠯᠠᠠ ᠰᠡᠷᠡᠮᠵᠢᠯᠡᠭᠦᠯᠬᠦ ᠮᠡᠲᠡᠭᠡ ᠵᠠᠩᠭᠢᠵᠢᠯᠲᠠ ᠶᠢᠨ ᠢᠨᠵᠧᠨᠧᠷᠢᠩ ᠢ ᠭᠡᠷᠡᠭᠵᠢᠭᠦᠯᠵᠦ᠂ ᠭᠠᠢ ᠭᠠᠮᠰᠢᠭ ᠤᠨ ᠤᠯᠠᠠ ᠲᠦᠷᠦᠯ ᠪᠤᠯᠤᠨ ᠭᠠᠢ ᠭᠠᠮᠰᠢᠭ ᠤᠨ ᠬᠡᠯᠬᠢᠶ᠎ᠠ ᠶᠢ ᠶᠡᠷᠦᠩᠭᠡᠶᠢᠯᠡᠡ ᠬᠢᠨᠠᠠ ᠬᠡᠮᠵᠢᠬᠦ᠂ ᠠᠶᠤᠯ ᠲᠦᠭᠰᠢᠬᠦᠷᠢ ᠶᠢ ᠡᠷᠲᠡ ᠢᠯᠭᠠᠠ ᠲᠠᠨᠢᠬᠤ ᠪᠠ ᠤᠷᠢᠳᠴᠢᠯᠠᠠ ᠮᠡᠲᠡᠭᠡᠯᠡᠵᠦ ᠤᠷᠢᠳᠴᠢᠯᠠᠠ ᠰᠡᠷᠭᠡᠶᠢᠯᠡᠬᠦ ᠴᠢᠲᠠᠪᠤᠷᠢ ᠶᠢ ᠲᠡᠭᠡᠭᠰᠢᠯᠡᠭᠦᠯᠬᠦ ᠭᠡᠷᠡᠭᠲᠡᠢ︔ ᠪᠠᠶᠢᠭᠠᠯᠢ ᠶᠢᠨ ᠭᠠᠢ ᠭᠠᠮᠰᠢᠭ ᠢ ᠰᠡᠷᠭᠡᠶᠢᠯᠡᠨ ᠵᠠᠰᠠᠬᠤ ᠮᠡᠷᠭᠡᠵᠢᠯ ᠲᠤᠨᠤᠭᠯᠠᠯ ᠤᠨ ᠤᠲᠤᠬᠢᠴᠢᠯᠠᠯᠲᠠ ᠶᠢᠨ ᠢᠨᠵᠧᠨᠧᠷᠢᠩ ᠢ ᠭᠡᠷᠡᠭᠵᠢᠭᠦᠯᠵᠦ᠂ ᠵᠠᠩᠭᠢᠯᠠᠭ᠎ᠠ ᠶᠢᠨ ᠮᠡᠷᠭᠡᠵᠢᠯ ᠤᠨ ᠪᠤᠭᠤᠮᠲᠠ ᠰᠢᠪᠲᠤᠯᠤᠯᠲᠠ ᠶᠢᠨ ᠡᠷᠴᠢᠮ ᠢᠶᠠᠨ ᠴᠢᠩᠭᠠᠳᠬᠠᠵᠦ᠂ ᠮᠠᠠ ᠤ ᠤᠯᠤᠰ ᠤᠨ ᠠᠪᠤᠷᠠᠠ ᠲᠤᠰᠠᠯᠠᠬᠤ ᠡᠩᠨᠡᠭᠡ ᠶᠢᠨ ᠲᠤᠰᠬᠠᠢ ᠮᠡᠷᠭᠡᠵᠢᠭᠰᠡᠡ ᠮᠡᠷᠭᠡᠵᠢᠯ ᠤᠨ ᠲᠤᠨᠤᠭᠯᠠᠯ ᠤᠨ ᠲᠦᠪᠰᠢᠨ ᠢ ᠲᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠦ ᠭᠠᠷᠭᠠᠪᠠ᠃      ᠬᠤᠷᠠᠯ ᠠᠴᠠ᠂ ᠰᠧᠴᠤᠸᠠᠠ ᠠᠴᠠ ᠲᠦᠪᠡᠳ ᠬᠦᠷᠬᠦ ᠲᠡᠮᠦᠷ ᠵᠠᠮ ᠢ ᠲᠦᠯᠦᠪᠵᠢᠭᠦᠯᠦᠨ ᠪᠦᠲᠦᠭᠡᠡ ᠪᠠᠶᠢᠭᠤᠯᠬᠤ ᠪᠤᠯ ᠦᠨᠲᠦᠰᠦᠲᠡᠡ ᠤ ᠪᠦᠯᠬᠦᠮᠲᠠᠯ ᠢ ᠠᠬᠢᠭᠤᠯᠬᠤ᠂ ᠡᠭᠡ ᠤᠯᠤᠰ ᠤᠨ ᠨᠢᠭᠡᠲᠦᠯ ᠢ ᠬᠠᠮᠠᠭᠠᠯᠠᠬᠤ᠂ ᠬᠢᠯᠢ ᠬᠢᠵᠠᠭᠠᠷ ᠤᠷᠤᠨ ᠤ ᠲᠤᠭᠲᠠᠭᠤᠨ ᠪᠠᠶᠢᠲᠠᠯ ᠢ ᠪᠠᠬᠢᠵᠢᠭᠦᠯᠬᠦ ᠬᠡᠷᠡᠭᠴᠡᠭᠡ ᠮᠦᠨ᠂ ᠲᠦᠪᠡᠳ ᠤᠨ ᠠᠵᠦ ᠠᠬᠤᠢ ᠨᠡᠶᠢᠭᠡᠮ ᠤᠨ ᠬᠦᠭᠵᠢᠯᠲᠡ ᠶᠢ ᠠᠬᠢᠭᠤᠯᠬᠤ ᠭᠡᠷᠡᠭᠴᠡᠭᠡ ᠮᠦᠨ᠂ ᠨᠠᠮ ᠤᠨ ᠲᠦᠪ ᠬᠤᠷᠢᠶᠠᠠ ᠤ ᠲᠦᠪᠡᠳ ᠢ ᠵᠠᠰᠠᠬᠤ ᠠᠷᠭ᠎ᠠ ᠪᠤᠲᠤᠯᠭ᠎ᠠ ᠶᠢ ᠲᠤᠭᠤᠰᠢᠭᠤᠯᠤᠨ ᠨᠠᠶᠢᠲᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠠ ᠮᠦᠨ᠃ ᠰᠢᠨᠵᠢᠯᠡᠬᠦ ᠤᠬᠠᠭᠠᠠᠴᠢ ᠪᠠᠷ ᠲᠦᠯᠦᠪᠵᠢᠭᠦᠯᠭᠡ ᠬᠢᠬᠦ᠂ ᠮᠡᠷᠭᠡᠵᠢᠯ ᠢᠶᠠᠷ ᠲᠤᠯᠭᠠᠭᠤᠷᠢᠯᠠᠭᠤᠯᠬᠤ᠂ ᠠᠮᠢ ᠠᠬᠤᠢ ᠶᠢ ᠬᠠᠮᠠᠭᠠᠯᠠᠬᠤ᠂ ᠠᠮᠤᠷ ᠲᠦᠪᠰᠢᠨ ᠨᠠᠶᠢᠲᠠᠪᠤᠷᠢᠲᠠᠢ ᠶᠡᠷᠦᠩᠭᠡᠢ ᠰᠡᠳᠭᠢᠴᠡ ᠶᠢ ᠰᠠᠶᠢᠲᠤᠷ ᠡᠵᠡᠮᠲᠡᠡ᠂ ᠨᠢᠭᠡᠲᠦᠯᠲᠠᠢ ᠤᠲᠤᠷᠢᠲᠤᠯᠭ᠎ᠠ ᠶᠢ ᠴᠢᠩᠭᠠᠳᠬᠠᠠ᠂ ᠲᠦᠷᠦᠯ ᠵᠦᠢᠯ ᠤᠨ ᠡᠮᠦᠨᠡᠬᠢ ᠬᠤᠭᠤᠴᠠᠭᠠᠠ ᠤ ᠠᠵᠢᠯ ᠢ ᠰᠠᠶᠢᠲᠤᠷ ᠬᠢᠵᠤ᠂ ᠪᠦᠲᠦᠭᠡᠡ ᠪᠠᠶᠢᠭᠤᠯᠤᠯᠲᠠ ᠡᠵᠡᠩᠨᠡᠯᠲᠡ ᠶᠢᠨ ᠪᠡᠯᠡ ᠮᠦᠩᠭᠦ ᠶᠢᠨ ᠪᠠᠲᠤᠯᠠᠪᠤᠷᠢ ᠶᠢ ᠴᠢᠩᠭᠠᠳᠬᠠᠵᠦ᠂ ︽ᠬᠤᠶᠠᠷ ᠵᠠᠮ︾᠎ ᠤᠨ ᠵᠤᠷᠢᠭ ᠰᠠᠨᠠᠭ᠎ᠠ  ᠪᠤᠯᠤᠨ ᠬᠦᠬᠡᠨᠡᠭᠤᠷ ᠲᠦᠪᠡᠳ ᠤᠨ ᠲᠡᠮᠦᠷ ᠵᠠᠮ ᠤᠨ ᠵᠤᠷᠢᠭ ᠰᠠᠨᠠᠭ᠎ᠠ ᠶᠢ ᠪᠠᠲᠠᠷᠠᠭᠤᠯᠤᠨ᠂ ᠦᠨᠲᠦᠷ ᠡᠬᠢᠯᠡᠯᠲᠡ ᠶᠢᠨ ᠴᠡᠭ ᠦᠨᠲᠦᠷ ᠪᠠᠷᠢᠮᠵᠢᠶ᠎ᠠ ᠦᠨᠲᠦᠷ ᠶᠠᠰᠤ ᠴᠢᠨᠠᠷ ᠲᠠᠢ ᠪᠠᠷ ᠢᠨᠵᠧᠨᠧᠷᠢᠩ ᠤᠨ ᠲᠦᠯᠦᠪᠵᠢᠭᠦᠯᠭᠡ ᠪᠦᠲᠦᠭᠡᠡ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃      ᠲᠦᠪ ᠤᠨ ᠡᠳ᠋ ᠤᠨ ᠵᠠᠰᠠᠭ ᠠᠵᠦ ᠠᠬᠤᠢ ᠶᠢᠨ ᠵᠦᠪᠯᠡᠯ ᠤᠨ ᠭᠡᠰᠢᠭᠦᠤᠠ ᠬᠤᠷᠠᠯ ᠳᠤ ᠤᠷᠤᠯᠴᠠᠵᠦ᠂ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠬᠤᠯᠪᠤᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠠ ᠬᠤᠷᠠᠯ ᠳᠤ ᠰᠤᠯᠠ ᠤᠷᠤᠯᠴᠠᠵᠠᠢ᠃
ᠨᠠᠶᠢᠷᠠᠭᠤᠯᠤᠭᠴᠢ᠄
ᠪᠤᠶᠠᠨ᠋ᠦ᠌ᠨᠳᠦᠰᠦ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号