ᠲᠠᠯ᠎ᠠ ᠨᠤᠳᠤᠭ ᠤᠨ ᠰᠤᠶᠤᠯ ᠤᠨ ᠳᠡᠯᠡᠭᠡᠢ ᠳᠠᠬᠢ ᠨᠦᠯᠦᠭᠡ ᠶᠢ ᠬᠡᠷᠬᠢᠨ ᠦᠷᠭᠡᠳᠭᠡᠬᠦ ᠪᠤᠢ
2018-10-11 11:14:15
ᠵᠣᠬᠢᠶᠠᠭᠴᠢ᠄ 
ᠸᠠᠩ ᠬᠠᠢ ᠿᠦᠩ
ᠣᠩᠰᠢᠭᠰᠠᠨ ᠣᠳᠠᠭ᠎ᠠ᠄ 
★★★☆☆
      ᠪᠤᠯᠤᠩ ᠡᠬᠢᠯᠡᠬᠦ ᠦᠬᠡ᠄      ᠲᠠᠯ᠎ᠠ ᠨᠤᠳᠤᠭ ᠤᠨ ᠰᠤᠶᠤᠯ ᠪᠤᠯ ᠲᠠᠯ᠎ᠠ ᠨᠤᠳᠤᠭ ᠤᠨ ᠬᠦᠮᠦᠰ ᠤᠨ ᠲᠠᠯ᠎ᠠ ᠨᠤᠳᠤᠭ ᠤᠨ ᠠᠮᠢ ᠠᠬᠤᠢ ᠯᠤᠭ᠎ᠠ ᠵᠤᠬᠢᠴᠠᠨ ᠤᠷᠤᠰᠢᠬᠤ ᠨᠢᠬᠡ ᠵᠦᠢᠯ ᠤᠨ ᠰᠤᠶᠤᠯ ᠤᠨ ᠬᠡᠯᠪᠡᠷᠢ ᠪᠠᠶᠢᠵᠦ᠂ ᠠᠭᠤᠯᠭ᠎ᠠ ᠦᠷᠬᠡᠨ ᠤᠳᠬ᠎ᠠ ᠦᠯᠡᠮᠵᠢ᠃ ᠤᠨᠴᠠᠭᠠᠢᠢᠯᠠᠨ ︽ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠬᠴᠠ︾᠎ ᠶᠢ ᠴᠢᠬᠤᠯᠠᠴᠢᠯᠠᠳᠠᠭ ᠲᠤᠳᠤᠭᠠᠳᠦ ᠠᠭᠤᠯᠬᠤᠨ ᠨᠢ ᠲᠠᠯ᠎ᠠ ᠨᠤᠳᠤᠭ ᠤᠨ ᠰᠤᠶᠤᠯ ᠤᠨ ᠠᠮᠢ ᠠᠬᠤᠢ ᠶᠢᠨ ᠰᠦᠭ ᠰᠦᠨᠠᠰᠦ ᠪᠤᠯᠬᠤ ᠪᠠᠷ ᠪᠠᠷᠠᠬᠤ ᠦᠬᠡᠢ᠂ ᠲᠠᠯ᠎ᠠ ᠨᠤᠳᠤᠭ ᠤᠨ ᠰᠤᠶᠤᠯ ᠤᠨ ᠪᠤᠰᠤᠳ ᠰᠤᠶᠤᠯ ᠠᠴᠠ ᠢᠯᠭᠠᠭᠳᠠᠬᠤ ᠴᠢᠬᠤᠯᠠ ᠪᠡᠯᠭᠡ ᠲᠡᠮᠳᠡᠭ ᠪᠤᠯᠬᠤ ᠶᠤᠮ᠃ ᠡᠨᠡᠬᠦ ᠦᠪᠡᠷᠮᠢᠴᠡ ᠰᠢᠨᠵᠢ ᠨᠢ ᠲᠤᠮᠳᠠᠳᠦ ᠶᠢᠨ ᠦᠨᠳᠦᠰᠦᠳᠡᠨ ᠤ ᠰᠤᠶᠤᠯ ᠤᠨ ᠬᠦᠭᠵᠢᠯᠳᠡ ᠳᠤ ᠰᠢᠮ᠎ᠠ ᠦᠭᠴᠦ᠂ ᠲᠤᠮᠳᠠᠳᠦ ᠶᠢᠨ ᠦᠨᠳᠦᠰᠦᠳᠡᠨ ᠤ ᠬᠦᠭᠵᠢᠯᠳᠡ ᠲᠡᠪᠰᠢᠯᠳᠡ ᠶᠢᠨ ᠲᠤᠳᠠᠭᠳᠠᠵᠦ ᠪᠤᠯᠤᠰᠢ ᠦᠬᠡᠢ ᠲᠤᠳᠤᠭᠠᠳᠤ ᠬᠦᠴᠦᠨ ᠵᠦᠢᠯ ᠪᠤᠯᠤᠬᠰᠠᠨ ᠪᠠᠶᠢᠨ᠎ᠠ᠃      ᠶᠠᠭ ᠡᠶᠢᠮᠦ ᠠᠴᠠ᠂ ᠳᠡᠭᠡᠷ᠎ᠡ ᠵᠠᠭᠤᠨ ᠤ ᠶᠡᠷᠡᠭᠡᠳ ᠤᠨ ᠠᠴᠠ ᠲᠠᠯ᠎ᠠ ᠨᠤᠳᠤᠭ ᠤᠨ ᠰᠤᠶᠤᠯ ᠰᠤᠳᠤᠯᠤᠯ ᠨᠢ ᠡᠷᠳᠡᠮ ᠰᠢᠨᠵᠢᠯᠡᠬᠡᠨ ᠤ ᠡᠳᠡᠭᠡᠳ ᠤᠨ ᠬᠠᠷᠠᠭᠠᠨ ᠳᠤ ᠤᠷᠤᠵᠦ᠂ ᠨᠡᠶᠢᠭᠡᠮ ᠨᠡᠶᠢᠳᠠ ᠶᠢᠨ ᠠᠩᠬᠠᠷᠤᠯ ᠢ ᠬᠦᠴᠦᠳᠠᠢ ᠳᠠᠳᠠᠭᠰᠠᠨ ᠪᠠᠶᠢᠪᠠ᠃ ᠬᠤᠷᠢ ᠭᠠᠷᠤᠢ ᠵᠢᠯ ᠤᠨ ᠤᠷᠤᠯᠳᠤᠯᠭ᠎ᠠ ᠪᠠᠷ ᠲᠠᠯ᠎ᠠ ᠨᠤᠳᠤᠭ ᠤᠨ ᠰᠤᠶᠤᠯ ᠤᠨ ᠤᠨᠤᠯ ᠰᠤᠳᠤᠯᠤᠯ ᠦᠨᠳᠦᠰᠦᠨ ᠳᠡᠭᠡᠨ ᠲᠤᠭᠳᠠᠪᠤᠷᠢᠵᠢᠨ᠂ ᠲᠠᠯ᠎ᠠ ᠨᠤᠳᠤᠭ ᠤᠨ ᠰᠤᠶᠤᠯ ᠢ ᠤᠬᠠᠭᠤᠯᠤᠨ ᠲᠡᠯᠬᠡᠷᠡᠬᠦᠯᠬᠦ ᠪᠠᠷ ᠵᠤᠷᠢᠯᠳᠡ ᠪᠤᠯᠭᠠᠬᠰᠠᠨ ᠲᠠᠯ᠎ᠠ ᠨᠤᠳᠤᠭ ᠤᠨ ᠰᠤᠶᠤᠯ ᠤᠨ ᠨᠡᠶᠢᠷ ᠨᠢ ᠦᠪᠦᠷ ᠮᠤᠩᠭᠤᠯ ᠤᠷᠤᠨ ᠤ ᠰᠤᠶᠤᠯ ᠤᠨ ᠨᠡᠷᠡᠳᠦ ᠲᠦᠷᠦᠯ ᠲᠡᠮᠳᠡᠭ ᠪᠤᠯᠤᠬᠰᠠᠨ ᠪᠠᠶᠢᠨ᠎ᠠ᠃ ︽ᠲᠠᠯ᠎ᠠ ᠨᠤᠳᠤᠭ ᠤᠨ ᠰᠤᠶᠤᠯ ᠰᠤᠳᠤᠯᠤᠯ︾ ᠪᠤᠯᠤᠩ ᠢᠶᠠᠷ᠂ ᠲᠠᠯ᠎ᠠ ᠨᠤᠳᠤᠭ ᠤᠨ ᠰᠤᠶᠤᠯ ᠰᠤᠳᠤᠯᠤᠯ ᠤᠨ ᠬᠠᠮᠤᠭ ᠤᠨ ᠰᠢᠨ᠎ᠠ ᠦᠷ᠎ᠠ ᠪᠦᠳᠦᠬᠡᠯ ᠪᠤᠯᠤᠨ ᠰᠤᠳᠤᠯᠭᠠᠨ ᠤ ᠪᠠᠶᠢᠳᠠᠯ ᠢ ᠲᠠᠨᠢᠯᠴᠠᠭᠤᠯᠬᠤ ᠪᠤᠯᠤᠨ᠎ᠠ᠃      ᠪᠦᠬᠦ ᠪᠦᠮᠪᠦᠷᠴᠡᠭ ᠤᠨ ᠭᠠᠵᠠᠷ ᠤᠨ ᠭᠠᠳᠠᠷᠭᠤ ᠶᠢᠨ ᠪᠠᠶᠢᠳᠠᠯ ᠠᠴᠠ ᠠᠪᠴᠦ ᠦᠵᠡᠬᠦ ᠳᠤ᠂ ᠲᠠᠯ᠎ᠠ ᠭᠠᠵᠠᠷ ᠨᠢ ᠭᠠᠭᠴᠠᠬᠠᠨ ᠮᠠᠨ ᠤ ᠤᠯᠤᠰ ᠲᠤ ᠯᠡ ᠪᠢᠰᠢ᠂ ᠡᠸᠦ᠋ᠷᠦᠫᠡ ᠲᠢᠪ᠂ ᠶᠡᠭᠡ ᠳᠠᠯᠠᠢ ᠶᠢᠨ ᠲᠢᠪ ᠬᠢᠭᠡᠳ ᠯᠠᠲ᠋ᠢᠨ ᠠᠮᠧᠷᠢᠺᠠ ᠲᠢᠪ ᠲᠤ ᠪᠦᠷ ᠮᠠᠰᠢ ᠦᠷᠭᠡᠨ ᠲᠠᠷᠬᠠᠵᠤ ᠪᠤᠢ᠃ ᠡᠳᠡᠭᠡᠷ ᠲᠠᠯ᠎ᠠ ᠭᠠᠵᠠᠷ ᠤᠳ ᠲᠤ ᠤᠷᠤᠰᠢᠨ ᠠᠮᠢᠳᠤᠷᠠᠭᠴᠢ ᠰᠠᠭᠤᠭᠠᠯᠢᠴᠤᠤᠯ ᠲᠡᠦᠭᠡᠨ ᠳᠡᠭᠡᠷ᠎ᠡ ᠮᠥᠨ ᠮᠠᠰᠢ ᠦᠨᠳᠦᠷ ᠲᠦᠪᠰᠢᠨ ᠪᠦᠬᠦᠢ ᠲᠠᠯ᠎ᠠ ᠨᠤᠳᠤᠭ ᠤᠨ ᠰᠤᠶᠤᠯ ᠢ ᠡᠭᠦᠳᠦᠨ ᠪᠦᠲᠦᠭᠡᠭᠰᠡᠨ ᠶᠤᠮ᠃ ᠭᠡᠲᠡᠯ᠎ᠡ ᠲᠠᠯ᠎ᠠ ᠨᠤᠲᠤᠭ ᠲᠤ ᠬᠠᠨᠳᠤᠭᠤᠯᠤᠭᠰᠠᠨ ᠰᠤᠶᠤᠯ ᠰᠤᠳᠤᠯᠤᠯ ᠤᠨ ᠪᠠᠶᠢᠳᠠᠯ ᠢ ᠪᠦᠬᠦ ᠪᠦᠮᠪᠦᠷᠴᠡᠭ ᠤᠨ ᠬᠡᠪᠴᠢᠶᠠᠨ ᠳᠤ ᠠᠵᠢᠬᠯᠠᠬᠤ ᠳᠤ᠂ ᠨᠡᠭᠦᠳᠡᠯ ᠰᠤᠶᠤᠯ ᠪᠤᠶᠤ ᠤᠤᠭᠠᠯ ᠰᠤᠶᠤᠯ ᠤᠨ ᠬᠠᠷᠠᠭᠠᠰᠦ ᠠᠴᠠ ᠰᠤᠳᠤᠯᠤᠭᠰᠠᠨ ᠪᠠᠶᠢᠳᠠᠯ ᠳᠡᠶᠢᠯᠦᠩᠬᠢ ᠬᠠᠷᠠᠭᠳᠠᠳᠠᠭ ᠪᠠᠶᠢᠵᠤ᠂ ᠬᠠᠷᠢᠨ ᠲᠠᠯ᠎ᠠ ᠨᠤᠳᠤᠭ ᠤᠨ ᠰᠤᠶᠤᠯ ᠤᠨ ᠬᠠᠷᠠᠭᠠᠰᠦ ᠠᠴᠠ ᠰᠤᠳᠤᠯᠤᠭᠰᠠᠨ ᠨᠢ ᠲᠡᠶᠢᠮᠦ ᠬᠦᠨᠵᠡᠭᠡᠢ ᠪᠢᠰᠢ ᠪᠠᠶᠢᠭ᠎ᠠ ᠨᠢ ᠠᠵᠢᠬᠯᠠᠭᠳᠠᠵᠤ ᠪᠠᠶᠢᠨ᠎ᠠ᠃ ᠡᠩ ᠤᠨ ᠪᠠᠶᠢᠳᠠᠯ ᠳᠤ ᠨᠢᠭᠡ ᠦᠨᠳᠦᠰᠦᠲᠡᠨ ᠤ ᠰᠤᠶᠤᠯ ᠤᠨ ᠬᠦᠭᠵᠢᠯᠳᠠ ᠨᠢ ᠳᠠᠷᠤᠢ ᠲᠤᠰ ᠦᠨᠳᠦᠰᠦᠲᠡᠨ ᠤ ᠪᠦᠬᠦ ᠲᠠᠯ᠎ᠠ ᠶᠢᠨ ᠬᠦᠭᠵᠢᠯᠳᠠ ᠶᠢ ᠬᠠᠷᠠᠭᠤᠯᠬᠤ ᠴᠢᠬᠤᠯᠨ ᠨᠢᠭᠡ ᠡᠯᠧᠮᠧᠨ᠋ᠲ ᠪᠤᠯᠳᠠᠭ ᠪᠠᠶᠢᠵᠤ᠂ ᠠᠯᠢ ᠦᠨᠳᠦᠰᠦᠲᠡᠨ ᠤ ᠰᠤᠶᠤᠯ ᠨᠢ ᠢᠯᠡᠬᠦᠦ ᠬᠦᠭᠵᠢᠭᠰᠡᠨ ᠪᠠᠶᠢᠪᠠᠯ᠂ ᠲᠡᠷᠨ ᠦᠨᠳᠦᠰᠦᠲᠡᠨ ᠤ ᠪᠦᠬᠦ ᠪᠦᠮᠪᠦᠷᠴᠡᠭ ᠤᠨ ᠬᠡᠪᠴᠢᠶᠠᠨ ᠳᠤ ᠦᠵᠡᠬᠦᠯᠵᠤ ᠮᠡᠳᠡᠬᠦ ᠦᠷ᠎ᠡ ᠨᠦᠯᠦᠭᠡ ᠨᠢ ᠨᠡᠩ ᠦᠨᠳᠦᠷ ᠪᠠᠶᠢᠳᠠᠭ᠃ ᠤᠬᠤᠷᠬᠠᠨ ᠠᠷᠪᠠ ᠭᠠᠷᠤᠢ ᠵᠢᠯ ᠤᠨ ᠬᠤᠭᠤᠴᠠᠭᠠᠨ ᠤ ᠴᠢᠷᠮᠠᠶᠢᠯᠭ᠎ᠠ ᠪᠠᠷ ᠦᠪᠦᠷ ᠮᠤᠩᠭᠤᠯ ᠤᠷᠤᠨ ᠢᠶᠠᠷ ᠲᠦᠪᠯᠡᠬᠦᠯᠦᠭᠰᠡᠨ᠂ ᠪᠦᠬᠦ ᠤᠯᠤᠰ ᠤᠨ ᠴᠢᠨᠠᠷᠲᠠᠢ ᠦᠷᠨᠢᠭᠰᠡᠨ ᠲᠠᠯ᠎ᠠ ᠨᠤᠳᠤᠭ ᠤᠨ ᠰᠤᠶᠤᠯ ᠰᠤᠳᠤᠯᠤᠯ ᠨᠢ ᠤᠳᠤᠬᠠᠨ ᠳᠤ ᠨᠡᠯᠢᠶᠡᠳ ᠦᠨᠳᠦᠷ ᠲᠦᠪᠰᠢᠨ ᠳᠤ ᠬᠦᠷᠴᠦ᠂ ᠲᠠᠯ᠎ᠠ ᠨᠤᠳᠤᠭ ᠤᠨ ᠰᠤᠶᠤᠯ ᠤᠨ ᠪᠦᠬᠦ ᠪᠦᠮᠪᠦᠷᠴᠡᠭ ᠤᠨ ᠬᠡᠪᠴᠢᠶᠠᠨ ᠤ ᠦᠷᠭᠡᠵᠢᠯ ᠬᠦᠭᠵᠢᠯ ᠳᠤ ᠮᠠᠰᠢ ᠰᠠᠶᠢᠨ ᠰᠠᠭᠤᠷᠢ ᠶᠢ ᠴᠤᠭᠴᠠᠯᠠᠨ ᠦᠭᠭᠦᠭᠰᠡᠨ ᠶᠤᠮ᠃ ᠡᠶᠢᠨ ᠬᠦ ᠳᠠᠷᠠᠭᠠᠴᠢ ᠶᠢᠨ ᠠᠯᠬᠤᠮ ᠳᠤ ᠲᠠᠯ᠎ᠠ ᠨᠤᠳᠤᠭ ᠤᠨ ᠰᠤᠶᠤᠯ ᠰᠤᠳᠤᠯᠤᠯ ᠤᠨ ᠦᠷ᠎ᠡ ᠨᠦᠯᠦᠭᠡ ᠪᠠᠨ ᠤᠯᠠᠮ ᠢᠯᠡᠬᠦᠦ ᠦᠷᠭᠡᠵᠢᠬᠦᠯᠵᠤ᠂ ᠪᠦᠬᠦ ᠪᠦᠮᠪᠦᠷᠴᠡᠭ ᠤᠨ ᠬᠡᠪᠴᠢᠶᠠᠨ ᠤ ᠰᠢᠨ᠎ᠡ ᠨᠦᠯᠦᠭᠡ ᠳᠤᠰᠬᠠᠯ ᠢ ᠪᠤᠢ ᠪᠤᠯᠭᠠᠬᠤ ᠳᠤ ᠳᠤᠤᠷᠠᠬᠢ ᠮᠡᠳᠤ ᠬᠡᠳᠦᠨ ᠲᠠᠯ᠎ᠠ ᠶᠢᠨ ᠪᠤᠳᠠᠳᠤ ᠠᠷᠭ᠎ᠠ ᠬᠡᠮᠵᠢᠶ᠎ᠠ ᠶᠢ ᠠᠪᠤᠪᠠᠯ ᠵᠤᠬᠢᠨ᠎ᠠ᠃      ᠤᠯᠠᠨ ᠤᠯᠤᠰ ᠤᠨ ᠬᠡᠪᠴᠢᠶᠠᠨ ᠤ ᠲᠠᠯ᠎ᠠ ᠨᠤᠳᠤᠭ ᠤᠨ ᠰᠤᠶᠤᠯ       ᠰᠤᠳᠤᠯᠭᠠᠨ ᠤ ᠶᠠᠷᠢᠯᠴᠠᠭᠠᠨ ᠤ ᠲᠠᠪᠴᠠᠩ ᠢ ᠵᠤᠬᠢᠶᠠᠨ ᠪᠠᠶᠢᠭᠤᠯᠬᠤ ᠬᠡᠷᠡᠭᠲᠠᠢ      ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠬᠡᠴᠢ ᠶᠢᠨ ᠡᠷᠳᠡᠮᠳᠡᠨ ᠰᠤᠳᠤᠯᠭᠠᠳᠠᠳ ᠤᠨ ᠬᠠᠮᠳᠤ ᠶᠢᠨ ᠴᠢᠷᠮᠠᠶᠢᠯᠭ᠎ᠠ ᠪᠠᠷ ᠲᠠᠯ᠎ᠠ ᠨᠤᠳᠤᠭ ᠤᠨ ᠰᠤᠶᠤᠯ ᠤᠨ ᠤᠨᠤᠯ ᠤᠨ ᠲᠤᠭᠲᠠᠯᠴᠠᠭ᠎ᠠ ᠤᠳᠤ ᠦᠨᠳᠦᠰᠦᠨ ᠳᠡᠭᠡᠨ ᠪᠦᠷᠢᠯᠳᠦᠨ ᠲᠡᠭᠦᠯᠳᠡᠷᠵᠢᠵᠤ᠂ ᠲᠠᠯ᠎ᠠ ᠨᠤᠳᠤᠭ ᠤᠨ ᠰᠤᠶᠤᠯ ᠨᠢ ᠪᠦᠬᠦ ᠤᠯᠤᠰ ᠤᠨ ᠬᠡᠪᠴᠢᠶᠠᠨ ᠤ ᠡᠷᠳᠡᠮ ᠰᠢᠨᠵᠢᠯᠡᠭᠡᠨ ᠤ ᠬᠢᠨ ᠳᠤ ᠮᠡᠳᠡᠷᠡᠭᠳᠡᠭᠰᠡᠨ ᠰᠢᠨ᠎ᠡ ᠨᠢᠭᠡᠨ ᠡᠷᠳᠡᠮ ᠰᠢᠨᠵᠢᠯᠡᠭᠡᠨ ᠤ ᠴᠢᠭ ᠰᠠᠯᠠᠭ᠎ᠠ ᠪᠤᠯᠵᠠᠢ᠃ ᠭᠡᠳᠡᠯ᠎ᠡ ᠨᠦᠭᠦᠭᠡ ᠲᠠᠯ᠎ᠠ ᠪᠠᠷ ᠲᠡᠷᠡ ᠨᠢ ᠨᠢᠭᠡᠨ ᠰᠢᠨ᠎ᠡ ᠪᠠᠷ ᠪᠦᠷᠢᠯᠳᠤᠵᠤ ᠪᠠᠶᠢᠭ᠎ᠠ ᠡᠷᠳᠡᠮ ᠰᠢᠨᠵᠢᠯᠡᠭᠡᠨ ᠤ ᠰᠠᠯᠠᠭ᠎ᠠ ᠪᠤᠯᠤᠭᠰᠠᠨ ᠤ ᠬᠤᠪᠢ ᠳᠤ᠂ ᠰᠢᠢᠳᠪᠦᠷᠢᠯᠡᠬᠦ ᠴᠢᠬᠤᠯᠠᠲᠠᠢ ᠡᠷᠳᠡᠮ ᠰᠢᠨᠵᠢᠯᠡᠭᠡᠨ ᠤ ᠡᠭᠡᠳᠡᠷᠡᠭᠡᠨᠳᠤ ᠠᠰᠠᠭᠤᠳᠠᠯ ᠪᠠᠰᠠ ᠨᠡᠯᠢᠶᠡᠳ ᠤᠯᠠᠨ ᠪᠤᠢ᠃ ᠵᠢᠱᠢᠶᠡᠯᠡᠪᠡᠯ᠂ ᠲᠠᠯ᠎ᠠ ᠨᠤᠳᠤᠭ ᠤᠨ ᠰᠤᠶᠤᠯ ᠬᠢᠭᠡᠳ ᠨᠡᠭᠦᠳᠡᠯ ᠮᠠᠯᠵᠢᠯ ᠰᠤᠶᠤᠯ ᠤᠨ ᠬᠤᠯᠪᠤᠭ᠎ᠠ ᠬᠢᠭᠡᠳ ᠬᠠᠷᠢᠴᠠᠭ᠎ᠠ᠂ ᠲᠠᠯ᠎ᠠ ᠨᠤᠳᠤᠭ ᠤᠨ ᠰᠤᠶᠤᠯ ᠬᠢᠭᠡᠳ ᠠᠮᠢ ᠠᠬᠤᠢ ᠶᠢᠨ ᠰᠤᠶᠤᠯ ᠤᠨ ᠬᠤᠯᠪᠤᠭ᠎ᠠ ᠬᠢᠭᠡᠳ ᠬᠠᠷᠢᠴᠠᠭ᠎ᠠ᠂ ᠲᠠᠯ᠎ᠠ ᠨᠤᠳᠤᠭ ᠤᠨ ᠰᠤᠶᠤᠯ ᠬᠢᠭᠡᠳ ᠮᠤᠩᠭᠤᠯ ᠰᠤᠶᠤᠯ ᠤᠨ ᠬᠤᠯᠪᠤᠭ᠎ᠠ ᠬᠢᠭᠡᠳ ᠬᠠᠷᠢᠴᠠᠭ᠎ᠠ ᠵᠡᠷᠬᠡ ᠶᠢ ᠬᠡᠷᠬᠢᠨ ᠵᠦᠪ ᠢᠶᠠᠷ ᠰᠢᠢᠳᠪᠦᠷᠢᠯᠡᠬᠦ ᠵᠡᠷᠭᠡ ᠠᠰᠠᠭᠤᠳᠠᠯ ᠤᠳ ᠨᠡᠯᠢᠶᠡᠳ ᠳᠤᠪᠤᠶᠢᠮ᠎ᠠ ᠤᠷᠤᠰᠢᠵᠤ ᠪᠠᠶᠢᠨ᠎ᠠ᠃ ᠤᠷᠴᠢᠮ ᠤᠨ ᠵᠢᠯ ᠤᠳ ᠲᠤ᠂ ᠲᠠᠯ᠎ᠠ ᠨᠤᠳᠤᠭ ᠤᠨ ᠰᠤᠶᠤᠯ ᠰᠤᠳᠤᠯᠤᠯ ᠤᠨ ᠬᠦᠨᠵᠡᠭᠡᠶᠢᠷᠡᠬᠦ ᠶᠢ ᠳᠠᠭᠠᠯᠳᠤᠨ᠂ ᠤᠯᠤᠰ ᠤᠨ ᠲᠤᠳᠤᠭᠠᠳᠤ ᠭᠠᠳᠠᠭᠠᠳᠤ ᠶᠢᠨ ᠵᠠᠷᠢᠮ ᠨᠡᠭᠦᠳᠡᠯ ᠮᠠᠯᠵᠢᠯ ᠰᠤᠶᠤᠯ ᠰᠤᠳᠤᠯᠳᠠᠭ ᠡᠷᠳᠡᠮᠳᠠᠳ ︽ᠲᠠᠯ᠎ᠠ ᠨᠤᠳᠤᠭ ᠤᠨ ᠰᠤᠶᠤᠯ ᠭᠡᠬᠦ ᠦᠦ︖ ᠡᠰᠡᠭᠦᠯ᠎ᠡ ᠨᠡᠭᠦᠳᠡᠯ ᠮᠠᠯᠵᠢᠯ ᠰᠤᠶᠤᠯ ᠭᠡᠬᠦ ᠦᠦ︖︾ ᠭᠡᠬᠦ ᠠᠰᠠᠭᠤᠳᠠᠯ ᠳᠤ ᠨᠡᠯᠢᠶᠡᠳ ᠰᠢᠷᠦᠭᠦᠨ ᠮᠠᠷᠭᠤᠭᠠᠨ ᠪᠤᠯᠵᠤ ᠪᠤᠢ᠃ ᠡᠶᠢᠮᠦᠷᠬᠦᠤ ᠪᠠᠶᠢᠳᠠᠯ ᠳᠤ ᠬᠠᠨᠳᠤᠭᠤᠯᠵᠤ᠂ ᠮᠠᠨ ᠤ ᠵᠠᠰᠠᠭ ᠤᠨ ᠲᠠᠯ᠎ᠠ ᠪᠠ ᠡᠷᠳᠡᠮ ᠰᠢᠨᠵᠢᠯᠡᠭᠡᠨ ᠤ ᠬᠢᠨ ᠵᠤᠷᠢᠭᠲᠠᠢ ᠪᠠᠷ ᠤᠷᠤᠰᠢᠵᠤ ᠪᠠᠶᠢᠭ᠎ᠠ ᠠᠰᠠᠭᠤᠳᠠᠯ ᠳᠤ ᠵᠦᠪ ᠢᠶᠠᠷ ᠬᠠᠨᠳᠤᠵᠤ᠂ ᠤᠯᠠᠨ ᠤᠯᠤᠰ ᠤᠨ ᠬᠡᠪᠴᠢᠶᠡᠨ ᠤ ᠡᠷᠳᠡᠮ ᠰᠢᠨᠵᠢᠯᠡᠭᠡᠨ ᠤ ᠬᠤᠷᠠᠯ ᠢ ᠵᠤᠬᠢᠶᠠᠨ ᠪᠠᠶᠢᠭᠤᠯᠵᠦ᠂ ᠲᠠᠯ᠎ᠠ ᠨᠤᠳᠤᠭ ᠤᠨ ᠰᠤᠶᠤᠯ ᠰᠤᠳᠤᠯᠤᠯ ᠤᠨ ᠰᠤᠳᠤᠯᠭᠠᠨ ᠢᠶᠠᠨ ᠬᠦᠨᠵᠡᠬᠡᠶᠢᠷᠡᠬᠦᠯᠬᠦ ᠴᠢᠬᠤᠯᠨ ᠲᠠᠢ ᠪᠤᠯᠤᠭᠠᠳ ᠪᠠᠶᠢᠨ᠎ᠠ᠃
      ᠰᠢᠳᠦᠬᠡᠨᠳᠦ ᠤᠪᠤᠭ᠎ᠠ      ᠡᠨᠡ ᠵᠢᠯ ᠤᠨ 9 ᠰᠠᠷ᠎ᠠ ᠳᠤ ᠪᠤᠯᠤᠭᠰᠠᠨ ᠳᠤᠮᠳᠠᠳᠤ ᠤᠯᠤᠰ ᠤᠨ ᠲᠠᠪᠤᠳᠤᠭᠠᠷ ᠬᠤᠭᠤᠴᠠᠭᠠᠨ ᠤ ᠮᠤᠩᠭᠤᠯ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠤ᠂ ᠲᠠᠯ᠎ᠠ ᠨᠤᠳᠤᠭ ᠤᠨ ᠰᠤᠶᠤᠯ ᠰᠤᠳᠤᠯᠤᠯ ᠢ ᠮᠤᠩᠭᠤᠯ ᠬᠡᠯᠡ ᠰᠤᠳᠤᠯᠤᠯ᠂ ᠮᠤᠩᠭᠤᠯ ᠤᠳᠬ᠎ᠠ ᠵᠤᠬᠢᠶᠠᠯ ᠰᠤᠳᠤᠯᠤᠯ ᠪᠠ ᠮᠤᠩᠭᠤᠯ ᠲᠡᠦᠭᠡ ᠰᠤᠳᠤᠯᠤᠯ ᠯᠤᠭ᠎ᠠ ᠮᠦᠷᠦ ᠵᠡᠷᠭᠡᠴᠡᠭᠰᠡᠨ ᠴᠢᠬᠤᠯᠨ ᠨᠢᠬᠡᠨ ᠶᠠᠷᠢᠯᠴᠠᠭᠠᠨ ᠤ ᠰᠡᠳᠦᠪ ᠪᠤᠯᠭᠠᠨ ᠵᠤᠬᠢᠴᠠᠭᠤᠯᠵᠤ᠂ ᠲᠤᠰᠬᠠᠢ ᠨᠢᠭᠡᠨ ᠰᠠᠯᠪᠤᠷᠢ ᠬᠤᠷᠠᠯ ᠵᠤᠬᠢᠶᠠᠨ ᠪᠠᠶᠢᠭᠤᠯᠤᠭᠰᠠᠨ ᠨᠢ ᠬᠡᠷᠡᠭ ᠳᠡᠭᠡᠷ᠎ᠡ ᠪᠠᠨ ᠲᠠᠯ᠎ᠠ ᠨᠤᠳᠤᠭ ᠤᠨ ᠰᠤᠶᠤᠯ ᠰᠤᠳᠤᠯᠤᠯ ᠢ ᠳᠡᠯᠡᠬᠡᠢ ᠶᠢᠨ ᠲᠦᠪᠰᠢᠨ ᠳᠤ ᠲᠦᠯᠬᠢᠨ ᠠᠬᠢᠭᠤᠯᠬᠤ ᠶᠢ ᠵᠤᠷᠢᠭᠰᠠᠨ ᠨᠢᠭᠡ ᠤᠳᠠᠭᠠᠨ ᠤ ᠠᠮᠵᠢᠯᠳᠠ ᠲᠠᠢ ᠲᠤᠷᠰᠢᠴᠠ ᠭᠡᠵᠤ ᠦᠵᠡᠵᠤ ᠪᠤᠯᠤᠨ᠎ᠠ᠃ ᠶᠠᠭ ᠡᠶᠢᠮᠦᠷᠬᠦᠤ ᠲᠤᠷᠰᠢᠴᠠ ᠳᠤ ᠲᠤᠯᠭᠠᠭᠤᠷᠢᠯᠠᠵᠤ᠂ ᠳᠠᠷᠠᠭᠠᠴᠢ ᠪᠠᠷ ᠤᠯᠠᠨ ᠤᠯᠤᠰ ᠤᠨ ᠴᠢᠨᠠᠷᠲᠠᠢ ᠲᠠᠯ᠎ᠠ ᠨᠤᠳᠤᠭ ᠤᠨ ᠰᠤᠶᠤᠯ ᠰᠤᠳᠤᠯᠤᠯ ᠤᠨ ᠡᠷᠳᠡᠮ ᠰᠢᠨᠵᠢᠯᠡᠭᠡᠨ ᠤ ᠬᠤᠷᠠᠯ ᠢ ᠵᠤᠬᠢᠶᠠᠨ ᠪᠠᠶᠢᠭᠤᠯᠬᠤ ᠶᠠᠪᠤᠳᠠᠯ ᠲᠤᠯᠭᠠᠮ ᠱᠠᠭᠠᠷᠲᠠᠭᠳᠠᠵᠤ ᠪᠤᠢ᠃ ᠤᠯᠠᠨ ᠤᠯᠤᠰ ᠤᠨ ᠴᠢᠨᠠᠷᠲᠠᠢ ᠡᠷᠳᠡᠮ ᠰᠢᠨᠵᠢᠯᠡᠭᠡᠨ ᠤ ᠰᠤᠯᠢᠯᠴᠠᠭ᠎ᠠ ᠬᠢᠬᠦ ᠪᠠᠷ ᠳᠠᠮᠵᠢᠭᠤᠯᠵᠤ᠂ ᠮᠠᠨ ᠤ ᠤᠳᠤ ᠪᠠᠷ ᠤᠯᠤᠭᠰᠠᠨ ᠲᠠᠯ᠎ᠠ ᠨᠤᠳᠤᠭ ᠤᠨ ᠰᠤᠶᠤᠯ ᠰᠤᠳᠤᠯᠭᠠᠨ ᠤ ᠬᠠᠮᠤᠭ ᠤᠨ ᠰᠢᠨ᠎ᠡ ᠦᠷ᠎ᠡ ᠪᠦᠳᠦᠭᠡᠯ ᠤᠳ ᠢ ᠳᠡᠯᠡᠭᠡᠢ ᠶᠢᠨ ᠬᠠᠷᠠᠭ᠎ᠠ ᠰᠤᠨᠤᠷ ᠲᠤ ᠬᠦᠷᠭᠡᠵᠤ᠂ ᠪᠤᠰᠤᠳ ᠤᠯᠤᠰ ᠤᠷᠤᠨ ᠤ ᠠᠳᠠᠯᠢ ᠴᠢᠭᠯᠡᠯ ᠳᠠᠬᠢ ᠰᠤᠳᠤᠯᠭᠠᠨ ᠤ ᠬᠠᠮᠤᠭ ᠰᠢᠨ᠎ᠡ ᠦᠷ᠎ᠡ ᠪᠦᠳᠦᠭᠡᠯ ᠢ ᠰᠢᠩᠭᠡᠭᠡᠵᠤ ᠠᠪᠬᠤ ᠬᠡᠷᠡᠭᠲᠡᠢ᠃ ᠡᠨᠡᠬᠦ ᠶᠠᠪᠤᠴᠠ ᠳᠤ ᠠᠳᠠᠯᠢ ᠲᠠᠯ᠎ᠠ ᠪᠠᠨ ᠨᠢᠭᠡᠳᠭᠡᠵᠤ᠂ ᠵᠦᠷᠢᠶ᠎ᠡ ᠲᠠᠢ ᠲᠠᠯ᠎ᠠ ᠪᠠᠨ ᠦᠯᠡᠳᠡᠭᠡᠵᠤ᠂ ᠡᠭᠦᠨ ᠢᠶᠠᠷ ᠳᠠᠮᠵᠢᠭᠤᠯᠵᠤ ᠨᠢᠭᠡ ᠲᠠᠯ᠎ᠠ ᠪᠠᠷ ᠪᠤᠰᠤᠳ ᠤᠨ ᠰᠠᠶᠢᠨ ᠲᠠᠢ ᠲᠠᠯ᠎ᠠ ᠶᠢ ᠰᠤᠷᠤᠯᠴᠠᠵᠤ᠂ ᠨᠦᠭᠦᠭᠡ ᠲᠠᠯ᠎ᠠ ᠪᠠᠷ ᠳᠤᠮᠳᠠᠳᠤ ᠤᠯᠤᠰ ᠤᠨ ᠲᠠᠯ᠎ᠠ ᠨᠤᠳᠤᠭ ᠤᠨ ᠰᠤᠶᠤᠯ ᠤᠨ ᠨᠡᠷ᠎ᠡ ᠨᠦᠯᠦᠭᠡ ᠶᠢ ᠲᠡᠯᠡᠭᠡᠢ ᠶᠢᠨ ᠬᠡᠪᠴᠢᠶᠠᠨ ᠳᠤ ᠨᠡᠩ ᠦᠷᠭᠡᠨ ᠢᠶᠠᠷ ᠲᠠᠷᠬᠠᠭᠠᠨ ᠳᠡᠯᠭᠡᠷᠡᠬᠦᠯᠬᠦ ᠪᠤᠯᠤᠨ᠎ᠠ᠃      ᠬᠠᠷᠢ ᠤᠯᠤᠰ ᠤᠨ᠂ ᠤᠨᠴᠠᠭᠠᠶᠢᠯᠠᠨ ᠡᠸᠦ᠋ᠷᠦᠫᠡ ᠳ᠋ᠠᠬᠢᠨ ᠤ ᠤᠭᠰᠠᠭᠠᠲᠠᠨ ᠵᠦᠢ᠂ ᠬᠦᠮᠦᠨ ᠰᠤᠶᠤᠯ ᠪᠠ ᠨᠡᠭᠦᠳᠠᠯ ᠰᠤᠶᠤᠯ ᠭᠡᠬᠦ ᠮᠡᠲᠤ ᠶᠢᠨ ᠡᠷᠳᠡᠮ ᠰᠢᠨᠵᠢᠯᠡᠭᠡᠨ ᠤ ᠴᠢᠭ ᠰᠠᠯᠠᠭ᠎ᠠ ᠨᠢ ᠶᠡᠷᠦᠩᠬᠡᠢ ᠳᠡᠭᠡᠨ ᠮᠠᠨ ᠤ ᠤᠯᠤᠰ ᠤᠨ ᠲᠤᠳᠤᠭᠠᠳᠤ ᠶᠢᠨ ᠰᠤᠳᠤᠯᠭᠠᠨ ᠤ ᠲᠦᠪᠰᠢᠨ ᠠᠴᠠ ᠤᠷᠦ᠋ᠢᠯᠠᠬᠤ ᠪᠠᠶᠢᠷᠢᠨ ᠳᠤ ᠪᠠᠶᠢᠵᠤ᠂ ᠵᠠᠷᠢᠮ ᠰᠢᠨᠵᠢᠯᠡᠬᠡᠨ ᠤ ᠰᠠᠯᠠᠭ᠎ᠠ ᠨᠢ ᠬᠡᠳᠦᠨ ᠵᠠᠭᠤᠨ ᠵᠢᠯ ᠤᠨ ᠬᠦᠭᠵᠢᠯᠳᠠ ᠶᠢᠨ ᠲᠡᠦᠭᠡ ᠲᠠᠢ ᠪᠤᠯᠤᠭᠰᠠᠨ ᠪᠠᠶᠢᠳᠠᠭ᠃ ᠲᠡᠭᠡᠬᠦ ᠪᠠᠷ ᠢᠶᠠᠨ᠂ ᠲᠡᠳᠡᠨᠦᠰ ᠤᠨ ᠪᠦᠳᠦᠭᠡᠭᠰᠡᠨ ᠵᠠᠷᠢᠮ ᠤᠨᠤᠯ ᠤᠨ ᠰᠢᠰᠲ᠋ᠧᠮ ᠨᠢ ᠵᠤᠬᠢᠬᠤ ᠡᠷᠳᠡᠮ ᠰᠢᠨᠵᠢᠯᠡᠭᠡᠨ ᠤ ᠬᠦᠷᠢᠶ᠎ᠠ ᠴᠠᠷ᠎ᠠ ᠳᠠᠭᠠᠨ ︽ᠨᠤᠶᠠᠷᠬᠠᠬᠤ︾ ᠪᠠᠶᠢᠷᠢᠨ ᠳᠤ ᠪᠠᠶᠢᠵᠤ᠂ ᠮᠠᠨᠤᠰ ᠤᠨ ᠵᠠᠷᠢᠮ ᠰᠢᠨᠵᠢᠯᠡᠭᠡᠨ ᠤ ᠰᠠᠯᠠᠭ᠎ᠠ ᠨᠢ ᠪᠤᠰᠤᠳ ᠤᠨ ᠬᠢ ᠶᠢ ᠰᠤᠷᠤᠯᠴᠠᠬᠤ᠂ ᠳᠠᠭᠠᠬᠤ ᠪᠠ ᠮᠦᠷᠳᠡᠬᠦ ᠪᠠᠶᠢᠳᠠᠯ ᠳᠤ ᠤᠷᠤᠰᠢᠵᠤ᠂ ᠰᠢᠨ᠎ᠠ ᠲᠠᠪᠠᠯᠳᠠ ᠲᠠᠢ ᠪᠤᠯᠬᠤ ᠳᠤ ᠲᠤᠩ ᠬᠦᠴᠢᠷᠲᠡᠢ ᠪᠠᠶᠢᠨ᠎ᠠ᠃ ᠡᠷᠳᠡᠮ ᠰᠢᠨᠵᠢᠯᠡᠭᠡᠨ ᠤ ᠬᠦᠷᠢᠶ᠎ᠠ ᠴᠠᠷᠠᠭᠠᠨ ᠳᠤ ᠤᠷᠤᠰᠢᠵᠤ ᠪᠦᠬᠦᠢ ᠡᠶᠢᠮᠦᠷᠬᠦᠤ ᠵᠦᠷᠢᠶ᠎ᠠ ᠨᠢ ᠠᠪᠤᠨ ᠦᠵᠡᠬᠦ ᠳᠤ ᠬᠡᠳᠦ᠋ᠢᠪᠡᠷ ᠡᠷᠳᠡᠮ ᠰᠢᠨᠵᠢᠯᠡᠭᠡᠨ ᠤ ᠬᠦᠷᠢᠶᠠᠨ ᠳᠠᠬᠢ ᠬᠤᠴᠤᠷᠤᠩᠭᠤᠢ ᠪᠠᠶᠢᠳᠠᠯ ᠭᠡᠭᠳᠡᠪᠡᠴᠦ᠂ ᠪᠤᠳᠠᠳᠠᠢ ᠳᠡᠭᠡᠷ᠎ᠡ ᠪᠠᠨ ᠤᠯᠤᠰ ᠭᠦᠷᠦᠨ ᠤ ᠬᠤᠭᠤᠷᠤᠨᠳᠤᠬᠢ ᠦᠵᠡᠯ ᠰᠠᠨᠠᠭᠠᠨ ᠤ ᠲᠡᠮᠡᠴᠡᠯ ᠤᠨ ᠬᠦᠷᠢᠶᠠᠨ ᠳᠠᠬᠢ ︽ᠢᠯᠠᠭᠲᠠᠯ︾ ᠭᠡᠵᠤ ᠤᠶᠢᠯᠠᠭᠠᠵᠤ ᠪᠤᠯᠬᠤ ᠶᠤᠮ᠃ ᠡᠶᠢᠨ ᠬᠦ ᠶᠡᠷᠦᠩᠬᠡᠢ ᠱᠦᠵᠢ ᠰᠢ ᠶᠢᠨ ᠫᠢᠩ ᠤᠨ ᠰᠠᠨᠠᠭᠠᠴᠢᠯᠠᠵᠤ ᠪᠦᠬᠦᠢ ᠪᠦᠬᠦ ᠪᠦᠮᠪᠦᠷᠴᠡᠭ ᠢ ᠬᠠᠮᠤᠷᠤᠭᠰᠠᠨ ︽ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ︾ ᠶᠠᠪᠤᠴᠠ ᠳᠤ ᠵᠠᠪᠠᠯ ᠪᠢᠳᠠ ᠦᠪᠡᠷ ᠤᠨ ᠬᠡᠭᠦ ᠦᠵᠡᠯ ᠰᠠᠨᠠᠭᠠᠨ ᠤ ᠪᠠ ᠡᠷᠳᠡᠮ ᠰᠢᠨᠵᠢᠯᠡᠭᠡᠨ ᠤ ᠤᠨᠤᠯ ᠤᠨ ᠲᠤᠭᠳᠠᠯᠴᠠᠭ᠎ᠠ ᠲᠠᠢ ᠪᠠᠶᠢᠵᠤ᠂ ᠡᠶᠢᠮᠦᠷᠬᠦᠤ ᠤᠨᠤᠯ ᠤᠨ ᠲᠤᠭᠳᠠᠯᠴᠠᠭ᠎ᠠ ᠨᠢ ᠬᠠᠮᠢᠶ᠎ᠠ ᠪᠦᠬᠦᠢ ᠤᠯᠤᠰ ᠤᠷᠤᠨ ᠤ ᠡᠷᠳᠡᠮ ᠰᠢᠨᠵᠢᠯᠡᠭᠡᠨ ᠤ ᠬᠢᠨ ᠳᠤ ᠮᠡᠳᠡᠷᠡᠭᠳᠡᠭᠰᠡᠨ ᠪᠠᠶᠢᠬᠤ ᠬᠡᠷᠡᠭᠲᠡᠢ᠃ ᠡᠨᠡ ᠪᠤᠯ ᠪᠢᠳᠠ ᠲᠠᠯ᠎ᠠ ᠨᠤᠳᠤᠭ ᠤᠨ ᠰᠤᠶᠤᠯ ᠰᠤᠳᠤᠯᠤᠯ ᠢ ᠳᠡᠯᠡᠬᠡᠢ ᠶᠢᠨ ᠲᠦᠪᠰᠢᠨ ᠳᠤ ᠬᠦᠷᠲᠡᠯ᠎ᠡ ᠲᠦᠯᠬᠢᠨ ᠠᠬᠢᠭᠤᠯᠬᠤ ᠶᠢ ᠰᠠᠨᠠᠭᠠᠴᠢᠯᠠᠵᠤ ᠪᠠᠶᠢᠭ᠎ᠠ ᠶᠢᠨ ᠭᠤᠤᠯ ᠵᠤᠷᠢᠯᠳᠠ ᠮᠥᠨ᠃      ᠲᠠᠯ᠎ᠠ ᠨᠤᠳᠤᠭ ᠤᠨ ᠰᠤᠶᠤᠯ ᠢ ᠢᠳᠡᠪᠬᠢᠳᠡᠢ ᠤᠬᠠᠭᠤᠯᠤᠨ ᠰᠤᠷᠳᠠᠯᠴᠢᠯᠠᠬᠤ ᠬᠡᠷᠡᠭᠳᠡᠢ      ᠦᠪᠦᠷ ᠮᠤᠩᠭᠤᠯ ᠤᠷᠤᠨ ᠳᠤ ᠡᠷᠬᠢᠯᠡᠨ ᠶᠠᠪᠤᠭᠳᠠᠭᠤᠯᠵᠤ ᠪᠦᠬᠦᠢ ᠤᠯᠠᠨ ᠤᠯᠤᠰ ᠤᠨ ᠴᠢᠨᠠᠷᠲᠠᠢ ᠬᠤᠷᠠᠯ ᠴᠤᠭᠯᠠᠭᠠᠨ ᠪᠤᠶᠤ ᠦᠵᠡᠰᠬᠦᠯᠡᠩ ᠳᠤ ᠲᠠᠯ᠎ᠠ ᠨᠤᠳᠤᠭ ᠤᠨ ᠰᠤᠶᠤᠯ ᠤᠨ ᠲᠤᠭ ᠲᠡᠮᠳᠡᠭ ᠢ ᠦᠷᠭᠡᠨ ᠳᠡᠯᠭᠡᠷ ᠤᠬᠠᠭᠤᠯᠤᠨ ᠰᠤᠷᠳᠠᠯᠴᠢᠯᠠᠪᠠᠯ ᠵᠤᠬᠢᠨ᠎ᠠ᠃      2014 ᠤᠨ ᠤ ᠡᠬᠢ ᠪᠠᠷ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠷᠤᠨ ᠳᠤ ᠪᠠᠶᠢᠴᠠᠭᠠᠯᠳᠠ ᠬᠢᠬᠦ ᠳᠡᠭᠡᠨ ᠦᠪᠦᠷ ᠮᠤᠩᠭᠤᠯ ᠤᠷᠤᠨ ᠤ ᠠᠵᠤ ᠠᠬᠤᠢ ᠶᠢ ᠲᠤᠭᠳᠠᠪᠤᠷᠢᠲᠠᠢ ᠬᠦᠭᠵᠢᠬᠦᠯᠬᠦ ᠪᠠ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠬᠦᠯᠬᠦ ᠲᠠᠯ᠎ᠠ ᠪᠠᠷ ᠴᠢᠬᠤᠯᠠ ᠵᠢᠭᠠᠪᠤᠷᠢ ᠦᠭᠴᠦ᠂ ᠨᠠᠮ ᠤᠨ ᠲᠦᠪ ᠬᠤᠷᠢᠶᠠᠨ ᠤ ᠬᠠᠶᠢᠷ᠎ᠠ ᠬᠠᠯᠠᠮᠵᠢ ᠶᠢ ᠮᠠᠨ ᠤ ᠤᠷᠤᠨ ᠳᠤ ᠬᠠᠮᠤᠭ ᠤᠨ ᠶᠡᠭᠡ ᠪᠠᠷ ᠬᠦᠷᠳᠡᠭᠡᠭᠰᠡᠨ ᠶᠤᠮ᠃ ᠪᠠᠶᠢᠴᠠᠭᠠᠯᠳᠠ ᠶᠢᠨ ᠳᠠᠷᠠᠭ᠎ᠠ᠂ ᠦᠪᠦᠷ ᠮᠤᠩᠭᠤᠯ ᠤᠨ ᠵᠠᠰᠠᠭ ᠤᠨ ᠤᠷᠳᠤᠨ ᠲᠡᠷᠡ ᠳᠠᠷᠤᠢ ᠬᠦᠳᠡᠯᠦᠯᠴᠡᠵᠤ᠂ ᠴᠠᠭ ᠲᠤᠬᠢᠶᠠᠯ ᠢ ᠠᠯᠳᠠᠯ ᠦᠭᠡᠢ ᠪᠠᠷ ᠠᠵᠤ ᠠᠬᠤᠢ ᠶᠢᠨ ᠬᠦᠭᠵᠢᠯᠳᠠ ᠪᠠᠨ ᠲᠦᠷᠭᠡᠳᠭᠡᠬᠦ ᠶᠢ ᠠᠩᠬᠠᠷᠴᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠭᠠᠷᠭᠠᠭᠰᠠᠨ ᠤᠯᠤᠰ ᠠᠷᠠᠳ ᠤᠨ ᠠᠵᠤ ᠠᠬᠤᠢ ᠪᠠᠨ ᠤᠯᠠᠮ ᠨᠢᠭᠡ ᠠᠯᠬᠤᠮ ᠬᠦᠭᠵᠢᠬᠦᠯᠬᠦ᠂ ᠠᠷᠠᠳ ᠤᠨ ᠠᠮᠢᠳᠤᠷᠠᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠴᠢᠨᠡᠭᠡᠯᠢᠭᠵᠢᠬᠦᠯᠬᠦ ᠪᠠ ︽ᠨᠢᠭᠡ ᠪᠦᠰᠠ ᠨᠢᠭᠡ ᠵᠠᠮ︾᠎ ᠤᠨ ᠰᠠᠨᠠᠭᠠᠴᠢᠯᠠᠭ᠎ᠠ ᠶᠢ ᠲᠤᠤᠱᠯᠠᠭᠤᠯᠬᠤ ᠶᠢ ᠡᠷᠡᠰ ᠢᠶᠠᠷ ᠬᠦᠷᠢᠶᠡᠯᠡᠨ ᠶᠡᠬᠡᠬᠡᠨ ᠠᠮᠵᠢᠯᠳᠠ ᠳᠤ ᠬᠦᠷᠴᠦ ᠪᠠᠶᠢᠨ᠎ᠠ᠃
      ᠮᠤᠩᠭᠤᠯ ᠠᠳᠤᠭᠤ      ᠢᠯᠠᠩᠭᠤᠶ᠎ᠠ ᠶᠡᠷᠦᠩᠬᠡᠢ ᠱᠦᠵᠢ ᠰᠢ ᠶᠢᠨ ᠫᠢᠩ ᠮᠠᠨ ᠤ ᠤᠷᠤᠨ ᠤ ᠬᠠᠮᠤᠭ ᠤᠨ ᠵᠢᠵᠢᠭ ᠪᠤᠯᠪᠠᠴᠦ ᠪᠤᠬᠢᠷᠳᠤᠯ ᠦᠭᠡᠢ ᠴᠤᠯ ᠪᠠᠶᠢᠭᠠᠯᠢᠯᠢᠭ ᠬᠤᠳᠠ ᠪᠤᠯᠬᠤ ᠷᠠᠰᠢᠶᠠᠨ ᠬᠤᠳᠠ ᠳᠤ ᠬᠦᠷᠴᠦ ᠪᠠᠶᠢᠴᠠᠭᠠᠨ ᠰᠤᠳᠤᠯᠤᠯᠳᠠ ᠬᠢᠵᠤ᠂ ᠴᠢᠬᠤᠯᠨ ᠵᠢᠭᠠᠪᠤᠷᠢ ᠦᠭᠭᠦᠭᠰᠡᠨ ᠤ ᠳᠠᠷᠠᠭ᠎ᠠ᠂ ᠦᠪᠦᠷ ᠮᠤᠩᠭᠤᠯ ᠤᠨ ᠵᠠᠰᠠᠭ ᠤᠨ ᠤᠷᠳᠤᠨ ᠪᠠ ᠬᠢᠩᠭᠠᠨ ᠠᠶᠢᠮᠠᠭ ᠤᠨ ᠵᠠᠰᠠᠭ ᠤᠨ ᠤᠷᠳᠤᠨ ᠤᠬᠤᠷᠬᠠᠨ ᠬᠤᠭᠤᠴᠠᠭᠠᠨ ᠳᠤ ᠰᠢᠢᠳᠪᠤᠷᠢ ᠭᠠᠷᠭᠠᠵᠤ᠂ ᠷᠠᠰᠢᠶᠠᠨ ᠬᠤᠳᠠ ᠶᠢ ᠪᠤᠬᠢᠷᠳᠤᠯ ᠦᠭᠡᠢ ᠴᠤᠯᠤ ᠪᠠᠶᠢᠭᠠᠯᠢᠯᠢᠭ ᠵᠤᠭᠠᠴᠡᠯ ᠤᠨ ᠬᠤᠳᠠ ᠪᠤᠯᠭᠠᠬᠤ ᠪᠠᠷ ᠲᠤᠭᠳᠠᠵᠤ᠂ ᠷᠠᠰᠢᠶᠠᠨ ᠬᠤᠳᠠ ᠶᠢ ︽ᠳᠤᠮᠳᠠᠳᠤ ᠤᠯᠤᠰ ᠤᠨ ᠳ᠋ᠠᠸᠤᠰ︾᠂ ︽ᠦᠪᠦᠷ ᠮᠤᠩᠭᠤᠯ ᠤᠨ ᠪᠦᠸᠧ ᠤᠦ︾᠎ ᠶᠢᠨ ᠪᠠᠷᠢᠮᠵᠢᠶ᠎ᠠ ᠪᠠᠷ ᠪᠦᠳᠦᠭᠡᠨ ᠪᠠᠶᠢᠭᠤᠯᠵᠤ᠂ ᠦᠪᠦᠷ ᠮᠤᠩᠭᠤᠯ ᠤᠷᠤᠨ ᠤ ᠳᠡᠯᠡᠭᠡᠢ ᠳᠤ ᠬᠠᠨᠳᠤᠭᠰᠠᠨ ︽ᠴᠤᠩᠬᠤ︾ ᠪᠤᠯᠭᠠᠬᠤ ᠪᠠᠷ ᠴᠢᠷᠮᠠᠶᠢᠵᠤ᠂ ᠵᠠᠰᠠᠭ ᠤᠨ ᠲᠠᠯ᠎ᠠ ᠠᠴᠠ ᠷᠠᠰᠢᠶᠠᠨ ᠬᠤᠳᠠ ᠳᠤ ᠳᠡᠯᠡᠭᠡᠢ ᠶᠢᠨ ᠴᠢᠨᠠᠷᠲᠠᠢ ︽ᠷᠠᠰᠢᠶᠠᠨ ᠶᠠᠷᠢᠯᠴᠠᠭᠠᠨ ᠤ ᠲᠠᠪᠴᠠᠩ︾᠎ ᠢ ᠵᠤᠬᠢᠶᠠᠨ ᠪᠠᠶᠢᠭᠤᠯᠬᠤ ᠪᠠᠷ ᠲᠦᠰᠦᠪᠯᠡᠵᠤ᠂ ᠠᠩᠬ᠎ᠠ ᠤᠳᠠᠭᠠᠨ ᠤ ᠲᠤᠷᠰᠢᠴᠠ ᠪᠦᠬᠦᠢ ︽ᠷᠠᠰᠢᠶᠠᠨ ᠶᠠᠷᠢᠯᠴᠠᠭᠠᠨ ᠤ ᠲᠠᠪᠴᠠᠩ︾᠎ ᠢ 2018 ᠤᠨ ᠤ 9 ᠰᠠᠷ᠎ᠠ ᠳᠤ ᠠᠮᠵᠢᠯᠲᠠᠲᠠᠢ ᠵᠤᠬᠢᠶᠠᠨ ᠪᠠᠶᠢᠭᠤᠯᠵᠤ ᠦᠩᠭᠡᠷᠡᠯ᠎ᠡ᠃ ᠡᠨᠡ ᠪᠤᠯ ᠦᠪᠦᠷ ᠮᠤᠩᠭᠤᠯ ᠤᠷᠤᠨ ᠤ ᠬᠦᠭᠵᠢᠯᠳᠠ ᠳᠤ ᠠᠪᠴᠦ ᠬᠡᠯᠡᠪᠠᠯ ᠮᠠᠰᠢ ᠪᠠᠶᠠᠷᠯᠠᠭᠤᠰᠢᠳᠠᠢ ᠶᠠᠪᠤᠳᠠᠯ ᠪᠤᠯᠬᠤ ᠶᠤᠮ᠃ ᠵᠠᠰᠠᠭ ᠤᠨ ᠲᠠᠯ᠎ᠠ ᠶᠢᠨ ᠲᠦᠰᠦᠪᠯᠡᠭᠰᠡᠨ ᠶᠤᠰᠤᠭᠠᠷ᠂ ᠳᠠᠷᠠᠭᠠᠴᠢ ᠶᠢᠨ ᠠᠯᠬᠤᠮ ᠳᠤ ᠷᠠᠰᠢᠶᠠᠨ ᠬᠤᠳᠠ ᠶᠢ ᠤᠯᠠᠨ ᠤᠯᠤᠰ ᠲᠤ ᠬᠠᠨᠳᠤᠭᠤᠯᠤᠭᠰᠠᠨ ᠪᠤᠬᠢᠷᠳᠤᠯ ᠦᠭᠡᠢ᠂ ᠷᠠᠰᠢᠶᠠᠨ ᠪᠤᠯᠠᠭ ᠤᠨᠳᠤᠷᠤᠭᠰᠠᠨ ᠴᠤᠯ ᠪᠠᠶᠢᠭᠠᠯᠢᠯᠢᠭ ᠦᠵᠡᠮᠵᠢᠳᠤ ᠬᠤᠳᠠ ᠪᠤᠯᠭᠠᠨ ᠪᠦᠳᠦᠭᠡᠨ ᠪᠠᠶᠢᠭᠤᠯᠵᠤ᠂ ᠰᠸᠢᠰ ᠤᠨ ᠳ᠋ᠠᠸᠤᠰ᠂ ᠮᠠᠨ ᠤ ᠤᠯᠤᠰ ᠤᠨ ᠬᠠᠶᠢᠨᠠᠨ ᠮᠤᠵᠢ ᠶᠢᠨ ᠪᠦᠸᠧ ᠤᠦ ᠲᠠᠢ ᠨᠡᠷ᠎ᠡ ᠲᠡᠩᠴᠡᠭᠰᠡᠨ ᠭᠤᠶᠤ ᠬᠤᠳᠠ ᠪᠤᠯᠭᠠᠵᠤ᠂ ᠤᠯᠤᠰ ᠠᠴᠠ ᠡᠷᠬᠢᠯᠡᠭᠰᠡᠨ ᠳᠡᠯᠡᠭᠡᠢ ᠶᠢᠨ ᠴᠢᠨᠠᠷᠲᠠᠢ ᠲᠤᠮᠤ ᠬᠤᠷᠠᠯ ᠴᠤᠭᠯᠠᠭᠠᠨ᠂ ᠴᠢᠭᠤᠯᠭ᠎ᠠ ᠠᠭᠤᠯᠵᠠᠯᠳᠠ ᠪᠠ ᠦᠵᠡᠰᠬᠦᠯᠡᠩ ᠢ ᠡᠷᠬᠢᠯᠡᠨ ᠶᠠᠪᠤᠭᠳᠠᠭᠤᠯᠬᠤ ᠪᠤᠯᠤᠨ᠎ᠠ᠃ ᠡᠨᠡ ᠪᠤᠯ ᠦᠪᠦᠷ ᠮᠤᠩᠭᠤᠯ ᠤᠨ ᠳᠡᠯᠡᠭᠡᠢ ᠶᠢᠨ ᠴᠢᠨᠠᠷᠲᠠᠢ ᠬᠦᠭᠵᠢᠯᠳᠠ ᠶᠢᠨ ᠲᠤᠬᠢᠶᠠᠯ ᠵᠠᠪᠰᠢᠶᠠᠨ ᠪᠤᠯᠤᠨ᠎ᠠ᠂ ᠮᠥᠨ ᠴᠦ ᠲᠠᠯ᠎ᠠ ᠨᠤᠳᠤᠭ ᠤᠨ ᠰᠤᠶᠤᠯ ᠰᠤᠳᠤᠯᠭᠠᠨ ᠤ ᠬᠦᠭᠵᠢᠯᠳᠠ ᠳᠡᠯᠡᠭᠡᠶᠢᠴᠢᠯᠡᠬᠦ ᠶᠢᠨ ᠲᠤᠬᠢᠶᠠᠯ ᠵᠠᠪᠰᠢᠶᠠᠨ ᠪᠤᠯᠬᠤ ᠶᠤᠮ᠃ ᠤᠳᠤ ᠨᠢᠭᠡᠨᠲᠠ ᠪᠦᠬᠦ ᠤᠯᠤᠰ ᠤᠨ ᠬᠡᠪᠴᠢᠶᠠᠨ ᠳᠤ ᠨᠡᠯᠢᠶᠡᠳ ᠨᠡᠷ᠎ᠡ ᠨᠦᠯᠦᠭᠡ ᠲᠠᠢ ᠪᠤᠯᠤᠭᠰᠠᠨ ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠨᠢ ᠷᠠᠰᠢᠶᠠᠨ ᠬᠤᠳᠠ ᠶᠢᠨ ᠤᠯᠠᠨ ᠤᠯᠤᠰ ᠤᠨ ᠴᠢᠨᠠᠷᠲᠠᠢ ᠪᠤᠬᠢᠷᠳᠤᠯ ᠦᠭᠡᠢ ᠬᠤᠳᠠ ᠪᠤᠯᠬᠤ ᠶᠢ ᠳᠠᠭᠠᠯᠳᠤᠨ ᠨᠡᠷ᠎ᠡ ᠨᠦᠯᠦᠭᠡ ᠪᠠᠨ ᠳᠡᠯᠡᠭᠡᠢ ᠶᠢᠨ ᠲᠦᠪᠰᠢᠨ ᠳᠤ ᠬᠦᠷᠲᠡᠯ᠎ᠡ ᠲᠦᠭᠡᠭᠡᠵᠤ ᠪᠤᠯᠤᠨ᠎ᠠ᠃ ᠶᠠᠷᠢᠶᠠᠨ ᠦᠭᠡᠢ ᠠᠳᠡ ᠪᠢᠳᠠ ᠵᠦᠪᠭᠡᠨ ᠷᠠᠰᠢᠶᠠᠨ ᠬᠤᠳᠠ ᠶᠢᠨ ᠤᠨᠴᠠᠭᠠᠢ ᠵᠢᠱᠢᠶ᠎ᠡ ᠪᠠᠷ ᠲᠠᠯ᠎ᠠ ᠨᠤᠳᠤᠭ ᠤᠨ ᠰᠤᠶᠤᠯ ᠤᠨ ᠳᠡᠯᠡᠭᠡᠢ ᠶᠢᠨ ᠬᠡᠪᠴᠢᠶᠠᠨ ᠳᠤ ᠨᠡᠷ᠎ᠡ ᠨᠦᠯᠦᠭᠡ ᠪᠠᠨ ᠦᠷᠭᠡᠳᠭᠡᠵᠤ ᠪᠤᠯᠬᠤ ᠠᠷᠭ᠎ᠠ ᠵᠠᠮ ᠢ ᠵᠢᠱᠢᠶᠡᠯᠡᠨ ᠦᠭᠦᠯᠡᠵᠤ ᠪᠠᠶᠢᠭ᠎ᠠ ᠶᠤᠮ᠃      ᠳᠡᠭᠡᠷᠡᠬᠢ ᠵᠢᠱᠢᠶ᠎ᠠ ᠠᠴᠠ ᠭᠠᠳᠠᠨ᠎ᠠ᠂ ᠪᠢᠳᠠ ᠪᠠᠰᠠ ᠦᠪᠦᠷ ᠮᠤᠩᠭᠤᠯ ᠤᠨ ᠬᠡᠪᠴᠢᠶᠠᠨ ᠳᠤ ᠵᠢᠯ ᠲᠤᠳᠤᠮ ᠶᠠᠪᠤᠭᠳᠠᠭᠤᠯᠵᠤ ᠪᠦᠬᠦᠢ ᠤᠯᠠᠨ ᠤᠯᠤᠰ ᠤᠨ ᠴᠢᠨᠠᠷᠲᠠᠢ ᠦᠵᠡᠰᠬᠦᠯᠡᠩ᠂ ᠬᠤᠷᠠᠯ ᠴᠤᠭᠯᠠᠭᠠᠨ ᠢᠶᠠᠷ ᠳᠠᠮᠵᠢᠭᠤᠯᠤᠨ ᠲᠠᠯ᠎ᠠ ᠨᠤᠳᠤᠭ ᠤᠨ ᠰᠤᠶᠤᠯ ᠢᠶᠠᠨ ᠤᠬᠠᠭᠤᠯᠤᠨ ᠲᠠᠨᠢᠯᠴᠠᠭᠤᠯᠵᠤ ᠪᠤᠯᠤᠨ᠎ᠠ᠃ ᠵᠢᠯ ᠤᠨ ᠡᠬᠢᠨ ᠤ ᠨᠢᠬᠡᠨ ᠰᠦᠯᠵᠢᠶᠡᠨ ᠮᠡᠳᠡᠭᠡᠯᠠᠯ ᠢ ᠦᠨᠳᠦᠰᠦᠯᠡᠪᠡᠯ᠂ 2018 ᠤᠨ ᠳᠤ ᠵᠦᠪᠬᠡᠨ ᠬᠦᠬᠡᠬᠤᠳᠠ ᠳᠤ ᠤᠯᠠᠨ ᠤᠯᠤᠰ ᠤᠨ ᠴᠢᠨᠠᠷᠲᠠᠢ ᠦᠵᠡᠰᠬᠦᠯᠡᠩ ᠪᠤᠶᠤ ᠴᠢᠭᠤᠯᠭᠠᠨ ᠢ 20᠎ ᠠᠴᠠ ᠳᠡᠭᠡᠭᠰᠢ ᠤᠳᠠᠭ᠎ᠠ ᠶᠠᠪᠤᠭᠳᠠᠭᠤᠯᠬᠤ ᠶᠤᠮ ᠭᠡᠨ᠎ᠡ᠃ ᠡᠳᠡᠭᠡᠷ ᠤᠯᠠᠨ ᠤᠯᠤᠰ ᠤᠨ ᠴᠢᠨᠠᠷᠲᠠᠢ ᠦᠵᠡᠰᠬᠦᠯᠡᠩ ᠪᠤᠶᠤ ᠴᠢᠭᠤᠯᠭᠠᠨ ᠪᠤᠯ ᠳᠠᠷᠤᠢ ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠡᠷ᠎ᠡ ᠨᠦᠯᠦᠭᠡ ᠶᠢ ᠳᠡᠯᠡᠭᠡᠢ ᠶᠢᠨ ᠬᠡᠪᠴᠢᠶᠠᠨ ᠳᠤ ᠬᠦᠷᠳᠡᠯ᠎ᠡ ᠦᠷᠭᠡᠳᠭᠡᠬᠦ ᠶᠢᠨ ᠬᠠᠮᠤᠭ ᠤᠨ ᠳᠦᠭᠦᠮ ᠮᠦᠷᠲᠡᠭᠡᠨ ᠰᠠᠶᠢᠨ ᠠᠷᠭ᠎ᠠ ᠵᠠᠮ ᠪᠤᠯᠤᠨ᠎ᠠ᠃ ᠭᠡᠳᠡᠯ᠎ᠡ ᠪᠢᠳᠠ ᠡᠶᠢᠮᠦᠷᠬᠦ ᠦᠵᠡᠰᠬᠦᠯᠡᠩ ᠳᠤ ᠵᠦᠪᠬᠡᠨ ᠬᠡᠳᠦᠨ ᠵᠤᠷᠪᠤᠰ ᠤᠷᠢᠶ᠎ᠠ ᠯᠤᠽᠦ᠋ᠩ ᠡᠯᠬᠦᠭᠡᠳ ᠯᠡ ᠵᠤᠭᠰᠤᠵᠤ ᠪᠤᠯᠬᠤ ᠦᠭᠡᠢ᠂ ᠵᠠᠪᠠᠯ ᠵᠤᠷᠢᠯᠭ᠎ᠠ ᠲᠠᠢ ᠵᠤᠬᠢᠶᠠᠨ ᠪᠠᠶᠢᠭᠤᠯᠤᠯᠳᠠ ᠲᠠᠢ ᠪᠠᠷ ᠲᠠᠯ᠎ᠠ ᠨᠤᠳᠤᠭ ᠤᠨ ᠰᠤᠶᠤᠯ ᠤᠨ ᠭᠤᠤᠯᠯᠠᠬᠤ ᠠᠭᠤᠯᠬᠤᠨ ᠢ ᠠᠵᠢᠯᠯᠠᠭᠠᠨ ᠤ ᠠᠭᠤᠯᠭ᠎ᠠ ᠳᠠᠭᠠᠨ ᠨᠡᠪᠴᠢᠭᠡᠨ ᠤᠷᠤᠭᠤᠯᠬᠤ ᠬᠡᠷᠡᠭᠲᠠᠢ᠃ ᠡᠨᠡᠬᠦ ᠶᠠᠪᠤᠴᠠ ᠳᠤ ᠵᠤᠬᠢᠶᠠᠨ ᠪᠠᠶᠢᠭᠤᠯᠤᠯᠳᠠ ᠶᠢᠨ ᠲᠠᠯ᠎ᠠ ᠠᠴᠠ ᠬᠠᠮᠢᠶ᠎ᠠ ᠪᠦᠬᠦᠢ ᠮᠡᠷᠭᠡᠵᠢᠯᠳᠡᠨ ᠢ ᠠᠵᠢᠯ ᠤᠨ ᠺᠤᠮᠢᠰ ᠲᠤ ᠤᠷᠢᠨ ᠤᠷᠤᠯᠴᠠᠭᠤᠯᠵᠤ᠂ ᠲᠡᠳᠡᠨ ᠤ ᠰᠠᠨᠠᠯ ᠵᠦᠪᠯᠡᠯᠭᠡ ᠶᠢ ᠰᠤᠨᠤᠰᠴᠤ᠂ ᠰᠤᠶᠤᠯ ᠰᠤᠳᠤᠯᠭᠠᠨ ᠤ ᠦᠷ᠎ᠡ ᠪᠦᠳᠦᠭᠡᠯ ᠢ ᠪᠦᠷᠢᠨ ᠵᠦᠪ ᠢᠶᠠᠷ ᠰᠤᠷᠳᠠᠯᠴᠢᠯᠠᠬᠤ ᠬᠡᠷᠡᠭᠲᠡᠢ᠃ ᠬᠠᠮᠢᠶ᠎ᠠ ᠪᠦᠬᠦᠢ ᠪᠠᠶᠢᠭᠤᠯᠭ᠎ᠠ ᠪᠠ ᠠᠵᠤ ᠠᠬᠤᠢ ᠶᠢᠨ ᠨᠢᠭᠡᠴᠢ ᠶᠢᠨ ᠲᠠᠯ᠎ᠠ ᠠᠴᠠ ᠵᠠᠪᠠᠯ ᠤᠯᠠᠨ ᠤᠯᠤᠰ ᠤᠨ ᠴᠢᠨᠠᠷᠲᠠᠢ ᠠᠷᠠᠯᠵᠢᠶ᠎ᠠ ᠬᠤᠳᠠᠯᠳᠤᠭ᠎ᠠ ᠪᠠ ᠡᠳ᠋ ᠪᠠᠷᠠᠭᠠᠨ ᠤ ᠰᠤᠯᠢᠯᠴᠠᠭ᠎ᠠ ᠳᠤᠮᠳᠠ ᠪᠠᠨ ᠲᠠᠯ᠎ᠠ ᠨᠤᠳᠤᠭ ᠤᠨ ᠰᠤᠶᠤᠯ ᠤᠨ ᠲᠤᠭ ᠲᠡᠮᠳᠡᠭ ᠢ ᠲᠦᠯᠦᠪᠯᠡᠯᠭᠡ ᠲᠠᠢ ᠪᠠᠷ ᠡᠷᠭᠦᠨ ᠲᠠᠨᠢᠯᠴᠠᠭᠤᠯᠵᠤ᠂ ᠲᠠᠯ᠎ᠠ ᠨᠤᠳᠤᠭ ᠤᠨ ᠰᠤᠶᠤᠯ ᠤᠨ ᠭᠦᠭᠵᠢᠯᠳᠠ ᠶᠢ ᠲᠠᠰᠤᠷᠠᠯᠳᠠ ᠦᠭᠡᠢ ᠲᠦᠯᠬᠢᠨ ᠠᠬᠢᠭᠤᠯᠬᠤ ᠬᠡᠷᠡᠭᠲᠠᠢ᠃ ᠵᠠᠰᠠᠭ ᠤᠨ ᠲᠠᠯ᠎ᠠ ᠠᠴᠠ ᠬᠤᠷᠸ᠎ᠠ ᠲᠤᠬᠢᠷᠠᠭᠤᠯᠭ᠎ᠠ ᠪᠠᠨ ᠴᠢᠩᠭᠠᠳᠬᠠᠵᠤ᠂ ᠠᠵᠢᠯ ᠤᠨ ᠪᠦᠬᠦ ᠶᠠᠪᠤᠴᠠ ᠳᠤ ᠵᠦᠪ ᠵᠢᠯᠤᠭᠤᠳᠤᠯᠭ᠎ᠠ ᠬᠠᠩᠭᠠᠵᠤ᠂ ᠬᠠᠮᠤᠭ ᠤᠨ ᠠᠩᠬᠠᠨ ᠤ ᠲᠦᠯᠦᠪᠯᠡᠯᠭᠡ ᠲᠤᠭᠳᠠᠭᠠᠬᠤ ᠠᠴᠠ ᠠᠪᠤᠭᠠᠳ ᠬᠠᠮᠤᠭ ᠰᠡᠬᠦᠯᠴᠢ ᠶᠢᠨ ᠦᠢᠯᠡᠳᠦᠯᠭᠡᠵᠢᠬᠦᠯᠬᠦ ᠪᠦᠬᠦ ᠶᠠᠪᠤᠴᠠ ᠳᠤ ᠲᠠᠯ᠎ᠠ ᠨᠤᠳᠤᠭ ᠤᠨ ᠰᠤᠶᠤᠯ ᠢ ᠤᠬᠠᠭᠤᠯᠬᠤ ᠪᠠ ᠨᠡᠷ᠎ᠡ ᠨᠦᠯᠦᠭᠡ ᠶᠢ ᠦᠷᠭᠡᠳᠭᠡᠬᠦ ᠠᠵᠢᠯ ᠢ ᠴᠢᠩᠭ᠎ᠠ ᠠᠳᠬᠤᠵᠤ ᠪᠠᠶᠢᠬᠤ ᠬᠡᠷᠡᠭᠲᠠᠢ᠃      ᠨᠡᠷᠡᠳᠤ ᠪᠠᠷᠠᠭ᠎ᠠ ᠪᠦᠳᠦᠭᠡᠭᠳᠡᠬᠦᠨ ᠲᠠᠯ᠎ᠠ ᠨᠤᠳᠤᠭ ᠤᠨ       ᠰᠤᠶᠤᠯ ᠤᠨ ᠲᠤᠳᠤᠭᠠᠳᠦ ᠠᠭᠤᠯᠬᠤᠨ ᠢ ᠰᠢᠩᠭᠡᠭᠡᠨ ᠠᠪᠬᠤ ᠭᠡᠷᠡᠭᠳᠡᠢ      ᠦᠪᠦᠷ ᠮᠤᠩᠭᠤᠯ ᠤᠨ ᠨᠡᠷᠡᠳᠤ ᠪᠦᠳᠦᠭᠡᠭᠳᠡᠬᠦᠨ ᠤ ᠱᠤᠰᠢᠭ᠎ᠠ ᠲᠡᠮᠳᠡᠭ ᠢᠶᠠᠨ ᠳᠡᠯᠡᠭᠡᠢ ᠶᠢᠨ ᠲᠦᠪᠰᠢᠨ ᠳᠤ ᠲᠠᠨᠢᠯᠴᠠᠭᠤᠯᠬᠤ ᠳᠤᠮᠳᠠ ᠤᠭ ᠪᠦᠳᠦᠭᠡᠭᠳᠡᠭᠦᠨ ᠳᠤ ᠬᠤᠯᠪᠤᠭᠳᠠᠬᠤ ᠲᠠᠯ᠎ᠠ ᠨᠤᠳᠤᠭ ᠤᠨ ᠰᠤᠶᠤᠯ ᠤᠨ ᠡᠯᠧᠮᠧᠨ᠋ᠲ ᠢ ᠵᠤᠷᠢᠯᠭ᠎ᠠ ᠲᠠᠢ ᠪᠠᠷ ᠨᠡᠮᠡᠭᠳᠡᠭᠦᠯᠪᠡᠯ ᠵᠤᠬᠢᠨ᠎ᠠ᠃ ᠤᠶᠢᠷ᠎ᠠ ᠶᠢᠨ ᠵᠢᠯ ᠤᠳ ᠠᠴᠠ᠂ ᠳᠡᠯᠡᠭᠡᠢ ᠳᠤ ᠠᠯᠳᠠᠷ ᠢᠶᠠᠨ ᠳᠠᠭᠤᠷᠢᠰᠤᠭᠤᠯᠤᠭᠰᠠᠨ ᠦᠪᠦᠷ ᠮᠤᠩᠭᠤᠯ ᠤᠨ ᠨᠡᠷᠡᠳᠤ ᠪᠦᠳᠦᠭᠡᠭᠳᠡᠭᠦᠨ ᠤ ᠱᠤᠰᠢᠭ᠎ᠠ ᠲᠡᠮᠳᠡᠭ ᠤᠳ ᠡᠳᠦᠷ ᠠᠴᠠ ᠡᠳᠦᠷ ᠤᠯᠠᠰᠢᠷᠠᠵᠤ ᠪᠠᠶᠢᠨ᠎ᠠ᠃ ᠡᠳᠡᠭᠡᠷ ᠪᠦᠳᠦᠭᠡᠭᠳᠡᠭᠦᠨ ᠳᠤ ᠢ ᠯᠢ᠂ ᠮᠧᠩ ᠨᠢᠦ᠂ ᠤᠷᠳᠤᠰ ᠨᠤᠤᠯᠤᠭᠤᠷ ᠭᠡᠬᠦ ᠵᠡᠷᠭᠡ ᠪᠦᠳᠦᠭᠡᠭᠳᠡᠬᠦᠨ ᠤᠯᠠᠨ ᠵᠢᠯ ᠲᠡᠯᠡᠬᠡᠢ ᠶᠢᠨ ᠲᠡᠷᠢᠭᠦᠨ ᠡᠩᠨᠡᠬᠡᠨ ᠳᠤ ᠵᠢᠭᠰᠠᠵᠤ᠂ ᠦᠪᠦᠷ ᠮᠤᠩᠭᠤᠯ ᠨᠢ ᠲᠠᠯ᠎ᠠ ᠨᠤᠳᠤᠭ ᠤᠨ ᠤᠨᠴᠠᠯᠢᠭ ᠪᠦᠬᠦᠢ ᠰᠦᠨ ᠦᠢᠯᠡᠰ ᠪᠠ ᠨᠤᠤᠰᠤ ᠨᠤᠤᠯᠤᠭᠤᠷ ᠤᠨ ᠪᠦᠳᠦᠭᠡᠭᠳᠡᠬᠦᠨ ᠢᠶᠠᠷ ᠎ ᠢᠶᠠᠨ ᠳᠡᠯᠡᠭᠡᠢ ᠳᠤ ᠠᠯᠳᠠᠷ ᠢᠶᠠᠨ ᠭᠠᠶᠢᠬᠠᠭᠤᠯᠵᠤ ᠪᠠᠶᠢᠨ᠎ᠠ᠃
      ᠲᠠᠯ᠎ᠠ ᠨᠤᠳᠤᠭ ᠤᠨ ᠰᠤᠶᠤᠯ ᠤᠨ ᠨᠡᠶᠢᠷ ᠤᠨ ᠦᠵᠡᠭᠳᠡᠯ      ᠭᠡᠳᠡᠯ᠎ᠡ ᠡᠳᠡᠭᠡᠷ ᠪᠦᠳᠦᠭᠡᠭᠳᠡᠭᠦᠨ ᠳᠤ ᠠᠭᠤᠯᠤᠭᠳᠠᠬᠤ ᠵᠢᠩᠬᠢᠨᠢ ᠤᠳᠬ᠎ᠠ ᠳᠡᠭᠡᠷᠡᠬᠢ ᠲᠠᠯ᠎ᠠ ᠨᠤᠳᠤᠭ ᠤᠨ ᠰᠤᠶᠤᠯ ᠤᠨ ᠡᠯᠧᠮᠧᠨ᠋ᠲ ᠶᠡᠭᠡ ᠬᠤᠮᠰᠠᠬᠠᠨ ᠪᠠᠶᠢᠨ᠎ᠠ᠃ ᠤᠯᠠᠩᠬᠢ ᠬᠡᠷᠡᠭᠯᠡᠭᠴᠢᠳ ᠡᠳᠡᠭᠡᠷ ᠪᠦᠳᠦᠭᠡᠭᠳᠡᠬᠦᠨ ᠪᠤᠯ ᠦᠪᠦᠷ ᠮᠤᠩᠭᠤᠯ ᠤᠨ ᠨᠡᠷᠡᠳᠤ ᠪᠦᠳᠦᠭᠡᠭᠳᠡᠬᠦᠨ ᠭᠡᠬᠦ ᠶᠢ ᠮᠡᠳᠡᠬᠦ ᠠᠴᠠ ᠪᠢᠰᠢ᠂ ᠴᠤᠬᠤᠮ ᠦᠪᠦᠷ ᠮᠤᠩᠭᠤᠯ ᠤᠨ ᠲᠠᠯ᠎ᠠ ᠨᠤᠳᠤᠭ ᠠᠴᠠ ᠭᠠᠷᠤᠭᠰᠠᠨ ᠴᠡᠪᠡᠷ ᠪᠠᠶᠢᠭᠠᠯᠢᠯᠢᠭ ᠦᠨᠳᠦᠰᠦᠲᠡᠨ ᠤ ᠤᠨᠴᠠᠯᠢᠭ ᠪᠦᠬᠦᠢ ᠪᠦᠳᠦᠭᠡᠭᠳᠡᠬᠦᠨ ᠭᠡᠳᠡᠭ ᠢ ᠦᠨᠳᠦᠰᠦᠨ ᠳᠡᠭᠡᠨ ᠤᠶᠢᠯᠠᠭᠠᠬᠤ ᠦᠭᠡᠢ ᠪᠠᠶᠢᠳᠠᠭ᠃ ᠦᠨᠳᠦᠰᠦᠲᠡᠨ ᠤ ᠭᠡᠬᠦ ᠠᠴᠠ ᠲᠡᠭᠦᠨ ᠳᠤ ᠦᠨᠡᠨ ᠳᠡᠭᠡᠨ ᠤᠯᠠᠨ ᠲᠠᠯ᠎ᠠ ᠶᠢᠨ ᠦᠨᠳᠦᠰᠦᠲᠡᠨ ᠤ ᠰᠤᠶᠤᠯ ᠤᠨ ᠠᠭᠤᠯᠬᠤᠨ ᠲᠠᠢ ᠪᠠᠶᠢᠵᠤ ᠲᠠᠭᠠᠷᠠᠨ᠎ᠠ᠃ ᠨᠠᠭᠠᠳᠤ ᠵᠠᠬ᠎ᠠ ᠨᠢ ᠦᠰᠦᠭ ᠪᠢᠴᠢᠭ ᠤᠨ᠂ ᠳᠠᠷᠠᠭᠠᠯᠠᠪᠠᠯ ᠬᠡ ᠤᠭᠠᠯᠵᠠ ᠵᠢᠷᠤᠭ ᠲᠡᠮᠳᠡᠭ ᠠᠴᠠ ᠠᠪᠤᠭᠠᠳ ᠦᠨᠦᠷ ᠠᠮᠳᠠ ᠳᠠᠭᠠᠨ ᠬᠦᠷᠳᠡᠯ᠎ᠡ ᠤᠷᠤᠨ ᠨᠤᠳᠤᠭ ᠤᠨ ᠪᠠ ᠦᠨᠳᠦᠰᠦᠲᠡᠨ ᠤ ᠤᠨᠴᠠᠯᠢᠭ ᠢ ᠤᠨᠴᠠᠭᠠᠶᠢᠯᠠᠨ ᠳᠤᠪᠤᠶᠢᠯᠭᠠᠵᠤ ᠪᠠᠶᠢᠪᠠᠯ ᠵᠤᠬᠢᠨ᠎ᠠ᠃ ᠭᠡᠳᠡᠯ᠎ᠡ ᠪᠤᠳᠠᠳᠠᠢ ᠲᠡᠭᠡᠷ᠎ᠠ ᠮᠤᠩᠭᠤᠯ ᠦᠰᠦᠭ ᠪᠢᠴᠢᠭ ᠬᠡᠷᠡᠭᠯᠡᠭᠡ ᠦᠭᠡᠢ ᠦᠪᠦᠷ ᠮᠤᠩᠭᠤᠯ ᠤᠨ ᠨᠡᠷᠡᠳᠤ ᠪᠠᠷᠠᠭ᠎ᠠ ᠪᠦᠳᠦᠭᠡᠭᠳᠡᠬᠦᠨ ᠎ ᠨᠦᠭᠦᠳ ᠵᠦᠩᠳᠡᠭᠡᠨ ᠪᠠᠶᠢᠨ᠎ᠠ᠃ ᠡᠮᠦᠨᠡᠬᠡᠨ ᠬᠦᠬᠡᠬᠤᠳᠠ ᠳᠤ ᠪᠤᠯᠵᠤ ᠦᠩᠭᠡᠷᠡᠭᠰᠡᠨ ᠳᠤᠮᠳᠠᠳᠤ ᠤᠯᠤᠰ ᠤᠨ ᠲᠠᠪᠤᠳᠤᠭᠠᠷ ᠬᠤᠭᠤᠴᠠᠭᠠᠨ ᠤ ᠮᠤᠩᠭᠤᠯ ᠰᠤᠳᠤᠯᠤᠯ ᠤᠨ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠳᠡᠭᠡᠷ᠎ᠡ᠂ ᠤᠯᠠᠨ ᠤᠯᠤᠰ ᠤᠨ ᠮᠤᠩᠭᠤᠯ ᠰᠤᠳᠤᠯᠤᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ᠂ ᠠᠮᠧᠷᠢᠺᠠ ᠶᠢᠨ ᠫᠧᠨᠰᠢᠸᠢᠨᠢᠶ᠎ᠠ ᠶᠡᠭᠡ ᠰᠤᠷᠭᠠᠭᠤᠯᠢ ᠶᠢᠨ ᠫ᠊ · ᠠᠲ᠋ᠠᠦ᠋ᠳ᠋ ᠫᠷᠦᠹᠧᠰᠰᠤᠷ ᠴᠤᠯᠤ ᠮᠤᠩᠭᠤᠯ ᠬᠡᠯᠨ ᠪᠠᠷ ᠢᠯᠡᠳᠬᠡᠯ ᠬᠢᠭᠰᠡᠨ ᠶᠠᠪᠤᠳᠠᠯ ᠨᠢ ᠶᠡᠭᠡᠭᠡᠨ ᠳᠤᠷᠬᠢᠯᠳᠠ ᠪᠤᠯᠵᠦ᠂ ᠦᠪᠦᠷ ᠮᠤᠩᠭᠤᠯᠴᠤᠳ ᠲᠤ ᠮᠤᠩᠭᠤᠯ ᠬᠡᠯᠡ ᠪᠢᠴᠢᠭ ᠢᠶᠠᠨ ᠬᠡᠷᠬᠢᠨ ᠬᠢᠮᠠᠭᠠᠳᠠᠨ ᠬᠠᠶᠢᠷᠠᠯᠠᠵᠤ᠂ ᠬᠠᠮᠠᠭᠠᠯᠠᠨ ᠬᠦᠭᠵᠢᠬᠦᠯᠬᠦ ᠶᠢᠨ ᠲᠤᠬᠠᠢ ᠨᠢᠭᠡᠨ ᠰᠠᠶᠢᠨ ᠰᠡᠩᠬᠡᠷᠡᠭᠦᠯᠦᠯ ᠪᠤᠯᠤᠭᠰᠠᠨ ᠶᠤᠮ᠃ ᠡᠨᠡ ᠪᠤᠯ ᠳᠠᠷᠤᠢ ᠦᠨᠳᠦᠰᠦᠲᠡᠨ ᠤ ᠰᠤᠶᠤᠯ ᠤᠨ ᠰᠤᠳᠤᠨ ᠭᠠᠶᠢᠬᠠᠮᠰᠢᠭ ᠪᠤᠯᠤᠨ᠎ᠠ᠃ ᠬᠠᠷᠢ ᠭᠦᠷᠦᠨ ᠠᠮᠧᠷᠢᠺᠠ ᠤᠯᠤᠰ ᠲᠤ ᠮᠤᠩᠭᠤᠯ ᠬᠡᠯᠡᠨ ᠤ ᠶᠠᠮᠠᠷ ᠴᠦ ᠬᠡᠷᠡᠭᠯᠡᠭᠡᠨ ᠤ ᠤᠷᠴᠢᠨ ᠦᠭᠡᠢ ᠠᠳᠠᠯ᠎ᠠ ᠮᠤᠩᠭᠤᠯ ᠰᠤᠳᠤᠯᠤᠯ ᠤᠨ ᠲᠦᠯᠦᠭᠡ ᠠᠮᠧᠷᠢᠺᠠ ᠡᠷᠳᠡᠮᠳᠠᠨ ᠮᠤᠩᠭᠤᠯ ᠬᠡᠯᠡ ᠶᠢ ᠲᠤᠭᠤᠷᠠᠳᠠᠯ᠎ᠠ ᠡᠵᠡᠮᠰᠢᠵᠤ ᠪᠠᠶᠢᠭ᠎ᠠ ᠨᠢ ᠪᠢᠰᠢᠷᠡᠬᠦᠰᠢᠳᠡᠢ ᠮᠦᠷᠳᠡᠬᠡᠨ ᠲᠠᠭᠠᠨ ᠰᠤᠷᠤᠯᠴᠠᠭᠤᠰᠢᠳᠠᠢ ᠶᠠᠪᠤᠳᠠᠯ ᠪᠤᠯᠬᠤ ᠶᠤᠮ᠃ ᠡᠶᠢᠮᠦᠷᠬᠦᠤ ᠰᠤᠷᠤᠯᠴᠠᠯᠭ᠎ᠠ ᠶᠠᠭᠤᠨ ᠤ ᠡᠮᠦᠨ᠎ᠡ ᠦᠪᠦᠷ ᠮᠤᠩᠭᠤᠯ ᠤᠷᠤᠨ ᠠᠴᠠ ᠳᠡᠯᠡᠭᠡᠢ ᠤᠷᠤᠭᠤ ᠬᠠᠨᠳᠤᠭᠤᠯᠤᠭᠰᠠᠨ ᠡᠯ᠎ᠡ ᠠᠵᠤ ᠠᠬᠤᠶᠢᠯᠠᠯ ᠤᠨ ᠨᠡᠷᠡᠳᠤ ᠪᠦᠳᠦᠭᠡᠭᠳᠡᠬᠦᠨ ᠤ ᠱᠤᠰᠢᠭ᠎ᠠ ᠲᠡᠮᠳᠡᠭ ᠳᠡᠭᠡᠷ᠎ᠡ ᠮᠤᠩᠭᠤᠯ ᠦᠰᠦᠭ ᠪᠢᠴᠢᠭ ᠢ ᠴᠢᠬᠤᠯᠠᠴᠢᠯᠠᠨ ᠬᠡᠷᠡᠭᠯᠡᠬᠦ ᠠᠴᠠ ᠡᠬᠢᠯᠡᠬᠦ ᠬᠡᠷᠡᠭᠲᠡᠢ ᠪᠤᠯᠤᠭᠠᠳ ᠪᠠᠶᠢᠨ᠎ᠠ᠃ ᠲᠠᠯ᠎ᠠ ᠨᠤᠳᠤᠭ ᠤᠨ ᠰᠤᠶᠤᠯ ᠤᠨ ᠲᠤᠳᠤᠭᠠᠳᠤ ᠠᠭᠤᠯᠬᠤᠨ ᠳᠤᠨᠢ ᠲᠠᠯ᠎ᠠ ᠨᠤᠳᠤᠭ ᠴᠢᠬᠤᠯᠠᠴᠢᠯᠠᠭᠳᠠᠬᠤ ᠠᠴᠠ ᠭᠠᠳᠠᠨ᠎ᠠ᠂ ᠪᠠᠰᠠ ᠵᠠᠪᠠᠯ ᠲᠡᠭᠦᠨ ᠤ ᠳᠡᠭᠡᠷ᠎ᠡ ᠤᠷᠤᠰᠢᠨ ᠠᠮᠢᠳᠤᠷᠠᠭᠴᠢ ᠦᠨᠳᠦᠰᠦᠲᠡᠨ ᠶᠠᠰᠤᠳᠠᠳ ᠤᠨ ᠡᠭᠦᠳᠦᠨ ᠪᠦᠲᠦᠭᠡᠭᠰᠡᠨ ᠰᠤᠶᠤᠯ ᠬᠦᠨᠳᠦᠳᠭᠡᠭᠳᠡᠬᠦ ᠬᠡᠷᠡᠭᠲᠡᠢ᠃ ᠤᠷᠤᠨ ᠨᠤᠳᠤᠭ ᠤᠨ ᠭᠡᠬᠦ ᠠᠴᠠ ᠦᠪᠦᠷ ᠮᠤᠩᠭᠤᠯ ᠤᠨ ᠵᠠᠷᠢᠮ ᠲᠠᠯ᠎ᠠ ᠨᠤᠳᠤᠭ ᠠᠴᠠ ᠢᠷᠡᠯ ᠲᠠᠢ ᠪᠠᠷᠠᠭ᠎ᠠ ᠲᠠᠸᠠᠷ ᠲᠠᠭᠠᠨ ᠲᠠᠯ᠎ᠠ ᠨᠤᠳᠤᠭ ᠤᠨ ᠴᠤᠯ ᠪᠠᠶᠢᠭᠠᠯᠢᠯᠢᠭ᠂ ᠪᠤᠬᠢᠷᠳᠤᠯ ᠦᠭᠡᠢ ᠭᠡᠳᠡᠭ ᠢ ᠤᠨᠴᠠᠭᠠᠶᠢᠯᠠᠨ ᠴᠢᠬᠤᠯᠠᠴᠢᠯᠠᠵᠤ᠂ ᠦᠢᠯᠡᠳᠬᠦᠨ ᠤ ᠪᠠᠨ ᠴᠡᠪᠡᠷ ᠪᠠᠶᠢᠭᠠᠯᠢᠯᠢᠭ ᠶᠠᠰᠤ ᠴᠢᠨᠠᠷ ᠢ ᠴᠢᠩᠭ᠎ᠠ ᠪᠠᠳᠤᠯᠠᠵᠤ ᠪᠠᠶᠢᠬᠤ ᠬᠡᠷᠡᠭᠲᠡᠢ᠃ ᠴᠢᠨᠠᠷ ᠴᠢᠨᠰᠠᠭ᠎ᠠ ᠪᠤᠯ ᠦᠢᠯᠡᠳᠬᠦᠨ ᠤ ᠠᠮᠢ ᠨᠠᠰᠦ ᠮᠥᠨ ᠭᠡᠳᠡᠭ ᠳᠦᠭᠦᠮᠭᠡᠨ ᠶᠤᠰᠤ ᠶᠢ ᠠᠵᠤ ᠠᠬᠤᠶᠢᠯᠠᠯᠳᠡᠳ ᠰᠠᠶᠢᠨ ᠮᠡᠳᠡᠨ᠎ᠡ᠃ ︽ᠪᠠᠶᠢᠭᠠᠯᠢ ᠶᠢ ᠬᠦᠨᠳᠦᠳᠭᠡᠵᠤ᠂ ᠨᠡᠭᠡᠭᠡᠯᠲᠡᠯᠢᠭ ᠢ ᠡᠷᠬᠢᠮᠯᠡᠵᠤ᠂ ᠢᠳᠡᠭᠡᠯ ᠢ ᠪᠠᠷᠢᠮᠳᠠᠯᠠᠬᠤ︾ ᠪᠤᠯ ᠲᠠᠯ᠎ᠠ ᠨᠤᠳᠤᠭ ᠤᠨ ᠰᠤᠶᠤᠯ ᠤᠨ ᠲᠤᠳᠤᠭᠠᠳᠤ ᠴᠦᠮ᠎ᠡ᠂ ᠠᠮᠢᠨ ᠰᠦᠨᠡᠰᠦ ᠨᠢ ᠮᠥᠨ᠃ ᠡᠶᠢᠮᠦ ᠠᠴᠠ᠂ ᠦᠪᠦᠷ ᠮᠤᠩᠭᠤᠯ ᠤᠨ ᠤᠨᠴᠠ ᠪᠦᠳᠦᠭᠡᠭᠳᠡᠬᠦᠨ᠂ ᠤᠨᠴᠠᠭᠠᠶᠢᠯᠠᠨ ᠲᠠᠯ᠎ᠠ ᠨᠤᠳᠤᠭ ᠤᠨ ᠤᠨᠴᠠᠯᠢᠭ ᠲᠠᠢ ᠨᠡᠷᠡᠳᠤ ᠪᠠᠷᠠᠭ᠎ᠠ ᠪᠦᠳᠦᠭᠡᠭᠳᠡᠬᠦᠨ ᠵᠠᠪᠠᠯ ᠲᠠᠯ᠎ᠠ ᠨᠤᠳᠤᠭ ᠤᠨ ᠰᠤᠶᠤᠯ ᠤᠨ ᠲᠤᠭ ᠢ ᠦᠨᠳᠦᠷ ᠡᠷᠭᠦᠵᠤ᠂ ᠲᠠᠯ᠎ᠠ ᠨᠤᠳᠤᠭ ᠤᠨ ᠰᠤᠶᠤᠯ ᠤᠨ ᠲᠤᠳᠤᠭᠠᠳᠤ ᠠᠭᠤᠯᠬᠤᠨ ᠢ ᠤᠬᠠᠮᠰᠠᠷ ᠲᠠᠢ ᠪᠠᠷ ᠰᠢᠩᠭᠡᠭᠡᠨ ᠠᠪᠴᠦ ᠬᠡᠷᠡᠭᠯᠡᠵᠤ ᠪᠠᠶᠢᠪᠠᠯ ᠵᠤᠬᠢᠨ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠶᠠᠷᠦᠩᠬᠡᠢ ᠱᠦᠵᠢ ᠰᠢ ᠶᠢᠨ ᠫᠢᠩ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ︽ᠰᠤᠶᠤᠯ ᠢ ᠬᠦᠨᠳᠦᠳᠭᠡᠵᠤ᠂ ᠨᠡᠶᠢᠭᠡᠮ ᠵᠢᠷᠤᠮ ᠤᠨ ᠰᠤᠶᠤᠯ ᠤᠨ ᠬᠦᠴᠦᠷᠭᠡᠭ ᠤᠯᠤᠰ ᠢ ᠪᠠᠶᠢᠭᠤᠯᠬᠤ︾ ᠬᠠᠷᠠᠯᠳᠠ ᠵᠤᠷᠢᠯᠳᠠ ᠶᠢ ᠢᠯᠠ ᠪᠤᠳᠠᠳᠠᠢ ᠲᠤᠷᠠᠳᠤᠨ ᠭᠠᠷᠭᠠᠭᠰᠠᠨ ᠶᠤᠮ᠃ ᠡᠶᠢᠮᠦᠷᠬᠦᠤ ᠪᠠᠶᠢᠳᠠᠯ ᠳᠤᠤᠷ᠎ᠠ᠂ ᠪᠢᠳᠠ ᠵᠤᠷᠢᠯᠭ᠎ᠠ ᠲᠠᠢ ᠪᠠᠷ ᠮᠠᠨ ᠤ ᠤᠷᠤᠨ ᠤ ᠨᠡᠷᠡᠳᠤ ᠪᠠᠷᠠᠭ᠎ᠠ ᠪᠦᠳᠦᠭᠡᠭᠳᠡᠬᠦᠨ ᠤ ᠪᠠᠨ ᠰᠤᠶᠤᠯ ᠤᠨ ᠡᠯᠧᠮᠧᠨ᠋ᠲ ᠢ ᠠᠭᠤᠳᠠᠯᠤᠨ ᠨᠡᠭᠡᠭᠡᠵᠤ᠂ ᠨᠡᠷᠡᠳᠤ ᠪᠦᠳᠦᠭᠡᠭᠳᠡᠬᠦᠨ ᠤ ᠪᠠᠨ ᠰᠤᠶᠤᠯ ᠤᠨ ᠠᠭᠤᠯᠬᠤᠨ ᠢ ᠳᠡᠭᠡᠭᠰᠢᠯᠡᠬᠦᠯᠬᠦ ᠤᠷᠤᠯᠳᠤᠯᠭ᠎ᠠ ᠶᠢ ᠬᠢᠬᠦ ᠴᠢᠬᠤᠯᠠᠲᠠᠢ᠃ ᠢᠩᠬᠢᠵᠤ ᠬᠢᠭᠰᠡᠨ ᠢᠶᠠᠷ᠂ ᠮᠠᠨ ᠤ ᠤᠷᠤᠨ ᠤ ᠨᠡᠷᠡᠳᠤ ᠪᠦᠳᠦᠭᠡᠭᠳᠡᠬᠦᠨ ᠤ ᠤᠷᠤᠨ ᠨᠤᠳᠤᠭ ᠤᠨ ᠤᠨᠴᠠᠯᠢᠭ ᠪᠦᠬᠦᠢ ᠴᠤᠯ ᠴᠡᠪᠡᠷ ᠪᠠᠶᠢᠭᠠᠯᠢᠯᠢᠭ ᠰᠢᠨᠵᠢ ᠨᠢ ᠤᠯᠠᠮ ᠳᠤᠪᠤᠶᠢᠵᠤ᠂ ᠳᠡᠯᠡᠭᠡᠢ ᠶᠢᠨ ᠬᠡᠪᠴᠢᠶᠠᠨ ᠤ ᠨᠡᠷ᠎ᠡ ᠨᠦᠯᠦᠭᠡ ᠤᠯᠠᠮ ᠦᠷᠭᠡᠵᠢᠬᠦ ᠪᠤᠯᠤᠨ᠎ᠠ᠃ ᠡᠭᠦᠨ ᠢᠶᠠᠨ ᠳᠠᠭᠠᠯᠳᠤᠭᠠᠳ᠂ ᠲᠠᠯ᠎ᠠ ᠨᠤᠳᠤᠭ ᠤᠨ ᠰᠤᠶᠤᠯ ᠤᠨ ᠨᠡᠷ᠎ᠡ ᠨᠦᠯᠦᠭᠡ ᠴᠦ ᠤᠯᠠᠮ ᠠᠴᠠ ᠤᠯᠠᠮ ᠳᠡᠯᠡᠭᠡᠢ ᠶᠢᠨ ᠬᠡᠪᠴᠢᠶᠠᠨ ᠳᠤ ᠦᠷᠭᠡᠵᠢᠨ ᠲᠡᠯᠡᠷᠡᠬᠦ ᠪᠤᠯᠤᠨ᠎ᠠ᠃ᠬᠠᠮᠢᠶ᠎ᠠ ᠪᠦᠬᠦᠢ ᠬᠤᠯᠪᠤᠭᠠᠰᠦ᠄              ᠲᠠᠯ᠎ᠠ ᠨᠤᠳᠤᠭ ᠤᠨ ᠰᠤᠶᠤᠯ ᠰᠤᠳᠤᠯᠤᠯ ᠤᠨ ᠲᠦᠢᠮᠦ ᠪᠠᠶᠢᠳᠠᠯ      ᠡᠷᠳᠡᠮᠳᠠᠳ ᠤᠨ ᠰᠤᠳᠤᠯᠭᠠᠨ ᠤ ᠪᠠᠶᠢᠳᠠᠯ ᠠᠴᠠ ᠦᠵᠡᠬᠦ ᠳᠤ᠂ ︽ᠲᠠᠯ᠎ᠠ ᠨᠤᠳᠤᠭ ᠤᠨ ᠰᠤᠶᠤᠯ︾᠎ ᠤᠨ ᠲᠤᠬᠠᠢ ᠠᠩᠬᠠᠨ ᠤ ᠳᠤᠷᠠᠳᠤᠯᠭ᠎ᠠ ᠨᠢ ᠳᠡᠭᠡᠷ᠎ᠡ ᠵᠠᠭᠤᠨ ᠤ ᠵᠢᠷᠠᠭᠠᠳ ᠤᠨ ᠤ ᠦᠶ᠎ᠡ ᠶᠢᠨ ︽ᠲᠠᠯ᠎ᠠ ᠨᠤᠳᠤᠭ ᠤᠨ ᠤᠷᠠᠨ ᠵᠤᠬᠢᠶᠠᠯ︾᠎ ᠠᠴᠠ ᠡᠬᠢ ᠠᠪᠴᠦ᠂ ᠵᠢᠩᠬᠢᠨᠢ ᠡᠷᠳᠡᠮ ᠰᠢᠨᠵᠢᠯᠡᠭᠡᠨ ᠤ ᠬᠠᠷᠠᠭᠠᠨ ᠳᠠᠬᠢ ᠲᠠᠯ᠎ᠠ ᠨᠤᠳᠤᠭ ᠤᠨ ᠰᠤᠶᠤᠯ ᠰᠤᠳᠤᠯᠤᠯ ᠨᠢ ᠳᠡᠭᠡᠷ᠎ᠡ ᠵᠠᠭᠤᠨ ᠤ ᠶᠡᠷᠡᠭᠡᠳ ᠤᠨ ᠤ ᠦᠶ᠎ᠡ ᠶᠢᠨ ᠲᠤᠮᠳᠠᠳᠤ ᠤᠯᠤᠰ ᠤᠨ ᠤᠷᠤᠨ ᠪᠦᠰᠡ ᠶᠢᠨ ᠰᠤᠶᠤᠯ ᠰᠤᠳᠤᠯᠤᠯ ᠤᠨ ᠬᠠᠯᠠᠭᠤᠷᠠᠯ ᠤᠨ ᠦᠶ᠎ᠡ ᠳᠤ ᠳᠤᠷᠠᠳᠤᠭᠳᠠᠭᠰᠠᠨ ᠶᠤᠮ᠃ ᠲᠤᠬᠠᠢ ᠶᠢᠨ ᠦᠶ᠎ᠡ ᠳᠤ ᠫᠷᠦᠹᠧᠰᠰᠤᠷ ᠰᠢᠩ ᠯᠢ᠂ ᠡᠷᠳᠡᠮᠳᠡᠨ ᠮᠧᠩ ᡂᠢ ᠪᠧᠢ ︵ᠮᠡᠨᠳᠦᠪᠠᠶᠠᠷ︶ ᠨᠠᠷ ᠤᠨ ᠲᠠᠯ᠎ᠠ ᠨᠤᠳᠤᠭ ᠤᠨ ᠰᠤᠶᠤᠯ ᠰᠤᠳᠤᠯᠤᠯ ᠤᠨ ᠰᠢᠨ᠎ᠡ ᠦᠷ᠎ᠡ ᠪᠦᠳᠦᠭᠡᠯ ᠨᠢ ᠨᠡᠶᠢᠭᠡᠮ ᠨᠡᠶᠢᠳᠠ ᠶᠢᠨ ᠳᠤᠮᠳᠠ ᠨᠡᠯᠢᠶᠡᠳ ᠰᠠᠶᠢᠨ ᠳᠤᠰᠬᠠᠯ ᠭᠠᠷᠴᠦ᠂ ᠤᠨᠴᠠᠭᠠᠶᠢᠯᠠᠨ ᠮᠧᠩ ᡂᠢ ᠪᠧᠢ ᠠᠪᠤᠭᠠᠢ ᠶᠢᠨ 14 ᠵᠢᠯ ᠤᠨ ᠰᠢᠷᠭᠠᠭᠤ ᠤᠷᠤᠯᠳᠤᠯᠭ᠎ᠠ ᠪᠠᠷ ᠵᠤᠬᠢᠶᠠᠨ ᠪᠦᠳᠦᠭᠡᠭᠳᠡᠭᠰᠡᠨ ᠮᠤᠨᠳᠠᠭ ᠪᠦᠳᠦᠭᠡᠯ — ︽ᠲᠠᠯ᠎ᠠ ᠨᠤᠳᠤᠭ ᠤᠨ ᠰᠤᠶᠤᠯ ᠬᠢᠭᠡᠳ ᠬᠦᠮᠦᠨ ᠲᠦᠷᠦᠯᠬᠢᠳᠡᠨ ᠤ ᠲᠡᠦᠭᠡ︾ ᠬᠡᠮᠡᠬᠦ ᠨᠤᠮ ᠨᠢ ᠲᠠᠯ᠎ᠠ ᠨᠤᠳᠤᠭ ᠤᠨ ᠰᠤᠶᠤᠯ ᠰᠤᠳᠤᠯᠤᠯ ᠳᠤ ᠰᠢᠨ᠎ᠡ ᠲᠤᠩᠰᠤᠯᠤᠯᠳᠠ ᠶᠢ ᠠᠪᠴᠢᠷᠠᠵᠤ᠂ ᠤᠤᠯ ᠨᠤᠮ ᠨᠢ ᠡᠷᠳᠡᠮ ᠰᠢᠨᠵᠢᠯᠡᠭᠡᠨ ᠤ ᠬᠢᠨ ᠳᠤ ︽ᠳᠡᠯᠡᠭᠡᠢ ᠳᠡᠭᠡᠷ᠎ᠡ ᠬᠠᠮᠤᠭ ᠤᠨ ᠠᠩᠬ᠎ᠠ ᠲᠠᠯ᠎ᠠ ᠨᠤᠳᠤᠭ ᠤᠨ ᠰᠤᠶᠤᠯ ᠬᠢᠭᠡᠳ ᠬᠦᠮᠦᠨ ᠲᠦᠷᠦᠯᠬᠢᠳᠡᠨ ᠤ ᠬᠦᠭᠵᠢᠯᠳᠡ ᠶᠢᠨ ᠲᠡᠦᠭᠡ ᠶᠢ ᠲᠤᠳᠤᠷᠬᠠᠢ ᠬᠠᠮᠤᠷᠴᠤ ᠰᠤᠳᠤᠯᠤᠭᠰᠠᠨ ᠲᠤᠷᠪᠢᠯᠢᠭ ᠪᠦᠳᠦᠭᠡᠯ︾ ᠬᠡᠮᠡᠨ ᠦᠨᠳᠦᠷ ᠦᠨᠡᠯᠡᠭᠳᠡᠵᠤ᠂ ᠨᠡᠶᠢᠭᠡᠮ ᠨᠡᠶᠢᠳᠠ ᠶᠢᠨ ᠠᠩᠬᠠᠷᠤᠯ ᠢ ᠬᠦᠴᠦᠳᠠᠢ ᠳᠠᠳᠠᠭᠰᠠᠨ ᠪᠠᠶᠢᠪᠠ᠃      ᠤᠨᠤᠯ ᠰᠤᠳᠤᠯᠤᠯ ᠤᠨ ᠰᠠᠭᠤᠷᠢ ᠨᠡᠯᠢᠶᠡᠳ ᠯᠠᠪᠳᠠᠭᠤᠨ ᠪᠠᠳᠤᠳᠠᠢ ᠪᠤᠯᠤᠭᠰᠠᠨ ᠪᠠᠶᠢᠳᠠᠯ ᠲᠤᠤᠷ᠎ᠠ᠂ ᠤᠤᠯ ᠤᠨ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ ᠴᠧᠨ ᠭᠤᠸᠠᠩ ᠯᠢᠨ ᠨᠦᠬᠦᠷ 2001 ᠤᠨ ᠠᠴᠠ ᠡᠬᠢᠯᠡᠨ᠂ ᠦᠪᠦᠷ ᠮᠤᠩᠭᠤᠯ ᠳᠤ ︽ᠲᠠᠯ᠎ᠠ ᠨᠤᠳᠤᠭ ᠤᠨ ᠰᠤᠶᠤᠯ︾ ᠰᠤᠳᠤᠯᠬᠤ ᠠᠵᠢᠯ ᠦᠷᠨᠢᠬᠦᠯᠬᠦ ᠶᠢ ᠰᠡᠳᠦᠨ ᠰᠠᠨᠠᠭᠠᠴᠢᠯᠠᠵᠤ᠂ ᠲᠤᠰ ᠵᠢᠯ ᠤᠨ 8 ᠰᠠᠷ᠎ᠠ ᠳᠤ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ︽ᠲᠠᠯ᠎ᠠ ᠨᠤᠳᠤᠭ ᠤᠨ ᠰᠤᠶᠤᠯ ᠰᠤᠳᠤᠯᠬᠤ ᠭᠠᠵᠠᠷ︾᠎ ᠢ ᠰᠢᠨ᠎ᠡ ᠪᠠᠷ ᠡᠭᠦᠰᠭᠡᠨ ᠪᠠᠶᠢᠭᠤᠯᠤᠭᠰᠠᠨ ᠶᠤᠮ᠃ ᠮᠦᠨ ᠤᠤᠯ ᠰᠠᠨᠠᠭᠠᠴᠢᠯᠠᠭ᠎ᠠ ᠶᠢᠨ ᠲᠤᠤᠷ᠎ᠠ᠂ ᠦᠪᠦᠷ ᠮᠤᠩᠭᠤᠯ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ 2004 ᠤᠨ ᠳᠤ ︽ᠲᠠᠯ᠎ᠠ ᠨᠤᠳᠤᠭ ᠤᠨ ᠰᠤᠶᠤᠯ ᠢ ᠰᠤᠳᠤᠯᠬᠤ ᠢᠨᠵᠧᠨᠧᠷᠢᠩ︾ ᠪᠠᠶᠢᠭᠤᠯᠬᠤ ᠠᠵᠢᠯ ᠢ ᠴᠦ ᠪᠠᠳᠤᠯᠠᠨ ᠵᠦᠪᠰᠢᠶᠠᠷᠡᠵᠤ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠠᠯᠡᠩ ᠲᠠᠷᠨ ᠳᠠᠷᠦᠢ ᠳᠤᠨᠢ ᠢᠨᠵᠧᠨᠧᠷᠢᠩ ᠪᠠᠶᠢᠭᠤᠯᠬᠤ ᠠᠵᠢᠯ ᠢ ᠪᠤᠳᠠᠳᠠᠢ ᠵᠤᠬᠢᠶᠠᠨ ᠪᠠᠶᠢᠭᠤᠯᠵᠤ ᠭᠠᠷᠳᠠᠨ ᠪᠡᠶᠡᠯᠡᠬᠦᠯᠵᠠᠢ᠃ ᠵᠠᠰᠠᠭ ᠤᠨ ᠲᠠᠯ᠎ᠠ ᠶᠢᠨ ᠵᠦᠪᠰᠢᠶᠠᠷᠡᠯ ᠪᠠ ᠡᠳ᠋ ᠤᠨ ᠵᠠᠰᠠᠭ ᠤᠨ ᠬᠦᠴᠦᠳᠠᠢ ᠲᠡᠮᠵᠢᠯᠭᠡ ᠪᠠᠶᠢᠭᠰᠠᠨ ᠪᠤᠯᠬᠤᠷ᠂ ᠦᠪᠦᠷ ᠮᠤᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠵᠡᠷᠭᠡ ᠭᠡᠳᠦᠨ ᠪᠠᠶᠢᠭᠤᠯᠭ᠎ᠠ ᠨᠢᠭᠡᠴᠢ ᠬᠠᠮᠳᠤᠷᠠᠵᠤ᠂ 2004 ᠤᠨ ᠤ 8 ᠰᠠᠷ᠎ᠠ ᠳᠤ ᠬᠠᠮᠤᠭ ᠠᠩᠬᠠᠨ ᠤ ︽ᠲᠠᠯ᠎ᠠ ᠨᠤᠳᠤᠭ ᠤᠨ ᠰᠤᠶᠤᠯ ᠤᠨ ᠨᠠᠶᠢᠷ︾᠎ ᠢ ᠬᠦᠭᠡᠬᠤᠳᠠ ᠳᠤ ᠡᠬᠦᠰᠭᠡᠨ ᠡᠷᠬᠢᠯᠡᠵᠤ᠂ ᠮᠦᠨ ᠡᠭᠦᠨ ᠠᠴᠠ ᠬᠤᠶᠢᠰᠢᠳᠠ ᠵᠢᠯ ᠪᠤᠯᠭᠠᠨ ᠨᠢᠭᠡ ᠤᠳᠠᠭᠠᠨ ᠤ ︽ᠲᠠᠯ᠎ᠠ ᠨᠤᠳᠤᠭ ᠤᠨ ᠰᠤᠶᠤᠯ ᠤᠨ ᠨᠠᠶᠢᠷ︾᠎ ᠢ ᠬᠢᠬᠦ ᠪᠠᠷ ᠲᠤᠭᠳᠠᠭᠰᠠᠨ ᠢᠶᠠᠷ ᠪᠠᠷᠠᠬᠤ ᠦᠭᠡᠢ᠂ ᠦᠪᠦᠷ ᠮᠤᠩᠭᠤᠯ ᠤᠨ ᠵᠠᠰᠠᠭ ᠤᠨ ᠤᠷᠳᠤᠨ ᠤ ᠵᠦᠪᠰᠢᠶᠡᠷᠡᠯ ᠢᠶᠠᠷ 2005 ᠤᠨ ᠠᠴᠠ ᠡᠬᠢᠯᠡᠵᠤ᠂ ᠵᠢᠯ ᠪᠦᠷᠢ ᠶᠢᠨ 9 ᠰᠠᠷ᠎ᠠ ᠶᠢᠨ 6᠎ ᠤ ᠡᠳᠦᠷ ᠢ ︽ᠲᠠᠯ᠎ᠠ ᠨᠤᠲᠤᠭ ᠤᠨ ᠰᠤᠶᠤᠯ ᠤᠨ ᠦᠪ ᠢ ᠬᠠᠮᠠᠭᠠᠯᠠᠬᠤ ᠡᠳᠦᠷ︾ ᠪᠤᠯᠭᠠᠬᠤ ᠪᠠᠷ ᠲᠤᠭᠳᠠᠵᠠᠢ᠃ ᠡᠶᠢᠨ ᠬᠦ 2004 ᠤᠨ ᠠᠴᠠ 2018 ᠤᠨ ᠪᠤᠯᠳᠠᠯ᠎ᠠ ︽ᠲᠠᠯ᠎ᠠ ᠨᠤᠳᠤᠭ ᠤᠨ ᠰᠤᠶᠤᠯ ᠤᠨ ᠨᠠᠶᠢᠷ︾ ᠨᠡᠶᠢᠳᠠ 15 ᠬᠤᠭᠤᠴᠠᠭ᠎ᠠ ᠠᠮᠵᠢᠯᠳᠠ ᠲᠠᠢ ᠶᠠᠪᠤᠭᠳᠠᠵᠦ᠂ ᠲᠠᠯ᠎ᠠ ᠨᠤᠳᠤᠭ ᠤᠨ ᠰᠤᠶᠤᠯ ᠨᠢ ᠤᠳᠤ ᠨᠢᠭᠡᠨᠳᠠ ᠦᠪᠦᠷ ᠮᠤᠩᠭᠤᠯ ᠤᠷᠤᠨ ᠤ ᠰᠤᠶᠤᠯ ᠤᠨ ᠤᠨᠴᠠᠭᠠᠢ ᠲᠤᠭ ᠲᠡᠮᠳᠡᠭ ᠤᠨ ᠬᠤᠪᠢ ᠪᠠᠷ ᠤᠯᠤᠰ ᠤᠨ ᠲᠤᠳᠤᠭᠠᠳᠤ ᠭᠠᠳᠠᠭᠠᠳᠤ ᠳᠤ ᠨᠡᠯᠢᠶᠡᠳ ᠶᠡᠭᠡ ᠨᠡᠷ᠎ᠡ ᠨᠦᠯᠦᠭᠡ ᠲᠠᠢ ᠪᠤᠯᠵᠠᠢ᠃      2017 ᠤᠨ ᠤ 10 ᠰᠠᠷ᠎ᠠ ᠳᠤ ᠬᠤᠷᠠᠯᠳᠤᠭᠰᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠢᠶᠠᠷ ᠪᠠᠲᠤᠯᠠᠭᠳᠠᠬᠰᠠᠨ ᠨᠠᠮ ᠤᠨ ᠰᠢᠨ᠎ᠡ ᠴᠠᠭ ᠦᠶ᠎ᠡ ᠶᠢᠨ ᠬᠦᠭᠵᠢᠯᠳᠠ ᠶᠢᠨ ᠰᠢᠢᠳᠪᠦᠷᠢᠳᠤ ᠪᠤᠳᠤᠯᠭ᠎ᠠ ᠨᠢ ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠭᠦᠭᠵᠢᠯᠳᠠ ᠳᠤ ᠰᠢᠨ᠎ᠠ ᠠᠮᠢᠯᠠᠯ ᠢ ᠤᠯᠭᠤᠵᠤ ᠦᠭᠴᠠᠢ᠃ 2018 ᠤᠨ ᠤ ᠠᠷᠪᠠᠨ ᠲᠠᠪᠤᠳᠤᠭᠠᠷ ᠬᠤᠭᠤᠴᠠᠭᠠᠨ ᠤ ᠳᠤᠮᠳᠠᠳᠤ ᠤᠯᠤᠰ · ᠦᠪᠦᠷ ᠮᠤᠩᠭᠤᠯ ᠤᠨ ᠲᠠᠯ᠎ᠠ ᠨᠤᠳᠤᠭ ᠤᠨ ᠰᠤᠶᠤᠯ ᠤᠨ ᠨᠠᠶᠢᠷ ᠤᠨ ᠲᠠᠯ᠎ᠠ ᠨᠤᠳᠤᠭ ᠤᠨ ᠰᠤᠶᠤᠯ ᠢᠶᠠᠷ ᠰᠡᠳᠦᠪᠯᠡᠭᠰᠡᠨ ᠶᠠᠷᠢᠯᠴᠠᠭᠠᠨ ᠤ ᠲᠠᠪᠴᠠᠩ ᠨᠢ ︽ᠬᠦᠮᠦᠨ ᠲᠦᠷᠦᠯᠬᠢᠲᠡᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ ᠪᠠ ᠲᠠᠯ᠎ᠠ ᠨᠤᠳᠤᠭ ᠤᠨ ᠰᠤᠶᠤᠯ ᠤᠨ ᠡᠭᠦᠳᠦᠯᠳᠠ ᠬᠦᠭᠵᠢᠯᠳᠠ︾ ᠬᠡᠬᠦ ᠭᠤᠤᠯ ᠰᠡᠳᠦᠪ ᠤᠨ ᠲᠤᠭᠤᠷᠢᠨ ᠳᠤ ᠶᠠᠪᠤᠭᠳᠠᠵᠡᠢ᠃ ᠡᠨᠡ ᠨᠢ ᠨᠠᠮ ᠤᠨ ᠤᠷᠢᠶᠠᠯᠠᠭ᠎ᠠ ᠶᠢ ᠴᠤᠤᠷᠢᠶᠠᠳᠤᠨ ᠳᠠᠭᠠᠵᠤ᠂ ᠲᠠᠯ᠎ᠠ ᠨᠤᠳᠤᠭ ᠤᠨ ᠰᠤᠶᠤᠯ ᠤᠨ ᠰᠢᠨ᠎ᠡ ᠭᠦᠭᠵᠢᠯᠳᠠ ᠪᠠᠷ ᠢᠶᠠᠨ ᠨᠠᠮ ᠤᠨ ᠭᠤᠤᠯ ᠴᠢᠭᠯᠡᠯᠳᠠ ᠪᠤᠳᠤᠯᠭ᠎ᠠ ᠶᠢ ᠲᠦᠯᠬᠢᠨ ᠠᠬᠢᠭᠤᠯᠬᠤ ᠶᠢ ᠵᠤᠷᠢᠭᠰᠠᠨ ᠶᠠᠪᠤᠳᠠᠯ ᠪᠤᠯᠬᠤ ᠶᠤᠮ᠃ ᠡᠶᠢᠨ ᠬᠦ ᠰᠢᠨ᠎ᠡ ᠲᠡᠦᠭᠡᠨ ᠨᠦᠭᠦᠴᠡᠯ ᠪᠠᠶᠢᠳᠠᠯ ᠳᠤᠤᠷ᠎ᠠ᠂ ᠮᠠᠨ ᠤ ᠦᠪᠦᠷ ᠮᠤᠩᠭᠤᠯ ᠤᠷᠤᠨ ᠤ ᠰᠤᠶᠤᠯ ᠤᠨ ᠲᠤᠭ ᠲᠡᠮᠳᠡᠭ ᠪᠤᠯᠤᠭᠰᠠᠨ ᠲᠠᠯ᠎ᠠ ᠨᠤᠳᠤᠭ ᠤᠨ ᠰᠤᠶᠤᠯ ᠨᠢ ᠵᠠᠪᠠᠯ ᠲᠤᠬᠢᠶᠠᠯ ᠵᠠᠪᠰᠢᠶᠠᠨ ᠢ ᠠᠯᠳᠠᠯ ᠦᠭᠡᠢ ᠪᠠᠷ ᠦᠪᠡᠷ ᠤᠨ ᠬᠦᠷᠦᠯᠴᠡᠬᠦ ᠦᠭᠡᠢ ᠲᠠᠯ᠎ᠠ ᠪᠠᠨ ᠵᠠᠪᠳᠤᠨ ᠨᠦᠬᠦᠪᠦᠷᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠠᠨᠠᠭᠠᠴᠢᠯᠠᠭᠰᠠᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠪᠠ ︽ᠬᠦᠮᠦᠨ ᠲᠦᠷᠦᠯᠬᠢᠲᠠᠨ ᠤ ᠬᠤᠪᠢ ᠵᠠᠶᠠᠭᠠᠨ ᠤ ᠬᠠᠮᠳᠤ ᠶᠢᠨ ᠴᠤᠭᠴᠠ ᠶᠢ ᠪᠠᠶᠢᠭᠤᠯᠬᠤ︾ ᠳᠤᠷᠠᠳᠤᠯᠭ᠎ᠠ ᠳᠤ ᠦᠢᠯᠡᠴᠢᠯᠡᠬᠦ ᠪᠠᠷ ᠴᠢᠷᠮᠠᠶᠢᠬᠤ ᠬᠡᠷᠡᠭᠲᠠᠢ᠃ ᠡᠶᠢᠮᠦᠷᠬᠦᠤ ᠴᠢᠷᠮᠠᠶᠢᠯᠭ᠎ᠠ ᠶᠢ ᠪᠡᠶᠡᠯᠡᠬᠦᠯᠬᠦ ᠳᠤ᠂ ᠲᠠᠯ᠎ᠠ ᠨᠤᠳᠤᠭ ᠤᠨ ᠰᠤᠶᠤᠯ ᠤᠨ ᠨᠦᠯᠦᠭᠡ ᠳᠤᠰᠬᠠᠯ ᠵᠠᠪᠠᠯ ᠪᠦᠬᠦ ᠤᠯᠤᠰ ᠤᠨ ᠬᠡᠪᠴᠢᠶ᠎ᠠ ᠶᠢ ᠳᠠᠪᠠᠵᠤ ᠭᠠᠷᠤᠭᠠᠳ᠂ ᠳᠡᠯᠡᠭᠡᠢ ᠶᠢᠨ ᠬᠡᠪᠴᠢᠶᠠᠨ ᠤ ᠨᠦᠯᠦᠭᠡ ᠪᠠᠨ ᠴᠦ ᠴᠠᠭᠠᠰᠢᠲᠠ ᠦᠷᠭᠡᠳᠭᠡᠬᠦ ᠴᠢᠬᠤᠯᠠ ᠲᠠᠢ᠃
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号