ᠮᠠᠨ ᠤ ᠤᠷᠤᠨ ᠲᠤᠮᠲᠠᠲᠤ ᠪᠠᠭ᠎ᠠ ᠰᠤᠷᠭᠠᠭᠤᠯᠢ ᠶᠢᠨ ᠵᠢᠩᠬᠢᠨᠢ ᠲᠠᠬᠡᠲᠤ ᠵᠡᠷᠬᠡ ᠶᠢᠨ ᠪᠠᠭᠰᠢ ᠶᠢᠨ ᠮᠡᠷᠬᠡᠵᠢᠯ ᠤᠨ ᠴᠤᠯᠠ ᠶᠢ ᠭᠤᠶᠤᠴᠢᠯᠠᠵᠤ ᠡᠬᠢᠯᠠᠪᠠ
2018-10-11 11:23:23
ᠵᠣᠬᠢᠶᠠᠭᠴᠢ᠄ 
ᠪᠤᠤ ᠢᠤᠢ ᠶᠢᠩ
ᠣᠩᠰᠢᠭᠰᠠᠨ ᠣᠳᠠᠭ᠎ᠠ᠄ 
★★★☆☆
    ᠰᠤᠷᠪᠤᠯᠵᠢᠯᠠᠭᠴᠢ ᠦᠪᠠᠷᠲᠠᠬᠡᠨ ᠵᠠᠰᠠᠬᠤ ᠤᠷᠤᠨ ᠤ ᠬᠦᠮᠤᠨ ᠤ ᠬᠦᠴᠤᠨ ᠤ ᠡᠬᠢ ᠪᠠᠶᠠᠯᠢᠭ ᠪᠠ ᠨᠠᠶᠢᠬᠡᠮ ᠤᠨ ᠪᠠᠲᠤᠯᠠᠪᠤᠷᠢ ᠶᠢᠨ ᠲᠢᠩᠬᠢᠮ ᠠᠴᠠ ᠤᠢᠢᠯᠠᠭᠠᠭᠰᠠᠨ ᠢᠶᠠᠷ᠂ 2018 ᠤᠨ ᠳᠤ ᠪᠦᠬᠦ ᠤᠷᠤᠨ ᠤ ᠲᠤᠮᠲᠠᠲᠤ ᠪᠠᠭ᠎ᠠ ᠰᠤᠷᠭᠠᠭᠤᠯᠢ ᠶᠢᠨ ︵ᠬᠡᠤᠬᠡᠳ ᠤᠨ ᠴᠡᠴᠡᠷᠯᠢᠭ ᠪᠠᠭᠲᠠᠨ᠎ᠠ︶ ᠵᠢᠩᠬᠢᠨᠢ ᠲᠠᠬᠡᠲᠤ ᠵᠡᠷᠬᠡ ᠶᠢᠨ ᠪᠠᠭᠰᠢ ᠶᠢᠨ ᠮᠡᠷᠬᠡᠵᠢᠯ ᠤᠨ ᠴᠤᠯᠠ ᠬᠢᠨᠠᠨ ᠲᠤᠭᠲᠠᠭᠠᠬᠤ ᠠᠵᠢᠯ ᠤᠢᠢᠷ᠎ᠠ ᠶᠢᠨ ᠡᠲᠤᠷ ᠵᠢᠩᠬᠢᠨᠢ ᠪᠠᠷ ᠡᠬᠢᠯᠠᠵᠠᠢ᠃ ᠡᠯ᠎ᠠ ᠠᠶᠢᠮᠠᠬ ᠬᠤᠲᠠ ᠤᠲᠤᠬᠠᠨ ᠤ ᠬᠡᠷᠡᠭᠵᠢᠬᠦᠯᠵᠤ ᠪᠦᠬᠦᠢ ᠵᠢᠩᠬᠢᠨᠢ ᠲᠠᠬᠡᠲᠤ ᠵᠡᠷᠬᠡ ᠶᠢᠨ ᠲᠤᠰᠬᠠᠢ ᠮᠡᠷᠬᠡᠵᠢᠯ ᠤᠨ ᠮᠡᠷᠬᠡᠵᠢᠯ ᠤᠨ ᠬᠢᠷᠢ ᠬᠡᠮ ᠭᠤᠶᠤᠴᠢᠯᠠᠨ ᠮᠠᠲᠠᠬᠦᠯᠬᠦ ᠶᠠᠪᠤᠴᠠ ᠶᠢ ᠦᠨᠲᠤᠰᠤᠯᠠᠨ ᠰᠢᠯᠭᠠᠷᠠᠭᠤᠯᠤᠨ ᠲᠠᠨᠢᠯᠴᠠᠭᠤᠯᠭ᠎ᠠ ᠬᠢᠵᠤ᠂ 10 ᠰᠠᠷ᠎ᠠ ᠶᠢᠨ 30᠎ ᠤ ᠡᠲᠤᠷ ᠠᠴᠠ ᠡᠮᠤᠨ᠎ᠠ ᠭᠤᠶᠤᠴᠢᠯᠠᠨ ᠮᠠᠲᠠᠬᠦᠯᠬᠦ ᠮᠠᠲᠧᠷᠢᠶᠠᠯ ᠢ ᠦᠪᠤᠷ ᠮᠤᠩᠭᠤᠯ ᠤᠨ ᠦᠪᠠᠷᠲᠠᠬᠡᠨ ᠵᠠᠰᠠᠬᠤ ᠤᠷᠤᠨ ᠤ ᠭᠠᠲᠠᠭᠠᠲᠤ ᠳᠤ ᠰᠤᠷᠤᠯᠴᠠᠬᠤ ᠬᠦᠮᠤᠰ ᠪᠠ ᠲᠤᠰᠬᠠᠢ ᠮᠡᠷᠬᠡᠵᠢᠯᠲᠠᠨ ᠳᠤ ᠦᠢᠯᠠᠴᠢᠯᠡᠬᠦ ᠲᠦᠪ ᠲᠤ ᠬᠦᠷᠬᠡᠵᠤ᠂ ᠬᠤᠭᠤᠴᠠᠭ᠎ᠠ ᠨᠢ ᠦᠡᠭᠬᠡᠷᠠᠪᠠᠯ ᠬᠦᠯᠢᠶᠠᠨ ᠠᠪᠬᠤ ᠦᠬᠡᠢ᠃    ᠤᠢᠢᠯᠠᠭᠠᠭᠰᠠᠨ ᠢᠶᠠᠷ᠂ ᠡᠨᠡ ᠵᠢᠯ ᠤᠯᠤᠰ ᠠᠴᠠ ᠵᠢᠩᠬᠢᠨᠢ ᠲᠠᠬᠡᠲᠤ ᠵᠡᠷᠬᠡ ᠶᠢᠨ ᠪᠠᠭᠰᠢ ᠶᠢᠨ ᠲᠤᠭ᠎ᠠ ᠬᠡᠮᠵᠢᠶ᠎ᠠ ᠶᠢ ᠮᠦᠨ ᠬᠦ ᠶᠠᠷᠦᠩᠬᠡᠢ ᠬᠡᠮᠵᠢᠶ᠎ᠠ ᠪᠠᠷ ᠬᠢᠵᠠᠭᠠᠷᠯᠠᠬᠤ ᠲᠦᠷᠦ ᠶᠢᠨ ᠪᠤᠲᠤᠯᠭ᠎ᠠ ᠶᠢ ᠬᠡᠷᠡᠭᠵᠢᠬᠦᠯᠵᠤ᠂ ᠬᠢᠨᠠᠠ ᠲᠤᠭᠲᠠᠭᠠᠯᠲᠠ ᠪᠠᠷ ᠲᠠᠮᠵᠢᠨ ᠮᠠᠨ ᠤ ᠤᠷᠤᠨ ᠳᠤ ᠭᠤᠶᠤᠴᠢᠯᠠᠨ ᠮᠠᠲᠠᠬᠦᠯᠦᠭᠰᠡᠨ ᠬᠦᠮᠤᠨ ᠤ ᠲᠤᠭ᠎ᠠ ᠶᠢ ᠲᠤᠤᠷᠠᠬᠢ ᠮᠠᠳᠤ ᠪᠠᠷ ᠬᠢᠵᠠᠭᠠᠷᠯᠠᠵᠠᠢ᠃ ᠲᠠᠷᠤᠢ ᠦᠪᠠᠷᠲᠠᠬᠡᠨ ᠵᠠᠰᠠᠬᠤ ᠤᠷᠤᠨ 3 ᠬᠦᠮᠤᠨ᠂ ᠬᠦᠬᠡᠬᠤᠲᠠ 12 ᠬᠦᠮᠤᠨ᠂ ᠪᠤᠭᠤᠲᠤ ᠬᠤᠲᠠ 10 ᠬᠦᠮᠤᠨ᠂ ᠬᠦᠯᠤᠨ ᠪᠤᠶᠢᠷ ᠬᠤᠲᠠ 10 ᠬᠦᠮᠤᠨ᠂ ᠬᠢᠨᠭ᠍ᠭᠠᠨ ᠠᠶᠢᠮᠠᠬ 6 ᠬᠦᠮᠤᠨ᠂ ᠲᠦᠡᠭᠯᠢᠶᠤᠤ ᠬᠤᠲᠠ 14 ᠬᠦᠮᠤᠨ᠂ ᠤᠯᠠᠭᠠᠨᠬᠠᠲᠠ ᠬᠤᠲᠠ 19 ᠬᠦᠮᠤᠨ᠂ ᠰᠢᠯᠢ ᠶᠢᠨ ᠭᠤᠤᠯ ᠠᠶᠢᠮᠠᠬ 5 ᠬᠦᠮᠤᠨ᠂ ᠤᠯᠠᠭᠠᠨᠴᠠᠪ ᠬᠤᠲᠠ 6 ᠬᠦᠮᠤᠨ᠂ ᠤᠷᠲᠤᠰ ᠬᠤᠲᠠ 10 ᠬᠦᠮᠤᠨ᠂ ᠪᠠᠶᠠᠨᠨᠠᠭᠤᠷ ᠬᠤᠲᠠ 5 ᠬᠦᠮᠤᠨ ᠂ ᠦᠬᠠᠢ ᠬᠤᠲᠠ 2 ᠬᠦᠮᠤᠨ᠂ ᠠᠯᠠᠱᠠ ᠠᠶᠢᠮᠠᠬ 2 ᠬᠦᠮᠤᠨ᠂ ᠮᠠᠨᠵᠤᠤᠷ ᠬᠤᠲᠠ 1 ᠬᠦᠮᠤᠨ᠂ ᠡᠷᠢᠶᠠᠨ ᠬᠤᠲᠠ 1 ᠬᠦᠮᠤᠨ ᠪᠤᠯᠤᠨ᠎ᠠ᠃
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠦᠪᠦᠷ ᠮᠤᠩᠭᠤᠯ ᠤᠨ ᠠᠮᠢᠳᠤᠷᠠᠯ ᠭᠠᠷᠠᠭ ᠤᠨ ᠰᠤᠨᠢᠨ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号