ᠶᠠᠳᠠᠭᠤ ᠶᠢ ᠲᠡᠳᠬᠦᠬᠦ ᠰᠢᠨ᠎ᠡ ᠵᠠᠭᠪᠤᠷ ᠪᠠᠶᠠᠵᠢᠨ ᠴᠢᠨᠡᠭᠡᠯᠢᠭᠵᠢᠬᠦ ︽ᠲᠦᠷᠭᠡᠨ ᠤ ᠵᠠᠮ︾
2018-10-12 10:17:51
ᠵᠣᠬᠢᠶᠠᠭᠴᠢ᠄ 
ᠭᠤᠸ᠎ᠠ ᠪᠠᠶᠠᠰᠬᠤᠯᠠᠩ
ᠣᠩᠰᠢᠭᠰᠠᠨ ᠣᠳᠠᠭ᠎ᠠ᠄ 
★★★☆☆
          — ᠲᠠᠶᠢᠪᠤᠰᠧ ᠬᠤᠰᠢᠭᠤ ︽3+3︾᠎ ᠶᠢᠨ ᠠᠵᠤ ᠤᠢᠢᠯᠡᠰ ᠢᠶᠠᠷ ᠶᠠᠳᠠᠭᠤ ᠶᠢ ᠲᠡᠤᠨᠭᠦᠭᠦ ᠲᠤᠬᠳᠠᠴᠠ               ᠎ ᠪᠠᠷ ᠣᠨᠴᠠ ᠶᠠᠳᠠᠭᠤ ᠬᠦᠴᠢᠷᠳᠡᠯᠲᠡᠢ ᠡᠷᠤᠭᠡ ᠶᠢᠨ ᠤᠷᠤᠯᠭ᠎ᠠ ᠶᠢ ᠨᠡᠮᠡᠭᠳᠡᠭᠦᠯᠵᠦ ᠪᠠᠶᠢᠨ᠎ᠠ      ︽ᠡᠨᠡ ᠬᠠᠪᠤᠷ᠂ ᠢ ᠶᠤᠸᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠦᠨ᠎ᠡ ᠲᠥᠯᠥᠪᠦᠷᠢ ᠥᠬᠡᠶ ᠪᠠᠷ ᠦᠷ᠎ᠡ ᠶᠢᠨ ᠲᠥᠮᠥᠰᠥ ᠬᠠᠩᠭᠠᠨ ᠥᠭᠴᠡᠢ᠂ ᠮᠦ ᠪᠦᠷᠢ ᠶᠢᠨ ᠭᠠᠷᠤᠯᠳᠠ 1000 ᠭᠠᠷᠤᠢ ᠵᠢᠩ᠂ ᠮᠦ ᠪᠦᠷᠢ ᠶᠢᠨ ᠤᠷᠤᠯᠭ᠎ᠠ 3000 ᠲᠥᠭᠦᠷᠢᠭ ᠲᠤ ᠬᠦᠷᠴᠦ ᠪᠠᠶᠢᠨ᠎ᠠ᠃ ᠬᠠᠮᠤᠭ ᠤᠨ ᠴᠢᠬᠤᠯᠠ ᠨᠢ ᠮᠠᠨ ᠤ ᠲᠠᠷᠢᠮᠠᠯ ᠤᠨ ᠦᠢᠯᠡᠰ ᠪᠠᠳᠤᠯᠠᠭ᠎ᠠ ᠲᠠᠢ ᠪᠤᠯᠵᠠᠢ︾ ᠭᠡᠵᠤ ᠲᠤᠰ ᠬᠤᠰᠢᠭᠤᠨ ᠤ ᠶᠦᠩ ᠹᠧᠩ ᠪᠠᠯᠭᠠᠰᠤᠨ ᠤ ᠳᠡᠩᠰᠡᠯᠡᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠰᠦᠨ ᠬᠦᠶ ᠪᠠᠶᠠᠷᠯᠠᠵᠤ ᠪᠠᠶᠢᠯ᠎ᠠ᠃ ᠥᠩᠭᠡᠷᠡᠭᠰᠡᠨ ᠳᠤ ᠳᠠᠷᠢᠶ᠎ᠠ ᠳᠠᠷᠢᠭᠠᠳ ᠤᠷᠤᠯᠭ᠎ᠠ ᠳᠤᠭᠳᠠᠪᠤᠷᠢ ᠦᠭᠡᠢ ᠪᠠᠶᠢᠭᠰᠠᠨ ᠪᠤᠯ᠂ ︽1 ᠮᠥ ᠲᠥᠮᠥᠰᠥ︾᠎ ᠶᠢᠨ ᠵᠠᠭᠪᠤᠷ ᠢ ᠬᠡᠷᠡᠭᠵᠢᠭᠦᠯᠦᠭᠰᠡᠨ ᠠᠴᠠ ᠨᠠᠭᠠᠰᠢ ᠳᠤᠰ ᠳᠤᠰᠬᠤᠨ ᠤ ᠠᠷᠠᠳ ᠳᠠᠷᠢᠶᠠᠯᠠᠩ ᠤᠨ ᠤᠷᠤᠯᠭ᠎ᠠ ᠶᠢᠨ ᠲᠦᠯᠦᠭᠡ ᠵᠤᠪᠠᠭ᠋ᠤ ᠬᠡᠷᠡᠭ ᠦᠭᠡᠢ ᠪᠤᠯᠵᠡᠢ᠃      ᠲᠠᠶᠢᠪᠤᠰᠧ ᠬᠤᠰᠢᠭᠤ ︽ᠡᠯᠧᠺᠲᠷᠣᠨ ᠬᠤᠳᠠᠯᠳᠤᠭ᠎ᠠ + ᠶᠠᠳᠠᠭᠤ ᠶᠢ ᠲᠡᠳᠬᠦᠬᠦ︾ ᠣᠨᠴᠠᠯᠢᠭᠳᠤ ᠲᠠᠷᠢᠮᠠᠯ ᠤᠨ ᠦᠢᠯᠡᠰ ᠢ ᠭᠦᠭᠵᠢᠭᠦᠯᠵᠤ᠂ ᠶᠠᠳᠠᠭᠤ ᠬᠦᠴᠢᠷᠳᠡᠯᠲᠡᠶ ᠡᠷᠦᠬᠡ ︽1 ᠮᠥ ᠲᠥᠮᠥᠰᠥ︾ ᠳᠠᠷᠢᠬᠤ ᠲᠦᠷᠦᠯ ᠵᠦᠢᠯ ᠢ ᠬᠡᠷᠡᠭᠵᠢᠭᠦᠯᠵᠤ᠂ ᠪᠥᠬᠦ ᠬᠤᠰᠢᠭᠤᠨ ᠤ 6 ᠰᠤᠮᠤ ᠰᠢᠶᠠᠩ ᠪᠠᠯᠭᠠᠰᠤᠨ ᠤ 723 ᠶᠠᠳᠠᠭᠤ ᠬᠦᠴᠢᠷᠳᠡᠯᠲᠡᠢ ᠡᠷᠦᠬᠡ ᠡᠨᠡ ᠭᠦ ᠲᠦᠷᠦᠯ ᠵᠦᠢᠯ ᠳᠤ ᠣᠷᠣᠯᠴᠠᠵᠡᠢ᠃ ᠲᠠᠶᠢᠪᠤᠰᠧ ᠬᠤᠰᠢᠭᠤᠨ ᠤ ᠢ ᠶᠤᠸᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠨᠢ ᠲᠦᠷᠦᠯ ᠵᠦᠢᠯ ᠤᠨ ᠲᠠᠷᠢᠮᠠᠯ ᠤᠨ ᠬᠠᠮᠢᠶᠠᠷᠤᠯᠲᠠ ᠶᠢ ᠬᠠᠷᠢᠭᠤᠴᠠᠵᠤ᠂ ᠺᠣᠮᠫᠠᠨᠢ ᠶᠢᠨ ᠣᠷᠭᠠᠨᠢᠭ ᠢᠳᠡᠭᠡᠨ ᠤ ᠲᠠᠸᠠᠷ ᠤᠨ ᠲᠡᠮᠳᠡᠭ᠂ ᠪᠣᠬᠢᠷᠲᠤᠯ ᠦᠭᠡᠶ ᠶᠢᠨ ᠭᠡᠷᠡᠴᠢᠯᠡᠯᠳᠡ ᠪᠠ ᠲᠣᠭᠲᠠᠭᠤᠨ ᠪᠣᠷᠣᠯᠠᠭᠤᠯᠤᠯᠳᠠ ᠶᠢᠨ ᠠᠷᠭ᠎ᠠ ᠵᠠᠮ ᠵᠡᠷᠭᠡ ᠳᠠᠪᠠᠭᠤᠯᠢᠭ ᠲᠠᠭᠠᠨ ᠲᠦᠰᠢᠭᠯᠡᠨ᠂ ᠲᠦᠷᠦᠯ ᠲᠡᠮᠳᠡᠭᠲᠦ ᠶᠢ ᠨᠢᠭᠡᠳᠦᠯᠲᠡᠶ ᠴᠤᠭᠴᠠᠯᠠᠵᠤ᠂ ᠵᠠᠰᠠᠭ ᠵᠠᠬᠢᠷᠭᠠᠨ ᠪᠠ ᠠᠵᠤ ᠠᠬᠤᠶᠢᠯᠠᠯ ᠬᠠᠮᠲᠤᠷᠬᠠᠰᠡᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ‍ ᠨᠢᠭᠡ ᠵᠦᠢᠯ ᠤᠨ ᠰᠢᠨ᠎ᠡ ᠵᠠᠭᠪᠤᠷ ᠢ ᠪᠣᠶ ᠪᠣᠯᠭᠠᠵᠤ᠂ ᠶᠠᠳᠠᠭᠤ ᠬᠦᠴᠢᠷᠳᠡᠯᠲᠡᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠨ ᠴᠢᠨᠡᠭᠡᠯᠢᠭᠵᠢᠬᠦ ᠳᠤ ︽ᠲᠦᠷᠭᠡᠨ ᠤ ᠵᠠᠮ︾᠎ ᠢ ᠴᠤᠭᠴᠠᠯᠠᠵᠤ ᠪᠤᠢ᠃      ᠡᠨᠡ ᠵᠢᠯ ᠤᠨ ᠬᠠᠪᠤᠷ ᠤᠨ ᠳᠠᠷᠢᠶᠠᠯᠠᠭ᠎ᠠ ᠶᠢᠨ ᠦᠶ᠎ᠠ ᠳᠤ᠂ ᠢ ᠶᠤᠸᠠᠨ ᠲᠠᠷᠢᠶᠠᠯᠠᠩ ᠤᠨ ᠬᠢᠵᠠᠭᠠᠷᠲᠤ ᠺᠣᠮᠫᠠᠨᠢ ᠨᠢ ᠶᠠᠳᠠᠭᠤ ᠬᠦᠴᠢᠷᠳᠠᠯᠳᠠᠢ ᠡᠷᠦᠭᠡ ᠳᠤ ᠦᠨ᠎ᠠ ᠲᠦᠯᠦᠪᠦᠷᠢ ᠦᠭᠡᠢ ᠪᠠᠷ ᠲᠦᠮᠦᠰᠤᠨ ᠤ ᠦᠷ᠎ᠠ ᠬᠠᠩᠭᠠᠨ ᠦᠭᠴᠦ᠂ ᠨᠠᠮᠤᠷ ᠤᠨ ᠬᠤᠷᠢᠶᠠᠯᠳᠠ ᠶᠢᠨ ᠦᠶ᠎ᠠ ᠳᠤ ᠺᠤᠮᠫᠠᠨᠢ ᠠᠴᠠ ᠬᠠᠷᠢᠭᠤᠴᠠᠨ ᠬᠤᠷᠢᠶᠠᠨ ᠠᠪᠬᠤ ᠪᠠᠷ ᠳᠤᠭᠳᠠᠵᠠᠢ᠃ ︽ᠡᠨᠡ ᠵᠢᠯ ᠶᠠᠳᠠᠭᠤ ᠬᠦᠴᠢᠷᠳᠠᠯᠳᠠᠢ ᠡᠷᠦᠭᠡ ᠶᠢᠨ ᠳᠠᠷᠢᠬᠰᠠᠨ ᠤᠷᠭᠠᠨᠢᠭ ᠲᠦᠮᠦᠰᠤ ᠪᠦᠷ ᠡᠯᠪᠡᠭ ᠬᠤᠷᠢᠶᠠᠯᠳᠠ ᠤᠯᠵᠡᠢ᠃ ᠤᠳᠤᠬᠠᠨ ᠳᠤ ᠪᠢᠳᠡ ᠶᠠᠳᠠᠭᠤ ᠬᠦᠴᠢᠷᠳᠡᠯᠲᠡᠶ ᠡᠷᠦᠬᠡ ᠶᠢᠨ ᠣᠷᠭᠠᠨᠢᠭ ᠲᠥᠮᠥᠰᠥ ᠶᠢ ᠵᠢᠩ ᠪᠦᠷᠢ ᠶᠢ ᠲᠡᠭᠰᠢᠤᠨᠭᠡᠭᠡᠤᠨ ᠬᠠᠮᠤᠭ ᠤᠨ ᠪᠠᠭ᠎ᠠ ᠳᠠᠭᠠᠨ 1 ᠲᠥᠭᠦᠷᠢᠭ ᠤᠨ ᠬᠠᠮᠠᠭᠠᠯᠠᠯᠳᠠ ᠶᠢᠨ ᠦᠨ᠎ᠠ ᠪᠠᠷ ᠬᠤᠷᠢᠶᠠᠨ ᠠᠪᠴᠤ ᠪᠠᠶᠢᠨ᠎ᠠ᠂ ᠶᠠᠳᠠᠭᠤ ᠬᠦᠴᠢᠷᠳᠡᠯᠲᠡᠢ ᠡᠷᠦᠬᠡ ᠪᠦᠷᠢ 1 ᠮᠥ ᠲᠥᠮᠥᠰᠥ ᠳᠠᠷᠢᠬᠤ ᠲᠦᠷᠦᠯ ᠵᠦᠢᠯ ᠠᠴᠠ ᠢᠯᠡᠭᠦᠤ 2000 ᠭᠠᠷᠤᠶ ᠲᠥᠭᠦᠷᠢᠭ ᠤᠨ ᠤᠷᠤᠯᠭ᠎ᠠ ᠤᠯᠬᠤ ᠪᠤᠯᠤᠯᠴᠠᠭ᠎ᠠ ᠲᠠᠢ︾ ᠭᠡᠵᠤ ᠺᠤᠮᠫᠠᠨᠢ ᠶᠢᠨ ᠶᠡᠷᠦᠩᠬᠡᠶ ᠳᠠᠭᠠᠭᠠᠮᠠᠯ ᠰᠦ᠋ ᠡᠯ ᠪᠢᠩ ᠬᠡᠯᠡᠨ᠎ᠡ᠃      ᠲᠠᠶᠢᠪᠤᠰᠧ ᠬᠤᠰᠢᠭᠤ ᠪᠣᠯ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ ᠬᠤᠰᠢᠭᠤ᠂ ᠮᠦᠨ ᠴᠤ ᠰᠢᠯᠢ ᠶᠢᠨ ᠭᠤᠤᠯ ᠠᠶᠢᠮᠠᠭ ᠤᠨ ᠶᠠᠳᠠᠭᠤ ᠬᠦᠴᠢᠷᠳᠡᠯᠲᠡᠢ ᠬᠥᠮᠦᠨ ᠠᠮᠠ ᠬᠠᠮᠤᠭ ᠤᠨ ᠣᠯᠠᠨ ᠪᠠᠶᠢᠭ᠎ᠠ ᠭᠠᠵᠠᠷ ᠤᠷᠤᠨ ᠪᠠᠶᠢᠵᠤ᠂ ᠪᠦᠬᠦ ᠠᠶᠢᠮᠠᠭ ᠤᠨ 43%᠎ ᠶᠢᠨ ᠶᠠᠳᠠᠭᠤ ᠬᠦᠴᠢᠷᠳᠡᠯᠲᠡᠶ ᠡᠷᠦᠬᠡ ᠨᠢ ᠠᠳᠡ ᠲᠥᠪᠯᠡᠷᠡᠵᠦ ᠪᠠᠶᠢᠭ᠎ᠠ ᠠᠵᠢ᠃ 2018 ᠣᠨ ᠳᠤ᠂ ᠲᠠᠶᠢᠪᠤᠰᠧ ᠬᠤᠰᠢᠭᠤ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢᠨ ᠡᠴᠦᠰ ᠤᠨ ᠢᠯᠠᠯᠲᠠ ᠶᠢ ᠵᠠᠪᠠᠯ ᠤᠯᠬᠤ ᠡᠷᠴᠢ ᠵᠣᠷᠢᠭ ᠢᠶᠠᠷ᠂ ︽ᠨᠢᠭᠡ ᠳᠠᠭᠠᠭᠤᠯᠤᠭᠴᠢ ᠠᠵᠤ ᠠᠬᠤᠶᠢᠯᠠᠯ ᠢ ᠤᠯᠵᠤ᠂ ᠠᠷᠠᠳ ᠢ ᠪᠠᠶᠠᠵᠢᠭᠤᠯᠬᠤ ᠨᠢᠭᠡ ᠠᠵᠤ ᠦᠢᠯᠡᠰ ᠢ ᠳᠠᠶᠢᠴᠢᠯᠠᠭᠤᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠨᠢᠭᠡ ᠲᠦᠬᠦᠷ ᠳᠤᠭᠳᠠᠴᠠ ᠶᠢ ᠪᠦᠷᠢᠯᠳᠦᠭᠦᠯᠵᠤ᠂ ᠨᠢᠭᠡ ᠲᠥᠰᠦᠯ ᠲᠣᠭᠲᠠᠭᠠᠵᠤ᠂ ᠨᠢᠭᠡ ᠪᠦᠯᠦᠭ ᠬᠥᠮᠦᠰ ᠢ ᠵᠣᠬᠢᠶᠠᠨ ᠪᠠᠶᠢᠭᠤᠯᠵᠤ᠂ ᠡᠴᠦᠰ ᠲᠤᠨᠢ ᠲᠤᠯᠲᠠᠯ᠎ᠠ ᠠᠳᠬᠤᠬᠤ ᠶᠢ ᠪᠠᠷᠢᠮᠳᠠᠯᠠᠬᠤ︾᠂ ︽3 + 3︾᠎ ᠶᠢᠨ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ ᠶᠢ ᠪᠠᠶᠢᠭᠤᠯᠵᠤ᠂ ᠬᠠᠮᠤᠭ ᠤᠨ ᠬᠦᠴᠢᠷᠲᠡᠶ ᠪᠠᠶᠢᠭ᠎ᠠ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠶᠡᠷᠦᠩᠬᠡᠶ ᠲᠠᠭᠠᠷᠢᠯᠳᠠ ᠬᠢᠵᠡᠢ᠃      ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠳᠤ ᠠᠵᠤ ᠦᠢᠯᠡᠰ ᠪᠣᠯ ︽ᠦᠨᠳᠦᠰᠦ︾ ᠪᠤᠯᠬᠤ ᠪᠦᠭᠡᠳ ᠪᠠᠳᠤ ᠳᠤᠭᠳᠠᠪᠤᠷᠢᠳᠠᠢ ᠪᠠᠶᠢᠬᠤ ᠬᠡᠷᠡᠭᠳᠠᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠵᠦᠪᠭᠡᠨ ᠠᠵᠤ ᠦᠢᠯᠡᠰ ᠢ ᠰᠠᠶᠢᠳᠤᠷ ᠬᠦᠭᠵᠢᠭᠦᠯᠪᠡᠯ ᠰᠠᠶ᠋ᠢ ᠨᠡᠩ ᠤᠯᠠᠨ ᠶᠠᠳᠠᠭᠤ ᠬᠦᠴᠢᠷᠳᠡᠯᠲᠡᠢ ᠡᠷᠦᠬᠡ ᠶᠢ ᠦᠨᠡᠨ ᠬᠦ ᠶᠠᠳᠠᠭᠤ ᠠᠴᠠ ᠠᠩᠭᠢᠵᠢᠷᠠᠭᠤᠯᠵᠤ ᠴᠢᠳᠠᠨ᠎ᠠ᠃      ︽2 ᠠᠩᠭᠧᠰ ᠦᠨᠢᠶ᠎ᠡ ᠪᠠᠨ ᠨᠠᠶᠢᠳᠠᠨ ᠲᠡᠵᠢᠭᠡᠯᠭᠡᠵᠦ᠂ ᠵᠢᠯ ᠤᠨ ᠡᠴᠦᠰ ᠲᠤ 3000 ᠲᠥᠭᠦᠷᠢᠭ ᠤᠨ ᠠᠰᠢᠭ ᠤᠯᠵᠡᠪᠤᠷᠢ ᠬᠤᠪᠢᠶᠠᠷᠢᠯᠠᠬᠤ ᠪᠤᠯᠤᠨ᠎ᠠ᠂ ᠲᠡᠭᠡᠪᠡᠯ ᠪᠢ ᠴᠢᠨᠢ ᠤᠳᠠᠬᠤ ᠦᠭᠡᠶ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠬᠤ ᠪᠤᠯᠤᠨ᠎ᠠ ᠳ᠋ᠠ︾ ᠭᠡᠵᠤ ᠲᠠᠶᠢᠪᠤᠰᠧ ᠬᠤᠰᠢᠭᠤᠨ ᠤ ᠶᠦᠩ ᠹᠧᠩ ᠪᠠᠯᠭᠠᠰᠤᠨ ᠤ ᠰᠢᠩ ᠹᠦ᠋ ᠲᠣᠰᠬᠤᠨ ᠤ ᠲᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ 72 ᠨᠠᠰᠤᠲᠠᠶ ᠶᠣᠣ ᠸᠠᠨ ᠰᠢᠦᠸᠠᠨ ᠬᠡᠯᠡᠨ᠎ᠡ᠃ ᠨᠢᠳᠤᠨᠤᠨ ᠤ ᠳᠣᠣᠷ᠎ᠠ ᠬᠠᠭᠠᠰ ᠵᠢᠯ ᠳᠤ᠂ ᠵᠠᠰᠠᠭ ᠤᠨ ᠣᠷᠳᠣᠨ ᠠᠴᠠ ᠦᠬᠡᠷ ᠪᠦᠷᠢ ᠳᠤ 8000 ᠲᠥᠭᠦᠷᠢᠭ ᠤᠨ ᠨᠥᠬᠦᠪᠥᠷᠢ ᠤᠯᠭᠤᠭᠰᠠᠨ ᠪᠠᠶᠢᠳᠠᠯ ᠳᠣᠣᠷ᠎ᠠ᠂ ᠶᠣᠣ ᠸᠠᠨ ᠰᠢᠦᠸᠠᠨ ᠤ ᠬᠢᠨ ᠬᠤᠶᠠᠷ ᠠᠩᠭᠧᠰ ᠡᠬᠡ ᠮᠠᠯ ᠬᠤᠳᠠᠯᠳᠤᠨ ᠠᠪᠴᠤ᠂ ᠥᠪᠥᠷ ᠮᠣᠩᠭᠤᠯ ᠤᠨ ᠵᠦᠩ ᠰᠢᠤᠢ ᠷᠦᠩ ᠲᠠᠢ ᠮᠠᠯ ᠠᠵᠤ ᠠᠬᠤᠶ ᠲᠠᠷᠢᠶᠠᠯᠠᠩ ᠤᠨ ᠬᠢᠵᠠᠭᠠᠷᠲᠤ ᠺᠣᠮᠫᠠᠨᠢ ᠲᠠᠢ 5 ᠵᠢᠯ ᠤᠨ ᠵᠦᠪᠳᠡᠯᠴᠡᠭᠡᠷ ᠳᠤᠭᠳᠠᠨ᠂ ᠦᠬᠡᠷ ᠪᠦᠷᠢ ᠳᠤ ᠵᠢᠯ ᠪᠦᠷᠢ 1500 ᠲᠥᠭᠦᠷᠢᠭ ᠤᠨ ᠠᠰᠢᠭ ᠤᠯᠵᠠᠪᠤᠷᠢ ᠬᠤᠪᠢᠶᠠᠷᠢᠯᠠᠬᠤ ᠪᠠᠷ ᠳᠤᠭᠳᠠᠵᠠᠢ᠃ ︽ᠭᠡᠷ᠎ᠠ ᠶᠢᠨ ᠬᠤᠭᠤᠴᠠᠭ᠎ᠠ ᠨᠢ ᠳᠤᠯᠤᠭᠰᠠᠨ ᠤ ᠲᠡᠷᠠᠭ᠎ᠠ ᠰᠠᠭᠤᠷᠢ ᠡᠬᠡ ᠮᠠᠯ ᠰᠣᠩᠭᠤᠵᠤ ᠪᠤᠯᠬᠤ ᠪᠤᠶᠤ ᠪᠡᠯᠡᠨ ᠵᠣᠭᠤᠰ ᠢᠶᠠᠷ ᠨᠤᠭᠤᠯᠤᠨ ᠪᠤᠳᠤᠬᠤ ᠡᠰᠡᠭᠦᠯ᠎ᠡ ᠦᠷᠭᠦᠯᠵᠢᠯᠡᠨ ᠨᠠᠶᠢᠳᠠᠨ ᠳᠡᠵᠢᠭᠡᠯᠭᠡᠭᠦ ᠪᠠᠷ ᠲᠣᠭᠲᠠᠵᠤ ᠪᠤᠯᠤᠨ᠎ᠠ︾ ᠭᠡᠭᠦ ᠠᠴᠠ ᠶᠣᠣ ᠸᠠᠨ ᠰᠢᠦᠸᠠᠨ ᠳᠤᠩ ᠪᠠᠶᠠᠷᠳᠠᠢ ᠪᠠᠶᠢᠯ᠎ᠠ᠃      ᠲᠠᠶᠢᠪᠤᠰᠧ ᠬᠤᠰᠢᠭᠤ ᠨᠢ ︽3 + 3︾᠎ ᠶᠢᠨ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠤᠯᠠᠨ ᠲᠦᠮᠡᠨ ᠢ ᠳᠠᠶᠢᠴᠢᠯᠠᠡ ᠬᠦᠳᠦᠯᠦᠨ ᠳᠠᠭᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠭᠤᠣᠯ ᠲᠠᠯᠠᠪᠤᠷ ᠳᠡᠭᠡᠷ᠎ᠡ ᠲᠠᠰᠤᠷᠠᠯᠲᠠ ᠦᠭᠡᠢ ᠠᠮᠵᠢᠯᠲᠠ ᠤᠯᠵᠤ ᠪᠠᠶᠢᠨ᠎ᠠ᠃      — ᠶᠤᠤ ᠸᠠᠨ ᠰᠢᠦᠸᠠᠨ ᠲᠠᠢ ᠠᠳᠠᠯᠢ ᠬᠥᠳᠡᠯᠮᠦᠷᠢᠯᠡᠭᠦ ᠴᠢᠳᠠᠪᠤᠷᠢ ᠦᠭᠡᠢ ᠶᠠᠳᠠᠭᠤ ᠬᠦᠴᠢᠷᠳᠡᠯᠲᠡᠶ ᠡᠷᠦᠬᠡ ᠶᠢ ᠠᠵᠤ ᠦᠢᠯᠡᠰ ᠤᠨ ᠳᠤᠮᠳᠠ ᠠᠴᠠ ᠠᠰᠢᠭ ᠬᠦᠷᠳᠡᠭᠡᠬᠦ ᠶᠢᠨ ᠲᠦᠯᠦᠭᠡ᠂ ᠲᠣᠰ ᠬᠤᠰᠢᠭᠤ ᠨᠢ ︽ᠠᠵᠤ ᠠᠬᠤᠶᠢᠯᠠᠯ ᠢ ᠪᠤᠶᠢᠵᠢᠭᠤᠯᠬᠤ + ᠶᠠᠳᠠᠭᠤ ᠬᠦᠴᠢᠷᠳᠠᠯᠳᠡᠢ ᠡᠷᠦᠬᠡ ᠤᠷᠤᠯᠴᠠᠬᠤ + ᠺᠣᠮᠫᠠᠨᠢ ᠲᠥᠪᠯᠡᠷᠡᠭᠦᠯᠦᠨ ᠪᠣᠷᠳᠣᠬᠤ︾ ᠵᠠᠭᠪᠤᠷ ᠪᠠ ᠺᠣᠮᠫᠠᠨᠢ ᠳᠤ ︽ᠨᠠᠶᠢᠳᠠᠨ ᠳᠡᠵᠢᠭᠡᠯᠭᠡᠭᠦ︾ ᠵᠠᠭᠪᠤᠷ ᠢ ᠬᠡᠷᠡᠭᠵᠢᠭᠦᠯᠵᠤ᠂ 869 ᠶᠠᠳᠠᠭᠤ ᠬᠦᠴᠢᠷᠳᠡᠯᠲᠡᠢ ᠡᠷᠦᠬᠡ ᠳᠤ ᠰᠠᠶᠢᠨ ᠡᠭᠦᠯᠳᠡᠷ ᠤᠨ 1590 ᠮᠢᠬᠠᠨ ᠤ ᠦᠭᠡᠷ ᠳᠡᠵᠢᠭᠡᠨ ᠦᠭᠴᠦ᠂ ᠦᠬᠡᠷ ᠪᠦᠷᠢ ᠳᠤ ᠵᠢᠯ ᠪᠦᠷᠢ ᠨᠠᠭᠠᠳᠤ ᠵᠠᠬ᠎ᠠ ᠳᠠᠭᠠᠨ 1500 ᠲᠥᠭᠦᠷᠢᠭ ᠤᠨ ᠠᠰᠢᠭ ᠤᠯᠵᠠᠪᠤᠷᠢ ᠬᠤᠪᠢᠶᠠᠷᠢᠯᠠᠵᠤ᠂ ᠳᠠᠩᠰᠠᠯᠠᠵᠤ ᠺᠠᠷᠲᠯᠠᠭᠰᠠᠨ 80 ᠶᠠᠳᠠᠭᠤ ᠬᠦᠴᠢᠷᠳᠠᠯᠳᠠᠢ ᠡᠷᠦᠬᠡ ᠳᠤ ᠨᠠᠶᠢᠳᠠᠯᠭ᠎ᠠ ᠪᠠᠷ 800 ᠴᠠᠬᠠᠷ ᠬᠤᠨᠢ ᠲᠡᠵᠢᠭᠡᠨ ᠦᠭᠴᠦ᠂ ᠡᠷᠦᠬᠡ ᠪᠦᠷᠢ ᠵᠢᠯ ᠳᠤ 3000 ᠲᠥᠭᠦᠷᠢᠭ ᠤᠨ ᠠᠰᠢᠭ ᠤᠯᠵᠠᠪᠦᠷᠢ ᠬᠤᠪᠢᠶᠠᠷᠢᠯᠠᠬᠤ ᠪᠤᠯᠭᠠᠵᠠᠢ︔      — ᠬᠥᠳᠡᠯᠮᠦᠷᠢᠯᠡᠬᠦ ᠴᠢᠳᠠᠪᠤᠷᠢ ᠲᠠᠢ ᠪᠤᠶᠤ ᠠᠵᠢᠯ ᠤᠯᠬᠤ ᠬᠦᠰᠡᠯ ᠲᠠᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠬᠥᠮᠦᠨ ᠳᠤ ᠴᠢᠭᠯᠡᠭᠦᠯᠦᠨ᠂ ᠲᠤᠰ ᠬᠤᠰᠢᠭᠤ ᠨᠢ ᠣᠷᠣᠨ ᠨᠤᠲᠤᠭ ᠤᠨ ᠳᠠᠭᠠᠭᠤᠯᠤᠭᠴᠢ ᠠᠵᠤ ᠠᠬᠤᠶᠢᠯᠠᠯ ᠠᠴᠠ ᠠᠵᠢᠯ ᠣᠯᠭᠤᠬᠤ ᠠᠵᠢᠯ ᠤᠨ ᠪᠠᠶᠢᠷᠢ ᠬᠠᠩᠭᠠᠬᠤ ᠶᠢ ᠬᠥᠲᠥᠯᠥᠨ ᠵᠢᠯᠣᠭᠤᠳᠴᠤ᠂ ᠲᠡᠳᠡᠨᠡᠷ ᠢ ᠠᠵᠤ ᠦᠢᠯᠡᠰ ᠤᠨ ᠠᠵᠢᠯᠴᠢᠨ ᠪᠤᠯᠭᠠᠵᠤ᠂ ᠡᠭᠦᠨ ᠤ ᠤᠯᠠᠮ ᠠᠴᠠ ᠶᠠᠳᠠᠭᠤ ᠠᠴᠠ ᠲᠣᠭᠲᠠᠪᠤᠷᠢᠲᠠᠶ ᠠᠩᠭᠢᠵᠢᠷᠠᠭᠤᠯᠵᠤ ᠪᠤᠢ᠃ ᠲᠣᠰ ᠬᠤᠰᠢᠭᠤᠨ ᠤ ᠲᠠᠭᠠᠭᠤᠯᠤᠭᠴᠢ ᠠᠵᠤ ᠠᠬᠤᠶᠢᠯᠠᠯ ᠪᠤᠯᠬᠤ ᠳᠠᠯ᠎ᠠ ᠨᠤᠳᠤᠭ ᠤᠨ ᠠᠷᠢᠬᠢ ᠨᠡᠷᠡᠬᠦ ᠺᠣᠮᠫᠠᠨᠢ ᠪᠠ ᠬᠤᠩ ᠵᠢᠩ ᠶᠤᠸᠠᠨ ᠺᠤᠮᠫᠠᠨᠢ ᠨᠢ 660 ᠶᠠᠳᠠᠭᠤ ᠬᠦᠴᠢᠷᠳᠡᠯᠲᠡᠶ ᠬᠥᠮᠦᠨ ᠠᠮᠠ ᠳᠤ ᠠᠵᠢᠯ ᠤᠯᠭᠤᠵᠤ᠂ ᠬᠥᠮᠦᠨ ᠳᠤᠮᠳᠠᠴᠢ ᠶᠢᠨ ᠵᠢᠯ ᠤᠨ ᠣᠷᠣᠯᠭ᠎ᠠ ᠨᠢ 3 — 4 ᠲᠦᠮᠡᠨ ᠲᠥᠭᠦᠷᠢᠭ ᠲᠤ ᠬᠦᠷᠦᠭᠰᠡᠨ ᠪᠠᠶᠢᠨ᠎ᠠ ᠁      ︽3 + 3︾᠎ ᠶᠢᠨ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ ᠨᠢ ᠶᠠᠳᠠᠭᠤ ᠬᠦᠴᠢᠷᠳᠡᠯᠲᠡᠢ ᠡᠷᠦᠬᠡ ᠳᠤ ᠲᠣᠭᠲᠠᠭᠤᠨ ᠢᠶᠠᠷ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠨᠡᠭᠡᠭᠡᠨ ᠦᠭᠭᠦᠭᠰᠡᠨ ᠢᠶᠠᠷ ᠪᠠᠷᠠᠬᠤ ᠦᠭᠡᠢ᠂ ᠲᠡᠳᠡᠨᠠᠷ ᠢ ᠠᠵᠤ ᠦᠢᠯᠡᠰ ᠤᠨ ᠠᠵᠢᠯᠴᠢᠨ ᠪᠤᠯᠭᠠᠨ ᠬᠤᠪᠢᠷᠠᠭᠤᠯᠵᠤ᠂ ᠡᠭᠦᠨ ᠤ ᠤᠯᠠᠮ ᠠᠴᠠ ᠪᠦᠭᠦ ᠬᠤᠰᠢᠭᠤᠨ ᠤ ᠠᠵᠤ ᠦᠢᠯᠡᠰ ᠤᠨ ᠬᠡᠯᠬᠢᠶᠡᠵᠢᠯ ᠢ ᠤᠷᠲᠤᠳᠬᠠᠵᠤ᠂ ᠬᠤᠰᠢᠭᠤ ᠪᠠᠨ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ ᠳᠤ ᠠᠮᠢᠵᠢᠷᠠᠯ ᠤᠨ ᠬᠦᠴᠦᠨ ᠣᠯᠭᠤᠵᠤ᠂ ᠨᠢᠭᠡ ᠠᠷᠭ᠎ᠠ ᠪᠠᠷ ᠤᠯᠠᠨ ᠳᠠᠯ᠎ᠠ ᠶᠢᠨ ᠦᠷ᠎ᠠ ᠪᠦᠳᠦᠭᠡᠯ ᠤᠯᠤᠬᠰᠡᠨ ᠦᠢᠯᠡᠳᠦᠯ ᠭᠠᠷᠭᠠᠵᠠᠢ᠃      ᠤᠳᠤᠬᠠᠨ ᠳᠤ᠂ ᠲᠤᠰ ᠬᠤᠰᠢᠭᠤᠨ ᠳᠤ ᠰᠢᠯᠢᠳᠡᠭ ᠡᠭᠦᠯᠳᠡᠷ ᠤᠨ ᠮᠢᠬᠠᠨ ᠤ ᠦᠭᠡᠷ ᠤᠨ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ᠂ ᠲᠠᠯ᠎ᠠ ᠨᠤᠲᠤᠭ ᠤᠨ ᠬᠠᠷ᠎ᠠ ᠠᠷᠢᠬᠢᠨ ᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ᠂ ᠢᠳᠡᠰᠢᠨ ᠨᠣᠭᠤᠭ᠎ᠠ ᠶᠢᠨ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ᠂ ᠰᠡᠯᠡᠭᠦᠴᠡᠯ ᠵᠤᠭᠠᠴᠠᠯ ᠪᠠ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ ᠵᠡᠷᠭᠡ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ ᠶᠢ ᠪᠦᠷᠢᠯᠳᠦᠭᠦᠯᠪᠡ᠃ ᠡᠭᠦᠨ ᠤ ᠤᠯᠠᠮ ᠠᠴᠠ᠂ ᠲᠤᠰ ᠬᠤᠰᠢᠭᠤ ᠨᠢ ᠲᠠᠷᠢᠶᠠᠯᠠᠩ ᠳᠤ ᠬᠤᠯᠪᠣᠭᠳᠠᠭᠰᠠᠨ ᠲᠠᠭᠠᠭᠤᠯᠤᠭᠴᠢ ᠠᠵᠤ ᠠᠬᠤᠶᠢᠯᠠᠯ 100%᠎ ᠪᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ ᠶᠢ ᠪᠠᠶᠢᠭᠤᠯᠬᠤ︔ ᠤᠷ᠎ᠠ ᠮᠡᠷᠭᠡᠰᠢᠯ ᠪᠣᠯᠤᠨ ᠠᠵᠢᠯ ᠤᠯᠬᠤ ᠬᠦᠰᠡᠯ ᠲᠠᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠬᠥᠮᠦᠨ ᠠᠮᠠ ᠳᠤ 100%᠎ ᠪᠠᠷ ᠠᠵᠢᠯ ᠤᠯᠭᠤᠬᠤ︔ ᠲᠠᠷᠢᠵᠤ ᠲᠡᠵᠢᠭᠡᠬᠦ ᠦᠢᠯᠡᠰ ᠤᠨ ᠲᠠᠯ᠎ᠠ ᠪᠠᠷ ᠴᠢᠳᠠᠪᠤᠷᠢ ᠲᠠᠢ ᠪᠦᠭᠡᠳ ᠲᠠᠷᠢᠵᠤ ᠲᠡᠵᠢᠭᠡᠬᠦ ᠬᠦᠰᠡᠯ ᠲᠠᠢ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠬᠥᠮᠦᠨ ᠠᠮᠠ ᠳᠤ 100%᠎ ᠪᠠᠷ ᠦᠢᠯᠡᠳᠪᠦᠷᠢᠯᠡᠯ ᠤᠨ ᠬᠡᠷᠡᠭᠰᠡᠯ ᠮᠠᠲ᠋ᠧᠷᠢᠶᠠᠯ ᠤᠯᠭᠤᠬᠤ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ︽ᠳᠣᠤᠷ᠎ᠠ ᠦᠨ᠎ᠡ ᠪᠠᠷ ᠣᠷᠣᠭᠤᠯᠵᠤ ᠦᠨᠳᠦᠷ ᠦᠨ᠎ᠠ ᠪᠠᠷ ᠬᠤᠳᠠᠯᠳᠤᠬᠤ︾ ᠪᠠ ᠦᠢᠯᠡᠳᠪᠦᠷᠢᠯᠡᠯ ᠤᠨ ᠶᠠᠪᠤᠴᠠ ᠳᠤ ᠲᠥᠷᠥ ᠶᠢᠨ ᠪᠣᠳᠣᠯᠭ᠎ᠠ ᠶᠢᠨ ᠨᠥᠬᠦᠪᠥᠷᠢ ᠤᠯᠭᠤᠬᠤ︔ ᠬᠥᠳᠡᠯᠮᠦᠷᠢᠯᠡᠬᠦ ᠴᠢᠳᠠᠪᠤᠷᠢ ᠦᠭᠡᠢ ᠪᠤᠯᠤᠭᠰᠠᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠳᠠᠢ ᠬᠥᠮᠦᠨ ᠠᠮᠠ ᠶᠢ 100%᠎ ᠪᠠᠷ ᠡᠳ᠋ ᠬᠦᠷᠦᠩᠭᠡ ᠶᠢᠨ ᠠᠰᠢᠭ ᠤᠯᠵᠠᠪᠤᠷᠢ ᠤᠯᠭᠤᠬᠤ ᠲᠥᠷᠥᠯ ᠵᠦᠢᠯ ᠢᠶᠠᠷ ᠳᠠᠮᠵᠢᠨ ᠣᠷᠣᠯᠭ᠎ᠠ ᠶᠢ ᠨᠢ ᠲᠣᠭᠲᠠᠭᠤᠨ ᠢᠶᠠᠷ ᠨᠡᠮᠡᠭᠳᠡᠭᠦᠯᠬᠦ ᠶᠢ ᠪᠠᠲᠤᠯᠠᠬᠤ ᠲᠦᠷᠪᠡᠨ 100%᠎ ᠶᠢᠨ ᠬᠠᠷᠠᠯᠳᠠ ᠶᠢ ᠴᠢᠷᠮᠠᠶᠢᠨ ᠪᠡᠶᠡᠯᠡᠭᠦᠯᠵᠤ ᠪᠤᠢ᠃      ︽︿3 + 3﹀ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠶ ᠣᠯᠠᠨ ᠲᠦᠮᠡᠨ ᠢ ᠳᠠᠶᠢᠴᠢᠯᠠᠬᠤ ᠳᠤᠭᠳᠠᠴᠠ ᠨᠢ ᠠᠵᠤ ᠠᠬᠤᠶᠢᠯᠠᠯ ᠢ ᠬᠥᠭᠵᠢᠭᠦᠯᠦᠨ ᠪᠤᠵᠠᠭᠠᠶᠢᠷᠠᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠤᠳᠠᠳᠦ ᠵᠢᠷᠤᠮᠯᠠᠯ ᠬᠠᠩᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠨᠡᠶᠢᠭᠡᠮ ᠤᠨ ᠬᠦᠴᠦᠨ ᠣᠷᠣᠯᠴᠠᠬᠤ ᠶᠢ ᠬᠠᠮᠤᠭ ᠤᠨ ᠶᠡᠭᠡ ᠬᠡᠮᠵᠢᠶ᠎ᠡ ᠪᠠᠷ ᠲᠠᠶᠢᠴᠢᠯᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠪᠠ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠬᠠᠮᠲᠤᠪᠠᠷ ᠠᠰᠢᠭ ᠭᠥᠷᠳᠡᠬᠦ ᠳᠤ ᠴᠦᠮ ᠠᠰᠢᠭᠳᠠᠢ ᠶᠤᠮ᠃ ᠡᠶᠢᠮᠦᠷᠬᠦ ᠲᠣᠭᠲᠠᠴᠠ ᠨᠢ ︿ᠴᠢᠰᠤ ᠪᠦᠲᠦᠭᠡᠬᠦ﹀ ᠴᠢᠳᠠᠪᠤᠷᠢ ᠶᠢ ᠪᠦᠷᠢᠯᠳᠦᠭᠦᠯᠵᠦ ᠴᠢᠳᠠᠬᠤ ᠪᠠᠷ ᠪᠠᠷᠠᠬᠤ ᠦᠭᠡᠢ᠂ ᠮᠠᠨ ᠤ ᠬᠤᠰᠢᠭᠤᠨ ᠤ ᠠᠯᠤᠰ ᠤᠨ ᠬᠥᠭᠵᠢᠯᠲᠡ ᠪᠠ ︿ᠠᠷᠠᠳ ᠢ ᠪᠠᠶᠠᠵᠢᠭᠤᠯᠤᠨ ᠬᠤᠰᠢᠭᠤ ᠪᠠᠨ ᠬᠦᠴᠦᠷᠬᠡᠭᠵᠢᠭᠦᠯᠬᠦ﹀ ᠬᠠᠷᠠᠯᠳᠠ ᠶᠢ ᠪᠡᠶᠡᠯᠡᠭᠦᠯᠬᠦ ᠳᠤ ᠪᠦᠷ ᠴᠢᠬᠤᠯᠠ ᠠᠴᠢ ᠬᠤᠯᠪᠣᠭᠳᠠᠯ ᠲᠠᠢ ᠶᠤᠮ︾ ᠭᠡᠵᠤ ᠲᠠᠶᠢᠪᠤᠰᠧ ᠬᠤᠰᠢᠭᠤᠨ ᠤ ᠳᠠᠷᠤᠭ᠎ᠠ ᠬᠤ᠋ ᠴᠧᠩ ᠳ᠋ᠦᠩ ᠬᠡᠯᠡᠨ᠎ᠠ᠃      ᠰᠤᠷᠪᠤᠯᠵᠢᠯᠠᠭᠴᠢ ᠶᠢᠨ ᠡᠪᠤᠷ ᠲᠡᠮᠳᠡᠭᠯᠡᠯ᠄      ᠲᠠᠶᠢᠪᠤᠰᠧ ᠬᠤᠰᠢᠭᠤ᠂ ᠡᠨᠡ ᠬᠦ ᠬᠠᠷᠢᠴᠠᠩᠭᠤᠶ ᠶᠠᠳᠠᠭᠤ ᠬᠦᠴᠢᠷᠳᠠᠯᠳᠠᠢ ᠭᠠᠵᠠᠷ ᠤᠷᠤᠨ ᠳᠤ ᠦᠤᠨᠳᠡᠷ ᠲᠦᠷᠭᠡᠨ ᠬᠤᠪᠢᠷᠠᠯᠲᠠ ᠭᠠᠷᠴᠦ ᠪᠠᠶᠢᠭ᠎ᠠ ᠶᠢ ᠰᠤᠷᠪᠤᠯᠵᠢᠯᠠᠭ᠎ᠠ ᠶᠢᠨ ᠳᠤᠮᠳᠠ ᠪᠠᠨ ᠤᠯᠵᠤ ᠬᠠᠷᠠᠯ᠎ᠠ᠃ ᠰᠤᠷᠪᠤᠯᠵᠢᠯᠠᠭᠴᠢ ᠳᠤ ᠬᠠᠮᠤᠭ ᠤᠨ ᠭᠦᠨ ᠲᠦᠷᠦᠭᠳᠡᠯ ᠦᠯᠡᠳᠡᠭᠡᠭᠰᠡᠨ ᠨᠢ ᠠᠷᠠᠳ ᠤᠯᠠᠨ ᠤ ᠴᠤᠭ ᠰᠦᠯᠳᠡ ᠡᠷᠴᠢ ᠵᠣᠷᠢᠭ ᠣᠶᠤᠨ ᠰᠠᠨᠠᠭ᠎ᠠ ᠳᠤ ᠳᠠᠰᠤᠷᠠᠯᠳᠠ ᠦᠭᠡᠢ ᠬᠤᠪᠢᠷᠠᠯᠳᠠ ᠭᠠᠷᠴᠤ ᠪᠠᠶᠢᠭ᠎ᠠ ᠶᠠᠪᠤᠳᠡᠯ ᠪᠤᠯᠤᠨ᠎ᠠ᠃ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠨᠢ ᠠᠵᠢᠯᠯᠠᠬᠤ ᠤᠷᠮ᠎ᠠ ᠵᠤᠷᠢᠭ ᠪᠠᠳᠠᠷᠠᠩᠭᠤᠢ ᠪᠠᠶᠢᠵᠤ᠂ ᠶᠠᠳᠠᠭᠤ ᠠᠴᠠ ᠠᠩᠭᠢᠵᠢᠷᠠᠭ᠎ᠠ ᠦᠭᠡᠢ ᠨᠢ ᠶᠠᠳᠠᠭᠤ ᠠᠴᠠ ᠠᠩᠬᠢᠵᠢᠷᠠᠬᠤ ᠢᠲᠡᠭᠡᠯ ᠵᠤᠷᠢᠭ ᠳᠡᠭᠦᠯᠳᠡᠷ ᠪᠠᠶᠢᠯ᠎ᠠ᠃ ᠲᠡᠳᠡᠨᠠᠷ ᠤᠨ ᠴᠢᠷᠠᠢ ᠳᠤ ᠵᠢᠷᠭᠠᠯ ᠤᠨ ᠮᠥᠰᠢᠶᠡᠳᠦ ᠲᠣᠳᠣᠷᠠᠨ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠳᠤ ᠰᠡᠤᠨᠭᠢᠯ ᠨᠢᠭᠡᠲᠤᠨ ᠢᠳᠡᠭᠡᠯ ᠲᠦᠭᠦᠷᠡᠩ ᠪᠠᠶᠢᠯ᠎ᠠ᠃      ᠲᠠᠶᠢᠪᠤᠰᠧ ᠬᠤᠰᠢᠭᠤ ᠣᠨᠴᠠ ᠶᠠᠳᠠᠭᠤ ᠬᠦᠴᠢᠷᠳᠡᠯᠲᠡᠢ ᠭᠠᠵᠠᠷ ᠣᠷᠣᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠶᠡᠷᠦᠩᠬᠡᠶ ᠲᠠᠭᠠᠷᠢᠯᠳᠠ ᠬᠢᠵᠤ᠂ ᠶᠠᠳᠠᠭᠤ ᠠᠴᠠ ᠠᠩᠭᠢᠵᠢᠷᠠᠭᠤᠯᠬᠤ ᠶᠢᠨ ᠠᠯᠢᠪᠠ ᠬᠦᠴᠢᠷ ᠪᠡᠷᠬᠡ ᠶᠢ ᠳᠤᠭᠤᠯᠤᠨ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠵᠤ᠂ ᠥᠪᠡᠷᠮᠢᠴᠡ ᠤᠨᠴᠠᠯᠢᠭᠳᠤ ᠠᠵᠤ ᠦᠢᠯᠡᠰ ᠢᠶᠠᠷ ᠶᠠᠳᠠᠭᠤ ᠬᠦᠴᠢᠷᠳᠡᠯᠲᠡᠢ ᠬᠥᠮᠦᠨ ᠠᠮᠠ ᠶᠢ ᠴᠥᠭᠡᠳᠬᠡᠬᠦ ᠵᠠᠮ ᠢᠶᠠᠷ ᠵᠠᠮᠨᠠᠵᠤ᠂ ᠶᠠᠳᠠᠭᠤ ᠠᠴᠠ ᠦᠨᠡᠨ ᠭᠦ ᠠᠩᠭᠢᠵᠢᠷᠠᠭᠤᠯᠤᠨ᠂ ᠦᠨᠡᠨ ᠬᠦ ᠶᠠᠳᠠᠭᠤ ᠠᠴᠠ ᠠᠩᠭᠢᠵᠢᠷᠠᠭᠤᠯᠵᠤ᠂ ᠬᠤᠭᠤᠴᠠᠭ᠎ᠠ ᠶᠣᠰᠣᠭᠠᠷ ᠶᠠᠳᠠᠭᠤ ᠬᠦᠴᠢᠷᠳᠠᠯᠳᠠᠢ ᠡᠷᠦᠬᠡ ᠶᠢ ᠶᠠᠳᠠᠭᠤ ᠠᠴᠠ ᠠᠩᠭᠢᠵᠢᠷᠠᠭᠤᠯᠬᠤ᠂ ᠶᠠᠳᠠᠭᠤ ᠬᠦᠴᠢᠷᠳᠠᠯᠳᠠᠢ ᠬᠤᠰᠢᠭᠤ ᠶᠢᠨ ᠨᠡᠷ᠎ᠠ ᠪᠠᠨ ᠳᠠᠶᠠᠭᠳᠠᠬᠤ ᠪᠠᠷ ᠦᠷᠯᠦᠭᠡ ᠦᠳᠡᠰᠢ ᠲᠠᠢ ᠲᠡᠮᠡᠴᠡᠨ ᠠᠵᠢᠯᠯᠠᠨ᠎ᠠ᠃
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号