ᠭᠠᠮᠰᠢᠬ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠳᠡᠭᠡᠭᠰᠢᠯᠡᠬᠦᠯᠵᠦ ᠠᠷᠠᠳ ᠲᠦᠮᠡᠨ ᠪᠤᠯᠤᠨ ᠤᠯᠤᠰ ᠤᠨ ᠠᠮᠤᠷ ᠲᠦᠪᠰᠢᠨ ᠢ ᠬᠠᠮᠠᠭᠠᠯᠠᠰᠤᠭᠠᠢ
2018-10-12 10:23:27
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
    — ᠶᠡᠷᠦᠩᠭᠡᠢ ᠱᠦᠵᠢ ᠰᠢ ᠶᠢᠨ ᠫᠢᠩ ᠤᠨ ᠲᠦᠪ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠤᠶ᠎ᠠ                             ᠰᠢᠨᠬᠤᠸᠠ ᠬᠤᠷᠢᠶᠠᠨ ᠤ ᠰᠢᠬᠦᠮᠵᠢᠯᠡᠭᠴᠢ            ᠪᠠᠶᠢᠭᠠᠯᠢ ᠶᠢᠨ ᠭᠠᠮᠰᠢᠬ ᠢ ᠰᠡᠷᠭᠡᠶᠢᠯᠡᠨ ᠵᠠᠰᠠᠬᠤ ᠶᠢ ᠴᠢᠩᠭᠠᠳᠬᠠᠬᠤ ᠨᠢ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ ᠳᠤ ᠬᠤᠯᠪᠤᠭᠳᠠᠨ᠎ᠠ᠂ ᠮᠠᠨ ᠤ ᠨᠠᠮ ᠤᠨ ᠲᠦᠷᠦ ᠪᠠᠷᠢᠬᠤ ᠴᠢᠳᠠᠪᠤᠷᠢ ᠶᠢᠨ ᠴᠢᠬᠤᠯᠠ ᠶᠡᠭᠡ ᠰᠢᠯᠭᠠᠯᠳᠠ ᠮᠦᠨ᠃ ᠶᠡᠷᠦᠩᠭᠡᠢ ᠱᠦᠵᠢ ᠰᠢ ᠶᠢᠨ ᠫᠢᠩ ᠲᠦᠪ ᠤᠨ ᠡᠳ᠋ ᠤᠨ ᠵᠠᠰᠠᠭ ᠠᠵᠤ ᠠᠬᠤᠢ ᠶᠢᠨ ᠵᠦᠪᠯᠡᠯ ᠤᠨ ᠭᠤᠷᠪᠠᠳᠤᠭᠠᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ︽ᠬᠤᠤᠰ ᠵᠠᠭᠤᠨ ᠵᠢᠯ︾᠎ ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠳᠤᠮᠳᠠᠳᠤ ᠶᠢᠨ ᠵᠡᠬᠦᠳᠦ ᠶᠢ ᠳᠡᠷᠭᠡᠯᠰᠢᠬᠦᠯᠬᠦ ᠪᠠᠶᠢᠯᠳᠤᠬᠤ ᠪᠤᠳᠤᠯᠭ᠎ᠠ ᠶᠢᠨ ᠦᠨᠳᠦᠷᠴᠡ ᠠᠴᠠ᠂ ᠭᠠᠮᠰᠢᠬ ᠢ ᠰᠡᠷᠭᠡᠶᠢᠯᠡᠨ ᠵᠠᠰᠠᠬᠤ ᠶᠢᠨ ᠴᠢᠬᠤᠯᠠ ᠠᠴᠢ ᠬᠤᠯᠪᠤᠭᠳᠠᠯ ᠢ ᠬᠦᠨᠵᠡᠭᠡᠢ ᠳᠤᠳᠤᠷᠬᠠᠢᠢᠯᠠᠨ ᠦᠬᠦᠯᠡᠵᠦ᠂ ᠪᠠᠶᠢᠭᠠᠯᠢ ᠶᠢᠨ ᠭᠠᠮᠰᠢᠬ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠬᠦᠯᠬᠦ ᠳᠤ ᠶᠡᠷᠦᠩᠭᠡᠢ ᠱᠠᠭᠠᠷᠳᠠᠯᠭ᠎ᠠ᠂ ᠦᠨᠳᠦᠰᠦᠨ ᠵᠠᠷᠴᠢᠮ ᠢ ᠳᠤᠷᠠᠳᠴᠦ᠂ 9 ᠵᠦᠢᠯ ᠤᠨ ᠭᠤᠤᠯᠳᠠᠯᠭ᠎ᠠ ᠲᠠᠢ ᠢᠨᠵᠧᠨᠧᠷᠢᠩ ᠢ ᠳᠤᠳᠤᠷᠬᠠᠢᠢᠯᠠᠵᠦ᠂ ᠭᠠᠮᠰᠢᠬ ᠢ ᠰᠡᠷᠭᠡᠶᠢᠯᠡᠨ ᠵᠠᠰᠠᠬᠤ ᠠᠵᠢᠯ ᠢ ᠰᠠᠶᠢᠳᠤᠷ ᠬᠢᠬᠦ ᠳᠤ ᠦᠵᠡᠯ ᠰᠠᠨᠠᠭ᠎ᠠ ᠪᠠ ᠠᠵᠢᠯᠯᠠᠭᠠᠨ ᠤ ᠵᠦᠭᠯᠡᠬᠦᠷ ᠬᠠᠩᠭᠠᠵᠠᠢ᠃      ᠪᠠᠶᠢᠭᠠᠯᠢ ᠶᠢᠨ ᠭᠠᠮᠰᠢᠬ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠬᠦᠯᠬᠦ ᠳᠤ᠂ ᠵᠡᠷᠭᠡ ᠪᠠᠷ ᠠᠳᠬᠤᠵᠦ ᠬᠠᠮᠳᠤ ᠪᠠᠷ ᠬᠠᠮᠢᠶᠠᠷᠬᠤ ᠶᠢᠨ ᠬᠠᠮᠳᠤᠷᠠᠯ ᠬᠦᠴᠦ ᠶᠢ ᠨᠢᠬᠳᠠᠷᠠᠭᠤᠯᠬᠤ ᠭᠡᠷᠡᠭᠲᠡᠢ᠃ ᠬᠦᠴᠦ ᠪᠠᠨ ᠲᠦᠪᠯᠡᠷᠡᠬᠦᠯᠦᠨ ᠲᠤᠮᠤ ᠶᠠᠪᠤᠳᠠᠯ ᠢ ᠪᠦᠳᠦᠭᠡᠬᠦ ᠤᠯᠤᠰ ᠲᠦᠷᠦ ᠶᠢᠨ ᠲᠠᠪᠠᠭᠤᠯᠢᠭ ᠢ ᠪᠠᠳᠠᠷᠠᠭᠤᠯᠬᠤ ᠶᠢᠨ ᠵᠠᠩᠬᠢᠯᠠᠭ᠎ᠠ ᠨᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠦ᠂ ᠡᠯ᠎ᠠ ᠲᠠᠯ᠎ᠠ ᠶᠢᠨ ᠬᠢᠨ ᠤ ᠵᠡᠷᠭᠡ ᠪᠠᠷ ᠠᠳᠬᠤᠵᠦ ᠬᠠᠮᠳᠤ ᠪᠠᠷ ᠬᠠᠮᠢᠶᠠᠷᠴᠦ᠂ ᠪᠠᠶᠢᠭᠠᠯᠢ ᠶᠢᠨ ᠭᠠᠮᠰᠢᠬ ᠢ ᠰᠡᠷᠭᠡᠶᠢᠯᠡᠡ ᠵᠠᠰᠠᠬᠤ ᠵᠤᠬᠢᠴᠠᠯᠳᠤᠨ ᠬᠠᠮᠵᠢᠯᠴᠠᠬᠰᠠᠨ ᠪᠠᠶᠢᠷᠢᠰᠢᠯ ᠢ ᠪᠦᠷᠢᠯᠳᠦᠬᠦᠯᠬᠦ ᠳᠤ ᠪᠤᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠠ ᠵᠠᠰᠠᠭ ᠤᠨ ᠤᠷᠳᠤᠨ ᠭᠠᠮᠰᠢᠬ ᠢ ᠰᠡᠷᠭᠡᠶᠢᠯᠡᠵᠦ ᠭᠠᠮᠰᠢᠬ ᠢ ᠪᠠᠭᠠᠰᠬᠠᠬᠤ ᠭᠠᠮᠰᠢᠬ ᠠᠴᠠ ᠠᠪᠤᠷᠠᠬᠤ ᠠᠵᠢᠯ ᠳᠠᠬᠢ ᠤᠳᠤᠷᠢᠳᠬᠤ ᠭᠤᠤᠯᠯᠠᠬᠤ ᠪᠠᠶᠢᠷᠢ ᠰᠠᠭᠤᠷᠢ ᠶᠢ ᠪᠠᠷᠢᠮᠳᠠᠯᠠᠵᠦ᠂ ᠵᠤᠬᠢᠶᠠᠨ ᠪᠠᠶᠢᠭᠤᠯᠵᠦ ᠤᠳᠤᠷᠢᠳᠬᠤ᠂ ᠨᠢᠭᠡᠳᠦᠯᠳᠠᠢ ᠲᠦᠯᠦᠪᠵᠢᠬᠦᠯᠦᠨ ᠵᠤᠬᠢᠴᠠᠭᠤᠯᠬᠤ᠂ ᠪᠠᠳᠤᠯᠠᠭ᠎ᠠ ᠬᠠᠩᠭᠠᠬᠤ ᠵᠡᠷᠭᠡ ᠴᠢᠬᠤᠯᠠ ᠦᠢᠯᠡᠳᠦᠯ ᠢ ᠪᠠᠳᠠᠷᠠᠭᠤᠯᠵᠦ᠂ ᠨᠡᠶᠢᠭᠡᠮ ᠤᠨ ᠬᠦᠴᠦᠨ ᠢ ᠵᠤᠬᠢᠶᠠᠨ ᠪᠠᠶᠢᠭᠤᠯᠵᠦ ᠲᠠᠶᠢᠴᠢᠯᠠᠵᠦ ᠪᠠᠶᠢᠭᠠᠳ ᠦᠷᠭᠡᠨ ᠳᠡᠯᠭᠡᠷ ᠢᠶᠠᠷ ᠤᠷᠤᠯᠴᠠᠭᠤᠯᠬᠤ ᠶᠢ ᠨᠡᠩ ᠢᠯᠡᠬᠦᠦ ᠴᠢᠬᠤᠯᠠᠴᠢᠯᠠᠵᠦ᠂ ᠭᠠᠮᠰᠢᠬ ᠤᠨ ᠳᠠᠭᠠᠳᠬᠠᠯ ᠤᠨ ᠲᠦᠷᠢᠮ ᠢ ᠪᠠᠶᠢᠭᠤᠯᠤᠨ ᠳᠡᠬᠦᠯᠳᠡᠷᠵᠢᠬᠦᠯᠵᠦ᠂ ᠵᠠᠰᠠᠭ ᠤᠨ ᠤᠷᠳᠤᠨ ᠪᠤᠯᠤᠨ ᠨᠡᠶᠢᠭᠡᠮ ᠤᠨ ᠬᠦᠴᠦᠨ᠂ ᠵᠠᠬ᠎ᠠ ᠳᠡᠯᠭᠡᠬᠦᠷ ᠤᠨ ᠲᠤᠭᠳᠠᠴᠠ ᠶᠢᠨ ᠵᠤᠬᠢᠴᠠᠯᠳᠤᠭ᠎ᠠ ᠬᠠᠮᠵᠢᠯᠴᠠᠭ᠎ᠠ ᠶᠢ ᠴᠢᠩᠭᠠᠳᠬᠠᠵᠦ᠂ ᠨᠡᠶᠢᠭᠡᠮ ᠤᠨ ᠡᠯ᠎ᠠ ᠲᠠᠯ᠎ᠠ ᠶᠢᠨ ᠢᠳᠡᠪᠬᠢᠵᠢᠯ ᠢ ᠬᠦᠢᠴᠡᠳ ᠲᠠᠶᠢᠴᠢᠯᠠᠵᠦ᠂ ᠪᠦᠬᠦ ᠤᠯᠤᠰ ᠤᠨ ︽ᠨᠢᠭᠡ ᠬᠦᠯᠭᠡ ᠰᠢᠳᠠᠷ᠎ᠠ︾᠎ ᠶᠢᠨ ᠲᠠᠪᠠᠭᠤᠯᠢᠭ ᠢ ᠭᠠᠮᠰᠢᠬ ᠢ ᠰᠡᠷᠭᠡᠶᠢᠯᠡᠨ ᠵᠠᠰᠠᠬᠤ ᠠᠵᠢᠯ ᠤᠨ ᠬᠦᠴᠦᠳᠠᠢ ᠬᠠᠮᠳᠤᠷᠠᠯ ᠬᠦᠴᠦ ᠪᠤᠯᠭᠠᠬᠤ ᠭᠡᠷᠡᠭᠲᠠᠢ᠃      ᠪᠠᠶᠢᠭᠠᠯᠢ ᠶᠢᠨ ᠭᠠᠮᠰᠢᠬ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠬᠦᠯᠬᠦ ᠳᠤ᠂ ᠦᠭᠡᠷᠡᠴᠢᠯᠡᠯᠳᠠ ᠬᠢᠵᠦ ᠰᠢᠨ᠎ᠠ ᠶᠢ ᠡᠬᠦᠳᠬᠦ ᠶᠢᠨ ᠬᠦᠳᠡᠯᠭᠡᠬᠦ ᠬᠦᠴᠦ ᠶᠢ ᠬᠦᠭᠵᠢᠭᠡᠬᠦ ᠭᠡᠷᠡᠭᠲᠡᠢ᠃ ᠨᠠᠮ ᠤᠨ ᠠᠷᠪᠡᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠦᠪ ᠬᠤᠷᠢᠶ᠎ᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢ ᠲᠤᠪᠤᠶᠢᠯᠭᠠᠵᠦ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠷᠢᠮᠳᠠᠯᠠᠵᠦ᠂ ︽ᠨᠠᠮ ᠤᠨ ᠲᠦᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶᠠᠨ ᠤ ᠭᠠᠮᠰᠢᠬ ᠢ ᠰᠡᠷᠭᠡᠶᠢᠯᠡᠬᠦ ᠭᠠᠮᠰᠢᠬ ᠢ ᠪᠠᠭᠠᠰᠬᠠᠬᠤ ᠭᠠᠮᠰᠢᠬ ᠠᠴᠠ ᠠᠪᠤᠷᠠᠬᠤ ᠪᠠᠶᠢᠭᠤᠯᠤᠮᠵᠢ ᠲᠤᠭᠳᠠᠴᠠ ᠶᠢᠨ ᠦᠭᠡᠷᠡᠴᠢᠯᠡᠯᠳᠠ ᠶᠢ ᠠᠬᠢᠭᠤᠯᠬᠤ ᠲᠤᠬᠠᠢ ᠰᠠᠨᠠᠯ︾᠎ ᠢ ᠨᠡᠶᠢᠳᠡᠯᠡᠵᠦ᠂ ᠭᠠᠮᠰᠢᠬ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠠᠶᠢᠭᠤᠯᠤᠯᠳᠠ ᠶᠢᠨ ᠲᠠᠯ᠎ᠠ ᠪᠠᠷ ᠰᠢᠰᠲᠧᠮ ᠲᠠᠢ ᠪᠠᠶᠢᠷᠢᠯᠠᠭᠤᠯᠤᠯᠳᠠ ᠬᠢᠵᠠᠢ᠃ ᠨᠢᠭᠡ ᠬᠤᠪᠢ ᠶᠢᠨ ᠪᠠᠶᠢᠷᠢᠯᠠᠭᠤᠯᠤᠯᠳᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠳᠠ᠃ ᠲᠦᠪ ᠤᠨ ᠳᠤᠷᠠᠳᠤᠬᠰᠠᠨ ᠬᠠᠷᠠᠯᠲᠠ ᠡᠭᠦᠷᠭᠡ ᠶᠢᠨ ᠲᠤᠭᠤᠷᠢᠨ ᠳᠤ᠂ ᠭᠤᠤᠯᠳᠠᠯᠭ᠎ᠠ ᠶᠢ ᠡᠵᠡᠮᠳᠡᠵᠦ᠂ ᠪᠤᠭᠤᠮᠢ ᠶᠢ ᠨᠢ ᠠᠳᠬᠤᠵᠤ᠂ ᠨᠢᠭᠡᠲᠦᠯᠲᠡᠢ ᠲᠦᠯᠦᠪᠵᠢᠭᠦᠯᠦᠨ ᠵᠤᠬᠢᠴᠠᠭᠤᠯᠬᠤ ᠪᠠᠶᠢᠭᠤᠯᠤᠮᠵᠢ ᠶᠢ ᠪᠦᠷᠢᠨᠰᠢᠭᠦᠯᠬᠦ᠂ ᠬᠠᠷᠢᠶ᠎ᠠ ᠤᠷᠤᠨ ᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠪᠦᠷᠢᠨᠰᠢᠭᠦᠯᠬᠦ᠂ ᠨᠡᠶᠢᠭᠡᠮ ᠤᠨ ᠬᠦᠴᠦᠨ ᠪᠤᠯᠤᠨ ᠵᠠᠬ᠎ᠠ ᠳᠡᠯᠭᠡᠭᠦᠷ ᠤᠨ ᠤᠷᠤᠯᠴᠠᠬᠤ ᠲᠤᠬᠲᠠᠴᠠ ᠶᠢ ᠲᠡᠭᠦᠯᠳᠡᠷᠵᠢᠭᠦᠯᠬᠦ ᠵᠡᠷᠭᠡ ᠭᠤᠷᠪᠠᠨ ᠲᠠᠯ᠎ᠠ ᠪᠠᠷ ᠬᠦᠴᠦᠯᠡᠨ ᠭᠡᠮ ᠠᠷᠬᠠᠭ ᠢ ᠠᠷᠢᠯᠭᠠᠵᠤ᠂ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠤᠨ ᠵᠢᠱᠢᠶ᠎ᠠ ᠦᠵᠡᠭᠦᠯᠬᠦ ᠪᠠᠷ ᠬᠦᠴᠢᠷ ᠠᠰᠠᠭᠤᠳᠠᠯ ᠢ ᠰᠢᠢᠳᠪᠦᠷᠢᠯᠡᠨ᠂ ᠲᠤᠷᠰᠢᠯᠭ᠎ᠠ ᠬᠤᠷᠠᠮᠳᠤᠭᠤᠯᠵᠤ᠂ ᠤᠯᠠᠨ ᠤᠯᠤᠰ ᠤᠨ ᠬᠠᠮᠲᠤᠷᠠᠯᠴᠠᠭ᠎ᠠ ᠬᠠᠮᠵᠢᠯᠴᠠᠭ᠎ᠠ ᠪᠠᠷ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠶᠢ ᠠᠬᠢᠭᠤᠯᠵᠤ᠂ ᠪᠠᠶᠢᠭᠠᠯᠢ ᠶᠢᠨ ᠭᠠᠮᠰᠢᠭ ᠤᠨ ᠰᠡᠷᠭᠡᠶᠢᠯᠡᠨ ᠵᠠᠰᠠᠬᠤ ᠰᠢᠰᠲ᠋ᠧᠮ ᠪᠤᠯᠤᠨ ᠰᠡᠷᠭᠡᠶᠢᠯᠡᠨ ᠵᠠᠰᠠᠬᠤ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠬᠡᠷᠡᠭᠲᠡᠢ᠃      ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠬᠦ ᠳᠤ᠂ ᠵᠠᠩᠭᠢᠯᠠᠭ᠎ᠠ ᠶᠢᠨ ᠭᠦᠷᠢᠶᠡᠨ ᠳᠠᠬᠢ ᠪᠤᠳᠠᠲᠤ ᠬᠦᠴᠦᠨ ᠢ ᠴᠢᠩᠭᠠᠳᠬᠠᠬᠤ ᠬᠡᠷᠡᠭᠲᠡᠢ᠃ ᠤᠳᠤᠬᠠᠨ ᠳᠤ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢ ᠬᠢᠵᠠᠭᠠᠷᠯᠠᠵᠤ ᠪᠦᠬᠦᠢ ᠲᠤᠲᠠᠭᠤᠳᠠᠯ ᠮᠦᠨ ᠬᠦ ᠪᠠᠭ᠎ᠠ ᠪᠤᠰᠤ ᠪᠤᠢ᠃ ᠡᠳᠡᠭᠡᠷ ᠵᠠᠩᠭᠢᠯᠠᠭ᠎ᠠ ᠶᠢᠨ ᠬᠦᠷᠢᠶ᠎ᠠ ᠪᠤᠯᠤᠨ ᠪᠠᠭᠤᠷᠠᠢ ᠭᠤᠬᠴᠤᠭ᠎ᠠ ᠳᠤ ᠴᠢᠭᠯᠡᠬᠦᠯᠵᠦ᠂ ᠬᠡᠳᠦᠨ ᠭᠤᠤᠯᠳᠠᠯᠭᠠᠲᠤ ᠢᠨᠵᠧᠨᠧᠷᠢᠩ ᠤᠨ ᠪᠠᠶᠢᠭᠤᠯᠤᠯᠲᠠ ᠶᠢ ᠠᠬᠢᠭᠤᠯᠬᠤ ᠨᠢ ᠳᠤᠲᠠᠭᠤᠳᠠᠯ ᠢ ᠨᠦᠬᠦᠪᠦᠷᠢᠯᠡᠨ᠂ ᠪᠠᠭᠤᠷᠠᠢ ᠲᠠᠯ᠎ᠠ ᠶᠢ ᠴᠢᠩᠭᠠᠳᠬᠠᠬᠤ ᠳᠤ ᠠᠰᠢᠬᠲᠠᠢ ᠪᠠᠶᠢᠵᠤ᠂ ︽ᠬᠦᠵᠦᠬᠦᠦ ᠪᠤᠭᠤᠮᠢᠯᠠᠵᠤ︾ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠳᠤ ᠠᠰᠢᠬᠳᠠᠢ ᠪᠠᠷ ᠪᠠᠷᠠᠬᠤ ᠦᠭᠡᠢ᠂ ᠪᠠᠰᠠ ᠪᠠᠶᠢᠭᠠᠯᠢ ᠶᠢᠨ ᠭᠠᠮᠰᠢᠭ ᠢ ᠰᠡᠷᠭᠡᠶᠢᠯᠡᠨ ᠵᠠᠰᠠᠬᠤ ᠴᠢᠳᠠᠪᠤᠷᠢ ᠶᠢᠨ ᠪᠦᠬᠦ ᠲᠠᠯ᠎ᠠ ᠶᠢᠨ ᠳᠡᠭᠡᠭᠰᠢᠯᠡᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠨᠭ᠍ᠭᠠᠬᠤ ᠪᠤᠯᠤᠨ᠎ᠠ᠃ ᠠᠶᠤᠯ ᠲᠦᠭᠰᠢᠭᠦᠷᠢ ᠶᠢᠨ ᠭᠡᠮ ᠠᠷᠬᠠᠭ ᠤᠨ ᠰᠠᠭᠤᠷᠢ ᠲᠤᠭ᠎ᠠ ᠶᠢ ᠳᠤᠳᠤᠷᠬᠠᠢᠢᠯᠠᠨ ᠮᠡᠳᠡᠬᠦ ᠠᠴᠠ᠂ ᠤᠷᠢᠳᠴᠢᠯᠠᠨ ᠮᠡᠳᠡᠭᠡᠯᠡᠬᠦ ᠤᠷᠢᠳᠴᠢᠯᠠᠨ ᠰᠡᠷᠡᠮᠵᠢᠯᠡᠭᠦᠯᠬᠦ ᠴᠢᠳᠠᠪᠤᠷᠢ ᠶᠢ ᠴᠢᠩᠭᠠᠳᠬᠠᠬᠤ ᠬᠦᠷᠲᠡᠯ᠎ᠠ︔ ᠬᠠᠮᠠᠭᠠᠯᠠᠬᠤ ᠰᠡᠷᠭᠦᠭᠡᠨ ᠵᠠᠰᠠᠬᠤ ᠠᠵᠢᠯᠯᠠᠭ᠎ᠠ ᠶᠢ ᠦᠷᠨᠢᠭᠦᠯᠬᠦ ᠠᠴᠠ᠂ ᠠᠶᠤᠯ ᠠᠴᠠ ᠵᠠᠶᠢᠯᠠᠭᠤᠯᠤᠨ ᠨᠡᠭᠦᠯᠭᠡᠬᠦ ᠡᠭᠦᠷᠭᠡ ᠶᠢ ᠨᠠᠶᠢᠳᠠᠪᠤᠷᠢᠵᠢᠭᠤᠯᠬᠤ ᠬᠦᠷᠲᠡᠯ᠎ᠠ︔ ᠤᠷᠤᠨ ᠪᠦᠰᠡ ᠶᠢᠨ ᠴᠢᠨᠠᠷᠲᠠᠢ ᠪᠠᠴᠢᠮ ᠪᠠᠶᠢᠲᠠᠯ ᠢ ᠠᠷᠭᠠᠴᠠᠬᠤ ᠠᠪᠤᠷᠠᠨ ᠲᠤᠰᠠᠯᠠᠬᠤ ᠲᠦᠪ ᠢ ᠪᠠᠶᠢᠭᠤᠯᠬᠤ ᠠᠴᠠ᠂ ᠭᠠᠮᠰᠢᠭ ᠢ ᠰᠡᠷᠭᠡᠶᠢᠯᠡᠨ ᠵᠠᠰᠠᠬᠤ ᠮᠡᠷᠭᠡᠵᠢᠯ ᠲᠤᠨᠤᠭ ᠲᠦᠬᠦᠭᠡᠷᠦᠮᠵᠢ ᠶᠢ ᠰᠠᠶᠢᠵᠢᠷᠠᠭᠤᠯᠬᠤ ᠬᠦᠷᠲᠡᠯ᠎ᠠ᠂ ᠡᠨᠡ ᠤᠳᠠᠭᠠᠨ ᠤ ᠬᠤᠷᠠᠯ ᠠᠴᠠ ᠪᠠᠶᠢᠷᠢᠯᠠᠭᠤᠯᠤᠬᠰᠠᠨ 9 ᠵᠦᠢᠯ ᠤᠨ ᠭᠤᠤᠯᠳᠠᠯᠭ᠎ᠠ ᠲᠠᠢ ᠢᠨᠵᠧᠨᠧᠷᠢᠩ ᠤᠨ ᠬᠠᠮᠤᠷᠬᠤ ᠬᠡᠪᠴᠢᠶ᠎ᠠ ᠦᠷᠭᠡᠨ᠂ ᠬᠠᠨᠳᠤᠯᠭᠠᠲᠤ ᠴᠢᠨᠠᠷ ᠢᠶᠠᠷ ᠴᠢᠩᠭ᠎ᠠ ᠪᠠᠶᠢᠳᠠᠭ᠃ ᠭᠤᠤᠯᠳᠠᠯᠭ᠎ᠠ ᠲᠠᠢ ᠢᠨᠵᠧᠨᠧᠷᠢᠩ ᠢᠶᠠᠷ ᠭᠠᠷᠲᠠᠴᠠ ᠪᠤᠯᠭᠠᠵᠤ᠂ ᠬᠦᠴᠦᠨ ᠴᠢᠳᠠᠯ ᠪᠠ ᠠᠩᠬᠠᠷᠤᠯ ᠢᠶᠠᠨ ᠲᠦᠪᠯᠡᠷᠡᠭᠦᠯᠪᠡᠯ᠂ ᠳᠠᠷᠤᠢ ᠭᠤᠤᠯᠳᠠᠯᠭ᠎ᠠ ᠲᠠᠢ ᠰᠢᠪᠲᠤᠯᠤᠯᠲᠠ ᠪᠠᠷ ᠪᠦᠬᠦ ᠲᠠᠯ᠎ᠠ ᠶᠢ ᠳᠠᠶᠢᠴᠢᠯᠠᠬᠤ ᠦᠷ᠎ᠠ ᠪᠦᠲᠦᠮᠵᠢ ᠶᠢ ᠤᠯᠵᠤ᠂ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠠᠵᠢᠯ ᠤᠨ ᠰᠢᠨ᠎ᠠ ᠲᠡᠭᠲᠡᠷ ᠲᠤ ᠭᠠᠷᠬᠤ ᠶᠢ ᠠᠬᠢᠭᠤᠯᠵᠤ ᠴᠢᠳᠠᠨ᠎ᠠ᠃      ︵ᠰᠢᠨᠬᠤᠸᠠ ᠬᠤᠷᠢᠶᠠᠨ ᠤ ᠪᠡᠭᠡᠵᠢᠩ ᠤᠨ 10 ᠰᠠᠷ᠎ᠠ ᠶᠢᠨ 11᠎ ᠤ ᠴᠠᠬᠢᠯᠭᠠᠨ ᠮᠡᠳᠡᠭᠡ︶
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号