ᠵᠠᠮ ᠬᠠᠷᠢᠯᠴᠠᠭᠠᠨ ᠤ ᠠᠳᠡᠯ ᠬᠡᠷᠡᠭ ᠲᠤ ᠬᠡᠷᠡᠭ ᠦᠢᠯᠡᠳᠦᠭᠴᠢ ᠶᠢ ᠨᠤᠳᠠᠯᠠᠬᠤ ᠶᠢᠨ ᠠᠷᠭ᠎ᠠ ᠦᠭᠡᠢ ᠪᠤᠯ ᠶᠠᠭᠠᠬᠢᠵᠦ ᠬᠠᠷᠢᠭᠤᠴᠠᠯᠭ᠎ᠠ ᠨᠡᠭᠡᠮᠵᠢᠯᠡᠬᠦ ᠪᠤᠢ︖
2018-10-12 09:45:46
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
    ᠬᠡᠷᠡᠭ ᠤᠨ ᠵᠢᠱᠢᠶ᠎ᠠ      2016 ᠤᠨ ᠤ 1 ᠰᠠᠷ᠎ᠠ ᠶᠢᠨ 26᠎ ᠤ ᠰᠦᠨᠢ᠂ ᠯᠢ ᠤᠪᠤᠭᠲᠤ ᠵᠢᠯᠤᠭᠤᠴᠢ ᠶᠢᠨ ᠦᠨᠡᠮᠯᠡᠯ ᠦᠭᠡᠢ ᠪᠠᠷ ᠮᠤᠲ᠋ᠤᠷ ᠲᠡᠷᠭᠡ ᠤᠨᠤᠵᠦ᠂ ᠬᠦᠳᠡᠭᠡ ᠭᠡᠷ ᠠᠴᠠ ᠪᠠᠨ XX ᠰᠢᠶᠠᠨ ᠤ ᠲᠦᠪ ᠵᠦᠭ ᠠᠶᠠᠯᠠᠵᠦ᠂ ᠰᠢᠶᠠᠩ ᠲᠤᠰᠬᠤᠨ ᠤ ᠵᠠᠮ ᠢᠶᠠᠷ ᠦᠡᠭᠭᠡᠷᠡᠬᠦ ᠲᠡᠭᠡᠨ ᠵᠠᠮ ᠬᠠᠷᠢᠯᠴᠠᠭᠠᠨ ᠤ ᠡ᠊ᠨᠳᠡᠯ ᠭᠠᠷᠴᠤ᠂ ᠲᠤᠯᠤᠭᠠᠢ ᠨᠢ ᠲᠡᠷᠭᠡᠨ ᠬᠦᠷᠳᠦᠨ ᠳᠤ ᠳᠠᠷᠤᠭᠳᠠᠵᠦ ᠲᠡᠷᠡ ᠳᠠᠷᠤᠢ ᠳᠤᠨᠢ ᠠᠮᠢ ᠪᠠᠨ ᠠᠯᠳᠠᠵᠠᠢ ᠃ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠲᠤ ᠬᠢᠨᠠᠨ ᠡᠵᠡᠮᠳᠡᠬᠦ ᠳᠤᠷᠠᠨ ᠪᠠᠶᠢᠭᠰᠠᠨ ᠦᠭᠡᠢ᠂ ᠤᠯᠵᠦ ᠬᠠᠷᠠᠭᠰᠠᠨ ᠭᠡᠷᠡᠴᠢ ᠬᠦᠮᠦᠨ ᠭᠡᠵᠦ ᠪᠠᠰᠠ ᠪᠠᠶᠢᠬᠤ ᠦᠭᠡᠢ ᠲᠤᠯᠠ ᠬᠡᠷᠡᠭ ᠦᠢᠯᠡᠳᠦᠭᠰᠡᠨ ᠨᠢ ᠬᠡᠨ ᠪᠤᠯᠬᠤ ᠶᠢ ᠲᠤᠳᠤᠯᠠᠬᠤ ᠳᠤ ᠪᠡᠷᠬᠡ ᠪᠤᠯᠪᠠ᠃      ᠬᠡᠷᠡᠭ ᠤᠨ ᠳᠠᠷᠠᠭ᠎ᠠ᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠲᠠᠩᠨᠠᠨ ᠪᠠᠶᠢᠴᠠᠭᠠᠬᠤ ᠪᠠᠷ ᠳᠠᠮᠵᠢᠨ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠤᠨ ᠤᠢᠢᠷᠠᠯᠴᠠᠭ᠎ᠠ ᠬᠢ ᠬᠢᠨᠠᠨ ᠡᠵᠡᠮᠳᠡᠬᠦ ᠳᠤᠷᠠᠨ ᠤ ᠳᠦᠷᠰᠦ ᠰᠢᠩᠭᠡᠭᠡᠯᠲᠡ ᠠᠴᠠ ᠬᠡᠷᠡᠭ ᠭᠠᠷᠤᠭᠰᠠᠨ ᠠᠴᠠ ᠬᠡᠷᠡᠭ ᠮᠡᠳᠡᠭᠦᠯᠦᠭᠴᠢ ᠶᠢᠨ ᠬᠡᠷᠡᠭ ᠮᠡᠳᠡᠭᠦᠯᠬᠦ ᠪᠤᠯᠲᠠᠯ᠎ᠠ ᠬᠢ ᠠᠴᠠ ᠡᠮᠦᠨ᠎ᠠ᠂ ᠯᠢ ᠤᠪᠤᠭᠲᠤ ᠶᠢᠨ ᠮᠤᠲ᠋ᠤᠷ ᠲᠡᠷᠭᠡ ᠠᠴᠠ ᠭᠠᠳᠠᠨ᠎ᠠ ᠨᠡᠶᠢᠲᠡ 9 ᠠᠳᠠᠯᠢ ᠪᠤᠰᠤ ᠶᠠᠩᠵᠦ ᠬᠡᠯᠪᠡᠷᠢ ᠶᠢᠨ ᠮᠠᠰᠢᠨ ᠲᠡᠷᠭᠡ ᠲᠤᠰ ᠬᠡᠷᠡᠭ ᠭᠠᠷᠤᠭᠰᠠᠨ ᠲᠤᠬᠠᠢ ᠶᠢᠨ ᠲᠠᠯᠠᠪᠤᠷ ᠢᠶᠠᠷ ᠦᠡᠭᠭᠡᠷᠡᠨ ᠭᠠᠷᠤᠭᠰᠠᠨ ᠢ ᠤᠯᠵᠦ ᠮᠡᠳᠡᠵᠠᠢ᠃ ᠡᠭᠦᠨ ᠢ ᠦᠨᠳᠦᠰᠦᠯᠡᠨ᠂ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠢᠨ ︽ᠵᠠᠮ ᠬᠠᠷᠢᠯᠴᠠᠭᠠᠨ ᠤ ᠡ᠊ᠨᠳᠡᠯ ᠬᠡᠷᠡᠭ ᠤᠨ ᠭᠡᠷᠡᠴᠢᠯᠡᠯᠲᠡ ᠶᠢᠨ ᠪᠢᠴᠢᠭ︾ ᠭᠠᠷᠭᠠᠨ ᠦᠭᠴᠦ᠂ ᠡ᠊ᠨᠳᠡᠯ ᠬᠡᠷᠡᠭ ᠲᠠᠬᠢ ᠬᠤᠸᠠᠩ ᠤᠪᠤᠭᠲᠤ ᠶᠢᠨ ᠵᠢᠯᠤᠭᠤᠳᠤᠭᠰᠠᠨ ᠬᠦᠡᠭᠭᠡᠨ ᠬᠡᠯᠪᠡᠷᠢ ᠶᠢᠨ ᠪᠠᠷᠠᠭᠠᠨ ᠤ ᠲᠡᠷᠭᠡ᠂ ᠴᠠᠭᠠᠨ ᠦᠡᠭᠭᠡᠲᠠᠢ ᠵᠢᠵᠢᠭ ᠮᠠᠰᠢᠨ ᠲᠡᠷᠭᠡ ᠪᠤᠯᠤᠨ ᠯᠢ ᠤᠪᠤᠭᠲᠤ ᠶᠢᠨ ᠵᠢᠯᠤᠭᠤᠳᠤᠭᠰᠠᠨ ᠮᠤᠲ᠋ᠤᠷ ᠲᠡᠷᠭᠡ ᠠᠳᠠᠯᠢ ᠨᠢᠭᠡᠨ ᠴᠠᠭ ᠲᠤ ᠲᠤᠬᠠᠢ ᠶᠢᠨ ᠲᠠᠯᠠᠪᠤᠷ ᠲᠤ ᠴᠤᠭ ᠢᠶᠠᠷ ᠢᠯᠡᠷᠡᠵᠦ᠂ ᠡᠭᠦᠨ ᠠᠴᠠ ᠭᠠᠳᠠᠨ᠎ᠠ᠂ ᠡ᠊ᠨᠳᠡᠯ ᠬᠡᠷᠡᠭ ᠤᠨ ᠲᠤᠬᠠᠢ ᠶᠢᠨ ᠲᠠᠯᠠᠪᠤᠷ ᠢᠶᠠᠷ ᠦᠡᠭᠭᠡᠷᠡᠨ ᠭᠠᠷᠤᠭᠰᠠᠨ ᠤᠨᠳᠤᠤ 7 ᠮᠠᠰᠢᠨ ᠲᠡᠷᠭᠡ ᠲᠤᠰ ᠬᠡᠷᠡᠭ ᠲᠠᠢ ᠬᠤᠯᠪᠤᠭ᠎ᠠ ᠲᠠᠢ ᠬᠡᠮᠡᠨ ᠲᠤᠳᠤᠯᠠᠵᠠᠢ᠃ ᠬᠤᠸᠠᠩ ᠤᠪᠤᠭᠲᠤ ᠬᠦᠡᠭᠭᠡᠨ ᠬᠡᠯᠪᠡᠷᠢ ᠶᠢᠨ ᠪᠠᠷᠠᠭᠠᠨ ᠤ ᠲᠡᠷᠭᠡ ᠶᠢᠨ ᠦᠮᠴᠢᠯᠡᠭᠴᠢ ᠪᠠᠶᠢᠵᠦ᠂ ᠲᠤᠰ ᠲᠡᠷᠭᠡ ᠨᠢ ᠳᠠᠭᠠᠳᠬᠠᠯ ᠤᠨ ᠺᠤᠮᠫᠠᠨᠢ ᠳᠤ ᠠᠯᠪᠠᠳᠠᠯᠭ᠎ᠠ ᠶᠢᠨ ᠴᠢᠨᠠᠷ ᠲᠠᠢ ᠳᠠᠭᠠᠳᠬᠠᠯ ᠪᠠ ᠬᠤᠳᠠᠯᠳᠤᠭᠠᠨ ᠤ ᠳᠠᠭᠠᠳᠬᠠᠯ ᠤᠨ ᠭᠤᠷᠪᠠᠳᠠᠭᠴᠢ ᠡᠲᠡᠭᠡᠳ ᠤᠨ ᠳᠠᠭᠠᠳᠬᠠᠯ ᠢ ᠲᠤᠰᠢᠶᠠᠭᠰᠠᠨ ᠮᠡᠳᠡᠭᠡ ᠵᠠᠩᠬᠢ ᠶᠢ ᠴᠤ ᠬᠠᠶᠢᠨ ᠭᠠᠷᠭᠠᠭᠰᠠᠨ ᠪᠠᠶᠢᠨ᠎ᠠ᠃      ᠬᠡᠷᠡᠭ ᠤᠨ ᠳᠠᠷᠠᠭ᠎ᠠ᠂ ᠯᠢ ᠤᠪᠤᠭᠲᠤ ᠶᠢᠨ ᠦᠪ ᠵᠠᠯᠭᠠᠮᠵᠢᠯᠠᠭᠴᠢ ᠯᠢ ᠠᠪᠤᠭᠠᠢ ᠵᠡᠷᠭᠡ ᠬᠦᠮᠦᠰ ︽ᠵᠠᠮ ᠬᠠᠷᠢᠯᠴᠠᠭᠠᠨ ᠤ ᠡ᠊ᠨᠳᠡᠯ ᠬᠡᠷᠡᠭ ᠤᠨ ᠭᠡᠷᠡᠴᠢᠯᠡᠯᠲᠡ ᠶᠢᠨ ᠪᠢᠴᠢᠭ︾᠎ ᠤᠨ ᠶᠤᠰᠤᠭᠠᠷ XX ᠰᠢᠶᠠᠨ ᠤ ᠠᠷᠠᠳ ᠤᠨ ᠰᠢᠭᠦᠬᠦ ᠬᠤᠷᠢᠶᠠᠨ ᠳᠤ ᠵᠠᠭᠠᠯᠳᠤᠯᠭ᠎ᠠ ᠬᠢᠵᠦ ︽ᠬᠤᠸᠠᠩ ᠤᠪᠤᠭᠲᠤ ᠵᠢᠴᠢ ᠳᠠᠭᠠᠳᠬᠠᠯ ᠤᠨ ᠺᠤᠮᠫᠠᠨᠢ ᠠᠴᠠ ᠡ᠊ᠨᠳᠡᠯ ᠬᠡᠷᠡᠭ ᠤᠨ ᠲᠦᠯᠦᠪᠦᠷᠢ ᠦᠭᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠠᠢ︾ ᠭᠡᠵᠦ ᠱᠠᠭᠠᠷᠳᠠᠨ ᠭᠤᠶᠤᠴᠢᠯᠠᠭ᠎ᠠ ᠭᠠᠷᠭᠠᠪᠠ᠃ ᠳᠠᠭᠠᠳᠬᠠᠯ ᠤᠨ ᠺᠤᠮᠫᠠᠨᠢ ᠠᠴᠠ ᠲᠤᠰ ᠵᠠᠭᠠᠯᠳᠤᠯᠭ᠎ᠠ ᠶᠢ ᠨᠢᠴᠤᠭᠠᠵᠦ᠂ ︽ᠬᠤᠸᠠᠩ ᠤᠪᠤᠭᠲᠤ ᠶᠢᠨ ᠵᠢᠯᠤᠭᠤᠳᠤᠭᠰᠠᠨ ᠬᠦᠡᠭᠭᠡᠨ ᠬᠡᠯᠪᠡᠷᠢ ᠶᠢᠨ ᠪᠠᠷᠠᠭᠠᠨ ᠤ ᠲᠡᠷᠭᠡ ᠨᠢ ᠡ᠊ᠨᠳᠡᠯ ᠬᠡᠷᠡᠭ ᠭᠠᠷᠤᠭᠰᠠᠨ ᠲᠠᠢ ᠰᠢᠯᠲᠠᠭᠠᠨ ᠦᠷ᠎ᠠ ᠳ᠋ᠦᠩ ᠤᠨ ᠬᠠᠷᠢᠴᠠᠭ᠎ᠠ ᠤᠷᠤᠰᠢᠬᠤ ᠶᠢ ᠭᠡᠷᠡᠴᠢᠯᠡᠬᠦ ᠭᠡᠷᠡᠴᠢ ᠲᠡᠮᠳᠡᠭ ᠦᠭᠡᠢ ᠪᠠᠶᠢᠬᠤ ᠤᠷᠢᠳᠠᠯ ᠳᠤᠤᠷ᠎ᠠ᠂ ᠳᠠᠭᠠᠳᠬᠠᠯ ᠤᠨ ᠺᠤᠮᠫᠠᠨᠢ ᠠᠴᠠ ᠲᠦᠯᠦᠪᠦᠷᠢ ᠦᠭᠬᠦ ᠬᠠᠷᠢᠭᠤᠴᠠᠯᠭ᠎ᠠ ᠶᠢ ᠡᠭᠦᠷᠭᠡᠯᠡᠬᠦ  ᠶᠤᠰᠤ ᠦᠭᠡᠢ︾ ᠭᠡᠵᠦ ᠬᠠᠷᠢᠭᠤ ᠮᠠᠷᠭᠤᠪᠠ᠃      XX ᠰᠢᠶᠠᠨ ᠤ ᠠᠷᠠᠳ ᠤᠨ ᠰᠢᠭᠦᠬᠦ ᠬᠤᠷᠢᠶ᠎ᠠ ᠰᠢᠭᠦᠯᠲᠡ ᠪᠠᠷ ᠳᠠᠮᠵᠢᠨ᠂ ᠲᠤᠰ ᠵᠠᠮ ᠬᠠᠷᠢᠯᠴᠠᠭᠠᠨ ᠤ ᠠᠳᠡᠯ ᠬᠡᠷᠡᠭ ᠲᠤ ᠬᠡᠷᠡᠭ ᠡᠭᠦᠰᠭᠡᠭᠰᠡᠨ ᠰᠢᠯᠲᠠᠭᠠᠨ ᠢ ᠪᠠᠶᠢᠴᠠᠭᠠᠨ ᠲᠤᠳᠤᠯᠠᠵᠦ ᠭᠠᠷᠭᠠᠬᠤ ᠶᠢᠨ ᠠᠷᠭ᠎ᠠ ᠦᠭᠡᠢ᠂ ᠳᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠪᠠᠶᠢᠴᠠᠭᠠᠭᠰᠠᠨ ᠤ ᠳᠠᠷᠠᠭ᠎ᠠ ︽ᠵᠠᠮ ᠬᠠᠷᠢᠯᠴᠠᠭᠠᠨ ᠤ ᠡ᠊ᠨᠳᠡᠯ ᠬᠡᠷᠡᠭ ᠤᠨ ᠭᠡᠷᠡᠴᠢᠯᠡᠯᠲᠡ ᠶᠢᠨ ᠪᠢᠴᠢᠭ︾ ᠭᠠᠷᠭᠠᠭᠰᠠᠨ ᠡᠨᠡ ᠬᠦ ᠭᠡᠷᠡᠴᠢ ᠨᠢ ᠬᠡᠷᠡᠭ ᠢ ᠲᠤᠳᠤᠯᠠᠬᠤ ᠦᠨᠳᠦᠰᠦᠯᠡᠯ ᠪᠤᠯᠵᠦ ᠪᠤᠯᠤᠨ᠎ᠠ᠃ ᠭᠡᠷᠡᠴᠢ ᠪᠢᠴᠢᠭ ᠲᠤ᠂ ᠯᠢ ᠤᠪᠤᠭᠲᠤ ᠵᠠᠮ ᠬᠠᠷᠢᠯᠴᠠᠭᠠᠠ ᠤ ᠠᠳᠡᠯ ᠬᠡᠷᠡᠭ ᠭᠠᠷᠴᠤ᠂ ᠲᠤᠯᠤᠭᠠᠢ ᠨᠢ ᠲᠡᠷᠭᠡᠨ ᠬᠦᠷᠳᠦᠨ ᠳᠤ ᠳᠠᠷᠤᠭᠳᠠᠵᠦ ᠠᠳᠡᠭᠰᠡᠨ ᠪᠠᠶᠢᠳᠠᠯ ᠲᠠᠢ ᠲᠤᠯᠠ ᠬᠤᠸᠠᠩ ᠤᠪᠤᠭᠲᠤ ᠶᠢᠨ ᠬᠦᠡᠭᠭᠡᠨ ᠬᠡᠯᠪᠡᠷᠢ ᠶᠢᠨ ᠪᠠᠷᠠᠭᠠᠨ ᠤ ᠲᠡᠷᠭᠡ ᠪᠤᠯᠤᠨ ᠪᠤᠰᠤᠳ 8 ᠮᠠᠰᠢᠨ ᠲᠡᠷᠭᠡ ᠪᠦᠷ ᠬᠡᠷᠡᠭ ᠦᠢᠯᠡᠳᠦᠭᠰᠡᠨ ᠰᠡᠵᠢᠭᠲᠡᠨ ᠢᠶᠠᠷ ᠬᠡᠷᠡᠭ ᠲᠤ ᠬᠤᠯᠪᠤᠭᠳᠠᠨ᠎ᠠ ᠭᠡᠵᠦ ᠦᠵᠡᠵᠡᠢ᠃      ᠵᠠᠮ ᠱᠤᠭᠤᠮ ᠳᠡᠭᠡᠷ᠎ᠠ ᠳᠠᠪᠬᠢᠭᠤᠯᠵᠦ ᠪᠠᠶᠢᠭᠰᠠᠨ ᠮᠠᠰᠢᠨ ᠲᠡᠷᠭᠡ ᠶᠢᠨ ᠦᠢᠯᠡ ᠠᠵᠢᠯᠯᠠᠭ᠎ᠠ ᠶᠢᠨ ᠲᠤᠰ ᠪᠡᠶ᠎ᠠ ᠨᠢ ᠠᠰ ᠢᠶᠠᠷ ᠢᠶᠠᠨ ᠵᠤᠬᠢᠬᠤ ᠠᠶᠤᠯ ᠲᠦᠭᠰᠢᠭᠦᠷᠢᠲᠦ ᠴᠢᠨᠠᠷ ᠤᠷᠤᠰᠢᠬᠤ ᠪᠦᠭᠡᠳ ᠲᠤᠰ 9 ᠲᠡᠷᠭᠡ ᠬᠦᠰᠭᠡ ᠶᠢ ᠪᠠᠶᠢᠴᠠᠭᠠᠬᠤ ᠪᠠᠷ ᠳᠠᠮᠵᠢᠨ ᠰᠡᠵᠢᠭᠲᠡᠢ ᠲᠡᠷᠭᠡ ᠪᠠᠷ ᠦᠵᠡᠵᠤ᠂ ᠲᠤᠰ 9 ᠮᠠᠰᠢᠨ ᠲᠡᠷᠭᠡ ᠨᠢ ᠠᠳᠡᠯ ᠬᠡᠷᠡᠭ ᠡᠭᠦᠰᠭᠡᠬᠦ ᠲᠠᠢ ᠰᠢᠯᠲᠠᠭᠠᠨ ᠦᠷ᠎ᠠ ᠳ᠋ᠦᠡᠭ ᠤᠨ ᠬᠠᠷᠢᠴᠠᠭ᠎ᠠ ᠲᠠᠢ ᠲᠤᠯᠠ ᠠᠳᠡᠯ ᠬᠡᠷᠡᠭ ᠤᠨ ᠬᠤᠯᠪᠤᠯᠳᠤᠭᠰᠠᠨ ᠬᠠᠷᠢᠭᠤᠴᠠᠯᠭ᠎ᠠ ᠶᠢ ᠡᠭᠦᠷᠭᠡᠯᠡᠨ᠎ᠠ᠃ ᠬᠤᠸᠠᠩ ᠤᠪᠤᠭᠲᠤ ᠶᠢᠨ ᠮᠠᠰᠢᠨ ᠲᠡᠷᠭᠡᠨ ᠤ ᠰᠤᠷᠠᠭ ᠵᠠᠩᠬᠢ ᠨᠢ ᠲᠤᠰ ᠠᠳᠡᠯ ᠬᠡᠷᠡᠭ ᠲᠤ ᠴᠤᠷ ᠤᠨ ᠭᠠᠭᠴᠠ ᠲᠤᠳᠤᠷᠬᠠᠢ ᠪᠠᠶᠢᠴᠠᠭᠠᠭᠳᠠᠬᠤ ᠭᠤᠤᠯ ᠴᠤᠭᠴᠠ ᠪᠤᠯᠤᠭᠰᠠᠨ ᠠᠴᠠ ᠳᠠᠭᠠᠳᠬᠠᠯ ᠤᠨ ᠺᠤᠮᠫᠠᠨᠢ ᠬᠤᠸᠠᠩ ᠤᠪᠤᠭᠲᠤ ᠶᠢᠨ ᠡᠭᠦᠷᠭᠡᠯᠡᠬᠦ ᠶᠤᠰᠤᠲᠠᠢ ᠬᠤᠯᠪᠤᠯᠳᠤᠭᠰᠠᠨ ᠬᠠᠷᠢᠭᠤᠴᠠᠯᠭ᠎ᠠ ᠶᠢ ᠡᠭᠦᠷᠭᠡᠯᠡᠵᠦ᠂ ᠳᠠᠭᠠᠳᠬᠠᠯ ᠤᠨ ᠲᠦᠯᠦᠪᠦᠷᠢ ᠦᠭᠬᠦ ᠡᠷᠭᠡ ᠪᠠᠨ ᠭᠦᠢᠴᠡᠳᠭᠡᠭᠰᠡᠨ ᠤ ᠳᠠᠷᠠᠭ᠎ᠠ ᠬᠠᠤᠯᠢ ᠶᠤᠰᠤᠭᠠᠷ ᠪᠤᠲᠠᠲᠠᠢ ᠡᠷᠬᠡ ᠳᠤ ᠬᠠᠯᠳᠠᠭᠰᠠᠨ ᠬᠦᠮᠦᠨ ᠨᠢ ᠤᠨᠤᠴᠢᠯᠠᠨ ᠲᠤᠭᠲᠠᠭᠠᠭᠳᠠᠭᠰᠠᠨ ᠤ ᠳᠠᠷᠠᠭ᠎ᠠ ᠲᠠᠬᠢᠨ ᠲᠦᠯᠦᠪᠦᠷᠢ ᠠᠪᠬᠤ ᠪᠠᠷ ᠨᠡᠬᠡᠮᠵᠢᠯᠡᠵᠦ ᠪᠤᠯᠤᠨ᠎ᠠ ᠭᠡᠵᠠᠢ ᠃ ᠯᠢ ᠤᠪᠤᠭᠲᠤ ᠵᠢᠯᠤᠭᠤᠴᠢ ᠶᠢᠨ ᠦᠨᠡᠮᠯᠡᠯ ᠦᠭᠡᠢ᠂ ᠲᠡᠷᠭᠡᠨ ᠫᠠᠶᠢᠰᠠ ᠢᠯᠡᠷᠬᠡᠶᠢᠯᠡᠯ ᠦᠭᠡᠢ ᠮᠤᠲ᠋ᠤᠷ ᠲᠡᠷᠭᠡ ᠤᠨᠤᠭᠰᠠᠨ ᠠᠴᠠ ᠬᠠᠤᠯᠢ ᠶᠢ ᠵᠦᠷᠢᠴᠡᠵᠦ᠂ ᠠᠳᠡᠯ ᠬᠡᠷᠡᠭ ᠤᠨ ᠡᠭᠦᠰᠬᠦ ᠳᠤ ᠠᠯᠳᠠᠭ᠎ᠠ ᠲᠠᠢ ᠤᠴᠢᠷ ᠲᠠᠢ ᠠᠴᠠ ᠵᠤᠬᠢᠬᠤ ᠬᠠᠷᠢᠭᠤᠴᠠᠯᠭ᠎ᠠ ᠶᠢ ᠡᠭᠦᠷᠭᠡᠯᠡᠨ᠎ᠠ ᠭᠡᠵᠡᠢ᠃      ᠡᠭᠦᠨ ᠢ ᠦᠨᠳᠦᠰᠦᠯᠡᠨ᠂ ᠰᠢᠭᠦᠬᠦ ᠬᠤᠷᠢᠶ᠎ᠠ ᠨᠢᠭᠡᠳᠦᠭᠡᠷ ᠰᠢᠭᠦᠯᠲᠡ ᠪᠠᠷ ︽ᠳᠠᠭᠠᠳᠬᠠᠯ ᠤᠨ ᠺᠤᠮᠫᠠᠨᠢ ᠬᠠᠤᠯᠢ ᠶᠤᠰᠤᠭᠠᠷ ᠲᠤᠰ ᠠᠳᠡᠯ ᠬᠡᠷᠡᠭ ᠢ ᠡᠭᠦᠰᠭᠡᠭᠰᠡᠨ ᠡᠯ᠎ᠠ ᠵᠦᠢᠯ ᠤᠨ ᠬᠤᠬᠢᠷᠠᠯ ᠢ 42 ᠲᠦᠮᠡᠨ ᠲᠦᠭᠦᠷᠢᠭ ᠢ ᠯᠢ ᠠᠪᠤᠭᠠᠢ ᠳᠤ ᠲᠦᠯᠦᠵᠦ ᠦᠭᠬᠦ ᠬᠡᠷᠡᠭᠲᠠᠢ︾ ᠭᠡᠵᠦ ᠰᠢᠭᠦᠨ ᠲᠠᠰᠤᠯᠵᠠᠢ᠃ ᠨᠢᠭᠡᠳᠦᠭᠡᠷ ᠰᠢᠭᠦᠯᠲᠡ ᠶᠢᠨ ᠳᠠᠷᠠᠭ᠎ᠠ᠂ ᠳᠠᠭᠠᠳᠬᠠᠯ ᠤᠨ ᠺᠤᠮᠫᠠᠨᠢ ᠰᠢᠭᠦᠯᠲᠡ ᠶᠢ ᠵᠦᠪᠰᠢᠶᠡᠷᠡᠭᠰᠡᠨ ᠦᠭᠡᠢ ᠲᠤᠯᠠ ᠳᠡᠭᠡᠭᠰᠢ ᠵᠠᠭᠠᠯᠳᠤᠪᠠ᠃ XX ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠰᠢᠭᠦᠨ ᠲᠠᠰᠤᠯᠤᠯᠲᠠ ᠬᠢᠵᠦ ᠤᠤᠯ ᠰᠢᠭᠦᠯᠲᠡ ᠶᠢ ᠪᠠᠷᠢᠮᠳᠠᠯᠠᠬᠤ ᠪᠠᠷ ᠡᠴᠦᠰ ᠤᠨ ᠰᠢᠭᠦᠨ ᠲᠠᠰᠤᠯᠤᠯᠲᠠ ᠬᠢᠵᠠᠢ᠃    ᠬᠡᠷᠡᠭ ᠤᠨ ᠵᠠᠳᠠᠯᠤᠯᠲᠠ᠄    ᠲᠤᠰ ᠬᠡᠷᠡᠭ ᠢ ᠳᠠᠭᠠᠭᠠᠨ ᠭᠦᠢᠴᠡᠳᠭᠡᠭᠰᠡᠨ ᠬᠤᠶᠠᠳᠤᠭᠠᠷ ᠰᠢᠭᠦᠯᠲᠡ ᠶᠢᠨ XX ᠰᠢᠭᠦᠭᠴᠢ᠄ ︽ᠲᠤᠰ ᠡ᠊ᠡᠳᠡᠯ ᠬᠡᠷᠡᠭ  ᠲᠤ᠂ ᠯᠢ ᠤᠪᠤᠭᠲᠤ ᠶᠢ ᠦᠬᠦᠭᠦᠯᠦᠭᠰᠡᠨ ᠬᠠᠷᠢᠭᠤᠴᠠᠯᠭ᠎ᠠ ᠶᠢᠨ ᠭᠤᠤᠯ ᠴᠤᠭᠴᠠ ᠶᠢ ᠳᠤᠭᠲᠠᠭᠠᠬᠤ ᠨᠢ ᠲᠤᠰ ᠬᠡᠷᠡᠭ ᠤᠨ ᠵᠠᠩᠭᠢᠯᠠᠭ᠎ᠠ ᠪᠤᠯᠤᠨ᠎ᠠ᠃ ᠭᠡᠶ᠎ᠠ ᠲᠤᠰ ᠬᠡᠷᠡᠭ ᠲᠤ ᠡ᠊ᠡᠳᠡᠯ ᠬᠡᠷᠡᠭ ᠤᠨ ᠲᠤᠬᠠᠢ ᠶᠢᠨ ᠲᠠᠯᠠᠪᠤᠷ ᠢ ᠲᠤᠳᠤᠷᠬᠠᠢ ᠪᠠᠶᠢᠴᠠᠭᠠᠨ ᠭᠠᠷᠭᠠᠬᠤ  ᠶᠢᠨ ᠠᠷᠭ᠎ᠠ ᠦᠭᠡᠢ ᠠᠴᠠ ᠪᠤᠲᠠᠲᠠᠢ ᠡᠷᠬᠡ ᠳᠤ ᠬᠠᠯᠳᠠᠭᠰᠠᠨ ᠬᠦᠮᠦᠨ ᠢ ᠲᠤᠳᠤᠷᠬᠠᠢᠢᠯᠠᠬᠤ ᠶᠢᠨ ᠠᠷᠭ᠎ᠠ ᠦᠭᠡᠢ᠃ ᠡᠶᠢᠮᠦ ᠠᠴᠠ ᠬᠤᠬᠢᠷᠠᠯ ᠠᠮᠰᠠᠭᠴᠢ ᠶᠢᠨ ᠡᠷᠬᠡ ᠠᠰᠢᠭ ᠢ ᠬᠠᠮᠠᠭᠠᠯᠠᠬᠤ ᠶᠢᠨ ᠲᠤᠰᠠᠳᠠ ᠬᠠᠤᠯᠢ ᠴᠠᠭᠠᠵᠠ ᠨᠢ ᠰᠢᠯᠲᠠᠭᠠᠨ ᠦᠷ᠎ᠠ ᠳ᠋ᠦᠩ ᠢ ᠵᠦᠢᠴᠢᠯᠡᠨ ᠲᠦᠰᠦᠭᠡᠯᠡᠵᠦ ᠲᠤᠭᠲᠠᠭᠠᠬᠤ ᠶᠢ ᠰᠤᠩᠭᠤᠪᠠ᠃ ᠲᠤᠳᠤᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠦᠴᠢᠷ ᠤᠨ ᠬᠤᠸᠠᠩ ᠤᠪᠤᠭᠲᠤ ᠶᠢᠨ ᠵᠢᠯᠤᠭᠤᠳᠤᠭᠰᠠᠨ ᠮᠠᠰᠢᠨ ᠲᠡᠷᠭᠡ ᠵᠡᠷᠭᠡ 9 ᠮᠠᠰᠢᠨ ᠲᠡᠷᠭᠡ ᠠᠳᠡᠯ ᠬᠡᠷᠡᠭ ᠭᠠᠷᠤᠭᠰᠠᠨ ᠴᠠᠭ ᠬᠤᠭᠤᠴᠠᠭᠠᠨ ᠲᠤ ᠴᠤᠭ ᠢᠶᠠᠷ ᠳᠠᠪᠬᠢᠨ ᠦᠡᠭᠭᠡᠷᠡᠭᠰᠡᠨ ᠪᠠ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ ᠳᠦᠷᠢᠮ﹀᠎ ᠤᠨ ᠠᠷᠪᠠᠳᠤᠭᠠᠷ ᠵᠦᠢᠯ ᠳᠠᠬᠢ ︿ᠬᠤᠶᠠᠷ ᠠᠴᠠ ᠳᠡᠭᠡᠭᠰᠢ ᠬᠦᠮᠦᠨ ᠪᠤᠰᠤᠳ ᠤᠨ ᠬᠦᠮᠦᠨ ᠤ ᠪᠡᠶ᠎ᠠ ᠮᠠᠬᠠᠪᠣᠳ᠂ ᠡᠳ᠋ ᠬᠦᠷᠦᠩᠭᠡ ᠶᠢᠨ ᠠᠮᠤᠷ ᠲᠦᠪᠰᠢᠨ ᠢ ᠰᠦᠷᠳᠡᠭᠦᠯᠬᠦ ᠠᠵᠢᠯᠯᠠᠭ᠎ᠠ ᠶᠢ ᠬᠢᠵᠦ᠂ ᠲᠡᠭᠦᠨ ᠤ ᠲᠤᠲᠤᠷᠠᠬᠢ ᠨᠢᠭᠡ ᠬᠦᠮᠦᠨ ᠪᠤᠶᠤ ᠬᠡᠳᠦᠨ ᠬᠦᠮᠦᠨ ᠤ ᠠᠵᠢᠯᠯᠠᠭ᠎ᠠ ᠨᠢ ᠪᠤᠰᠤᠳ ᠲᠤ ᠬᠤᠬᠢᠷᠠᠯ ᠤᠴᠠᠷᠠᠭᠤᠯᠤᠭᠠᠳ᠂ ᠡᠷᠬᠡ ᠲᠤ ᠬᠠᠯᠳᠠᠭᠰᠠᠨ ᠪᠤᠲᠠᠲᠠᠢ ᠬᠦᠮᠦᠨ ᠢ ᠲᠤᠳᠤᠷᠬᠠᠢᠢᠯᠠᠵᠦ ᠴᠢᠳᠠᠬᠤ ᠳᠤ ᠬᠦᠷᠪᠡᠯ᠂ ᠡᠷᠬᠡ ᠳᠤ ᠬᠠᠯᠳᠠᠭᠰᠠᠨ ᠬᠦᠮᠦᠨ ᠨᠢ ᠬᠠᠷᠢᠭᠤᠴᠠᠯᠭ᠎ᠠ ᠡᠭᠦᠷᠭᠡᠯᠡᠨ᠎ᠠ︔ ᠡᠷᠬᠡ ᠳᠤ ᠬᠠᠯᠳᠠᠭᠰᠠᠨ ᠪᠤᠲᠠᠲᠠᠢ ᠬᠦᠮᠦᠨ ᠢ ᠲᠤᠳᠤᠷᠬᠠᠢᠢᠯᠠᠵᠦ ᠴᠢᠳᠠᠬᠤ ᠦᠭᠡᠢ ᠪᠠᠶᠢᠪᠠᠯ᠂ ᠠᠵᠢᠯᠯᠠᠭᠠᠲᠤ ᠬᠦᠮᠦᠨ ᠨᠢ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠨ᠎ᠠ﹀ ᠭᠡᠬᠦ ᠲᠤᠭᠲᠠᠭᠠᠯ ᠢ ᠦᠨᠳᠦᠰᠦᠯᠡᠨ᠂ ᠰᠡᠵᠢᠭᠲᠡᠢ ᠲᠡᠷᠭᠡ ᠨᠢ ᠪᠦᠷᠢᠨ ᠭᠦᠢᠴᠡᠳ ᠭᠡᠷᠡᠴᠢ ᠪᠠᠷᠢᠮᠳᠠ ᠪᠠᠷ ᠮᠠᠰᠢᠨ ᠲᠡᠷᠭᠡ ᠵᠢᠴᠢ ᠬᠡᠷᠡᠭ ᠭᠠᠷᠤᠭᠰᠠᠨ ᠰᠢᠯᠲᠠᠭᠠᠨ ᠦᠷ᠎ᠠ ᠳ᠋ᠦᠡᠭ ᠢ ᠭᠡᠷᠡᠴᠢᠯᠡᠵᠦ ᠳᠡᠶᠢᠯᠬᠦ ᠦᠭᠡᠢ ᠦᠶᠡᠰ ᠲᠤ᠂ ᠲᠡᠳᠡᠭᠡᠷ ᠢ ᠬᠠᠮᠲᠤ ᠶᠢᠨ ᠠᠶᠤᠯ ᠲᠦᠭᠰᠢᠭᠦᠷᠢᠲᠦ ᠠᠵᠢᠯᠯᠠᠭ᠎ᠠ ᠶᠢ ᠪᠦᠷᠢᠯᠳᠦᠭᠦᠯᠦᠭᠰᠡᠨ ᠢᠶᠠᠷ ᠲᠤᠭᠲᠠᠭᠠᠵᠦ᠂ ᠬᠤᠯᠪᠤᠯᠳᠤᠭᠰᠠᠨ ᠬᠠᠷᠢᠭᠤᠴᠠᠯᠭ᠎ᠠ ᠡᠭᠦᠷᠭᠡᠯᠡᠬᠦᠯᠬᠦ ᠪᠡ ᠬᠤᠬᠢᠷᠠᠯ ᠠᠮᠰᠠᠭᠴᠢ ᠶᠢᠨ ᠡᠷᠬᠡ ᠠᠰᠢᠭ ᠢ ᠪᠠᠲᠤᠯᠠᠨ ᠳᠡᠮᠵᠢᠵᠦ ᠪᠤᠯᠤᠨ᠎ᠠ︾ ᠭᠡᠵᠡᠢ᠃      ᠡᠭᠦᠨ ᠤ ᠬᠠᠮᠲᠤ ᠰᠢᠭᠦᠭᠴᠢ ᠠᠴᠠ ᠪᠠᠰᠠ᠂ ᠬᠠᠮᠲᠤ ᠶᠢᠨ ᠲᠦᠭᠰᠢᠭᠦᠷᠢᠲᠦ ᠠᠵᠢᠯᠯᠠᠭ᠎ᠠ ᠶᠢᠨ ᠳᠦᠷᠢᠮ ᠤᠨ ᠲᠤᠬᠢᠷᠠᠭᠤᠯᠤᠯᠲᠠ ᠨᠢ ᠬᠠᠤᠯᠢ ᠳᠤ ᠲᠤᠭᠲᠠᠭᠰᠠᠨ ᠰᠢᠯᠲᠠᠭᠠᠨ ᠦᠷ᠎ᠠ ᠳ᠋ᠦᠩ ᠤᠨ ᠬᠠᠷᠢᠴᠠᠭ᠎ᠠ ᠶᠢ ᠮᠠᠭᠠᠳᠯᠠᠨ ᠵᠦᠢᠴᠢᠯᠡᠭᠰᠠᠨ ᠤ ᠦᠷ᠎ᠠ ᠳ᠋ᠦᠢᠩ ᠳᠤ ᠬᠠᠷᠢᠶᠠᠯᠠᠭᠳᠠᠬᠤ ᠠᠴᠠ ᠪᠢᠰᠢ ᠬᠠᠷᠢᠨ ᠦᠨᠡᠨ ᠪᠤᠲᠠᠲᠠᠢ ᠪᠤᠳᠠᠳᠤ ᠬᠡᠷᠡᠭ ᠪᠢᠰᠢ᠃      ᠦᠯᠢᠳᠭᠡᠭᠡᠳ ᠬᠡᠯᠡᠪᠡᠯ᠂ ᠬᠠᠮᠲᠤ ᠶᠢᠨ ᠲᠦᠭᠰᠢᠭᠦᠷᠢᠲᠦ ᠠᠵᠢᠯᠯᠠᠭ᠎ᠠ ᠳᠤ ᠤᠷᠤᠯᠴᠠᠭᠰᠠᠨ ᠬᠦᠮᠦᠨ ᠤ ᠳᠤᠮᠳᠠ ᠨᠢᠭᠡ ᠬᠡᠰᠡᠭ ᠬᠦᠮᠦᠨ ᠤ ᠦᠢᠯᠡ ᠠᠵᠢᠯᠯᠠᠭ᠎ᠠ ᠨᠢ ᠪᠤᠲᠠᠲᠠᠢ ᠬᠤᠬᠢᠷᠠᠯ ᠤᠴᠠᠷᠠᠭᠤᠯᠤᠭᠰᠠᠨ ᠦᠭᠡᠢ᠂ ᠮᠦᠨ ᠴᠤ ᠬᠤᠬᠢᠷᠠᠯ ᠠᠮᠰᠠᠭᠤᠯᠤᠭᠰᠠᠨ ᠦᠷ᠎ᠠ ᠳ᠋ᠦᠩ ᠤᠨ ᠬᠤᠭᠤᠷᠤᠨᠳᠤ ᠰᠢᠯᠲᠠᠭᠠᠨ ᠦᠷ᠎ᠠ ᠳ᠋ᠦᠩ ᠤᠨ  ᠬᠠᠷᠢᠴᠠᠭ᠎ᠠ ᠤᠷᠤᠰᠢᠬᠤ ᠦᠭᠡᠢ᠂ ᠬᠤᠯᠪᠤᠯᠳᠤᠭᠰᠠᠨ ᠬᠠᠷᠢᠭᠤᠴᠠᠯᠭ᠎ᠠ ᠠᠮᠰᠠᠭᠴᠢ ᠶᠢᠨ ᠡᠷᠬᠡ ᠠᠰᠢᠭ ᠡᠷᠬᠡᠪᠰᠢ ᠪᠠᠲᠤᠯᠠᠭᠳᠠᠬᠤ ᠳᠤ ᠶᠤᠰᠤ ᠵᠦᠢ ᠴᠤ ᠭᠠᠵᠢᠵᠦ ᠮᠡᠳᠡᠨ᠎ᠠ᠃ ᠡᠶᠢᠮᠣ ᠠᠴᠠ ᠰᠢᠯᠳᠠᠭᠠᠨ ᠦᠷ᠎ᠠ ᠳ᠋ᠦᠩ ᠤᠨ ᠬᠠᠷᠢᠴᠠᠭ᠎ᠠ ᠶᠢ ᠲᠣᠳᠣᠷᠬᠠᠢᠢᠯᠠᠬᠤ ᠶᠢᠨ ᠲᠦᠯᠦᠬᠡ ᠵᠠᠭᠠᠯᠳᠣᠬᠳᠠᠬᠴᠢ ᠦᠪᠡᠷ ᠤᠨ ᠪᠡᠶ᠎ᠠ ᠳᠤᠨᠢ ᠠᠰᠢᠭ ᠲᠠᠢ ᠬᠡᠷᠡᠴᠢ ᠪᠠᠨ ᠴᠣᠬᠯᠠᠭᠤᠯᠣᠨ ᠬᠠᠷᠢᠭᠤᠴᠠᠯᠭ᠎ᠠ ᠠᠴᠠ ᠬᠡᠯᠳᠣᠷᠢᠬᠦᠯᠬᠦ ᠪᠠᠷ ᠮᠠᠷᠭᠤᠯᠳᠣᠵᠣ᠂ ᠦᠪᠡᠷ ᠢ ᠪᠠᠨ ᠠᠳᠡᠯ ᠬᠡᠷᠡᠭ ᠲᠠᠢ  ᠰᠢᠯᠳᠠᠭᠠᠨ ᠦᠷ᠎ᠡ ᠳ᠋ᠦᠩ ᠤᠨ ᠬᠠᠷᠢᠴᠠᠭ᠎ᠠ ᠦᠭᠡᠢ ᠬᠡᠳᠡᠭ ᠢᠶᠠᠨ ᠬᠡᠷᠡᠴᠢᠯᠡᠵᠣ ᠪᠣᠯᠣᠨ᠎ᠠ᠃    ᠰᠠᠨᠠᠭᠤᠯᠣᠮᠵᠢ᠄    ᠬᠦᠳᠡᠭᠡ ᠲᠤᠰᠬᠤᠨ ᠳᠤ ᠬᠤᠪᠢ ᠶᠢᠨ ᠮᠠᠰᠢᠨ ᠲᠡᠷᠭᠡ ᠶᠠᠪᠤᠬᠤ ᠲᠤᠳᠤᠮ ᠠᠷᠪᠢᠳᠴᠤ ᠪᠤᠢ᠃ ᠮᠠᠰᠢᠨ ᠲᠡᠷᠭᠡ ᠵᠢᠯᠤᠭᠤᠳᠴᠤ ᠶᠠᠪᠤᠬᠤ ᠳᠠᠭᠠᠨ ᠠᠮᠤᠷ ᠲᠦᠪᠰᠢᠨ ᠢᠶᠠᠷ ᠮᠠᠰᠢᠨ ᠲᠡᠷᠭᠡ ᠵᠢᠯᠤᠭᠤᠳᠬᠤ ᠪᠠᠷ ᠪᠠᠷᠠᠬᠤ ᠦᠭᠡᠢ ᠵᠠᠮ ᠬᠠᠷᠢᠯᠴᠠᠭᠠᠨ ᠤ ᠪᠠᠶᠢᠳᠠᠯ ᠢ ᠢᠯᠡᠭᠦᠬᠡᠨ ᠠᠩᠬᠠᠷᠤᠯ ᠲᠠᠭᠠᠨ ᠠᠪᠤᠪᠠᠯ ᠵᠤᠬᠢᠯᠲᠠᠢ᠃ ᠬᠡᠷᠡᠭ ᠤᠴᠢᠷ ᠲᠤᠬᠢᠶᠠᠯᠳᠤᠪᠠᠯ ᠪᠢᠲᠡᠭᠡᠢ ᠶᠠᠭᠠᠷᠠᠵᠦ ᠰᠠᠨᠳᠤᠷ᠂ ᠮᠦᠨ ᠴᠤ ᠪᠢᠲᠡᠭᠡᠢ ᠤᠷᠭᠤᠵᠦ ᠲᠤᠲᠠᠭ᠎ᠠ᠃ ᠵᠠᠮ ᠬᠠᠷᠢᠯᠴᠠᠭᠠᠨ ᠤ ᠠᠳᠡᠯ ᠬᠡᠷᠡᠭ ᠰᠢᠭ ᠡᠶᠢᠮᠦᠷᠬᠦᠤ ᠪᠠᠶᠢᠳᠠᠯ ᠲᠤᠬᠢᠶᠠᠯᠳᠤᠬᠤ ᠦᠶᠡᠰ᠂ ᠡᠩ ᠲᠡᠷᠢᠭᠦᠨ ᠳᠤ ᠠᠳᠡᠯ ᠬᠡᠷᠡᠭ ᠤᠨ ᠲᠤᠬᠠᠢ ᠶᠢᠨ ᠲᠠᠯᠠᠪᠤᠷ ᠢ ᠰᠠᠶᠢᠲᠤᠷ ᠬᠠᠮᠠᠭᠠᠯᠠᠬᠤ ᠪᠦᠭᠡᠳ ᠬᠠᠮᠤᠭ ᠤᠨ ᠤᠷᠢᠳᠠᠪᠠᠷ ᠴᠠᠭᠳᠠᠭ᠎ᠠ ᠳᠤ ᠬᠡᠷᠡᠭ ᠮᠡᠳᠡᠭᠦᠯᠦᠭᠡᠷᠡᠢ︕ ᠬᠠᠷᠢᠨ ᠶᠠᠭᠠᠬᠢᠭᠰᠠᠨ ᠴᠤ ᠠᠵᠠ ᠵᠠᠪᠰᠢᠶᠠᠨᠲᠤ ᠪᠣᠳᠣᠯ ᠢ ᠡᠪᠦᠷᠯᠡᠵᠦ ᠰᠢᠭᠤᠳ ᠲᠡᠷᠭᠡ ᠪᠠᠨ ᠳᠠᠪᠬᠢᠭᠤᠯᠤᠨ ᠭᠠᠷᠴᠤ ᠲᠤᠲᠠᠭᠠᠭᠠᠷᠠᠢ᠂ ᠲᠠ ᠵᠠᠭᠠᠯᠳᠤᠭᠳᠠᠭᠴᠢ ᠴᠤ ᠪᠤᠯᠵᠦ ᠮᠡᠳᠡᠬᠦ ᠠᠶᠤᠯᠲᠠᠢ ᠭᠡᠳᠡᠭ ᠢ ᠴᠡᠭᠡᠵᠢᠯᠡᠵᠦ ᠠᠪᠤᠭᠠᠷᠠᠢ᠃ ᠡᠭᠦᠨ ᠠᠴᠠ ᠭᠠᠳᠠᠨ᠎ᠠ᠂ ᠮᠠᠰᠢᠨ ᠲᠡᠷᠭᠡᠨ ᠳᠡᠭᠡᠨ ᠠᠯᠢ ᠴᠢᠳᠠᠬᠤ ᠪᠠᠷ ᠮᠠᠰᠢᠨ ᠲᠡᠷᠭᠡᠨ ᠤ ᠠᠶᠠᠯᠠᠭᠰᠠᠨ ᠲᠡᠮᠳᠡᠭᠯᠡᠭᠦᠷ ᠢ ᠤᠭᠰᠠᠷᠠᠵᠦ᠂ ᠦᠪᠡᠷ ᠢ ᠪᠠᠨ ᠬᠠᠮᠠᠭᠠᠯᠠᠭᠠᠷᠠᠢ︕            ︵ᠡᠬᠡ ᠪᠢᠴᠢᠭ ᠢ ︽ᠬᠠᠤᠯᠢ ᠲᠦᠭᠡᠮᠡᠯᠵᠢᠭᠦᠯᠬᠦ ᠰᠦᠯᠵᠢᠶ᠎ᠠ︾᠎ ᠠᠴᠠ ᠤᠷᠴᠢᠭᠤᠯᠤᠨ ᠨᠠᠶᠢᠷᠠᠭᠤᠯᠵᠦ ᠠᠪᠤᠪᠠ︶
ᠨᠠᠶᠢᠷᠠᠭᠤᠯᠤᠭᠴᠢ᠄
ᠪᠣᠣ ᠮᠧᠢ ᠷᠥᠩ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号