ᠤᠮᠠᠷᠠᠳᠤ ᠬᠢᠯᠢ ᠶᠢᠨ ᠵᠢᠱᠢᠶᠡᠴᠢ — ᠵᠢᠶᠠᠩ ᠴᠢᠩ ᠴᠦᠨ
2018-10-12 09:41:03
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
 
      ᠲᠡᠷᠡ ᠪᠤᠯ ᠦᠪᠡᠷᠳᠡᠭᠡᠨ ᠵᠠᠰᠠᠬᠤ ᠤᠷᠤᠨ ᠤ ᠰᠢᠯᠢᠳᠡᠭ ᠡᠪ ᠬᠠᠮᠳᠤ ᠨᠠᠮ ᠤᠨ ᠬᠡᠰᠢᠭᠦᠨ︔      ᠲᠡᠷᠡ ᠪᠤᠯ ᠪᠦᠬᠦ ᠤᠯᠤᠰ ᠤᠨ ᠰᠢᠯᠢᠳᠡᠭ ᠰᠢᠭᠦᠭᠴᠢ ᠲᠤᠰᠢᠶᠠᠯᠳᠠᠨ︔      ᠲᠡᠷᠡ ᠪᠤᠯ ᠪᠦᠬᠦ ᠤᠯᠤᠰ ᠤᠨ ᠰᠢᠭᠦᠭᠦ ᠬᠤᠷᠢᠶ᠎ᠠ ᠶᠢᠨ ᠠᠷᠪᠠᠨ ᠶᠡᠭᠡ ᠬᠢᠯᠡᠰ ᠬᠦᠮᠦᠨ ᠤ ᠨᠢᠭᠡ ᠨᠢ︔      ᠲᠡᠷᠡ ᠪᠤᠯ ᠪᠦᠬᠦ ᠤᠯᠤᠰ ᠤᠨ ᠵᠢᠱᠢᠶᠡᠴᠢ ᠰᠢᠭᠦᠭᠴᠢ ᠲᠤᠰᠢᠶᠠᠯᠳᠠᠨ︔      ᠁      ᠡᠳᠡᠭᠡᠷ ᠤᠯᠠᠨ ᠠᠯᠳᠠᠷ ᠲᠢᠳᠡᠮ ᠢ ᠡᠷᠭᠦᠵᠤ ᠶᠠᠪᠤᠭ᠎ᠠ ᠡᠨᠡ ᠬᠦᠮᠦᠨ ᠪᠤᠯ ᠲᠠᠷᠤᠢ ᠲᠦᠩᠯᠢᠶᠤᠤ ᠬᠤᠳᠠ ᠶᠢᠨ ᠺᠠᠶᠢᠯᠦ ᠰᠢᠶᠠᠨ ᠤ ᠠᠷᠠᠳ ᠤᠨ ᠰᠢᠭᠦᠭᠦ ᠬᠤᠷᠢᠶ᠎ᠠ ᠶᠢᠨ ᠰᠢᠭᠦᠨ ᠲᠠᠰᠤᠯᠬᠤ ᠵᠦᠪᠯᠡᠯ ᠤᠨ ᠲᠤᠰᠬᠠᠢ ᠲᠤᠰᠢᠶᠠᠯᠳᠦ ᠬᠡᠰᠢᠭᠦᠨ᠂ ᠰᠢᠭᠦᠨ ᠲᠠᠰᠤᠯᠬᠤ ᠠᠵᠢᠯ ᠤᠨ ᠡᠮᠦᠨ᠎ᠠ ᠹᠷᠤᠨᠲ ᠲᠠᠬᠢ ᠡᠩ ᠤᠨ ᠨᠢᠭᠡᠨ ᠰᠢᠭᠦᠭᠴᠢ ᠲᠤᠰᠢᠶᠠᠯᠳᠠᠨ ᠵᠢᠶᠠᠩ ᠴᠢᠩ ᠴᠦᠨ ᠨᠦᠬᠦᠷ ᠪᠤᠯᠤᠨ᠎ᠠ᠃      ᠡᠨᠡ ᠵᠢᠯ ᠤᠨ 7 ᠰᠠᠷ᠎ᠠ ᠶᠢᠨ 10᠎ ᠤ ᠡᠳᠦᠷ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ ᠠᠴᠠ ᠪᠠᠰᠠ ᠵᠢᠶᠠᠩ ᠴᠢᠩ ᠴᠦᠨ ᠨᠦᠬᠦᠷ ᠲᠤ 2018 ᠤᠨ ᠤ ︽ᠤᠮᠠᠷᠠᠳᠦ ᠬᠢᠯᠢ ᠶᠢᠨ ᠵᠢᠱᠢᠶᠡᠴᠢ ︾᠎ ᠶᠢᠨ ᠢᠷᠠᠭᠤ ᠠᠯᠳᠠᠷᠳᠤ ᠴᠤᠯᠠ ᠢ ᠬᠦᠷᠳᠡᠭᠡᠭᠰᠡᠨ ᠪᠢᠯᠡ᠃       1981 ᠤᠨ ᠳᠤ ᠲᠦᠩᠯᠢᠶᠤᠤ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠤᠷᠭᠠᠭᠤᠯᠢ ᠠᠴᠠ ᠲᠡᠭᠦᠰᠴᠤ ᠺᠠᠶᠢᠯᠦ ᠰᠢᠶᠠᠨ ᠤ ᠰᠢᠭᠦᠭᠦ ᠬᠤᠷᠢᠶ᠎ᠠ ᠳᠤ ᠠᠵᠢᠯ ᠬᠤᠪᠢᠶᠠᠬᠳᠠᠬᠰᠠᠨ ᠲᠡᠷᠡ ᠮᠦᠴᠡ ᠠᠴᠠ ᠵᠢᠶᠠᠩ ᠴᠢᠩ ᠴᠦᠨ ᠡᠷᠭᠡ ᠲᠡᠭᠰᠢ ᠲᠦᠪ ᠭᠤᠤᠯᠴᠢ ᠶᠢ ᠬᠠᠮᠠᠭᠠᠯᠠᠬᠰᠠᠨ ᠰᠠᠶᠢᠨ ᠰᠢᠭᠦᠭᠴᠢ ᠪᠤᠯᠬᠤ ᠪᠠᠷ ᠵᠤᠷᠢᠭ ᠰᠢᠭᠤᠳᠴᠤ᠂ ᠤᠭ ᠰᠠᠨᠠᠭ᠎ᠠ ᠪᠠᠨ ᠦᠯᠦ ᠮᠠᠷᠳᠠᠨ᠂ ᠢᠳᠡᠭᠡᠯ ᠪᠢᠰᠢᠷᠡᠯ ᠢᠶᠠᠨ ᠪᠠᠳᠤᠳᠬᠠᠵᠤ᠂ ᠪᠤᠳᠠᠳᠤ ᠠᠵᠢᠯᠯᠠᠭ᠎ᠠ ᠪᠠᠷ ᠢᠶᠠᠨ ᠨᠢᠭᠡᠨ ᠡᠪ ᠬᠠᠮᠳᠤ ᠨᠠᠮ ᠤᠨ ᠬᠡᠰᠢᠭᠦᠨ ᠤ ᠨᠠᠮ ᠪᠤᠯᠤᠨ ᠠᠷᠠᠳ ᠲᠦᠮᠡᠨ ᠤ ᠦᠢᠯᠡᠰ ᠲᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠠᠮᠢᠳᠤᠯᠢᠭ ᠢᠶᠠᠷ ᠲᠠᠶᠢᠯᠪᠤᠷᠢᠯᠠᠵᠤ᠂ ᠪᠤᠳᠠᠳᠤ ᠠᠵᠢᠯᠯᠠᠭ᠎ᠠ ᠪᠠᠷ ᠢᠶᠠᠨ ᠨᠢᠭᠡᠨ ᠠᠷᠠᠳ ᠤᠨ ᠰᠢᠭᠦᠭᠴᠢ ᠶᠢᠨ ᠨᠡᠶᠢᠭᠡᠮ ᠵᠢᠷᠤᠮ ᠤᠨ ᠬᠠᠤᠯᠢᠵᠢᠯ ᠤᠨ ᠪᠦᠳᠦᠭᠡᠨ ᠪᠠᠶᠢᠭᠤᠯᠤᠯᠳᠠ ᠶᠢᠨ ᠲᠦᠯᠦᠭᠡᠬᠢ ᠴᠤᠴᠠᠰᠢ ᠦᠭᠡᠢ ᠡᠷᠢᠯ ᠬᠦᠭᠡᠭᠡᠴᠡᠯᠳᠦᠯ ᠢ ᠲᠠᠶᠢᠯᠪᠤᠷᠢᠯᠠᠬᠰᠠᠨ ᠶᠤᠮ᠃ ᠭᠤᠴᠢᠨ ᠬᠡᠳᠦᠨ ᠵᠢᠯ ᠤᠨ ᠲᠤᠷᠰᠢ᠂ ᠲᠡᠭᠦᠨ ᠤ ᠲᠠᠭᠠᠭᠠᠨ ᠬᠦᠢᠴᠡᠳᠭᠡᠭᠰᠡᠨ 1500 ᠭᠠᠷᠤᠢ ᠬᠡᠷᠡᠭ ᠤᠨ ᠲᠤᠮᠳᠠ ᠠᠴᠠ ᠬᠤᠭᠤᠴᠠᠭ᠎ᠠ ᠬᠡᠳᠦᠷᠡᠭᠰᠡᠨ ᠬᠡᠷᠡᠭ᠂ ᠪᠤᠷᠤᠭᠤ ᠰᠢᠢᠳᠭᠡᠭᠰᠡᠨ ᠬᠡᠷᠡᠭ᠂ ᠵᠠᠷᠭᠤ ᠬᠢᠭᠰᠡᠨ ᠬᠡᠷᠡᠭ᠂ ᠲᠡᠭᠡᠭᠰᠢ ᠵᠠᠭᠠᠯᠳᠤᠬᠰᠠᠨ ᠬᠡᠷᠡᠭ ᠨᠢᠭᠡ ᠴᠤ ᠭᠠᠷᠤᠬᠰᠠᠨ ᠦᠭᠡᠢ᠃       ᠵᠢᠶᠠᠩ ᠴᠢᠩ ᠴᠦᠨ ᠡᠷᠡᠯᠭᠡᠭ ᠪᠠᠭᠠᠳᠤᠷᠯᠢᠭ ᠦᠢᠯᠡ ᠠᠵᠢᠯᠯᠠᠭ᠎ᠠ ᠪᠠᠷ ᠢᠶᠠᠨ ᠬᠠᠷᠬᠢᠰ ᠪᠠᠯᠠᠮᠠᠳ ᠠᠴᠠ ᠡᠮᠢᠶᠡᠭᠦ ᠦᠭᠡᠢ᠂ ᠦᠷᠡᠭᠳᠡᠯ ᠰᠦᠢᠳᠦᠯ ᠠᠴᠠ ᠠᠶᠤᠬᠤ ᠦᠭᠡᠢ ᠤᠮᠠᠷᠠᠳᠦ ᠬᠢᠯᠢ ᠶᠢᠨ ᠪᠠᠭᠠᠳᠤᠷ ᠤᠨ ᠴᠤᠭ ᠵᠢᠪᠬᠤᠭ᠎ᠠ ᠶᠢ ᠢᠯᠡᠷᠡᠭᠦᠯᠪᠠ᠃ ᠲᠡᠭᠡᠷ᠎ᠠ ᠵᠠᠭᠤᠨ ᠤ ᠨᠠᠶᠠᠭᠠᠳ ᠤᠨ ᠤ ᠲᠤᠮᠳᠠᠴᠢ ᠳᠤ᠂ ᠤᠤᠯ ᠤᠨ ᠯᠢᠶᠤᠤ ᠾᠧ ᠲᠠᠷᠢᠶᠠᠯᠠᠩ ᠤᠨ ᠲᠠᠯᠠᠪᠠᠢ ᠶᠢᠨ ᠭᠧ ᠤᠪᠤᠬᠳᠦ ᠡᠭᠡᠨᠡᠷ ᠲᠡᠭᠡᠨ ᠤᠯᠠᠨ ᠤᠳᠠᠭ᠎ᠠ ᠬᠡᠷ ᠪᠦᠯᠢ ᠶᠢᠨ ᠬᠦᠴᠦᠷᠭᠡᠭᠯᠡᠯ ᠶᠠᠪᠤᠭᠤᠯᠵᠤ ᠵᠠᠭᠠᠯᠳᠤᠬᠳᠠᠪᠠ᠃ ᠰᠢᠭᠦᠭᠦ ᠬᠤᠷᠢᠶᠠᠨ ᠤ ᠲᠤᠮᠢᠯᠠᠯ ᠢᠶᠠᠷ ᠵᠢᠶᠠᠩ ᠴᠢᠩ ᠴᠦᠨ ᠭᠧ ᠤᠪᠤᠬᠳᠦ ᠶᠢᠨ ᠬᠢᠨ ᠳᠤ ᠬᠦᠷᠭᠦ ᠳᠤ᠂ ᠭᠧ ᠤᠪᠤᠬᠳᠦ ᠭᠠᠷ ᠲᠠᠭᠠᠨ ᠪᠤᠤᠳᠤᠤ ᠪᠠᠷᠢᠵᠤ ᠠᠶᠤᠮᠰᠢᠭ ᠲᠠᠢ ᠠᠭᠠᠰᠢᠯᠠᠨ ᠬᠦᠮᠦᠰ ᠤᠨ ᠵᠢᠷᠤᠭᠡ ᠶᠢ ᠴᠡᠴᠡᠷᠡᠭᠦᠯᠦᠨ᠎ᠠ᠃ ᠠᠶᠤᠯᠳᠦ ᠪᠠᠶᠢᠳᠠᠯ ᠤᠨ ᠡᠮᠦᠨ᠎ᠠ᠂ ᠵᠢᠶᠠᠩ ᠴᠢᠩ ᠴᠦᠨ ᠵᠠᠯᠠᠭᠤ ᠬᠦᠮᠦᠨ ᠤ ᠤᠮᠤᠭ ᠵᠤᠷᠢᠭ ᠢᠶᠠᠷ ᠬᠠᠮᠳᠤ ᠤᠴᠢᠬᠰᠠᠨ ᠠᠷᠠᠳ ᠤᠨ ᠴᠠᠬᠳᠠᠭ᠎ᠠ ᠲᠠᠢ ᠪᠠᠨ ᠲᠠᠭᠠᠷᠢᠨ ᠤᠷᠤᠭᠠᠳ ᠭᠧ ᠤᠪᠤᠬᠳᠦ ᠶᠢᠨ ᠭᠠᠷ ᠲᠠᠬᠢ ᠪᠤᠤᠳᠤᠤ ᠶᠢ ᠪᠤᠯᠢᠶᠠᠨ ᠠᠪᠴᠤ᠂ ᠬᠠᠤᠯᠢ ᠠᠴᠠ ᠵᠦᠷᠢᠴᠡᠭᠰᠡᠨ ᠠᠵᠢᠯᠯᠠᠭ᠎ᠠ ᠶᠢ ᠨᠢ ᠴᠢᠩᠭ᠎ᠠ ᠰᠢᠭᠦᠮᠵᠢᠯᠡᠭᠰᠡᠨ ᠪᠠᠶᠢᠵᠠᠢ᠃ 2000 ᠤᠨ ᠤ ᠨᠠᠮᠤᠷ ᠤᠨ ᠨᠢᠭᠡᠨ ᠡᠳᠦᠷ᠂ ᠫᠤᠤ ᠪᠠᠷᠢᠬᠰᠠᠨ ᠬᠤᠶᠠᠷ ᠶᠠᠯᠠᠳᠠᠨ ᠺᠠᠶᠢᠯᠦ ᠰᠢᠶᠠᠨ ᠤ ᠰᠠᠨ ᠢ ᠵᠢᠩ ᠰᠢᠶᠠᠩ ᠤᠨ ᠳ᠋ᠠ ᠶᠢᠦ ᠵᠤᠸᠠᠩ ᠲᠤᠰᠬᠤᠨ ᠤ ᠨᠢᠭᠡ ᠪᠦᠰᠡᠭᠦᠢ ᠶᠢ ᠤᠤᠯᠭᠠᠯᠠᠪᠠ᠃ ᠫᠤᠤ ᠪᠠᠷᠢᠨ ᠬᠠᠷᠬᠢᠰᠯᠠᠵᠤ ᠪᠠᠶᠢᠬᠰᠠᠨ ᠮᠠᠭᠤ ᠡᠳᠡᠭᠡᠳ ᠤᠨ ᠦᠭᠡᠳᠡ ᠠᠴᠠ ᠵᠢᠶᠠᠩ ᠴᠢᠩ ᠴᠦᠨ ᠠᠶᠤᠯ ᠰᠦᠷᠳᠡᠭᠦᠯᠦᠯ ᠠᠴᠠ ᠦᠴᠦᠭᠡᠨ ᠴᠤ ᠡᠮᠢᠶᠡᠯ ᠦᠭᠡᠢ ᠴᠡᠭᠡᠵᠢ ᠲᠦᠷᠢᠨ ᠤᠷᠤᠵᠤ ᠪᠠᠷᠢᠴᠠᠭᠠᠨ ᠤ ᠬᠦᠮᠦᠨ ᠢ ᠠᠮᠵᠢᠯᠳᠡ ᠲᠠᠢ ᠠᠪᠤᠷᠠᠨ ᠭᠠᠷᠭᠠᠵᠠᠢ᠃   
      ᠬᠡᠷᠡᠭ ᠬᠡᠷᠡᠭ ᠬᠡᠩᠭᠡᠷᠭᠡ ᠴᠠᠩ ᠲᠠᠢ ᠢᠷᠡᠳᠡᠭ ᠦᠭᠡᠢ ᠬᠡᠳᠡᠭ ᠢᠶᠠᠷ᠂ 2008 ᠤᠨ 8 ᠰᠠᠷ᠎ᠠ ᠳᠤ᠂ ᠵᠢᠶᠠᠩ ᠴᠢᠩ ᠴᠦᠨ ᠠᠵᠠ ᠪᠤᠰᠤ ᠪᠠᠷ ᠦᠮᠡᠨ ᠡᠪᠡᠳᠴᠢᠨ ᠳᠤ ᠨᠡᠷᠪᠡᠭᠳᠡᠭᠰᠡᠨ ᠢᠶᠠᠷ ᠲᠤᠳᠤᠯᠠᠬᠳᠠᠯ᠎ᠠ᠂ ᠲᠡᠭᠡᠭᠡᠳ ᠮᠡᠰᠡ ᠵᠠᠰᠠᠯ ᠬᠢᠯᠭᠡᠭᠡᠳ ᠪᠦᠬᠦ ᠬᠤᠳᠤᠭᠤᠳᠤ ᠪᠠᠨ ᠤᠬᠳᠤᠯᠤᠭᠤᠯᠵᠦ ᠪᠠᠰᠠ 6 ᠤᠳᠠᠭ᠎ᠠ ᠶᠢᠨ ᠬᠢᠮᠢ ᠶᠢᠨ ᠵᠠᠰᠠᠯ ᠬᠢᠭᠰᠡᠨ ᠢᠶᠠᠷ᠂ ᠪᠡᠶ᠎ᠠ ᠶᠢᠨ ᠬᠦᠨᠳᠦ ᠨᠢ 164 ᠵᠢᠩ ᠪᠠᠶᠢᠬᠰᠠᠨ ᠠᠴᠠ ᠨᠢᠭᠡ ᠯᠡ ᠲᠤᠤᠷ᠎ᠠ ᠮᠠᠭᠤᠳᠠᠭᠠᠳ ᠵᠦᠪᠭᠡᠨ 105 ᠵᠢᠩ ᠪᠤᠯᠵᠠᠢ᠃ ᠬᠦᠳᠡᠷᠯᠢᠭ ᠪᠦᠳᠦᠭᠦᠨ ᠡᠷ᠎ᠠ ᠨᠦᠬᠦᠷ ᠨᠢ ᠡᠪᠡᠳᠴᠢᠨ ᠤ ᠲᠠᠷᠴᠢᠯᠭᠠᠯ ᠠᠴᠠ ᠪᠤᠯᠵᠤ ᠨᠢᠭᠡ ᠯᠡ ᠲᠤᠤᠷ᠎ᠠ ᠡᠴᠡᠵᠤ ᠲᠤᠷᠠᠭᠠᠳ ᠠᠬᠢᠮᠠᠭ ᠨᠠᠰᠤᠳᠠᠨ ᠬᠡᠮᠡᠷ ᠪᠤᠯᠬᠤ ᠳᠤ ᠡᠭᠡᠨᠡᠷ ᠨᠢ ᠦᠵᠡᠵᠤ ᠲᠦᠪᠡᠭᠳᠡᠭᠦ ᠦᠭᠡᠢ ᠦᠷᠦ ᠵᠢᠷᠦᠭᠡ ᠨᠢ ᠰᠢᠮᠰᠢᠷᠠᠨ ᠨᠢᠯᠪᠤᠰᠤ ᠠᠰᠠᠷᠠᠭᠤᠯᠦᠨ᠎ᠠ᠃ ᠡᠨᠡ ᠬᠤᠭᠤᠴᠠᠭᠠᠨ ᠳᠤ ᠲᠡᠷᠡ ᠪᠠᠰᠠ ᠬᠡᠳᠡᠰᠦᠨ ᠤ ᠲᠦᠭᠵᠢᠷᠡᠯ᠂ ᠨᠦᠢᠷ ᠶᠢᠨ ᠪᠤᠯᠴᠢᠷᠬᠠᠢ ᠶᠢᠨ ᠦᠷᠪᠢᠰᠦᠯ ᠵᠡᠷᠭᠡ ᠲᠠᠪᠬᠤᠴᠠᠬᠰᠠᠨ ᠡᠪᠡᠳᠴᠢᠨ ᠠᠴᠠ ᠪᠤᠯᠵᠤ ᠤᠯᠠᠨ ᠤᠳᠠᠭ᠎ᠠ ᠪᠠᠴᠢᠮ ᠠᠪᠤᠷᠠᠯᠳᠠ ᠬᠢᠵᠤ ᠪᠠᠶᠢᠳᠠᠯ᠎ᠠ ᠪᠠᠨ᠂ 2009 ᠤᠨ ᠤ 3 ᠰᠠᠷ᠎ᠠ ᠡᠪᠡᠳᠴᠢᠨ ᠤ ᠪᠠᠶᠢᠳᠠᠯ ᠨᠢ ᠵᠢᠭᠠᠬᠠᠨ ᠢᠯᠡᠷᠢᠰᠢᠭᠦ ᠲᠠᠢ ᠵᠡᠷᠭᠡ ᠠᠵᠢᠯ ᠤᠨ ᠪᠠᠶᠢᠷᠢ ᠳᠠᠭᠠᠨ ᠪᠤᠴᠠᠵᠤ᠂ ᠡᠩ ᠤᠨ ᠬᠦᠮᠦᠨ ᠤ ᠲᠦᠰᠦᠭᠡᠯᠡᠭᠦᠶ᠎ᠠ ᠪᠡᠷᠭᠡ ᠬᠠᠳᠠᠨ ᠵᠤᠷᠢᠭ ᠢᠶᠠᠷ ᠡᠯ᠎ᠠ ᠵᠦᠢᠯ ᠤᠨ ᠰᠡᠵᠢᠭ ᠲᠦᠪᠡᠭ ᠲᠠᠢ ᠬᠡᠷᠡᠭ ᠢ ᠰᠢᠭᠦᠨ ᠲᠠᠰᠤᠯᠵᠤ᠂ ᠲᠤᠰᠢᠶᠠᠯ ᠬᠠᠷᠢᠭᠤᠴᠠᠯᠭ᠎ᠠ ᠳᠠᠭᠠᠨ ᠦᠴᠦᠭᠡᠨ ᠴᠤ ᠤᠰᠤᠯᠳᠤᠯ ᠦᠭᠡᠢ ᠠᠵᠢᠯ ᠤᠨ ᠪᠠᠶᠢᠷᠢ ᠪᠠᠨ ᠪᠠᠳᠤ ᠰᠠᠬᠢᠨ᠎ᠠ᠃ ᠲᠡᠷᠡ ᠪᠠᠰᠠ ᠬᠡᠷᠡᠭ ᠦᠨᠡᠯᠡᠨ ᠪᠠᠶᠢᠴᠠᠭᠠᠬᠤ ᠠᠵᠢᠯ ᠤᠨ ᠲᠤᠬᠳᠠᠴᠠ ᠶᠢ ᠠᠩᠬ᠎ᠠ ᠡᠭᠦᠳᠴᠤ᠂ 2 ᠲᠦᠮᠡ ᠭᠠᠷᠤᠢ ᠬᠡᠷᠡᠭ ᠢ ᠦᠨᠡᠯᠡᠨ ᠪᠠᠶᠢᠴᠠᠭᠠᠵᠦ᠂ ᠰᠢᠭᠦᠭᠦ ᠬᠤᠷᠢᠶᠠᠨ ᠤ ᠪᠠᠨ ᠬᠡᠷᠡᠭ ᠬᠦᠢᠴᠡᠳᠭᠡᠭᠦ ᠶᠠᠰᠤ ᠴᠢᠨᠠᠷ ᠢ ᠶᠡᠭᠡᠭᠡᠨ ᠲᠡᠭᠡᠭᠰᠢᠯᠡᠭᠦᠯᠦᠭᠰᠡᠨ ᠪᠠᠶᠢᠨ᠎ᠠ᠃      ᠵᠢᠶᠠᠩ ᠴᠢᠩ ᠴᠦᠨ ᠨᠦᠬᠦᠷ ᠤᠨ ᠦᠢᠯᠡ ᠠᠵᠢᠯᠯᠠᠭ᠎ᠠ ᠨᠢ ᠡᠭᠡᠯ ᠪᠤᠷᠤᠬᠵᠢᠭᠤᠨ ᠪᠤᠯᠪᠠᠴᠤ ᠬᠦᠮᠦᠰ ᠤᠨ ᠰᠡᠳᠬᠢᠯ ᠢ ᠲᠤᠬᠳᠤᠯᠤᠭᠤᠯᠵᠤ᠂ ᠡᠭᠡᠯ ᠵᠢᠷ ᠤᠨ ᠲᠤᠮᠳᠠ ᠠᠭᠤᠤ ᠶᠡᠭᠡ ᠶᠢ ᠢᠯᠡᠷᠡᠭᠦᠯᠦᠨ᠂ ᠠᠷᠰᠠᠷ ᠶᠠᠪᠤᠳᠠᠯ ᠤᠨ ᠲᠤᠮᠳᠠ ᠡᠷᠬᠢᠮ ᠨᠠᠨᠳᠢᠨ ᠵᠤᠷᠢᠭ ᠰᠠᠨᠠᠭ᠎ᠠ ᠶᠢ ᠢᠯᠡᠷᠡᠭᠦᠯᠪᠡ᠃ ︽ᠤᠮᠠᠷᠠᠳᠦ ᠬᠢᠯᠢ ᠶᠢᠨ ᠵᠢᠱᠢᠶᠡᠴᠢ︾᠎ ᠶᠢᠨ ᠢᠷᠠᠭᠤ ᠠᠯᠳᠠᠷᠳᠦ ᠴᠤᠯᠠ ᠤᠯᠭᠤᠬᠤ ᠶᠤᠰᠤᠯᠠᠯ ᠲᠡᠭᠡᠷ᠎ᠠ᠂ ᠵᠢᠶᠠᠩ ᠴᠢᠩ ᠴᠦᠨ ᠨᠦᠬᠦᠷ ᠪᠤᠯ ᠦᠨᠡᠨᠴᠢ ᠰᠢᠳᠤᠷᠭᠤ᠂ ᠲᠦᠪ ᠭᠤᠤᠯᠴᠢ᠂ ᠠᠷᠢᠭᠤᠨ ᠴᠢᠭᠡᠴᠢ ᠪᠠᠷ ᠬᠠᠤᠯᠢ ᠪᠠᠷᠢᠬᠰᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠨᠢᠭᠡᠨ ᠵᠢᠱᠢᠶᠡᠴᠢ ᠲᠦᠯᠦᠭᠡᠯᠡᠭᠴᠢ︔ ᠤᠭ ᠰᠠᠨᠠᠭ᠎ᠠ ᠪᠠᠨ ᠦᠯᠦ ᠮᠠᠷᠳᠠᠵᠦ᠂ ᠢᠳᠡᠭᠡᠯ ᠪᠢᠰᠢᠷᠡᠯ ᠢᠶᠠᠨ ᠪᠠᠳᠤᠳᠬᠠᠨ᠂ ᠲᠤᠰᠢᠶᠠᠯ ᠬᠠᠷᠢᠭᠤᠴᠠᠯᠭ᠎ᠠ ᠪᠠᠨ ᠰᠠᠶᠢᠳᠤᠷ ᠬᠦᠢᠴᠡᠳᠭᠡᠵᠤ᠂ ᠠᠷᠠᠳ ᠲᠦᠮᠡᠨ ᠤ ᠲᠦᠯᠦᠭᠡ ᠬᠠᠤᠯᠢ ᠪᠠᠷᠢᠬᠰᠠᠨ ᠨᠢᠭᠡᠨ ᠰᠢᠯᠭᠠᠷᠠᠬᠰᠠᠨ ᠵᠢᠱᠢᠶᠡᠴᠢ︔ ᠰᠢᠨ᠎ᠠ ᠴᠠᠭ ᠦᠶ᠎ᠠ ᠳᠤ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠪᠠ ︽ᠬᠤᠶᠠᠷ ᠢ ᠰᠤᠷᠤᠯᠴᠠᠵᠤ ᠨᠢᠭᠡ ᠳᠤ ᠲᠡᠩᠴᠡᠭᠦᠯᠭᠦ︾ ᠰᠤᠷᠤᠯᠴᠠᠯᠭ᠎ᠠ ᠬᠦᠮᠦᠵᠢᠯ ᠤᠨ ᠱᠠᠭᠠᠷᠳᠠᠯᠭ᠎ᠠ ᠶᠢ ᠵᠢᠱᠢᠶᠡᠴᠢ ᠪᠠᠷ ᠦᠢᠯᠡᠳᠦᠯᠭᠡᠵᠢᠭᠦᠯᠦᠭᠰᠡᠨ ᠨᠢᠭᠡᠨ ᠰᠢᠯᠢᠳᠡᠭ ᠡᠪ ᠬᠠᠮᠳᠤ ᠨᠠᠮ ᠤᠨ ᠬᠡᠰᠢᠭᠦᠨ ᠮᠦᠨ ᠬᠡᠵᠤ ᠦᠨᠳᠦᠷ ᠦᠨᠡᠯᠡᠭᠰᠡᠨ ᠪᠠᠶᠢᠯ᠎ᠠ᠃
ᠨᠠᠶᠢᠷᠠᠭᠤᠯᠤᠭᠴᠢ᠄
ᠪᠣᠣ ᠮᠧᠢ ᠷᠥᠩ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号