︽ᠲᠤᠷᠠᠰᠤᠯ ᠳᠤ ᠮᠦᠡᠭᠭᠡᠷᠡᠭᠦ ᠤᠨ ᠰᠠᠷ᠎ᠠ · ᠲᠤᠷᠠᠨ ᠬᠠᠷᠠᠭᠠᠨ ᠳᠠᠬᠢ ᠲᠠᠯ᠎ᠠ ᠨᠤᠲᠤᠭ︾ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠭᠦᠯᠭᠡ ᠶᠠᠪᠤᠭᠳᠠᠪᠠ
2018-10-03 12:59:48
ᠵᠣᠬᠢᠶᠠᠭᠴᠢ᠄ 
ᠨᠠᠷᠠᠨᠳᠤᠩᠭᠠᠯᠠᠭ
ᠣᠩᠰᠢᠭᠰᠠᠨ ᠣᠳᠠᠭ᠎ᠠ᠄ 
★★★☆☆
      ᠤᠢᠢᠷ᠎ᠠ ᠳᠤ᠂ ᠦᠪᠦᠷ ᠮᠤᠩᠭᠤᠯ ᠤᠨ ᠵᠢᠷᠤᠭᠳᠦ ᠰᠡᠳᠭᠦᠯ ᠤᠨ ᠬᠤᠷᠢᠶ᠎ᠠ ᠠᠴᠠ ᠭᠤᠤᠯᠯᠠᠵᠤ ᠡᠷᠬᠢᠯᠡᠭᠰᠡᠨ ︽ᠲᠤᠷᠠᠰᠤᠯ ᠳᠤ ᠮᠦᠡᠭᠭᠡᠷᠡᠭᠦ ᠤᠨ ᠰᠠᠷ᠎ᠠ · ᠲᠤᠷᠠᠨ ᠬᠠᠷᠠᠭᠠᠨ ᠳᠠᠬᠢ ᠲᠠᠯ᠎ᠠ ᠨᠤᠲᠤᠭ︾ — ᠦᠪᠦᠷ ᠮᠤᠩᠭᠤᠯ ᠤᠨ ᠵᠢᠷᠤᠭᠳᠦ ᠰᠡᠳᠭᠦᠯ ᠤᠨ ᠬᠤᠷᠢᠶ᠎ᠠ ᠪᠠᠶᠢᠭᠤᠯᠤᠭᠳᠠᠭᠰᠠᠨ 70 ᠵᠢᠯ ᠤᠨ ᠤᠢ ᠶᠢ ᠲᠤᠷᠠᠰᠬᠠᠬᠤ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠤᠨ ᠦᠵᠡᠭᠦᠯᠭᠡ ᠦᠪᠦᠷ ᠮᠤᠩᠭᠤᠯ ᠤᠨ ᠦᠵᠡᠰᠭᠦᠯᠡᠩ ᠤᠨ ᠤᠷᠳᠤᠨ ᠳᠤ ᠶᠠᠪᠤᠭᠳᠠᠪᠠ᠃      ᠲᠤᠰ ᠦᠵᠡᠭᠦᠯᠭᠡ ᠨᠢ ︽ᠬᠠᠶᠢᠷ᠎ᠠ ᠪᠢᠯᠬᠠᠭᠰᠠᠨ ᠤᠮᠠᠷᠠᠳᠤ ᠬᠢᠵᠠᠭᠠᠷ︾᠂ ︽ᠵᠤᠤᠵᠠᠢ ᠬᠤᠯᠪᠤᠨ ᠵᠢᠯᠤᠭᠤ ᠰᠤᠩᠭᠠᠨᠠᠮ︾᠂ ︽ᠦᠵᠡᠰᠭᠦᠯᠡᠩᠳᠦ ᠨᠤᠲᠤᠭ ᠤᠨ ᠦᠪᠡᠳᠡᠭᠰᠢ ᠴᠤᠭᠯᠠᠭᠠᠨ︾᠂ ︽ᠲᠤᠷᠠᠰᠤᠯ ᠳᠤ ᠬᠤᠨᠤᠭᠰᠢᠬᠤ ᠤᠨ ᠰᠠᠷ᠎ᠠ︾᠂ ︽ᠪᠢᠷ ᠪᠡᠭᠡᠰ ᠲᠤᠷ ᠰᠡᠳᠬᠢᠯᠭᠡ ᠠᠭᠤᠰᠬᠤᠢ︾᠂ ︽ᠡᠶ᠎ᠡ ᠵᠤᠬᠢᠴᠠᠩᠭᠤᠢ ᠬᠦᠭ ᠠᠶᠠᠰ︾ ᠵᠡᠷᠭᠡ 11 ᠪᠦᠯᠦᠭ ᠢᠶᠠᠷ ᠪᠦᠷᠢᠯᠳᠦᠵᠦ᠂ ᠤᠷᠠᠨ ᠪᠢᠴᠢᠯᠭᠡ ᠤᠷᠠᠨ ᠵᠢᠷᠤᠭ ᠭᠡᠷᠡᠯ ᠵᠢᠷᠤᠭ ᠢᠶᠠᠷ ᠳᠠᠮᠵᠢᠨ ᠴᠠᠭ ᠡᠷᠡᠨ ᠤ ᠤᠷᠤᠭᠰᠢᠯᠡᠯᠲᠡ᠂ ᠲᠡᠤᠭᠡ ᠶᠢᠨ ᠤᠯᠠ ᠮᠦᠷ᠂ ᠬᠤᠳᠠ ᠬᠦᠳᠡᠭᠡ ᠶᠢᠨ ᠬᠦᠭᠵᠢᠯ ᠰᠢᠨᠡᠳᠦᠯ᠂ ᠨᠡᠶᠢᠭᠡᠮ ᠠᠬᠤᠢ ᠶᠢᠨ ᠠᠤᠭ᠎ᠠ ᠬᠤᠪᠢᠷᠠᠯᠲᠠ ᠶᠢ ᠲᠡᠮᠳᠡᠭᠯᠡᠨ ᠦᠯᠡᠳᠡᠭᠡᠭᠰᠡᠨ ᠪᠠᠶᠢᠨ᠎ᠠ᠃      ᠦᠪᠦᠷ ᠮᠤᠩᠭᠤᠯ ᠤᠨ ᠵᠢᠷᠤᠭᠳᠦ ᠰᠡᠳᠭᠦᠯ ᠤᠨ ᠬᠤᠷᠢᠶ᠎ᠠ ᠨᠢ 1948 ᠤᠨ ᠳᠤ ᠤᠯᠠᠭᠠᠨᠬᠤᠲᠠ ᠳᠤ ᠪᠠᠶᠢᠭᠤᠯᠤᠭᠳᠠᠭᠰᠠᠨ ᠎ ᠠᠴᠠ ᠨᠠᠭᠠᠰᠢ ᠲᠠᠯ᠎ᠠ ᠨᠤᠲᠤᠭ ᠤᠨ ᠰᠢᠮᠡᠯᠢᠭ ᠬᠦᠷᠦᠰᠦᠨ ᠳᠤ ᠦᠨᠳᠦᠰᠦᠯᠡᠵᠦ᠂ ᠮᠠᠨ ᠤ ᠤᠷᠤᠨ ᠤ ᠦᠨᠳᠦᠰᠦᠲᠡᠨ ᠨᠦᠭᠦᠳ ᠤᠨ ᠦᠷᠭᠡᠨ ᠤᠯᠠᠨ ᠤᠡᠭᠰᠢᠭᠴᠢᠳ ᠤᠨ ᠬᠠᠯᠠᠭᠤᠨ ᠬᠦᠷᠢᠶᠡᠯᠡᠯ ᠢ ᠤᠯᠤᠭᠰᠠᠨ ᠪᠠᠶᠢᠨ᠎ᠠ᠃ ︽ᠦᠪᠦᠷ ᠮᠤᠩᠭᠤᠯ ᠤᠨ ᠵᠢᠷᠤᠭᠳᠦ ᠰᠡᠳᠭᠦᠯ ︾᠎ ᠨᠢ ᠭᠡᠷᠡᠯ ᠵᠢᠷᠤᠭ ᠪᠠ ᠤᠷᠠᠨ ᠵᠢᠷᠤᠭ᠂ ᠲᠦᠭᠦᠮ ᠤᠢᠢᠯᠠᠭᠠᠮᠵᠢᠳᠠᠢ ᠮᠤᠩᠭᠤᠯ ᠬᠢᠳᠠᠳ ᠬᠤᠶᠠᠷ ᠬᠡᠯᠡᠨ ᠤ ᠦᠰᠦᠭ ᠪᠢᠴᠢᠭ ᠢᠶᠠᠷ ᠢᠶᠠᠨ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠤᠬᠠᠭᠤᠯᠤᠨ ᠰᠤᠷᠳᠠᠯᠴᠢᠯᠠᠵᠤ᠂ ᠨᠠᠮ ᠤᠨ ᠳᠠᠭᠤᠨ ᠬᠤᠭᠤᠯᠠᠢ ᠶᠢᠨ ᠦᠢᠯᠡᠳᠦᠯ ᠪᠠ ᠨᠠᠮ ᠠᠷᠠᠳ ᠲᠦᠮᠡᠨ ᠤ ᠬᠦᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠬᠦᠢᠴᠡᠳ ᠪᠠᠳᠠᠷᠠᠭᠤᠯᠤᠬᠰᠠᠭᠠᠷ ᠢᠷᠡᠵᠠᠢ᠃
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号