ᠤᠷᠳᠤᠰ ᠬᠤᠳᠡ ᠠᠮᠢ ᠠᠬᠤᠢ ᠤᠷᠴᠢᠨ ᠲᠤᠭᠤᠷᠢᠨ ᠤ ᠶᠡᠰᠤ ᠴᠢᠨᠡᠷ ᠢ ᠦᠨᠡᠯᠡᠬᠦ ᠲᠦᠷᠦᠯ ᠵᠦᠢᠯ ᠢ ᠬᠡᠷᠡᠭᠵᠢᠬᠦᠯᠵᠤ ᠡᠬᠢᠯᠡᠪᠡ
2018-10-06 12:16:29
ᠵᠣᠬᠢᠶᠠᠭᠴᠢ᠄ 
ᠰᠠᠷᠠᠭᠤᠯᠬᠠᠨ
ᠣᠩᠰᠢᠭᠰᠠᠨ ᠣᠳᠠᠭ᠎ᠠ᠄ 
★★★☆☆
    ᠤᠢᠢᠷ᠎ᠡ ᠳᠤ ᠤᠷᠳᠤᠰ ᠬᠤᠳᠡ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠡ ᠶᠢᠨ ᠲᠦᠪᠰᠢᠨ ᠢᠶᠠᠨ ᠤᠯᠠᠮ ᠨᠢᠬᠡ ᠠᠯᠬᠤᠮ ᠲᠡᠬᠡᠭᠰᠢᠯᠡᠬᠦᠯᠵᠤ᠂ ᠠᠮᠢ ᠠᠬᠤᠢ ᠤᠷᠴᠢᠨ ᠲᠤᠭᠤᠷᠢᠨ ᠤ ᠠᠶᠤᠯ ᠲᠦᠭᠰᠢᠬᠦᠷᠢ ᠶᠢ ᠰᠡᠷᠬᠡᠶᠢᠯᠡᠬᠦ ᠴᠢᠳᠠᠪᠤᠷᠢ ᠪᠠᠨ ᠴᠢᠩᠭᠠᠳᠬᠠᠬᠤ ᠶᠢᠨ ᠲᠦᠯᠦᠬᠡ᠂ ᠠᠮᠢ ᠠᠬᠤᠢ ᠤᠷᠴᠢᠨ ᠲᠤᠭᠤᠷᠢᠨ ᠤ ᠶᠡᠰᠤ ᠴᠢᠨᠡᠷ ᠢ ᠦᠨᠡᠯᠡᠬᠦ ᠲᠦᠷᠦᠯ ᠵᠦᠢᠯ ᠢ ᠬᠡᠷᠡᠭᠵᠢᠬᠦᠯᠵᠤ ᠡᠭᠢᠯᠡᠭᠰᠡᠨ ᠪᠠᠶᠢᠨ᠎ᠠ᠃    ᠤᠢᠢᠯᠠᠭᠠᠬᠰᠠᠨ ᠢᠶᠠᠷ᠂ ᠤᠷᠳᠤᠰ ᠬᠤᠳᠡ ᠶᠢᠨ ᠠᠮᠢ ᠠᠬᠤᠢ ᠤᠷᠴᠢᠨ ᠲᠤᠭᠤᠷᠢᠨ ᠤ ᠶᠡᠰᠤ ᠴᠢᠨᠡᠷ ᠢ ᠦᠨᠡᠯᠡᠬᠦ ᠲᠦᠷᠦᠯ ᠵᠦᠢᠯ ᠢ ᠤᠷᠳᠤᠰ ᠬᠤᠳᠡ ᠪᠤᠯᠤᠨ ᠠᠮᠢ ᠠᠬᠤᠢ ᠤᠷᠴᠢᠨ ᠲᠤᠭᠤᠷᠢᠨ ᠤ ᠶᠠᠮᠤᠨ ᠤ ᠨᠠᠨᠵᠢᠩ ᠤᠨ ᠤᠷᠴᠢᠨ ᠲᠤᠭᠤᠷᠢᠨ ᠤ ᠰᠢᠨᠵᠢᠯᠡᠬᠦ ᠤᠬᠠᠭᠠᠨ ᠰᠤᠳᠤᠯᠭᠠᠨ ᠤ ᠲᠠᠰᠤᠭ ᠬᠠᠮᠳᠤᠷᠠᠨ ᠦᠷᠨᠢᠬᠦᠯᠵᠡᠢ᠃ ᠡᠨᠡ ᠬᠦ ᠲᠦᠷᠦᠯ ᠵᠦᠢᠯ ᠨᠢ ᠤᠷᠳᠤᠰ ᠬᠤᠳᠡ ᠶᠢᠨ ᠠᠮᠢ ᠠᠬᠤᠢ ᠤᠷᠴᠢᠨ ᠲᠤᠭᠤᠷᠢᠨ ᠤ ᠬᠠᠮᠢᠶᠠᠷᠤᠯᠳᠡ ᠶᠢᠨ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠪᠠᠷ ᠲᠡᠤᠬᠡᠨ ᠮᠠ᠊ᠲ᠊ᠸᠷᠢᠶᠠᠯ᠂ ᠪᠠᠶᠢᠩᠭᠤ ᠶᠢᠨ ᠬᠢᠨᠡᠨ ᠪᠠᠶᠢᠴᠠᠭᠠᠯᠳᠡ᠂ ᠭᠠᠵᠡᠷ ᠤᠨ ᠭᠠᠳᠠᠷᠭᠤ ᠶᠢᠨ ᠪᠠᠶᠢᠴᠠᠭᠠᠯᠳᠡ ᠵᠡᠷᠬᠡ ᠶᠢ ᠤᠶᠠᠯᠳᠤᠭᠤᠯᠵᠤ᠂ ᠪᠦᠬᠦ ᠬᠤᠳᠡ ᠶᠢᠨ ᠠᠮᠢ ᠠᠬᠤᠢ᠂ ᠠᠭᠠᠷ᠂ ᠤᠰᠤ ᠵᠡᠷᠬᠡ ᠤᠷᠴᠢᠨ ᠲᠤᠭᠤᠷᠢᠨ ᠤ ᠶᠡᠰᠤ ᠴᠢᠨᠡᠷ ᠤᠨ ᠤᠳᠤᠬᠢ ᠪᠠᠶᠢᠳᠠᠯ ᠪᠤᠯᠤᠨ ᠬᠤᠪᠢᠷᠠᠯᠳᠡ ᠶᠢᠨ ᠪᠠᠶᠢᠳᠠᠯ ᠳᠤ ᠰᠠᠭᠤᠷᠢᠯᠠᠨ ᠠᠭᠠᠷ᠂ ᠤᠰᠤ ᠵᠢᠴᠢ ᠬᠠᠳᠠᠭᠤ ᠪᠡᠶᠡᠳᠤ ᠬᠠᠶᠠᠬᠳᠠᠮᠠᠯ ᠪᠤᠳᠠᠰ ᠤᠨ ᠤᠨᠴᠠᠯᠢᠭ ᠢ ᠵᠠᠳᠠᠯᠵᠤ᠂ ᠤᠳᠤ ᠶᠢᠨ ᠤᠷᠤᠰᠢᠵᠤ ᠪᠠᠶᠢᠭ᠎ᠠ ᠭᠤᠤᠯ ᠪᠤᠯᠬᠤ ᠠᠰᠠᠭᠤᠳᠠᠯ ᠳᠤ ᠬᠠᠨᠳᠤᠭᠤᠯᠤᠨ ᠤᠷᠳᠤᠰ ᠬᠤᠳᠡ ᠶᠢᠨ ᠠᠮᠢ ᠠᠬᠤᠢ ᠤᠷᠴᠢᠨ ᠲᠤᠭᠤᠷᠢᠨ ᠤ ᠶᠡᠰᠤ ᠴᠢᠨᠡᠷ ᠢ ᠪᠦᠬᠦ ᠲᠠᠯ᠎ᠡ ᠪᠠᠷ ᠲᠡᠬᠡᠭᠰᠢᠯᠡᠬᠦᠯᠬᠦ ᠠᠷᠭ᠎ᠠ ᠪᠠᠷᠢᠯ ᠢ ᠲᠤᠷᠠᠳᠴᠤ ᠭᠠᠷᠭᠠᠬᠰᠠᠨ ᠪᠠᠶᠢᠨ᠎ᠡ᠃    ᠤᠷᠳᠤᠰ ᠬᠤᠳᠡ ᠪᠤᠯ ᠮᠠᠨ ᠤ ᠤᠯᠤᠰ ᠤᠨ ᠴᠢᠬᠤᠯᠡ ᠡᠨᠧᠷᠬᠢ ᠶᠢᠨ ᠰᠠᠭᠤᠷᠢᠨ᠂ ᠡᠬᠢ ᠪᠠᠶᠠᠯᠢᠭ ᠤᠨ ᠠᠭᠤᠯᠤᠬᠳᠠᠴᠡ ᠲᠠᠢ ᠭᠠᠵᠡᠷ ᠤᠷᠤᠨ ᠪᠤᠯᠬᠤ ᠪᠦᠬᠡᠳ ᠲᠤᠮᠤ ᠬᠡᠯᠪᠡᠷᠢ ᠶᠢᠨ ᠨᠡᠬᠦᠷᠡᠰᠤᠨ ᠠᠭᠤᠷᠬᠠᠢ ᠤᠯᠠᠨ ᠪᠠᠶᠢᠵᠤ᠂ ᠬᠦᠭᠵᠢᠯᠳᠡ ᠶᠢᠨ ᠬᠦᠳᠡᠯᠬᠡᠬᠦ ᠬᠦᠴᠦᠨ ᠪᠤᠯᠤᠨ ᠵᠦᠷᠢᠴᠡᠯ ᠵᠡᠷᠬᠡ ᠤᠷᠤᠰᠢᠵᠤ ᠪᠠᠶᠢᠳᠠᠭ᠃ ᠠᠰᠢᠬ ᠦᠬᠡᠢ ᠪᠠᠶᠢᠳᠠᠯ ᠢ ᠲᠠᠪᠠᠭᠤᠯᠢᠭ ᠪᠤᠯᠭᠠᠨ ᠠᠮᠢ ᠠᠬᠤᠢ ᠤᠷᠴᠢᠨ ᠲᠤᠭᠤᠷᠢᠨ ᠪᠤᠯᠤᠨ ᠡᠬᠢ ᠪᠠᠶᠠᠯᠢᠭ ᠢ ᠨᠡᠬᠡᠬᠡᠨ ᠠᠰᠢᠬᠯᠠᠬᠤ ᠶᠢ ᠰᠠᠶᠢᠳᠤᠷ ᠤᠶᠠᠯᠳᠤᠭᠤᠯᠤᠨ ᠬᠦᠭᠵᠢᠬᠦᠯᠬᠦ ᠪᠤᠯ ᠤᠷᠳᠤᠰ ᠬᠤᠳᠡ ᠶᠢᠨ ᠯᠤᠳᠤ ᠶᠡᠭᠡ ᠦᠷᠢᠰᠦᠯᠳᠦᠬᠡᠨ ᠪᠤᠯᠬᠤ ᠪᠦᠬᠡᠳ ᠮᠦᠨ ᠴᠦ ᠬᠤᠶᠢᠰᠢᠳᠡ ᠶᠢᠨ ᠬᠦᠭᠵᠢᠯᠳᠡ ᠶᠢᠨ ᠬᠢᠨᠢ ᠬᠠᠨᠳᠤᠯᠭ᠎ᠠ ᠪᠤᠯᠬᠤ ᠶᠤᠮ᠃ ᠤᠷᠳᠤᠰ ᠬᠤᠳᠡ ᠶᠢᠨ ᠬᠢᠨ ᠰᠢᠨᠵᠢᠯᠡᠬᠦ ᠤᠬᠠᠭᠠᠨᠴᠢ ᠪᠠᠷ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠵᠤ᠂ ᠪᠦᠳᠦᠴᠡ ᠶᠢᠨ ᠲᠤᠬᠢᠷᠠᠭᠤᠯᠤᠯᠳᠡ ᠶᠢ ᠠᠬᠢᠭᠤᠯᠤᠨ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠶᠢ ᠵᠤᠬᠢᠴᠠᠭᠤᠯᠤᠨ ᠬᠦᠭᠵᠢᠬᠦᠯᠵᠤ᠂ ᠡᠬᠢ ᠪᠠᠶᠠᠯᠢᠭ ᠤᠨ ᠬᠡᠯᠪᠡᠷᠢ ᠶᠢᠨ ᠬᠤᠳᠠ ᠶᠢᠨ ᠬᠦᠭᠵᠢᠯᠳᠡ ᠶᠢᠨ ᠰᠢᠨ᠎ᠠ ᠵᠠᠮ ᠢ ᠨᠡᠬᠡᠬᠡᠭᠰᠡᠨ ᠪᠠᠶᠢᠨ᠎ᠡ᠃
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号