ᠠᠩᠬᠠᠳᠤᠭᠠᠷ ᠬᠤᠭᠤᠴᠠᠭᠠᠨ ᠤ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠳᠤᠮᠳᠠᠳᠤ ᠤᠯᠤᠰ ᠤᠨ ᠨᠡᠬᠡᠬᠡᠯᠳᠡ ᠬᠢᠬᠦ ︽ᠪᠤᠤᠬᠢᠶ᠎ᠠ︾᠎ ᠶᠢ ᠬᠡᠷᠡᠴᠢᠯᠡᠨ᠎ᠡ
2018-10-07 11:34:33
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
                    ᠰᠢᠨᠬᠤᠸᠠ ᠬᠤᠷᠢᠶᠠᠨ ᠤ ᠰᠤᠷᠪᠤᠯᠵᠢᠯᠠᠬᠴᠢ ᠶᠤᠤ ᠢᠥᠢ ᠵᠢᠶᠧ ᠵᠸᠤ ᠷᠦᠢ    ᠳᠤᠮᠳᠠᠳᠤ ᠤᠯᠤᠰ ᠤᠨ ᠨᠡᠬᠡᠬᠡᠯᠳᠡ ᠬᠢᠭᠰᠡᠨ ᠪᠡᠯᠬᠡ ᠳᠡᠮᠳᠡᠭᠳᠤ ᠬᠤᠳᠠ ᠱᠠᠩᠬᠠᠢ ᠳᠤ᠂ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ 30 ᠡᠳᠤᠷ ᠤᠨ ᠳᠠᠷᠠᠭ᠎ᠠ ᠠᠳᠡ ᠡᠬᠢᠯᠡᠬᠦ ᠪᠤᠯᠤᠨ᠎ᠡ᠃    ︽ᠳᠤᠮᠳᠠᠳᠤ ᠤᠯᠤᠰ ᠨᠡᠭᠡᠬᠡᠯᠲᠡ ᠭᠢᠬᠦ ᠡᠭᠦᠳᠡ ᠪᠠᠨ ᠬᠠᠭᠠᠬᠤ ᠦᠭᠡᠢ᠂ ᠲᠡᠷᠡ ᠮᠦᠷᠲᠡᠭᠡᠨ ᠶᠠᠪᠤᠬᠤ ᠳᠤᠲᠤᠮ ᠶᠡᠭᠡ ᠨᠡᠭᠡᠭᠡᠨ᠎ᠠ︾᠂ ︽ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠨᠢ ᠳᠤᠮᠳᠠᠳᠤ ᠤᠯᠤᠰ ᠤᠨ ᠭᠤᠴᠤᠯᠠᠯ ᠳᠠᠭᠤᠤ ᠪᠢᠰᠢ ᠬᠠᠷᠢᠨ ᠡᠯ᠎ᠡ ᠤᠯᠤᠰ ᠤᠳ ᠤᠨ ᠨᠠᠶᠢᠷᠠᠯ ᠳᠠᠭᠤᠤ ᠪᠤᠯᠤᠨ᠎ᠡ︾ ᠁ ᠪᠦᠬᠦ ᠳᠡᠯᠡᠬᠡᠢ ᠶᠢᠨ ᠠᠩᠬᠠᠳᠠᠬᠴᠢ ᠭᠠᠳᠠᠭᠠᠳᠤ ᠤᠷᠤᠭᠤᠯᠤᠯᠳᠠ ᠪᠠᠷ ᠭᠤᠤᠯ ᠰᠡᠳᠦᠪ ᠪᠤᠯᠭᠠᠬᠤ ᠦᠵᠡᠰᠬᠦᠯᠡᠩ ᠨᠢ ᠳᠤᠮᠳᠠᠳᠤ ᠤᠯᠤᠰ ᠤᠨ ᠰᠢᠨ᠎ᠡ ᠨᠢᠬᠡ ᠡᠬᠡᠯᠵᠢ ᠶᠢᠨ ᠦᠨᠳᠦᠷ ᠳᠦᠪᠰᠢᠨ ᠪᠦᠬᠦᠢ ᠭᠠᠳᠠᠭᠠᠳᠤ ᠨᠡᠬᠡᠬᠡᠯᠳᠡ ᠬᠢᠬᠦ ᠶᠢ ᠠᠬᠢᠭᠤᠯᠬᠤ ︽ᠪᠤᠤᠬᠢᠶ᠎ᠠ︾᠎ ᠶᠢ ᠬᠡᠷᠡᠴᠢᠯᠡᠬᠦ ᠪᠤᠯᠤᠨ᠎ᠡ᠃        ᠳᠠᠷᠠᠭᠠᠴᠢ ᠶᠢᠨ ᠦᠷᠳᠡᠭᠡ᠂ ᠱᠠᠩᠬᠠᠢ ᠳᠤ︕    ᠳᠤᠮᠳᠠᠳᠤ ᠠᠹᠷᠢᠺᠠ ᠶᠢᠨ ᠬᠠᠮᠳᠤᠷᠠᠯᠴᠠᠭᠠᠨ ᠤ ᠶᠠᠷᠢᠶᠠᠨ ᠤ ᠳᠠᠪᠴᠠᠩ ᠤᠨ ᠪᠡᠬᠡᠵᠢᠩ ᠳᠠᠬᠢ ᠳᠦᠷᠦᠬᠦᠴᠦᠳ ᠤᠨ ᠬᠤᠷᠠᠯ ᠤᠨ ᠳᠠᠷᠠᠭ᠎ᠠ᠂ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠨᠢ ᠳᠤᠮᠳᠠᠳᠤ ᠤᠯᠤᠰ ᠤᠨ ᠰᠠᠨᠠᠭᠠᠴᠢᠯᠠᠭ᠎ᠠ ᠠᠴᠠ ᠪᠠᠨ ᠨᠡᠬᠡᠬᠡᠯᠳᠡ ᠬᠢᠬᠦ ︽ᠪᠤᠤᠬᠢᠶ᠎ᠠ︾᠎ ᠶᠢ ᠳᠤᠰᠤᠨ ᠠᠪᠤᠪᠠ᠃ ᠡᠷᠬᠢᠯᠡᠬᠦ ᠭᠠᠵᠠᠷ ᠨᠢ ᠱᠠᠩᠬᠠᠢ᠂ ᠤᠳᠤᠬᠠᠨ ᠳᠤ ᠪᠦᠬᠦ ᠬᠤᠳᠠ ᠪᠠᠷ ᠢᠶᠠᠨ ︽ᠦᠵᠡᠰᠬᠦᠯᠡᠩ ᠤᠨ ᠬᠤᠭᠤᠴᠠᠭᠠᠨ︾᠎ ᠳᠤ ᠤᠷᠤᠪᠠ᠃    4᠎ ᠤ ᠦᠳᠡ ᠶᠢᠨ ᠡᠮᠤᠨ᠎ᠡ᠂ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠡᠷᠬᠢᠯᠡᠬᠦ ᠳᠠᠯᠠᠪᠠᠢ — ᠤᠯᠤᠰ ᠤᠨ ᠬᠤᠷᠠᠯ ᠦᠵᠡᠰᠬᠦᠯᠡᠩ ᠤᠨ ᠳᠦᠪ ︵ᠱᠠᠩᠬᠠᠢ︶ ᠠᠩᠬᠠᠳᠤᠭᠠᠷ ᠤᠳᠠᠭ᠎ᠠ ᠶᠢᠨ ᠪᠦᠬᠦ ᠡᠯᠧᠮᠧᠨ᠋ᠲ ᠤᠨ ᠨᠡᠶᠢᠯᠡᠯ ᠰᠤᠷᠢᠯᠲᠠ ᠬᠢᠵᠤ᠂ ᠤᠳᠠᠯ ᠦᠬᠡᠢ ᠪᠤᠯᠬᠤ ᠬᠡᠵᠥ ᠪᠠᠶᠢᠭ᠎ᠠ ᠭᠠᠳᠠᠭᠠᠳᠤ ᠤᠷᠤᠭᠤᠯᠤᠯᠳᠠ ᠶᠢᠨ ᠦᠵᠡᠰᠬᠦᠯᠡᠩ ᠳᠤ ᠪᠦᠷᠢᠨ ᠰᠠᠶᠢᠬᠠᠨ ᠪᠡᠯᠡᠳᠬᠡᠯ ᠠᠵᠢᠯ ᠢᠶᠠᠨ ᠬᠢᠪᠡ᠃    ᠦᠵᠡᠰᠭᠦᠯᠡᠩ ᠤᠨ ᠲᠢᠩᠬᠢᠮ ᠳᠤ ᠭᠠᠯ ᠤᠨ ᠠᠶᠤᠯ ᠡᠭᠦᠰᠪᠡᠯ ᠶᠠᠭᠠᠬᠢᠬᠤ ᠪᠤᠢ︖ ᠬᠦᠮᠦᠨ ᠮᠠᠨᠠᠷᠠᠵᠤ ᠤᠨᠠᠬᠤ ᠪᠤᠶᠤ ᠮᠡᠳᠡᠭᠡ ᠠᠯᠳᠠᠪᠠᠯ ᠬᠡᠷᠬᠢᠨ ᠬᠠᠮᠤᠭ ᠲᠦᠷᠭᠡᠨ ᠢᠶᠠᠷ ᠠᠪᠤᠷᠠᠨ ᠲᠤᠰᠠᠯᠠᠬᠤ ᠪᠤᠢ︖ ᠡᠮᠦᠨ᠎ᠡ ᠨᠢᠭᠡ ᠬᠤᠭᠤᠴᠠᠭᠠᠨ ᠤ 10 ᠲᠠᠯᠠᠪᠤᠷ ᠤᠷᠴᠢᠮ ᠳᠤᠮᠤ ᠬᠡᠯᠪᠡᠷᠢ ᠶᠢᠨ ᠲᠤᠰᠬᠠᠢ ᠰᠤᠷᠢᠯᠲᠠ ᠪᠤᠯᠤᠨ 60 ᠭᠠᠷᠤᠢ ᠲᠠᠯᠠᠪᠤᠷ ᠪᠠᠭ᠎ᠠ ᠬᠡᠯᠪᠡᠷᠢ ᠶᠢᠨ ᠲᠦᠷᠦᠯ ᠬᠤᠪᠢᠶᠠᠭᠰᠠᠨ ᠰᠤᠷᠢᠯᠲᠠ ᠶᠢᠨ ᠰᠠᠭᠤᠷᠢᠨ ᠳᠡᠭᠡᠷ᠎ᠡ᠂ ᠪᠦᠬᠦ ᠡᠯᠧᠮᠧᠨ᠋ᠲ ᠤᠨ ᠨᠡᠶᠢᠯᠡᠯ ᠰᠤᠷᠢᠯᠲᠠ ᠨᠢ ᠲᠠᠯᠠᠪᠤᠷ ᠲᠤ ᠤᠷᠤᠬᠤ ᠰᠤᠷᠢᠯᠲᠠ ᠶᠢᠨ ᠳᠤᠭᠤᠢᠢᠯᠠᠩ᠂ ᠶᠠᠷᠢᠶᠠᠨ ᠤ ᠲᠠᠪᠴᠠᠩ ᠤᠨ ᠰᠤᠷᠢᠯᠲᠠ ᠶᠢᠨ ᠳᠤᠭᠤᠢᠢᠯᠠᠩ᠂ ᠬᠡᠨᠡᠳᠲᠡ ᠡᠭᠦᠰᠦᠭᠰᠡᠨ ᠪᠠᠴᠢᠮ ᠪᠠᠶᠢᠳᠠᠯ ᠢ ᠠᠷᠭᠠᠴᠠᠬᠤ ᠰᠤᠷᠢᠯᠲᠠ ᠶᠢᠨ ᠲᠤᠭᠤᠢᠢᠯᠠᠩ ᠵᠡᠷᠭᠡ 8 ᠳᠤᠭᠤᠢᠢᠯᠠᠩ ᠢᠶᠠᠷ ᠶᠠᠪᠤᠭᠲᠠᠵᠤ᠂ 15 ᠲᠠᠯ᠎ᠠ ᠶᠢᠨ ᠶᠡᠷᠦᠩᠬᠡᠶᠢᠯᠡᠭᠰᠡᠨ ᠴᠢᠨᠠᠷᠲᠠᠢ ᠰᠤᠷᠢᠯᠲᠠ ᠦᠷᠨᠢᠭᠦᠯᠪᠡ᠃    ᠤᠯᠤᠰ ᠤᠨ ᠬᠤᠷᠠᠯ ᠦᠵᠡᠰᠭᠦᠯᠡᠩ ᠤᠨ ᠲᠦᠪ ︵ᠱᠠᠩᠬᠠᠢ︶᠎ ᠤᠨ ᠡᠷᠭᠢᠨ ᠲᠤᠭᠤᠷᠢᠨ ᠤ 15 ᠵᠤᠷᠪᠤᠰ ᠢᠵᠢ ᠪᠦᠷᠢᠳᠦᠭᠦᠯᠦᠭᠰᠡᠨ ᠵᠠᠮ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠵᠦ᠂ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠦᠭᠡᠷᠡᠴᠢᠯᠡᠨ ᠪᠠᠶᠢᠭᠤᠯᠬᠤ ᠪᠤᠯᠤᠨ ᠲᠦᠪᠯᠡᠷᠡᠭᠦᠯᠵᠦ ᠡᠵᠡᠮᠳᠡᠬᠦ ᠠᠵᠢᠯ ᠢ ᠦᠨᠳᠦᠰᠦᠨ ᠳᠡᠭᠡᠨ ᠪᠡᠶᠡᠯᠡᠭᠦᠯᠵᠦ᠂ ᠭᠤᠤᠯᠳᠠᠯᠭᠠᠲᠤ ᠢᠵᠢ ᠪᠦᠷᠢᠳᠦᠭᠦᠯᠦᠭᠰᠡᠨ ᠲᠦᠷᠦᠯ ᠵᠦᠢᠯ ᠪᠤᠯᠬᠤ ᠬᠤᠩ ᠴᠢᠶᠤᠤ ᠬᠤᠳᠠᠯᠳᠤᠭᠠᠨ ᠤ ᠲᠤᠭᠤᠷᠢᠭ ᠤᠨ ᠬᠤᠶᠠᠳᠤᠭᠠᠷ ᠳᠠᠪᠬᠤᠷᠯᠢᠭ ᠤᠨ ᠭᠤᠳᠤᠮᠵᠢ ᠶᠢ ᠵᠡᠭᠦᠨᠰᠢ ᠤᠷᠲᠤᠳᠬᠠᠬᠤ ᠵᠢᠴᠢ ᠲᠠᠪᠤᠳᠤᠭᠠᠷ ᠨᠤᠮᠧᠷᠲᠤ ᠲᠡᠷᠭᠡᠨ ᠵᠤᠭᠰᠤᠭᠠᠯ ᠤᠨ ᠲᠠᠯᠠᠪᠤᠷ ᠤᠨ ᠪᠠᠷᠢᠯᠭ᠎ᠠ ᠶᠢ ᠳᠠᠭᠤᠰᠬᠠᠪᠠ︔ ᠬᠤᠷᠠᠯ ‍ᠦᠵᠡᠰᠭᠦᠯᠡᠩ ᠤᠨ ᠲᠦᠪ ᠤᠨ ᠡᠷᠭᠢᠨ ᠲᠤᠭᠤᠷᠢᠨ ᠤ ᠵᠠᠮ ᠤᠨ ᠬᠠᠷᠢᠯᠴᠠᠭᠠᠨ ᠤ ᠨᠢᠭᠡ ᠴᠤᠭᠴᠠᠵᠢᠭᠰᠠᠨ ᠵᠢᠯᠤᠭᠤᠳᠤᠯᠭ᠎ᠠ ᠶᠢ ᠰᠢᠯᠢᠳᠡᠭᠵᠢᠭᠦᠯᠦᠨ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠵᠢᠯᠤᠭᠤᠲᠤᠨ ᠳᠠᠭᠠᠭᠤᠯᠬᠤ APP᠎ ᠶᠢ ᠨᠡᠬᠡᠭᠡᠨ ᠬᠦᠭᠵᠢᠭᠦᠯᠵᠦ᠂ ᠭᠠᠵᠠᠷ ᠳᠡᠭᠡᠷᠡᠬᠢ ᠨᠡᠶᠢᠲᠡ ᠶᠢᠨ ᠮᠠᠰᠢᠨ ᠲᠡᠷᠭᠡᠨ ᠳᠤ 8 ᠵᠤᠷᠪᠤᠰ ᠤᠬᠤᠷ ᠵᠠᠮ ᠤᠨ ᠱᠤᠭᠤᠮ ᠨᠡᠮᠡᠨ ᠲᠤᠬᠢᠷᠠᠭᠤᠯᠵᠤ᠂ ᠡᠳᠦᠷ ᠪᠦᠷᠢ ᠪᠠᠴᠢᠮ ᠪᠠᠶᠢᠳᠠᠯ ᠢ ᠠᠷᠭᠠᠴᠠᠬᠤ 100 ᠨᠡᠶᠢᠲᠡ ᠶᠢᠨ ᠮᠠᠰᠢᠨ ᠲᠡᠷᠭᠡ ᠶᠢᠨ ᠪᠡᠯᠡᠳᠭᠡᠯ ᠲᠡᠷᠭᠡ ᠲᠤᠬᠢᠷᠠᠭᠤᠯᠵᠤ᠂ ᠨᠡᠶᠢᠲᠡ ᠶᠢᠨ ᠮᠠᠰᠢᠨ ᠲᠡᠷᠭᠡ ᠶᠢᠨ ︽ᠤᠷᠤᠵᠤ ᠢᠷᠡᠵᠦ ᠳᠡᠶᠢᠯᠬᠦ᠂ ᠭᠠᠷᠴᠤ ᠶᠠᠪᠤᠵᠤ ᠳᠡᠶᠢᠯᠬᠦ᠂ ᠰᠠᠭᠠᠳ ᠦᠭᠡᠢ ᠨᠡᠪᠲᠡᠷᠡᠬᠦ︾᠎ ᠶᠢ ᠪᠠᠲᠤᠯᠠᠪᠠ ᠁ ᠱᠠᠩᠬᠠᠢ ᠨᠢ ᠨᠠᠷᠢᠨ ᠵᠦᠢᠯᠡᠰ ᠪᠦᠬᠦᠨ ᠢ ᠪᠦᠬᠦ ᠬᠦᠴᠦᠨ ᠢᠶᠠᠷ ᠴᠢᠷᠮᠠᠶᠢᠨ ᠬᠢᠪᠡ᠃    ︽ᠱᠠᠩᠬᠠᠢ ᠴᠢᠩᠭ᠎ᠠ ᠬᠠᠷᠢᠭᠤᠴᠠᠯᠭᠠᠲᠤ ᠰᠡᠳᠭᠢᠯᠭᠡ ᠪᠤᠯᠤᠨ ᠡᠭᠦᠷᠭᠡᠲᠦ ᠰᠡᠳᠭᠢᠯᠭᠡ ᠪᠠᠷ᠂ ᠡᠯ᠎ᠡ ᠵᠦᠢᠯ ᠤᠨ ᠵᠤᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢᠨ ᠠᠵᠢᠯ ᠢ ᠪᠦ᠋ᠬᠦ ᠬᠦᠴᠦᠨ ᠢᠶᠠᠷ ᠰᠠᠶᠢᠲᠤᠷ ᠬᠢᠵᠦ᠂ ᠲᠦᠪ ᠬᠤᠷᠢᠶᠠᠨ ᠤ ᠱᠠᠩᠬᠠᠢ ᠳᠤ ᠲᠠᠯᠪᠢᠭᠰᠠᠨ ᠢᠲᠡᠭᠡᠯ ᠪᠤᠯᠤᠨ ᠬᠦᠨᠳᠦ ᠨᠠᠶᠢᠳᠠᠯᠭ᠎ᠠ ᠶᠢ ᠬᠦᠰᠡᠷᠳᠡᠭᠦᠯᠬᠦ ᠦᠭᠡᠢ︾ ᠭᠡᠵᠦ ᠱᠠᠩᠬᠠᠢ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠯᠢ ᠴᠢᠶᠠᠩ ᠬᠡᠯᠡᠪᠡ᠃          ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠳᠤ           ᠤᠷᠤᠯᠴᠠᠬᠤ ᠬᠠᠯᠠᠭᠤᠷᠠᠯ ᠬᠦᠷᠴᠦ ᠢᠷᠡᠪᠡ    4᠎ ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠳᠤ ᠤᠷᠤᠯᠴᠠᠬᠤ ᠠᠩᠬᠠᠳᠠᠭᠴᠢ ᠭᠠᠳᠠᠭᠠᠳᠤ ᠤᠷᠤᠭᠤᠯᠤᠯᠲᠠ ᠶᠢᠨ ᠪᠦᠯᠦᠭ ᠬᠤᠪᠢᠶᠠᠭᠰᠠᠨ ᠴᠢᠩᠭᠡᠯᠢᠭ ᠠᠮᠵᠢᠯᠲᠠ ᠲᠠᠢ ᠪᠠᠷ ᠱᠠᠩᠬᠠᠢ ᠶᠢᠨ ᠡᠦ ᠰᠦᠩ ᠪᠤᠭᠤᠮᠳᠠ ᠶᠢᠨ ᠬᠠᠷᠢᠶᠠᠲᠤ ᠤᠷᠤᠨ ᠳᠤ ᠲᠡᠭᠡᠭᠡᠪᠦᠷᠢᠯᠡᠭᠳᠡᠨ ᠢᠷᠡᠪᠡ᠃ ᠡᠨᠡ ᠬᠦ ᠴᠢᠩᠭᠡᠯᠢᠭ ᠲᠤ 15 ᠪᠦᠯᠦᠭ ᠬᠤᠪᠢᠶᠠᠭᠰᠠᠨ ᠳᠠᠩᠰᠨ ᠪᠠᠶᠢᠵᠤ᠂ ᠹᠢᠯᠢᠫᠢᠨ ᠤ 15 ᠦᠵᠡᠰᠭᠦᠯᠡᠩ ᠳᠤ ᠤᠷᠤᠯᠴᠠᠬᠤ ᠠᠷᠠᠯᠵᠢᠶᠠᠴᠢᠨ ᠤ 234 ᠵᠦᠢᠯ ᠤᠨ ᠢᠳᠡᠭᠡᠨ ᠲᠠᠢ ᠬᠤᠯᠪᠤᠭᠳᠠᠨ᠎ᠠ᠂ ᠠᠪᠠᠷᠠᠢ ᠶᠢᠨ ᠬᠠᠲᠠᠭᠠᠮᠠᠯ᠂ ᠴᠤᠺᠤᠯᠠᠳ᠋᠂ ᠠᠷᠢᠬᠢᠨ ᠤ ᠲᠦᠷᠦᠯ ᠪᠤᠯᠤᠨ ᠡᠯ᠎ᠡ ᠵᠦᠢᠯ ᠤᠨ ᠵᠢᠮᠢᠰ ᠤᠨ ᠯᠤᠩᠬᠤᠲᠤ ᠢᠳᠡᠭᠡᠨ ᠵᠡᠷᠭᠡ ᠶᠢ ᠪᠠᠭᠲᠠᠭᠠᠨ᠎ᠠ᠃ ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠤᠨ ︽ᠪᠦᠬᠦ ᠶᠠᠪᠤᠴᠠ ᠳᠤ ᠰᠠᠭᠠᠳ ᠦᠭᠡᠢ ᠨᠡᠪᠲᠡᠷᠡᠬᠦ ᠵᠠᠮ︾᠎ ᠢᠶᠠᠷ ᠳᠠᠮᠵᠢᠭᠤᠯᠵᠤ᠂ ᠤᠡᠭᠭᠤᠴᠠᠨ ᠠᠴᠠ ᠪᠠᠭᠤᠯᠭᠠᠬᠤ ᠠᠴᠠ ᠬᠦᠮᠦᠷᠭᠡᠯᠡᠬᠦ ᠬᠦᠷᠲᠡᠯᠡᠬᠢ ᠪᠦᠬᠦ ᠶᠠᠪᠤᠴᠠ ᠶᠢ ᠶᠡᠷᠦᠳᠡ ᠶᠢᠨ ᠠᠵᠢᠯ ᠤᠨ ᠬᠤᠭᠤᠴᠠᠭ᠎ᠠ ᠲᠠᠢ ᠬᠠᠷᠢᠴᠠᠭᠤᠯᠪᠠᠯ ᠪᠠᠷᠤᠭ 2 ᠡᠳᠦᠷ ᠪᠤᠭᠤᠨᠢᠰᠬᠠᠪᠠ᠃    ᠤᠳᠤᠬᠠᠨ ᠳᠤ᠂ ᠡᠯ᠎ᠠ ᠲᠦᠷᠤᠯ ᠤᠨ ᠦᠵᠡᠭᠦᠯᠬᠡ ᠶᠢᠨ ᠵᠦᠢᠯ ᠪᠠᠷᠠᠭᠤᠨ ᠡᠸᠦ᠋ᠷᠤᠫᠡ᠂ ᠡᠮᠤᠨᠡᠳᠤ ᠨᠤᠮᠤᠬᠠᠨ ᠲᠠᠯᠠᠢ᠂ ᠲᠤᠮᠳᠠ ᠠᠮᠧᠷᠢᠺᠠ ᠲᠢᠪ᠂ ᠡᠮᠤᠨᠡᠳᠤ ᠭᠡᠰᠡᠭ ᠤᠨ ᠠᠹᠷᠢᠺᠠ ᠲᠢᠪ ᠠᠴᠠ ᠲᠠᠩᠬᠢᠰ ᠲᠠᠯᠠᠢ ᠶᠢ ᠭᠠᠳᠤᠯᠵᠤ᠂ ᠡᠳᠤᠷᠵᠢᠨ ᠰᠦᠨᠢᠵᠢᠨ ᠠᠶᠠᠯᠠᠵᠤ ᠲᠤᠮᠳᠠᠳᠤ ᠤᠯᠤᠰ ᠤᠨ ᠱᠠᠩᠬᠠᠢ ᠲᠡᠶᠢᠰᠢ ᠭᠦᠷᠴᠤ ᠢᠷᠡᠵᠤ ᠪᠤᠢ᠃    ᠰᠤᠯᠢᠯᠴᠠᠭᠠᠨ ᠤ ᠪᠦᠯᠭᠦᠮ ᠤᠨ ᠵᠤᠯᠭᠠᠯᠴᠠᠭ᠎ᠠ ᠴᠤ ᠢᠲᠡ ᠬᠦᠭ ᠲᠠᠢ ᠶᠠᠪᠤᠭᠲᠠᠵᠤ᠂ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠤᠨ ᠴᠤᠭᠯᠠᠭᠠᠨ ᠳᠠᠬᠢ ︽ᠪᠢᠯᠬᠠᠨ ᠭᠠᠷᠬᠤ ᠦᠢᠯᠡᠳᠦᠯ︾ ᠶᠠᠭ ᠰᠠᠶᠢᠬᠠᠨ ᠪᠦᠭᠦ ᠤᠯᠤᠰ ᠢ ᠨᠦᠯᠤᠭᠡᠯᠡᠵᠤ ᠪᠠᠶᠢᠨ᠎ᠠ᠃ ᠲᠦᠪ ᠤᠨ ᠠᠵᠤ ᠠᠬᠤᠢᠢᠯᠠᠯ ᠤᠨ ᠰᠤᠯᠢᠯᠴᠠᠭᠠᠨ ᠤ ᠪᠦᠯᠭᠦᠮ᠂ ᠡᠯ᠎ᠠ ᠭᠠᠵᠠᠷ ᠤᠨ ᠰᠤᠯᠢᠯᠴᠠᠭᠠᠨ ᠤ ᠪᠦᠯᠭᠦᠮ ᠨᠡᠩ ᠴᠢᠨᠠᠭᠰᠢᠯᠠᠪᠠᠯ ᠤᠯᠤᠰ ᠤᠨ ᠭᠠᠳᠠᠭᠠᠳᠤ ᠶᠢᠨ ᠰᠤᠯᠢᠯᠴᠠᠭᠠᠨ ᠤ ᠬᠤᠳᠠᠯᠳᠤᠭᠠᠴᠢᠳ ᠵᠡᠷᠭᠡ ᠪᠦᠷ ︽ᠦᠷᠢᠰᠤᠯᠳᠤᠭᠡᠨ ᠳᠤ ᠤᠷᠤᠯᠴᠠᠬᠤ ᠪᠠᠷ ᠬᠠᠨᠴᠤᠢ ᠰᠢᠮᠠᠯᠠᠵᠤ︾᠂ ᠤᠷᠢᠳᠴᠢᠯᠠᠨ ᠦᠵᠡᠰᠭᠦᠯᠡᠩ ᠤᠨ ᠬᠤᠳᠠᠯᠳᠤᠭᠠᠴᠢᠳ ᠲᠠᠢ ᠵᠤᠯᠭᠠᠯᠴᠠᠭ᠎ᠠ ᠬᠢᠵᠤ ᠪᠠᠶᠢᠨ᠎ᠠ᠃ ᠰᠤ᠋ ᠨᠢᠩ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠸᠠᠩ ᠵᠧ᠄ ︽ᠭᠠᠳᠠᠭᠠᠳᠤ ᠤᠷᠤᠭᠤᠯᠤᠯᠲᠠ ᠶᠢᠨ ᠦᠵᠡᠰᠭᠦᠯᠡᠩ ᠢᠶᠠᠷ ᠲᠠᠮᠵᠢᠭᠤᠯᠤᠨ ᠶᠠᠳᠠᠬᠤ ᠳᠠᠭᠠᠨ 1000 ᠰᠢᠬᠠᠮ ᠲᠦᠷᠤᠯ ᠤᠨ ᠤᠯᠤᠰ ᠤᠨ ᠲᠤᠳᠤᠭᠠᠳᠤ ᠳᠤ ᠬᠠᠷᠠᠬᠠᠨ ᠪᠤᠷᠤᠯᠠᠭᠤᠯᠭ᠎ᠠ ᠬᠢᠭᠡ ᠦᠭᠡᠢ ᠭᠠᠳᠠᠭᠠᠳᠤ ᠤᠷᠤᠭᠤᠯᠤᠯᠳᠠ ᠶᠢᠨ ᠦᠢᠯᠡᠳᠭᠦᠨ ᠪᠤᠯᠤᠨ ᠦᠢᠯᠡᠴᠢᠯᠡᠭᠡ ᠶᠢ ᠲᠠᠳᠠᠨ ᠠᠪᠴᠢᠷᠠᠵᠤ᠂ ᠡᠭᠦᠨ ᠠᠴᠠ ᠬᠤᠵᠢᠮ 100 ᠳ᠋ᠦᠡᠭᠰᠢᠭᠤᠷ ᠡᠸᠦᠷᠦ᠋ ᠵᠤᠭᠤᠰ ᠭᠠᠷᠭᠠᠵᠤ ᠪᠦᠭᠦ ᠲᠡᠯᠡᠭᠡᠢ ᠠᠴᠠ ᠬᠤᠳᠠᠯᠳᠤᠨ ᠠᠪᠬᠤ ᠳᠤ ᠭᠡᠷᠡᠭᠯᠡᠨ᠎ᠠ︾ ᠭᠡᠵᠤ ᠭᠡᠯᠡᠪᠡ᠃    ᠭᠦᠮᠤᠨ ᠦᠭᠡᠢ ᠭᠦᠮᠤᠷᠭᠡ᠂ ᠵᠢᠯᠤᠭᠤᠴᠢ ᠦᠭᠡᠢ ᠪᠠᠷ ᠵᠢᠯᠤᠭᠤᠳᠬᠤ᠂ ᠭᠦᠮᠤᠨ ᠯᠦᠭᠡ ᠬᠠᠮᠵᠢᠯᠴᠠᠵᠤ ᠴᠢᠳᠠᠬᠤ ᠮᠠᠰᠢᠨ ᠭᠦᠮᠤᠨ᠂ ︽ᠲᠦᠮᠡᠨ ᠪᠤᠳᠠᠰ ᠬᠠᠷᠢᠯᠴᠠᠨ ᠬᠤᠯᠪᠤᠯᠳᠤᠭᠰᠠᠨ︾ ᠤᠶᠤᠨᠴᠢ ᠦᠢᠯᠡᠳᠪᠤᠷᠢ᠂ ᠭᠡᠷᠡᠯ ᠤᠨ ᠲᠤᠯᠬᠢᠶᠠᠨ ᠢᠶᠠᠷ ᠠᠴᠢᠶᠠᠯᠠᠪᠤᠷᠢ ᠪᠤᠯᠭᠠᠭᠰᠠᠨ ᠴᠢᠮᠡᠭᠡ ᠬᠤᠯᠪᠤᠭ᠎ᠠ ᠶᠢᠨ ᠮᠡᠷᠭᠡᠵᠢᠯ᠂ ᠤᠶᠤᠨᠴᠢ ᠮᠠᠰᠢᠨᠳᠤ ᠤᠷᠤ ᠁ ᠠᠩᠬᠠᠳᠤᠭᠠᠷ ᠬᠤᠭᠤᠴᠠᠭᠠᠨ ᠤ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠨᠢ ᠪᠦᠭᠦ ᠪᠦᠮᠪᠤᠷᠴᠡᠭ ᠤᠨ ᠬᠠᠮᠤᠭ ᠰᠢᠨ᠎ᠠ ︽ᠰᠢᠨᠵᠢᠯᠡᠭᠦ ᠤᠬᠠᠭᠠᠨ ᠮᠡᠷᠭᠡᠵᠢᠯ︾᠎ ᠤᠨ ᠦᠷᠢᠰᠤᠯᠳᠤᠭᠡᠨ ᠤ ᠲᠠᠯᠠᠪᠤᠷ ᠪᠤᠯᠬᠤ ᠪᠤᠯᠤᠨ᠎ᠠ᠃          ︽ᠲᠤᠮᠳᠠᠳᠤ ᠤᠯᠤᠰ ᠨᠡᠷᠡᠮᠵᠢᠳᠤ ᠬᠤᠷᠳᠤᠨ ᠲᠡᠷᠭᠡ︾᠎ ᠨᠢ           ᠲᠡᠯᠡᠭᠡᠢ ᠳ᠋ᠠᠬᠢᠨ ᠳᠤ ᠰᠢᠨ᠎ᠠ ᠠᠵᠠ ᠲᠤᠬᠢᠶᠠᠯ ᠢ ᠠᠪᠴᠢᠷᠠᠨ᠎ᠠ    ᠨᠡᠭᠡᠭᠡᠯᠳᠠ ᠶᠢ ᠦᠷᠭᠡᠳᠭᠡᠭᠦ ᠰᠢᠢᠳᠮᠡᠭ ᠵᠤᠷᠢᠭ ᠲᠠᠬᠢ ︽ᠲᠤᠮᠳᠠᠳᠤ ᠤᠯᠤᠰ ᠨᠡᠷᠡᠮᠵᠢᠳᠤ ᠬᠤᠷᠳᠤᠨ ᠲᠡᠷᠭᠡ︾᠎ ᠶᠢ ᠦᠢᠯᠡᠳᠦᠯᠭᠡᠵᠢᠭᠦᠯᠭᠦ ᠨᠢ ᠶᠠᠭ ᠰᠠᠶᠢᠬᠠᠨ ᠲᠡᠯᠡᠭᠡᠢ ᠶᠢᠨ ᠰᠢᠨ᠎ᠠ ᠠᠵᠠ ᠲᠤᠬᠢᠶᠠᠯ ᠪᠤᠯᠵᠤ ᠪᠠᠶᠢᠨ᠎ᠠ᠃    ᠲᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠤᠨ ᠲᠤᠪᠴᠢᠶ᠎ᠠ ᠶᠢᠨ ᠲᠤᠭ᠎ᠠ ᠪᠠᠷᠢᠮᠳᠠ ᠳᠤ ᠢᠯᠡᠷᠡᠭᠦᠯᠦᠭᠰᠡᠨ ᠢᠶᠠᠷ᠂ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠳᠤ ᠤᠷᠤᠯᠴᠠᠬᠤ 2800 ᠢᠯᠡᠭᠦᠤ ᠠᠵᠤ ᠠᠬᠤᠢᠢᠯᠠᠯ ᠳᠤ᠂ G20᠎ ᠶᠢᠨ ᠪᠦᠭᠦ ᠪᠦᠷᠢᠯᠳᠤᠭᠦᠨ ᠪᠠᠶᠢᠬᠤ ᠪᠠᠷ ᠦᠯᠤ ᠪᠠᠷᠠᠮ᠂ ︽ᠨᠢᠭᠡ ᠪᠦᠰᠡ ᠨᠢᠭᠡ ᠵᠠᠮ︾᠎ ᠤᠨ ᠱᠤᠭᠤᠮ ᠲᠠᠭᠠᠤ ᠶᠢᠨ 50 ᠢᠯᠡᠭᠦᠤ ᠤᠯᠤᠰ ᠪᠤᠯᠤᠨ ᠭᠠᠵᠠᠷ ᠤᠷᠤᠨ ᠢ ᠬᠠᠮᠤᠷᠴᠤ᠂ ᠪᠦᠭᠦ ᠲᠡᠯᠡᠭᠡᠢ ᠶᠢᠨ 44 ᠬᠠᠮᠤᠭ ᠭᠦᠭᠵᠢᠭᠡᠳᠦᠢ ᠤᠯᠤᠰ ᠤᠨ ᠲᠤᠮᠳᠠ ᠠᠴᠠ᠂ 30 ᠢᠯᠡᠭᠦᠤ ᠤᠯᠤᠰ ᠭᠠᠳᠠᠭᠠᠳᠤ ᠤᠷᠤᠭᠤᠯᠤᠯᠳᠠ ᠶᠢᠨ ᠦᠵᠡᠰᠭᠦᠯᠡᠩ ᠳᠤ ᠤᠷᠤᠯᠴᠠᠵᠤ᠂ ᠦᠵᠡᠰᠭᠦᠯᠡᠩ ᠳᠤ ᠤᠷᠤᠯᠴᠠᠬᠤ ᠭᠡᠷ᠎ᠠ ᠲᠤᠭᠳᠠᠭᠰᠠᠨ ᠠᠵᠤ ᠠᠬᠤᠢᠢᠯᠠᠯ 150 ᠢᠯᠡᠭᠦᠤ ᠳᠤ ᠭᠦᠷᠪᠠ᠃    ᠭᠠᠭᠴᠠ ᠬᠦᠮᠦᠨ ᠲᠦᠷᠭᠡᠡ ᠶᠠᠪᠤᠵᠦ᠂ ᠤᠯᠠᠠ ᠬᠦᠮᠦᠨ ᠬᠤᠯᠠ ᠶᠠᠪᠤᠨ᠎ᠠ᠃ ᠲᠤᠮᠲᠠᠲᠤ ᠤᠯᠤᠰ ᠲᠡᠯᠡᠭᠡᠢ ᠳ᠋ᠠᠬᠢᠨ ᠲᠡᠶᠢᠰᠢ ᠬᠤᠶᠠᠷ ᠭᠠᠷ ᠢᠶᠠᠨ ᠰᠤᠩᠭᠠᠵᠤ᠂ ᠪᠤᠰᠤᠳ ᠤᠯᠤᠰ ᠤᠨ ᠲᠤᠮᠲᠠᠲᠤ ᠤᠯᠤᠰ ᠤᠨ ᠬᠦᠭᠵᠢᠯᠲᠠ ᠶᠢᠨ ︽ᠬᠤᠷᠲᠤᠨ ᠲᠡᠷᠭᠡ︾᠂ ︽ᠲᠦᠲᠡ ᠲᠡᠷᠭᠡᠡ︾᠎ ᠳᠤ ᠰᠠᠭᠤᠬᠤ ᠶᠢ ᠤᠭᠲᠤᠵᠦ ᠪᠠᠶᠢᠨ᠎ᠠ᠃ ︽ᠲᠤᠮᠲᠠᠲᠤ ᠤᠯᠤᠰ ᠲᠤ ᠲᠤᠭ᠎ᠠ ᠲᠤᠮᠰᠢ ᠦᠭᠡᠢ ᠤᠯᠠᠠ ᠠᠵᠠ ᠲᠤᠬᠢᠶᠠᠯ ᠲᠠᠢ᠂ ᠭᠠᠶᠢᠬᠠᠮᠰᠢᠠᠠᠲᠦ ᠰᠠᠶᠢᠬᠠᠠ ᠠᠯᠤᠰ ᠢᠷᠡᠭᠡᠲᠦᠢ ᠪᠠᠨ ᠴᠤᠭᠴᠠᠯᠠᠵᠦ ᠲᠡᠶᠢᠯᠦᠨ᠎ᠠ︾᠂ ᠺᠠᠨᠠᠲᠠ ᠲᠤᠮᠲᠠᠲᠤ ᠶᠢᠨ ᠠᠷᠠᠯᠵᠢᠶᠠᠠ ᠤ ᠭᠡᠷᠡᠭ ᠡᠷᠬᠢᠯᠡᠭᠴᠢᠳ ᠤᠨ ᠵᠦᠪᠯᠡᠯ ᠤᠨ ᠶᠡᠷᠦᠩᠭᠡᠢ ᠵᠠᠬᠢᠷᠤᠭᠴᠢ ᠱᠠᠩ ᠼᠢ᠂ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠨᠢ ᠲᠤᠮᠲᠠᠲᠤ ᠤᠯᠤᠰ ᠤᠨ ᠵᠠᠬ᠎ᠠ ᠲᠡᠯᠭᠡᠭᠦᠷ ᠤᠨ ᠤᠯᠠᠮ ᠠᠴᠠ ᠤᠯᠠᠮ ᠨᠡᠭᠡᠭᠡᠯᠲᠡ ᠲᠠᠢ ᠪᠤᠯᠵᠦ᠂ ᠺᠠᠨᠠᠲᠠ ᠶᠢᠨ ᠠᠵᠦ ᠠᠬᠤᠢᠢᠯᠠᠯ ᠬᠤᠶᠢᠰᠢᠲᠠ ᠡᠷᠭᠡᠪᠰᠢ ︽ᠲᠤᠷᠤᠨᠠᠰᠢ ᠬᠠᠷᠠᠵᠦ᠂ ᠠᠽᠢᠶ᠎ᠠ ᠲᠢᠪ ᠢ ᠬᠠᠷᠠᠵᠦ᠂ ᠲᠤᠮᠲᠠᠲᠤ ᠤᠯᠤᠰ ᠢ ᠬᠠᠷᠠᠬᠤ ᠭᠡᠷᠡᠭᠲᠡᠢ︾ ᠭᠡᠰᠡᠡ ᠢ ᠭᠡᠷᠡᠴᠢᠯᠡᠵᠠᠢ ᠭᠡᠵᠦ ᠭᠡᠪᠡ᠃    ᠲᠤᠮᠲᠠᠲᠤ ᠤᠯᠤᠰ ᠢᠲᠡᠭᠡᠯ ᠲᠠᠢ᠂ ᠲᠤᠮᠲᠠᠲᠤ ᠤᠯᠤᠰ ᠡᠬᠦᠷᠭᠡᠯᠡᠯ ᠲᠠᠢ᠃ ᠲᠤᠮᠲᠠᠲᠤ ᠠᠹᠷᠢᠺᠠ ᠶᠢᠨ ᠬᠠᠮᠲᠤᠷᠠᠯᠴᠠᠭᠠᠨ ᠤ ᠶᠠᠷᠢᠶᠠᠠ ᠤ ᠲᠡᠪᠴᠠᠩ ᠤᠨ ᠪᠡᠭᠡᠵᠢᠩ ᠳᠠᠬᠢ ᠲᠦᠷᠦᠭᠦᠴᠤᠳ ᠤᠨ ᠬᠤᠷᠠᠯ ᠤᠨ ᠦᠷᠨᠢᠯᠲᠠ ᠶᠢ ᠦᠷᠭᠦᠯᠵᠢᠯᠡᠭᠦᠯᠦᠭᠰᠡᠡ ᠠᠩᠬᠠᠲᠤᠭᠠᠷ ᠬᠤᠭᠤᠴᠠᠭᠠᠠ ᠤ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠨᠢ ᠲᠤᠮᠲᠠᠲᠤ ᠠᠹᠷᠢᠺᠠ ᠶᠢᠨ ᠨᠦᠬᠦᠷᠯᠡᠯ ᠤᠨ ᠬᠠᠭᠤᠲᠠᠰᠤ ᠶᠢ ᠦᠷᠭᠦᠯᠵᠢᠯᠡᠡ ᠪᠢᠴᠢᠭᠯᠡᠬᠦ ᠪᠤᠯᠤᠨ᠎ᠠ᠃ ᠤᠲᠤᠬᠠᠠ ᠳᠤ᠂ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠳᠤ ᠨᠢᠭᠡᠨᠲᠠ ᠠᠹᠷᠢᠺᠠ ᠲᠢᠪ ᠤᠨ 43 ᠤᠯᠤᠰ ᠦᠵᠡᠰᠭᠦᠯᠡᠩ ᠳᠤ ᠤᠷᠤᠯᠴᠠᠬᠤ᠂ 190 ᠭᠠᠷᠤᠢ ᠠᠵᠦ ᠠᠬᠤᠢᠢᠯᠠᠯ ᠦᠵᠡᠭᠦᠯᠦᠯᠭᠡ ᠳᠤ ᠤᠷᠤᠯᠴᠠᠬᠤ ᠪᠠᠷ ᠪᠠᠶᠢᠵᠤ᠂ ᠶᠧᠵᠢᠫᠲ ᠤᠨ ᠲᠦᠮᠡᠯᠵᠢ ᠶᠢᠨ ᠴᠢᠪᠠᠭ᠎ᠠ᠂ ᠡᠸ᠋ᠽᠢᠤᠫᠢᠶ᠎ᠠ ᠶᠢᠨ ᠺᠤᠹᠧ᠂ ᠡᠮᠦᠨᠡᠲᠦ ᠠᠹᠷᠢᠺᠠ ᠶᠢᠨ ᠵᠠᠭᠠᠠ ᠲᠡᠮᠲᠡᠭᠲᠦ ᠠᠷᠢᠬᠢ ᠵᠡᠷᠭᠡ ᠶᠢ ᠲᠤᠮᠲᠠᠲᠤ ᠤᠯᠤᠰ ᠤᠨ ᠨᠡᠩ ᠤᠯᠠᠠ ᠭᠡᠷ ᠪᠦᠯᠢ ᠡᠳ᠋ᠯᠡᠬᠦ ᠪᠤᠯᠤᠨ᠎ᠠ᠃    ︽ᠦᠵᠡᠰᠭᠦᠯᠡᠩ ᠨᠢ ᠨᠡᠭᠡᠭᠡᠯᠲᠡᠲᠦ ᠬᠡᠯᠪᠡᠷᠢ ᠶᠢᠨ ᠠᠵᠦ ᠠᠬᠤᠢ ᠶᠢ ᠬᠦᠭᠵᠢᠭᠦᠯᠵᠦ᠂ ᠬᠦᠮᠦᠨ ᠲᠦᠷᠦᠯᠬᠢᠲᠠᠠ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠬᠤ ᠳᠤ ᠰᠢᠨ᠎ᠠ ᠬᠡᠯᠪᠡᠷᠢ ᠶᠢᠨ ᠤᠯᠠᠠ ᠤᠯᠤᠰ ᠤᠨ ᠤᠯᠠᠠ ᠨᠡᠶᠢᠲᠡ ᠶᠢᠨ ᠦᠢᠯᠡᠳᠭᠦᠨ ᠬᠠᠩᠭᠠᠬᠤ ᠪᠤᠯᠤᠨ᠎ᠠ︾᠃ ᠲᠤᠮᠲᠠᠲᠤ ᠤᠯᠤᠰ ᠤᠨ ᠤᠯᠠᠠ ᠤᠯᠤᠰ ᠤᠨ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠤᠨ ᠲᠤᠪᠴᠢᠶᠠᠠ ᠤ ᠲᠡᠳ᠋ ᠲᠠᠷᠤᠭ᠎ᠠ᠂ ᠤᠯᠤᠰ ᠤᠨ ᠬᠤᠷᠠᠯ ᠦᠵᠡᠰᠭᠦᠯᠡᠩ ᠤᠨ ᠲᠦᠪ ᠤᠨ ᠭᠡᠷᠡᠭ ᠮᠡᠲᠡᠭᠴᠢᠳ ᠤᠨ ᠲᠠᠷᠤᠭ᠎ᠠ ᠰᠦᠨ ᠴᠧᠩ ᠬᠠᠢ᠂ ︽ᠬᠠᠮᠤᠭ ᠤᠨ ᠬᠦᠭᠵᠢᠭᠡᠲᠦᠢ ᠤᠯᠤᠰ ᠤᠳ ᠢ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠳᠤ ᠭᠡᠷᠬᠢᠨ ᠤᠷᠤᠯᠴᠠᠭᠤᠯᠵᠦ᠂ ᠲᠤᠮᠲᠠᠲᠤ ᠤᠯᠤᠰ ᠤᠨ ᠦᠰᠦᠨ ᠪᠤᠶᠢᠵᠢᠯᠲᠠ ᠶᠢ ᠬᠤᠪᠢᠶᠠᠯᠴᠠᠠ ᠡᠳ᠋ᠯᠡᠭᠦᠯᠬᠦ ᠭᠡᠲᠡᠭ ᠪᠤᠯ ᠲᠤᠰ ᠤᠲᠠᠭ᠎ᠠ ᠶᠢᠨ ᠦᠵᠡᠰᠭᠦᠯᠡᠩ ᠤᠨ ᠠᠵᠢᠯ ᠤᠨ ᠭᠤᠤᠯᠲᠠᠯᠭ᠎ᠠ ᠶᠢᠨ ᠨᠢᠭᠡ ᠪᠤᠯᠤᠨ᠎ᠠ︾ ᠬᠡᠪᠡ᠃ ᠦᠵᠡᠰᠭᠦᠯᠡᠩ ᠨᠢ ᠬᠤᠷᠠᠯ ᠳᠤ ᠤᠷᠤᠯᠴᠠᠭᠰᠠᠠ ᠬᠦᠭᠵᠢᠭᠡᠲᠦᠢ ᠤᠯᠤᠰ ᠨᠢᠭᠡᠪᠦᠷᠢ ᠳᠤ ᠰᠦᠢᠳᠭᠡᠯ ᠠᠪᠬᠤ ᠦᠭᠡᠢ ᠪᠠᠷ 2 ᠪᠠᠷᠢᠮᠵᠢᠶᠡᠲᠦ ᠦᠵᠡᠭᠦᠯᠦᠯᠭᠡ ᠶᠢᠨ ᠪᠠᠶᠢᠷᠢ ᠬᠠᠩᠭᠠᠨ᠎ᠠ᠂ ᠬᠠᠮᠤᠭ ᠤᠨ ᠬᠦᠭᠵᠢᠭᠡᠲᠦᠢ ᠤᠯᠤᠰ ᠤᠳ ᠢᠲᠡᠪᠬᠢᠲᠠᠢ ᠲᠤᠰᠬᠠᠯ ᠭᠠᠷᠭᠠᠵᠦ ᠪᠠᠶᠢᠨ᠎ᠠ᠃    ᠤᠭ ᠰᠠᠨᠠᠭ᠎ᠠ ᠪᠠᠨ ᠦᠯᠦ ᠮᠠᠷᠲᠠᠠ᠂ ᠲᠡᠯᠡᠭᠡᠢ ᠳ᠋ᠠᠬᠢᠨ ᠲᠠᠢ ᠬᠠᠮᠲᠤ ᠤᠷᠤᠭᠰᠢᠯᠠᠨᠠᠮ᠃ ᠪᠦᠬᠦ ᠲᠡᠯᠡᠭᠡᠢ ᠶᠢᠨ ᠠᠷᠠᠯᠵᠢᠶᠠᠠ ᠤ ᠬᠠᠮᠠᠭᠠᠯᠠᠬᠤ ᠦᠵᠡᠯ ᠤᠨ ᠪᠠᠷᠠᠭᠠᠠ ᠰᠡᠭᠦᠲᠡᠷ ᠠᠷᠢᠯᠤᠭᠠᠲᠤᠢ ᠨᠠᠷᠢᠨ ᠪᠤᠲᠤᠯᠢᠶᠠᠠᠲᠠᠢ ᠪᠠᠶᠢᠲᠠᠯ ᠲᠤᠤᠷ᠎ᠠ᠂ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠨᠢ ᠲᠡᠯᠡᠭᠡᠢ ᠳ᠋ᠠᠬᠢᠨ ᠳᠤ ᠲᠤᠮᠲᠠᠲᠤ ᠤᠯᠤᠰ ᠤᠨ ᠭᠠᠲᠠᠭᠠᠲᠤ ᠨᠡᠭᠡᠭᠡᠯᠲᠡ ᠪᠠᠨ ᠡᠷᠡᠰ ᠭᠤᠶᠢᠪᠢᠰᠢ ᠦᠭᠡᠢ ᠦᠷᠭᠡᠳᠭᠡᠵᠦ᠂ ᠤᠯᠠᠠ ᠲᠠᠯᠠᠲᠦ ᠠᠷᠠᠯᠵᠢᠶᠠᠠ ᠤ ᠪᠠᠶᠢᠭᠤᠯᠤᠮᠵᠢ ᠶᠢ ᠡᠷᠡᠰ ᠭᠤᠶᠢᠪᠢᠰᠢ ᠦᠭᠡᠢ ᠬᠠᠮᠠᠭᠠᠯᠠᠵᠦ᠂ ᠪᠦᠬᠦ ᠲᠡᠯᠡᠭᠡᠢ ᠶᠢᠨ ᠵᠠᠰᠠᠯᠲᠠ ᠶᠢᠨ ᠰᠢᠰᠲ᠋ᠧᠮ ᠤᠨ ᠬᠤᠪᠢᠰᠤᠯᠲᠠ ᠶᠢ ᠡᠷᠡᠰ ᠭᠤᠶᠢᠪᠢᠰᠢ ᠦᠭᠡᠢ ᠠᠬᠢᠭᠤᠯᠬᠤ ᠵᠤᠷᠢᠭ ᠪᠤᠯᠤᠨ ᠢᠲᠡᠭᠡᠯ ᠢ ᠬᠠᠷᠠᠭᠤᠯᠬᠤ ᠪᠤᠯᠤᠨ᠎ᠠ᠃                      ︵ᠰᠢᠨᠬᠤᠸᠠ ᠬᠤᠷᠢᠶᠠᠨ ᠤ ᠱᠠᠩᠬᠠᠢ ᠶᠢᠨ 10 ᠰᠠᠷ᠎ᠠ ᠶᠢᠨ 6᠎ ᠤ ᠴᠠᠬᠢᠯᠭᠠᠨ ᠮᠡᠳᠡᠭᠡ ᠠᠴᠠ︶
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号