ᠭᠡᠳᠡᠰᠦ ︽ᠵᠠᠯᠠᠭᠤ︾ ᠪᠤᠯ ᠪᠡᠶ᠎ᠡ ᠨᠡᠩ ᠵᠠᠯᠠᠭᠤ
2018-10-08 15:46:23
ᠵᠣᠬᠢᠶᠠᠭᠴᠢ᠄ 
ᠴᠢᠬᠢᠷᠠᠭ
ᠣᠩᠰᠢᠭᠰᠠᠨ ᠣᠳᠠᠭ᠎ᠠ᠄ 
★★★☆☆
                  6 ᠳᠦᠷᠦᠯ ᠤᠨ ᠬᠦᠮᠦᠨ ᠤ ᠬᠡᠳᠡᠰᠦ ᠠᠮᠠᠷᠬᠠᠨ ᠦᠳᠡᠯᠳᠡᠭ    ︽ᠭᠡᠳᠡᠰᠦᠨ ᠤ ᠳᠡᠩᠴᠡᠭᠦᠷᠢ︾ ᠪᠤᠯ ᠭᠡᠳᠡᠰᠦ ᠵᠠᠯᠠᠭᠤ ᠪᠠᠶᠢᠬᠤ ᠶᠢᠨ ᠴᠢᠬᠤᠯᠠ ᠪᠠᠷᠢᠮᠵᠢᠶ᠎ᠠ ᠪᠤᠯᠤᠨ᠎ᠠ᠃ 
    ᠭᠡᠳᠡᠰᠦᠨ ᠤ ᠳᠡᠩᠴᠡᠭᠦᠷᠢ ᠭᠡᠵᠦ ᠶᠠᠭᠤ ᠪᠤᠢ︖    ᠮᠠᠨ ᠤ ᠭᠡᠳᠡᠰᠦᠨ ᠳᠤᠳᠤᠷ᠎ᠠ 1000 ᠭᠠᠷᠤᠢ ᠳᠦᠷᠦᠯ ᠤᠨ ᠪᠠᠺᠲ᠋ᠧᠷᠢ ᠶᠢᠨ ᠰᠦᠷᠦᠭ ᠠᠮᠢᠳᠤᠷᠠᠵᠤ ᠪᠠᠶᠢᠳᠠᠭ᠃ ᠭᠡᠳᠡᠰᠦᠨ ᠤ ᠪᠠᠺᠲ᠋ᠧᠷᠢ ᠶᠢᠨ ᠰᠦᠷᠦᠭ ᠨᠢ ᠭᠡᠳᠡᠰᠦᠨ ᠤ ᠳᠤᠳᠤᠷ ᠬᠠᠨ᠎ᠠ ᠶᠢᠨ ᠰᠠᠯᠢᠰᠦᠳᠦ ᠪᠦᠷᠭᠦᠪᠴᠢ ᠶᠢᠨ ᠳᠠᠪᠬᠤᠷᠭ᠎ᠠ ᠳᠤᠳᠤᠷ᠎ᠠ ᠤᠷᠤᠰᠢᠨ ᠪᠠᠺᠲ᠋ᠧᠷᠢ ᠪᠠᠷ ᠪᠦᠷᠢᠯᠳᠦᠭᠰᠡᠨ ᠬᠠᠯᠬᠠᠪᠴᠢ ᠶᠢ ᠪᠤᠢ ᠪᠤᠯᠭᠠᠳᠠᠭ᠃ ᠭᠡᠷᠪᠡ ᠭᠡᠳᠡᠰᠦᠨ ᠤ ᠪᠠᠺᠲ᠋ᠧᠷᠢ ᠶᠢᠨ ᠬᠠᠯᠬᠠᠪᠴᠢ ᠶᠢᠨ ᠴᠢᠳᠠᠪᠬᠢ ᠨᠢ ᠠᠯᠳᠠᠭᠳᠠᠬᠤ ᠳᠤ ᠬᠦᠷᠪᠡᠯ᠂ ᠭᠡᠳᠡᠰᠦᠨ ᠳᠤ ᠤᠷᠤᠭᠰᠠᠨ ᠡᠪᠡᠳᠴᠢᠨ ᠡᠭᠦᠰᠭᠡᠭᠴᠢ ᠪᠠᠺᠲ᠋ᠧᠷᠢ ᠨᠢ ᠭᠡᠳᠡᠰᠦᠨ ᠤ ᠰᠠᠯᠢᠰᠦᠳᠤ ᠪᠦᠷᠭᠦᠪᠴᠢ ᠶᠢ ᠨᠡᠪᠳᠡᠯᠦᠨ ᠪᠡᠶ᠎ᠡ ᠶᠢᠨ ᠡᠯ᠎ᠠ ᠭᠡᠰᠡᠭ ᠲᠤ ᠬᠦᠷᠴᠦ ᠤᠯᠠᠨ ᠵᠦᠢᠯ ᠤᠨ ᠡᠪᠡᠳᠴᠢᠨ ᠢ ᠡᠭᠦᠰᠭᠡᠬᠦ ᠪᠤᠯᠤᠨ᠎ᠠ᠃ ᠳᠠᠷᠤᠢ ᠡᠨᠡ 1000 ᠭᠠᠷᠤᠢ ᠳᠦᠷᠦᠯ ᠤᠨ ᠪᠠᠺᠲ᠋ᠧᠷᠢ ᠶᠢᠨ ᠰᠦᠷᠦᠭ ᠳᠡᠩᠴᠡᠭᠦᠷᠢ ᠲᠠᠢ ᠪᠠᠶᠢᠵᠤ᠂ ᠭᠡᠳᠡᠰᠦᠨ ᠤ ᠪᠠᠺᠲ᠋ᠧᠷᠢ ᠶᠢᠨ ᠬᠠᠯᠬᠠᠪᠴᠢ ᠶᠢᠨ ᠦᠢᠯᠡᠳᠦᠯ ᠨᠡᠩ ᠰᠠᠶᠢᠨ ᠪᠠᠶᠢᠬᠤ ᠶᠢ ᠭᠡᠳᠡᠰᠦᠨ ᠤ ᠳᠡᠩᠴᠡᠭᠦᠷᠢ ᠭᠡᠨ᠎ᠠ᠃    ᠠᠮᠢᠳᠤᠷᠠᠯ ᠤᠨ ᠳᠠᠳᠬᠠᠯ ᠪᠠ ᠪᠡᠶ᠎ᠡ ᠮᠠᠬᠠᠪᠤᠳ ᠤᠨ ᠬᠡᠪ ᠴᠢᠨᠠᠷ ᠪᠤᠯ ᠭᠡᠳᠡᠰᠦᠨ ᠤ ᠳᠤᠳᠤᠭᠠᠳᠤ ᠳᠠᠩᠴᠡᠭᠦᠷᠢ ᠶᠢ ᠠᠯᠳᠠᠭᠳᠠᠭᠤᠯᠬᠤ ᠭᠤᠤᠯ ᠰᠢᠯᠳᠠᠭᠠᠨ ᠪᠤᠯᠤᠨ᠎ᠠ᠂ ᠳᠤᠤᠷᠠᠬᠢ 6 ᠳᠦᠷᠦᠯ ᠤᠨ ᠬᠦᠮᠦᠨ ᠤᠨᠴᠠᠭᠠᠢᠢᠯᠠᠨ ᠠᠩᠬᠠᠷᠬᠤ ᠭᠡᠷᠡᠭᠳᠡᠢ᠃     ᠨᠠᠰᠤᠳᠠᠶᠢᠴᠤᠳ    ᠨᠠᠰᠤ ᠵᠢᠯ ᠤᠨ ᠨᠡᠮᠡᠭᠳᠡᠬᠦ᠎ ᠶᠢ ᠳᠠᠭᠠᠯᠳᠤᠨ᠂ ᠨᠠᠰᠤᠳᠠᠶᠢᠴᠤᠳ ᠤᠨ ᠰᠢᠨ᠎ᠠ ᠬᠠᠭᠤᠴᠢᠨ ᠤ ᠰᠤᠯᠢᠯᠴᠠᠭ᠎ᠠ ᠤᠯᠠᠮ ᠢᠶᠠᠷ ᠤᠳᠠᠭᠠᠨ ᠪᠤᠯᠵᠤ᠂ ᠭᠡᠳᠡᠰᠦᠨ ᠤ ᠴᠢᠳᠠᠪᠬᠢ ᠴᠤ ᠪᠠᠭᠤᠷᠠᠵᠤ ᠦᠳᠡᠯᠳᠡᠭ᠃ ᠭᠡᠳᠡᠰᠦᠨ ᠳᠤᠳᠤᠷᠠᠬᠢ ᠪᠠᠺᠲ᠋ᠧᠷᠢ ᠶᠢᠨ ᠰᠦᠷᠦᠭ ᠤᠨ ᠬᠠᠷᠢᠴᠠᠯ ᠠᠮᠠᠷᠬᠠᠨ ᠳᠡᠩᠴᠡᠭᠦᠷᠢ ᠪᠠᠨ ᠠᠯᠳᠠᠵᠤ᠂ ᠬᠤᠷᠭᠤᠰᠤᠯᠠᠬᠤ᠂ ᠭᠡᠳᠡᠰᠦ ᠬᠦᠭᠡᠭᠡᠬᠦ ᠵᠡᠷᠭᠡ ᠭᠡᠳᠡᠰᠤ ᠳᠤᠳᠤᠷ ᠤᠨ ᠠᠰᠠᠭᠤᠳᠠᠯ ᠭᠠᠷᠴᠤ ᠡᠭᠢᠯᠡᠳᠡᠭ᠃    ᠠᠷᠢᠬᠢ ᠤᠤᠭᠤᠬᠤ ᠳᠤᠷᠠᠳᠠᠢ ᠬᠦᠮᠦᠰ    ᠠᠷᠢᠬᠢ ᠶᠡᠭᠡ ᠤᠤᠭᠤᠬᠤ ᠪᠤᠯ ᠰᠢᠩᠭᠡᠭᠡᠯᠳᠡ ᠶᠢᠨ ᠵᠠᠮ ᠤᠨ ᠰᠢᠷᠬᠠᠯᠠᠭ᠎ᠠ ᠡᠭᠦᠰᠭᠡᠬᠦ ᠬᠠᠮᠤᠭ ᠤᠨ ᠠᠶᠤᠯᠳᠠᠢ ᠡᠯᠧᠮᠧᠨ᠋ᠲ ᠪᠤᠯᠤᠨ᠎ᠠ᠃ ᠤᠷᠳᠤ ᠬᠤᠭᠤᠴᠠᠭ᠎ᠠ ᠪᠠᠷ ᠰᠫᠢᠷᠲ ᠶᠡᠭᠡ ᠬᠡᠮᠵᠢᠶ᠎ᠠ ᠪᠠᠷ ᠰᠢᠩᠭᠡᠭᠡᠪᠡᠯ ᠰᠢᠮ᠎ᠠ ᠳᠡᠵᠢᠭᠡᠯ ᠢ ᠰᠢᠩᠭᠡᠭᠡᠨ ᠠᠪᠬᠤ ᠴᠢᠳᠠᠪᠤᠷᠢ ᠶᠢ ᠮᠠᠭᠤᠳᠠᠭᠤᠯᠬᠤ ᠪᠠᠷ ᠪᠠᠷᠠᠬᠤ ᠦᠭᠡᠢ ᠬᠤᠳᠤᠭᠤᠳᠤ ᠤᠯᠠᠭᠠᠨ ᠬᠤᠭᠤᠯᠠᠢ ᠶᠢᠨ ᠭᠡᠳᠡᠷᠬᠦ ᠤᠷᠤᠰᠬᠠᠬᠤ ᠡᠪᠡᠳᠴᠢᠨ᠂ ᠰᠢᠩᠭᠡᠭᠡᠯᠳᠡ ᠶᠢᠨ ᠵᠠᠮ ᠤᠨ ᠬᠠᠪᠤᠳᠠᠷ ᠡᠭᠦᠰᠬᠦ ᠠᠶᠤᠯ ᠢ ᠨᠡᠮᠡᠭᠳᠡᠭᠦᠯᠳᠡᠭ᠃ ᠠᠷᠢᠬᠢ ᠤᠤᠭᠤᠬᠤ ᠳᠤᠷᠠᠳᠠᠢ ᠬᠦᠮᠦᠰ ᠡᠷᠭᠡᠪᠰᠢ ᠠᠷᠢᠬᠢ ᠪᠠᠨ ᠬᠡᠮᠵᠢᠶᠡᠯᠡᠵᠦ᠂ ᠦᠨᠳᠦᠷ ᠭᠷᠡᠳᠦ᠋ᠰ ᠤᠨ ᠠᠷᠢᠬᠢ ᠪᠠᠭ᠎ᠠ ᠤᠤᠭᠤᠵᠤ᠂ ᠦᠯᠦᠨ ᠢᠶᠠᠷ ᠠᠷᠢᠬᠢ ᠤᠤᠭᠤᠬᠤ ᠦᠭᠡᠢ ᠪᠠᠶᠢᠬᠤ ᠶᠢ ᠬᠢᠴᠢᠶᠡᠬᠦ ᠭᠡᠷᠡᠭᠳᠡᠢ᠃
 
    ᠰᠢᠬᠢᠷᠯᠢᠭ ᠢᠳᠡᠭᠡᠨ ᠢᠯᠡᠭᠦᠦ ᠢᠳᠡᠳᠡᠭ ᠬᠦᠮᠦᠰ    ᠰᠢᠬᠢᠷ ᠡᠯᠪᠡᠭ ᠢᠳᠡᠭᠡᠨ ᠨᠢ ᠰᠢᠮ᠎ᠡ ᠳᠡᠵᠢᠭᠡᠯ ᠤᠨ ᠳᠡᠩᠴᠡᠭᠦᠷᠢ ᠶᠢ ᠠᠯᠳᠠᠭᠤᠯᠳᠠᠭ ᠢᠶᠠᠷ ᠪᠠᠷᠠᠬᠤ ᠦᠭᠡᠢ᠂ ᠭᠡᠳᠡᠰᠦᠨ ᠳᠤᠳᠤᠷᠠᠬᠢ ᠪᠠᠺᠲ᠋ᠧᠷᠢ ᠶᠢᠨ ᠰᠦᠷᠦᠭ ᠲᠠᠬᠢ ᠮᠠᠭᠤ ᠪᠠᠺᠲ᠋ᠧᠷᠢ ᠶᠢ ᠦᠷᠡᠵᠢᠬᠦᠯᠵᠤ ᠭᠡᠳᠡᠰᠦᠨ ᠤ ᠴᠢᠳᠠᠪᠬᠢ ᠶᠢ ᠨᠦᠯᠦᠭᠡᠯᠡᠳᠡᠭ᠃ ᠡᠯᠪᠡᠭ ᠰᠢᠬᠢᠷ ᠨᠢ ᠪᠠᠰᠠ ᠦᠷᠪᠢᠰᠦᠯ᠂ ᠬᠠᠷᠰᠢᠬᠤ ᠪᠠᠶᠢᠳᠠᠯ ᠢ ᠠᠮᠠᠷᠬᠠᠨ ᠡᠭᠦᠰᠭᠡᠳᠡᠭ ᠪᠦᠭᠡᠳ ᠮᠦᠨᠴᠦ ᠬᠦᠮᠦᠨ ᠤ ᠳᠤᠰ ᠪᠡᠶ᠎ᠡ ᠶᠢᠨ ᠦᠯᠦ ᠬᠠᠯᠳᠠᠭᠠᠬᠤ ᠴᠢᠳᠠᠪᠤᠷᠢ ᠶᠢᠨ ᠴᠢᠨᠠᠷᠳᠠᠢ ᠡᠪᠡᠳᠴᠢᠨ ᠢ ᠠᠮᠠᠷᠬᠠᠨ ᠡᠭᠦᠰᠭᠡᠳᠡᠭ᠃
 
    ᠠᠵᠢᠯ ᠶᠠᠭᠠᠷᠠᠤ ᠬᠦᠮᠦᠰ    ᠦᠷᠭᠦᠯᠵᠢ ᠴᠠᠭ ᠠᠴᠠ ᠪᠠᠨ ᠭᠡᠳᠦᠷᠡᠭᠦᠯᠦᠨ ᠠᠵᠢᠯᠯᠠᠳᠠᠭ ᠬᠦᠮᠦᠰ ᠬᠤᠭᠤᠯᠠ ᠪᠠᠨ ᠴᠠᠭ ᠲᠠᠭᠠᠨ ᠢᠳᠡᠵᠦ ᠴᠢᠳᠠᠬᠤ ᠦᠭᠡᠢ᠂ ᠢᠳᠡᠭᠡᠨ ᠤ ᠪᠦᠲᠦᠴᠡ ᠨᠢ ᠴᠤ ᠳᠠᠩ ᠴᠤᠯᠭᠤᠢ ᠪᠠᠶᠢᠳᠠᠭ᠃ ᠦᠭᠡᠬᠦ ᠡᠯᠪᠡᠭ᠂ ᠤᠭᠤᠷᠠᠭ ᠡᠯᠪᠡᠭ ᠢᠳᠡᠭᠡᠨ ᠢᠶᠠᠷ ᠭᠤᠤᠯᠳᠠᠭᠤᠯᠵᠤ᠂ ᠢᠳᠡᠭᠡᠨ ᠤ ᠰᠢᠷᠭᠡᠭᠯᠢᠭ ᠳᠤᠳᠠᠭᠳᠠᠳᠠᠭ ᠠᠴᠠ ᠬᠤᠷᠭᠤᠰᠤ ᠭᠠᠳᠠᠭᠰᠢᠯᠠᠭᠤᠯᠬᠤ ᠳᠤ ᠠᠰᠢᠬ ᠦᠭᠡᠢ ᠪᠠᠶᠢᠵᠤ᠂ ᠭᠡᠳᠡᠰᠦ ᠳᠤᠳᠤᠷ ᠤᠨ ᠡᠪᠡᠳᠴᠢᠨ ᠡᠭᠦᠰᠭᠡᠳᠡᠭ᠃    ᠪᠡᠶ᠎ᠡ ᠪᠠᠨ ᠪᠤᠯᠪᠠᠰᠤᠷᠠᠭᠤᠯᠳᠠᠭ ᠦᠭᠡᠢ ᠬᠦᠮᠦᠰ    ᠤᠷᠳᠤ ᠬᠤᠭᠤᠴᠠᠭ᠎ᠠ ᠪᠠᠷ ᠳᠠᠮᠢᠷ ᠤᠨ ᠪᠤᠯᠪᠠᠰᠤᠷᠠᠯ ᠳᠤ ᠤᠷᠤᠯᠴᠠᠬᠤ ᠦᠭᠡᠢ ᠠᠴᠠ ᠪᠤᠯᠵᠤ ᠢᠳᠡᠭᠡᠨ ᠤ ᠳᠤᠷᠠᠰᠢᠯ ᠮᠠᠭᠤᠳᠠᠨ᠎ᠠ᠂ ᠬᠤᠳᠤᠭᠤᠳᠤᠨ ᠤ ᠬᠦᠳᠡᠯᠭᠡᠬᠦ ᠬᠦᠴᠦ ᠰᠤᠯᠠᠷᠠᠨ᠎ᠠ᠂ ᠳᠡᠭᠦᠨ ᠤ ᠤᠯᠠᠮ ᠠᠴᠠ ᠬᠤᠳᠤᠭᠤᠳᠤ᠂ ᠬᠤᠳᠤᠷᠢᠩᠬᠠᠢ ᠭᠡᠳᠡᠰᠦᠨ ᠤ ᠦᠷᠪᠢᠰᠦᠯ ᠪᠠ ᠬᠠᠪᠤᠳᠠᠷ ᠢ ᠡᠭᠦᠰᠭᠡᠵᠦ ᠮᠡᠳᠡᠨ᠎ᠠ᠃ ᠦᠷᠭᠦᠯᠵᠢ ᠳᠠᠮᠢᠷ ᠤᠨ ᠪᠤᠯᠪᠠᠰᠤᠷᠠᠯ ᠳᠤ ᠤᠷᠤᠯᠴᠠᠪᠠᠯ᠂ ᠬᠦᠮᠦᠨ ᠤ ᠭᠡᠪᠡᠯᠢ ᠶᠢᠨ ᠠᠮᠢᠰᠬᠤᠯ ᠤᠨ ᠬᠡᠯᠪᠡᠷᠢ ᠴᠢᠩᠭᠠᠷᠠᠵᠤ ᠬᠤᠳᠤᠭᠤᠳᠤ ᠭᠡᠳᠡᠰᠦᠨ ᠤ ᠬᠦᠷᠪᠡᠯᠵᠡᠨ ᠬᠦᠳᠡᠯᠬᠦ ᠶᠢ ᠠᠬᠢᠭᠤᠯᠵᠤ᠂ ᠰᠢᠩᠭᠡᠭᠡᠯᠳᠡ ᠶᠢᠨ ᠵᠠᠮ ᠤᠨ ᠡᠷᠡᠭᠦᠯ ᠮᠡᠨᠳᠦ ᠳᠤ ᠠᠰᠢᠬᠳᠠᠢ ᠪᠠᠶᠢᠳᠠᠭ᠃
    ᠳᠠᠷᠤᠭᠠᠰᠤ ᠶᠡᠬᠡᠳᠠᠢ ᠬᠦᠮᠦᠰ    ᠬᠤᠳᠤᠭᠤᠳᠤ ᠭᠡᠳᠡᠰᠦ ᠨᠢ ᠮᠡᠳᠡᠷᠡᠯ ᠪᠠ ᠳᠤᠳᠤᠭᠠᠳᠤ ᠱᠦᠭᠦᠷᠡᠯ ᠤᠨ ᠰᠢᠰᠲ᠋ᠧᠮ ᠤᠨ ᠬᠠᠮᠵᠢᠯᠴᠠᠭᠰᠠᠨ ᠳᠤᠬᠢᠷᠠᠭᠤᠯᠭ᠎ᠠ ᠳᠤᠤᠷ᠎ᠠ ᠠᠵᠢᠯᠯᠠᠳᠠᠭ᠃ ᠠᠵᠢᠯ ᠶᠠᠭᠠᠷᠠᠤ᠂ ᠳᠠᠷᠤᠭᠠᠰᠤ ᠶᠡᠬᠡᠳᠡᠢ ᠪᠤᠯᠬᠤ ᠦᠶ᠎ᠡ ᠳᠤ ᠬᠦᠮᠦᠨ ᠤ ᠰᠢᠩᠭᠡᠭᠡᠯᠳᠡ ᠶᠢᠨ ᠴᠢᠳᠠᠪᠬᠢ ᠳᠤ ︽ᠰᠡᠳᠭᠢᠯ ᠰᠠᠨᠠᠭᠠᠨ ᠤ ᠴᠢᠨᠠᠷᠳᠠᠢ︾ ᠳᠤᠰᠬᠠᠯ ᠭᠠᠷᠴᠤ᠂ ᠬᠤᠳᠤᠭᠤᠳᠤ ᠭᠡᠳᠡᠰᠦᠨ ᠤ ᠴᠢᠳᠠᠪᠬᠢ ᠶᠢᠨ ᠰᠠᠭᠠᠳᠠᠯ ᠪᠠ ᠭᠡᠳᠡᠰᠦᠨ ᠤ ᠶᠡᠷᠦᠩᠭᠡᠶᠢᠯᠡᠭᠰᠡᠨ ᠡᠪᠡᠳᠴᠢᠨ — ᠴᠢᠳᠠᠪᠬᠢ ᠶᠢᠨ ᠴᠢᠨᠠᠷᠳᠠᠢ ᠭᠡᠳᠡᠰᠦᠨ ᠤ ᠦᠷᠪᠢᠰᠦᠯ᠂ ᠬᠤᠷᠭᠤᠰᠤᠯᠠᠬᠤ ᠵᠡᠷᠭᠡ ᠡᠪᠡᠳᠴᠢᠨ ᠤ ᠪᠠᠶᠢᠳᠠᠯ ᠪᠤᠢ ᠪᠤᠯᠳᠠᠭ᠃ 
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号