ᠪᠤᠬᠢᠷᠳᠤᠯ ᠦᠭᠡᠢ ᠬᠦᠭᠵᠢᠯᠳᠠ ᠶᠢᠨ ᠤᠢᠢᠯᠠᠭᠠᠬᠳᠠᠬᠤᠨ ᠢ ᠲᠤᠭᠤᠰᠢᠯᠠᠭᠤᠯᠵᠦ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ᠢ ᠴᠤᠬᠴᠠᠯᠠᠨ ᠪᠠᠶᠢᠭᠤᠯᠦᠶ᠎ᠠ
2018-10-08 12:17:41
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠬᠦᠮᠦᠨ ᠲᠦᠷᠦᠯᠭᠢᠳᠠᠨ ᠤ ᠲᠡᠤᠭᠡ ᠶᠢᠨ ᠬᠦᠭᠵᠢᠯᠳᠠ᠂ ᠪᠠᠶᠢᠭᠠᠯᠢ ᠶᠢᠨ ᠰᠢᠨᠵᠢᠯᠡᠭᠦ ᠤᠬᠠᠭᠠᠨ ᠤ ᠬᠦᠭᠵᠢᠯᠳᠠ ᠪᠠ ᠨᠡᠶᠢᠭᠡᠮ ᠵᠢᠷᠤᠮ ᠤᠨ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠵᠢᠮ᠎ᠠ ᠬᠠᠤᠯᠢ ᠶᠢ ᠰᠢᠰᠲ᠋ᠧᠮ ᠲᠠᠢ ᠳ᠋ᠦᠡᠭᠨᠡᠵᠦ᠂ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠪᠦᠷᠢᠯᠳᠦᠭᠦᠯᠦᠭᠰᠡᠨ ᠪᠦᠭᠡᠳ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠳᠤ ᠤᠷᠤᠭᠤᠯᠪᠠ᠃ ︽ᠪᠤᠬᠢᠷᠳᠤᠯ ᠦᠭᠡᠢ ᠬᠦᠭᠵᠢᠯᠳᠠ︾ ᠬᠦᠮᠦᠨ ᠪᠠ ᠪᠠᠶᠢᠭᠠᠯᠢ ᠶᠢᠨ ᠡᠶ᠎ᠡ ᠵᠤᠬᠢᠴᠠᠩᠭᠤᠢ ᠬᠦᠭᠵᠢᠯᠳᠠ ᠶᠢᠨ ᠠᠰᠠᠭᠤᠳᠠᠯ ᠢ ᠰᠢᠢᠳᠪᠤᠷᠢᠯᠡᠭᠦ ᠰᠢᠨ᠎ᠠ ᠬᠦᠭᠵᠢᠯᠳᠠ ᠶᠢᠨ ᠤᠢᠢᠯᠠᠭᠠᠬᠳᠠᠬᠤᠨ ᠪᠤᠯᠤᠬᠰᠠᠨ ᠤ ᠬᠤᠪᠢ ᠳᠤ᠂ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠭᠤᠰᠢᠯᠠᠭᠤᠯᠵᠦ ᠪᠠᠶᠢᠭ᠎ᠠ ᠴᠢᠬᠤᠯᠠ ᠠᠭᠤᠯᠭ᠎ᠠ ᠪᠤᠯᠪᠠ᠃ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠪᠠ ᠪᠤᠬᠢᠷᠳᠤᠯ ᠦᠭᠡᠢ ᠬᠦᠭᠵᠢᠯᠳᠠ ᠶᠢᠨ ᠤᠢᠢᠯᠠᠭᠠᠬᠳᠠᠬᠤᠨ ᠡᠳᠦᠷ ᠢᠷᠡᠭᠦᠶ᠎ᠠ ᠬᠦᠮᠦᠰ ᠤᠨ ᠰᠡᠳᠭᠢᠯ ᠳᠤ ᠬᠠᠳᠠᠩᠰᠢᠪᠠ᠃ ︽ᠬᠦᠬᠡ ᠤᠰᠤ ᠬᠦᠭᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ︾ ᠨᠡᠶᠢᠳᠡᠮ ᠤᠨ ᠲᠠᠨᠢᠯᠳᠠ ᠪᠤᠯᠪᠠ᠃ ᠦᠪᠤᠷ ᠮᠤᠩᠭᠤᠯ ᠮᠠᠨ ᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠭᠢ ᠶᠢᠨ ᠤᠷᠤᠨ᠂ ᠡᠭᠢ ᠪᠠᠶᠠᠯᠢᠭ ᠤᠨ ᠠᠭᠤᠯᠤᠬᠳᠠᠬᠤᠨ ᠤ ᠤᠷᠤᠨ ᠪᠤᠯᠤᠬᠰᠠᠨ ᠤ ᠬᠤᠪᠢ ᠳᠤ᠂ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠰᠤᠷᠤᠯᠴᠠᠬᠤ ᠪᠠ ᠦᠢᠯᠡᠳᠦᠯᠭᠡᠵᠢᠭᠦᠯᠵᠦ᠂ ᠴᠢᠨᠠᠷᠯᠢᠭ ᠪᠤᠬᠢᠷᠳᠤᠯ ᠦᠭᠡᠢ ᠬᠦᠭᠵᠢᠯᠳᠠ ᠶᠢ ᠠᠬᠢᠭᠤᠯᠬᠤ ᠭᠤᠤᠯ ᠲᠠᠯᠠᠪᠤᠷ ᠪᠤᠯᠤᠬᠰᠠᠨ ᠶᠤᠮ᠃      ᠶᠠᠷᠢᠶᠠᠨ ᠤ ᠠᠭᠤᠯᠭ᠎ᠠ᠄      ᠨᠢᠭᠡ᠂ ᠴᠠᠬ ᠦᠶ᠎ᠠ ᠶᠢᠨ ᠠᠬᠤᠢ ᠪᠠᠶᠢᠳᠠᠯ᠄ ︽ᠪᠤᠬᠢᠷᠳᠤᠯ ᠦᠭᠡᠢ ᠬᠦᠭᠵᠢᠯᠳᠠ︾ — ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ      ᠬᠤᠶᠠᠷ᠂ ᠪᠤᠬᠢᠷᠳᠤᠯ ᠦᠭᠡᠢ ᠬᠦᠭᠵᠢᠯᠳᠠ ᠶᠢᠨ ᠤᠢᠢᠯᠠᠭᠠᠬᠳᠠᠬᠤᠨ      ︽ᠬᠦᠮᠦᠨ ᠪᠠ ᠪᠠᠶᠢᠭᠠᠯᠢ ᠡᠶ᠎ᠡ ᠵᠤᠬᠢᠴᠠᠩᠭᠤᠢ ᠬᠠᠮᠳᠤ ᠪᠠᠷ ᠤᠷᠤᠰᠢᠬᠤ︾ ᠪᠠᠶᠢᠭᠠᠯᠢ ᠶᠢᠨ ᠦᠵᠡᠯᠳᠡ      ︽ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠤᠯ ᠠᠮᠢ ᠶᠢᠨ ᠬᠠᠮᠳᠤ ᠶᠢᠨ ᠴᠤᠬᠴᠠ︾᠎ ᠶᠢᠨ ᠰᠢᠰᠲ᠋ᠧᠮ ᠤᠨ ᠦᠵᠡᠯᠳᠡ      ︽ᠬᠦᠬᠡ ᠤᠰᠤ ᠬᠦᠭᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ︾᠎ ᠶᠢᠨ ᠬᠦᠭᠵᠢᠯᠳᠠ ᠶᠢᠨ ᠦᠵᠡᠯᠳᠡ      ᠭᠤᠷᠪᠠ᠂ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ︵ᠠᠮᠢ ᠠᠬᠤᠢ ᠶᠢᠨ ᠠᠵᠦ ᠦᠢᠯᠡᠰᠵᠢᠯᠳᠠ ᠪᠠ ᠠᠵᠦ ᠦᠢᠯᠡᠰ ᠤᠨ ᠠᠮᠢ ᠠᠬᠤᠢᠢᠴᠢᠯᠠᠯᠳᠠ ᠪᠠᠷ ᠭᠤᠤᠯ ᠴᠤᠬᠴᠠ ᠪᠤᠯᠭᠠᠬᠤ︶᠎ ᠢ ᠴᠤᠬᠴᠠᠯᠠᠨ ᠪᠠᠶᠢᠭᠤᠯᠬᠤ      ᠬᠦᠳᠡᠯᠭᠡᠭᠦ ᠬᠦᠴᠦᠨ ᠤ ᠰᠢᠰᠲ᠋ᠧᠮ ᠠᠵᠦ ᠦᠢᠯᠡᠰ ᠤᠨ ᠰᠢᠰᠲ᠋ᠧᠮ ᠪᠠᠳᠤᠯᠠᠭ᠎ᠠ ᠶᠢᠨ ᠰᠢᠰᠲ᠋ᠧᠮ      ᠲᠦᠷᠪᠡ᠂ ᠨᠡᠶᠢᠳᠡᠯᠢᠭ ᠵᠢᠱᠢᠶ᠎ᠠ      ᠨᠢᠭᠡ᠂ ᠴᠠᠬ ᠦᠶ᠎ᠠ ᠶᠢᠨ ᠠᠬᠤᠢ ᠪᠠᠶᠢᠳᠠᠯ᠄ ︽ᠪᠤᠬᠢᠷᠳᠤᠯ ᠦᠭᠡᠢ ᠬᠦᠭᠵᠢᠯᠳᠠ︾ — ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ      ᠤᠳᠤᠬᠠᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠨᠢᠭᠡᠨᠳᠡ ᠬᠦᠮᠦᠰ ᠤᠨ ᠰᠡᠳᠭᠢᠯ ᠳᠤ ᠰᠠᠭᠤᠬᠳᠠᠵᠦ᠂ ᠤᠷᠢᠳ ᠡᠮᠦᠨ᠎ᠡ ᠪᠠᠶᠢᠭ᠎ᠠ ᠦᠭᠡᠢ ᠴᠢᠬᠤᠯᠠᠴᠢᠯᠠᠬᠳᠠᠵᠦ᠂ ᠰᠢᠨ᠎ᠠ ᠨᠢᠭᠡᠨ ᠦᠨᠳᠤᠷᠴᠡ ᠳᠤ ᠬᠦᠷᠦᠭᠰᠡᠨ ᠢ ᠬᠦᠮᠦᠨ ᠪᠦᠭᠦᠨ ᠮᠡᠳᠡᠵᠦ ᠪᠠᠶᠢᠨ᠎ᠠ᠃ ᠡᠶᠢᠮᠦᠷᠭᠦ ᠦᠨᠳᠤᠷ ᠤᠷᠤᠨ ᠪᠠᠶᠢᠷᠢ ᠪᠠ ᠬᠦᠨᠳᠤ ᠶᠢᠨ ᠵᠢᠩ ᠳᠤ ᠦᠨᠦᠳᠤᠷ ᠬᠡᠨᠡᠳᠳᠡ ᠪᠠᠷ ᠬᠦᠷᠦᠭᠰᠨᠨ ᠪᠢᠰᠢ᠂ ᠠᠯᠬᠤᠮ ᠠᠯᠬᠤᠮ ᠢᠶᠠᠷ ᠬᠦᠨᠵᠡᠭᠡᠶᠢᠷᠡᠭᠦ ᠶᠠᠪᠤᠴᠠ ᠶᠢ ᠦᠡᠭᠭᠡᠷᠡᠭᠡᠭᠰᠡᠨ ᠶᠤᠮ᠃ ᠶᠠᠮᠠᠷ ᠨᠢᠭᠡᠨ ᠴᠢᠬᠤᠯᠠ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠭ᠎ᠠ ᠪᠠ ᠪᠠᠶᠢᠷᠢᠯᠠᠭᠤᠯᠤᠯᠳᠠ ᠪᠦᠭᠦᠨ ᠴᠦᠮ ᠨᠢᠭᠡ ᠨᠢᠭᠡ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠢᠶᠠᠷ ᠲᠠᠮᠵᠢᠵᠦ ᠪᠦᠷᠢᠯᠳᠦᠨ ᠲᠤᠬᠳᠠᠭᠠᠬᠰᠠᠨ ᠶᠤᠮ᠃ ᠮᠠᠨ ᠤ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠭᠡᠯ ᠳᠠᠬᠢ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠬᠠᠢ ᠦᠭᠦᠯᠠᠮᠵᠢ᠂ ᠲᠤᠷᠠᠳᠤᠯᠭ᠎ᠠ ᠶᠢ ᠡᠷᠬᠢᠴᠡᠭᠦᠯᠭᠦ ᠳᠤ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠷᠠᠳᠤᠯᠭ᠎ᠠ ᠶᠢ ᠬᠠᠮᠤᠭ ᠤᠨ ᠡᠷᠳᠡ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ ᠤᠨ ᠢᠯᠡᠳᠭᠡᠯ ᠠᠴᠠ ᠤᠯᠵᠦ ᠬᠠᠷᠠᠨ᠎ᠠ᠃ ᠠᠷᠪᠠᠨ ᠵᠢᠷᠭᠤᠳᠤᠭᠠᠷ ᠶᠡᠭᠡ ᠬᠤᠷᠠᠯ ᠤᠨ ᠢᠯᠡᠳᠭᠡᠯ ᠳᠤ ᠠᠮᠢ ᠠᠬᠤᠢ ᠶᠢᠨ ᠪᠤᠯᠪᠠᠰᠤᠨ ᠢ ᠪᠦᠲᠦᠭᠡᠨ ᠪᠠᠶᠢᠭᠤᠯᠬᠤ ᠲᠤᠬᠠᠢ ᠠᠩᠬ᠎ᠠ ᠲᠤᠷᠠᠳᠴᠤ᠂ ᠠᠮᠢ ᠠᠬᠤᠢ ᠰᠠᠶᠢᠨ ᠰᠠᠶᠢᠬᠠᠨ ᠨᠡᠶᠢᠭᠡᠮ ᠢ ᠪᠦᠲᠦᠭᠡᠨ ᠪᠠᠶᠢᠭᠤᠯᠤᠨ᠎ᠠ ᠭᠡᠵᠦ ᠲᠤᠷᠠᠳᠪᠠ᠃ ᠡᠨᠡ ᠦᠶᠡᠰ ᠪᠤᠯ ᠵᠦᠪᠭᠡᠨ ᠬᠦᠪᠤᠷᠠᠯ ᠤᠨ ᠱᠠᠳᠤ ᠦᠶ᠎ᠠ ᠮᠦᠨ᠃ ᠰᠡᠭᠦᠯᠡᠷ ᠨᠢ ᠠᠷᠪᠠᠨ ᠲᠤᠯᠤᠳᠤᠭᠠᠷ ᠶᠡᠭᠡ ᠬᠤᠷᠠᠯ ᠤᠨ ᠢᠯᠡᠳᠭᠡᠯ ᠳᠤ ᠠᠮᠢ ᠠᠬᠤᠢ ᠶᠢᠨ ᠪᠤᠯᠪᠠᠰᠤᠨ ᠢ ᠪᠦᠲᠦᠭᠡᠨ ᠪᠠᠶᠢᠭᠤᠯᠬᠤ ᠲᠤᠬᠠᠢ ᠵᠢᠩᠭᠢᠨᠢ ᠪᠠᠷ ᠲᠤᠷᠠᠳᠤᠨ ᠭᠠᠷᠭᠠᠵᠠᠢ᠃ ᠠᠮᠢ ᠠᠬᠤᠢ ᠶᠢᠨ ᠪᠤᠯᠪᠠᠰᠤᠨ ᠭᠡᠳᠡᠭ ᠦᠭᠡ ᠶᠢ ᠠᠩᠬ᠎ᠠ ᠤᠳᠠᠭ᠎ᠠ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠷᠠᠳᠤᠵᠦ ᠭᠠᠷᠭᠠᠬᠰᠠᠨ ᠨᠢ ᠠᠷᠪᠠᠨ ᠲᠤᠯᠤᠳᠤᠭᠠᠷ ᠶᠡᠭᠡ ᠬᠤᠷᠠᠯ ᠤᠨ ᠢᠯᠡᠳᠭᠡᠯ ᠪᠠᠶᠢᠵᠦ᠂ ᠡᠭᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠤᠷᠴᠢᠨ ᠲᠤᠭᠤᠷᠢᠨ ᠲᠠᠢ ᠨᠦᠭᠦᠷᠰᠡᠭ ᠬᠡᠯᠪᠡᠷᠢ ᠶᠢᠨ ᠨᠡᠶᠢᠭᠡᠮ ᠢ ᠪᠦᠲᠦᠭᠡᠨ ᠪᠠᠶᠢᠭᠤᠯᠬᠤ ᠲᠤᠬᠠᠢ ᠲᠤᠷᠠᠳᠪᠠ᠃ ᠠᠷᠪᠠᠨ ᠨᠠᠢᠮᠠᠳᠤᠭᠠᠷ ᠶᠡᠭᠡ ᠬᠤᠷᠠᠯ ᠤᠨ ᠢᠯᠡᠳᠭᠡᠯ ᠳᠤ ᠲᠤᠰᠠᠭᠠᠷ ᠬᠠᠭᠤᠳᠠᠰᠦ ᠪᠠᠷ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠳᠤ ᠲᠠᠶᠢᠯᠪᠤᠷᠢᠯᠠᠯᠳᠠ ᠬᠢᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ︽ᠲᠠᠪᠤ ᠶᠢ ᠨᠢᠭᠡ ᠴᠤᠬᠴᠠᠵᠢᠭᠤᠯᠬᠤ︾ ᠶᠡᠷᠦᠩᠭᠡᠢ ᠪᠠᠶᠢᠷᠢᠯᠠᠭᠤᠯᠤᠯᠳᠠ ᠶᠢᠨ ᠦᠨᠳᠤᠷᠴᠡ ᠳᠤ ᠬᠦᠷᠭᠡᠵᠤ᠂ ᠠᠵᠦ ᠠᠬᠤᠢ᠂ ᠤᠯᠤᠰ ᠲᠦᠷᠦ᠂ ᠰᠤᠶᠤᠯ᠂ ᠨᠡᠶᠢᠭᠡᠮ ᠤᠨ ᠪᠦᠲᠦᠭᠡᠨ ᠪᠠᠶᠢᠭᠤᠯᠤᠯᠳᠠ ᠲᠠᠢ ᠠᠳᠠᠯᠢ ᠲᠦᠪᠰᠢᠨ ᠳᠤ ᠬᠦᠷᠭᠡᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠠᠵᠦ ᠠᠬᠤᠢ᠂ ᠤᠯᠤᠰ ᠲᠦᠷᠦ᠂ ᠰᠤᠶᠤᠯ᠂ ᠨᠡᠶᠢᠭᠡᠮ ᠤᠨ ᠪᠠᠶᠢᠭᠤᠯᠤᠯᠳᠠ ᠶᠢᠨ ᠡᠯ᠎ᠠ ᠲᠠᠯ᠎ᠠ ᠪᠡ ᠪᠦᠭᠦ ᠶᠠᠪᠤᠴᠠ ᠳᠤ ᠲᠤᠭᠤᠰᠢᠯᠠᠭᠤᠯᠪᠠ᠃ ᠡᠶᠢᠮᠦ ᠠᠴᠠ᠂ ᠠᠷᠪᠠᠨ ᠨᠠᠢᠮᠠᠳᠤᠭᠠᠷ ᠶᠡᠭᠡ ᠬᠤᠷᠠᠯ ᠤᠨ ᠢᠯᠡᠳᠭᠡᠯ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠤᠬᠠᠢ ᠬᠢᠭᠰᠡᠨ ᠠᠵᠢᠯ ᠪᠤᠯ ᠲᠠᠷᠤᠢ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠦᠵᠦ ᠲᠦᠰᠦᠪᠯᠡᠭᠡ ᠮᠦᠨ᠃      ᠦᠵᠦ ᠲᠦᠰᠦᠪᠯᠡᠭᠡ ᠪᠤᠯ ᠨᠢᠭᠡ ᠵᠦᠢᠯ ᠤᠨ ᠲᠦᠯᠦᠪᠵᠢᠭᠦᠯᠭᠡ ᠪᠠ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠭ᠎ᠠ ᠲᠤᠯᠠᠳᠠ᠂ ᠪᠤᠳᠠᠳᠠᠢ ᠬᠡᠷᠡᠭᠵᠢᠭᠦᠯᠭᠦ ᠳᠤ ᠶᠠᠭᠤᠨ ᠤ ᠤᠷᠢᠳ ᠬᠠᠮᠢᠶ᠎ᠠ ᠪᠦᠭᠦᠢ ᠵᠠᠰᠠᠯᠳᠠ ᠶᠢᠨ ᠲᠦᠷᠢᠮ ᠪᠠᠶᠢᠭᠤᠯᠤᠮᠵᠢ ᠪᠠᠷ ᠪᠠᠳᠤᠯᠠᠭ᠎ᠠ ᠪᠤᠯᠭᠠᠬᠤ ᠬᠡᠷᠡᠭᠳᠡᠢ᠃ ᠡᠶᠢᠨ ᠬᠦ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠠᠴᠠ ᠰᠢᠰᠲ᠋ᠧᠮ ᠲᠠᠢ ᠪᠦᠷᠢᠨ ᠲᠦᠭᠦᠷ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ ᠢ ᠪᠠᠶᠢᠭᠤᠯᠵᠦ᠂ ᠲᠦᠷᠢᠮ ᠢᠶᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠬᠡᠷᠡᠭᠳᠡᠢ ᠭᠡᠵᠦ ᠲᠤᠷᠠᠳᠤᠨ ᠭᠠᠷᠭᠠᠪᠠ᠃      ᠠᠷᠪᠠᠨ ᠨᠠᠢᠮᠠᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠲᠤᠷᠠᠳᠤᠵᠦ ᠭᠠᠷᠭᠠᠬᠰᠠᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠦᠲᠦᠭᠡᠨ ᠪᠠᠶᠢᠭᠤᠯᠤᠯᠳᠠ᠄      ᠪᠠᠶᠢᠭᠠᠯᠢ ᠶᠢᠨ ᠡᠭᠢ ᠪᠠᠶᠠᠯᠢᠭ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢᠨ ᠲᠦᠷᠢᠮ ᠪᠠ ᠬᠡᠷᠡᠭᠴᠡᠭᠡ ᠬᠠᠮᠢᠶᠠᠷᠤᠯᠳᠠ ᠶᠢᠨ ᠲᠦᠷᠢᠮ ︵ᠡᠷᠭᠡ ᠶᠢ ᠲᠤᠬᠳᠠᠭᠠᠨ ᠲᠠᠩᠰᠠᠯᠠᠬᠤ ᠦᠢᠯᠡᠳᠪᠤᠷᠢᠯᠡᠯ ᠠᠮᠢᠳᠤᠷᠠᠯ ᠤᠨ ᠠᠮᠢ ᠠᠬᠤᠢ ᠶᠢᠨ ᠤᠷᠤᠨ ᠵᠠᠢ ᠶᠢ ᠬᠤᠪᠢᠶᠠᠷᠢᠯᠠᠬᠤ︶᠎ ᠢ ᠪᠦᠷᠢᠨᠰᠢᠭᠦᠯᠦᠨ᠎ᠠ      ᠠᠮᠢ ᠠᠬᠤᠢ ᠶᠢᠨ ᠬᠠᠮᠠᠭᠠᠯᠠᠯᠳᠠ ᠶᠢᠨ ᠤᠯᠠᠭᠠᠨ ᠱᠤᠭᠤᠮ ︵ᠭᠤᠤᠯ ᠴᠤᠬᠴᠠ ᠶᠢᠨ ᠴᠢᠳᠠᠪᠭᠢᠳᠤ ᠤᠷᠤᠨ ᠤᠯᠤᠰ ᠤᠨ ᠴᠡᠴᠡᠷᠯᠢᠭ ᠢ ᠪᠠᠶᠢᠭᠤᠯᠤᠨ᠎ᠠ︶᠎ ᠢ ᠲᠤᠬᠳᠠᠭᠠᠨ᠎ᠠ      ᠡᠭᠢ ᠪᠠᠶᠠᠯᠢᠭ ᠢ ᠦᠨ᠎ᠠ ᠲᠦᠯᠤᠪᠤᠷᠢ ᠲᠠᠢ ᠬᠡᠷᠡᠭᠯᠡᠭᠦ ᠲᠦᠷᠢᠮ ᠪᠠ ᠠᠮᠢ ᠠᠬᠤᠢ ᠶᠢᠨ ᠨᠦᠭᠦᠪᠦᠷᠢ ᠶᠢᠨ ᠲᠦᠷᠢᠮ ᠢ ᠬᠡᠷᠡᠭᠵᠢᠭᠦᠯᠦᠨ᠎ᠠ      ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠮᠢᠶᠠᠷᠤᠯᠳᠠ ᠶᠢᠨ ᠪᠠᠶᠢᠭᠤᠯᠤᠮᠵᠢ ᠳᠤ ᠦᠭᠡᠷᠡᠴᠢᠯᠠᠯᠳᠠ ᠬᠢᠨ᠎ᠠ      ᠬᠠᠮᠤᠭ ᠤᠨ ᠴᠢᠩᠭ᠎ᠠ ᠡᠭᠢ ᠰᠤᠷᠪᠤᠯᠵᠢ ᠶᠢᠨ ᠬᠠᠮᠠᠭᠠᠯᠠᠯᠳᠠ ᠶᠢᠨ ᠲᠦᠷᠢᠮ      ᠬᠤᠬᠢᠷᠠᠯ ᠳᠤ ᠲᠦᠯᠤᠪᠤᠷᠢ ᠦᠭᠭᠦ ᠲᠦᠷᠢᠮ      ᠬᠠᠷᠢᠭᠤᠴᠠᠯᠭ᠎ᠠ ᠨᠡᠭᠡᠮᠵᠢᠯᠡᠭᠦ ᠲᠦᠷᠢᠮ ︵ᠠᠮᠢ ᠠᠬᠤᠢ ᠶᠢᠨ ᠤᠷᠴᠢᠨ ᠲᠤᠭᠤᠷᠢᠨ ᠤ ᠬᠤᠬᠢᠷᠠᠯ ᠤᠨ ᠬᠠᠷᠢᠭᠤᠴᠠᠯᠭ᠎ᠠ ᠶᠢ ᠡᠭᠦᠷᠢᠳᠡ ᠨᠡᠭᠡᠮᠵᠢᠯᠡᠭᠦ ᠲᠦᠷᠢᠮ︶      ᠪᠠᠶᠢᠭᠠᠯᠢ ᠶᠢᠨ ᠡᠭᠢ ᠪᠠᠶᠠᠯᠢᠭ ᠡᠳ᠋ ᠬᠦᠷᠦᠩᠭᠡ ᠶᠢᠨ ᠦᠷᠢ ᠦᠭᠴᠡᠭᠡ ᠶᠢᠨ ᠬᠦᠰᠦᠨᠦᠭᠳᠤ ︵ᠤᠳᠤᠷᠢᠳᠬᠤ ᠺᠠᠳ᠋ᠷ ᠲᠤ ᠪᠠᠶᠢᠭᠠᠯᠢ ᠶᠢᠨ ᠡᠭᠢ ᠪᠠᠶᠠᠯᠢᠭ ᠡᠳ᠋ ᠬᠦᠷᠦᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠠ ᠶᠢᠨ ᠬᠢᠨᠠᠨ ᠪᠤᠳᠤᠯᠳᠠ ᠬᠢᠨ᠎ᠠ︶᠎ ᠶᠢ ᠰᠦᠪᠡᠭᠴᠢᠯᠠᠨ ᠨᠠᠶᠢᠷᠠᠭᠤᠯᠤᠨ᠎ᠠ      ᠤᠷᠴᠢᠨ ᠲᠤᠭᠤᠷᠢᠨ ᠤ ᠵᠠᠰᠠᠯᠳᠠ ᠪᠠ ᠠᠮᠢ ᠠᠬᠤᠢ ᠶᠢᠨ ᠰᠡᠷᠭᠦᠭᠡᠯᠳᠡ ᠶᠢᠨ ᠲᠦᠷᠢᠮ ︵16 ᠲᠦᠷᠦᠯ ᠠᠮᠢ ᠠᠬᠤᠢ ᠶᠢᠨ ᠰᠡᠷᠭᠦᠯᠳᠡ ᠶᠢᠨ ᠢᠨᠵᠧᠨᠧᠷᠢᠩ ᠭᠤᠷᠪᠠᠨ ᠤᠮᠠᠷᠠᠳᠤ ᠶᠢᠨ ᠬᠠᠮᠠᠭᠠᠯᠠᠯᠳᠠ ᠶᠢᠨ ᠤᠢ᠂ ᠪᠠᠶᠢᠭᠠᠯᠢᠯᠢᠭ ᠤᠢ ᠰᠢᠭᠤᠢ ᠶᠢᠨ ᠬᠠᠮᠠᠭᠠᠯᠠᠯᠳᠠ ᠶᠢᠨ ᠢᠨᠵᠧᠨᠧᠷᠢᠩ᠂ ᠪᠡᠭᠡᠵᠢᠩ ᠲᠢᠶᠠᠨᠵᠢᠨ ᠤ ᠰᠠᠯᠭᠢ ᠡᠯᠡᠰᠦᠨ ᠤ ᠰᠤᠷᠪᠤᠯᠵᠢ ᠶᠢᠨ ᠵᠠᠰᠠᠯᠳᠠ᠂ ᠲᠠᠷᠢᠶᠠᠯᠠᠬᠤ ᠮᠠᠯᠵᠢᠬᠤ ᠶᠢ ᠵᠤᠬᠰᠤᠭᠠᠵᠦ ᠤᠢ ᠰᠢᠭᠤᠢ ᠡᠪᠡᠰᠦ ᠪᠡᠯᠴᠢᠭᠡᠷ ᠢ ᠰᠡᠷᠭᠦᠭᠡᠭᠦ︶      2015 ᠤᠨ ᠤ 9 ᠰᠠᠷ᠎ᠠ ᠳᠤ ᠲᠦᠪ ᠬᠤᠷᠢᠶ᠎ᠠ ᠠᠴᠠ ︽ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠶᠡᠷᠦᠩᠭᠡᠢ ᠲᠦᠰᠦᠪ︾᠎ ᠢ ᠬᠢᠨᠠᠨ ᠵᠦᠪᠯᠡᠵᠦ ᠪᠠᠳᠤᠯᠠᠪᠠ᠃      ᠲᠤᠰ ᠶᠡᠷᠦᠩᠭᠡᠢ ᠲᠦᠰᠦᠪ ᠲᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ︽ᠨᠠᠢᠮᠠᠨ ᠶᠡᠭᠡ ᠲᠦᠷᠢᠮ︾᠎ ᠢ ᠲᠤᠬᠳᠠᠭᠠᠵᠦ᠂ ᠬᠠᠮᠤᠭ ᠤᠨ ᠴᠢᠩᠭ᠎ᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠪᠤᠯᠪᠠ᠃      1. ᠬᠠᠷᠢᠶᠠᠯᠠᠯ ᠲᠤᠳᠤ᠂ ᠡᠷᠭᠡ ᠬᠠᠷᠢᠭᠤᠴᠠᠯᠭ᠎ᠠ ᠲᠤᠳᠤᠷᠬᠠᠢ᠂ ᠬᠢᠨᠠᠯᠳᠠ ᠪᠦᠲᠦᠮᠵᠢᠳᠠᠢ ᠪᠠᠶᠢᠭᠠᠯᠢ ᠶᠢᠨ ᠡᠭᠢ ᠪᠠᠶᠠᠯᠢᠭ ᠡᠳ᠋ ᠬᠦᠷᠦᠩᠭᠡ ᠶᠢᠨ ᠦᠮᠴᠢᠯᠡᠯ ᠤᠨ ᠡᠷᠭᠡ ᠶᠢᠨ ᠲᠦᠷᠢᠮ ︵ᠪᠠᠶᠢᠭᠠᠯᠢ ᠶᠢᠨ ᠡᠭᠢ ᠪᠠᠶᠠᠯᠢᠭ ᠤᠨ ᠦᠮᠴᠢᠯᠡᠭᠴᠢ ᠲᠦᠢᠯᠪᠤᠷᠢᠳᠠᠢ ᠪᠤᠰᠤ᠂ ᠦᠮᠴᠢᠯᠡᠭᠦ ᠡᠷᠭᠡ ᠶᠢᠨ ᠬᠢᠵᠠᠭᠠᠷ ᠪᠠᠯᠠᠷᠬᠠᠢ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠭᠦ︶᠎ ᠢ ᠪᠠᠶᠢᠭᠤᠯᠪᠠ︔       2. ᠤᠷᠤᠨ ᠵᠠᠢ ᠶᠢᠨ ᠲᠦᠯᠦᠪᠵᠢᠭᠦᠯᠭᠡ ᠪᠠᠷ ᠰᠠᠭᠤᠷᠢ ᠪᠤᠯᠭᠠᠵᠤ᠂ ᠬᠡᠷᠡᠭᠴᠡᠭᠡ ᠬᠠᠮᠢᠶᠠᠷᠤᠯᠳᠠ ᠪᠠᠷ ᠭᠤᠤᠯ ᠠᠷᠭ᠎ᠠ ᠪᠠᠷᠢᠯ ᠪᠤᠯᠭᠠᠬᠰᠠᠨ ᠤᠯᠤᠰ ᠤᠨ ᠭᠠᠵᠠᠷ ᠰᠢᠷᠤᠢ ᠶᠢᠨ ᠤᠷᠤᠨ ᠵᠠᠢ ᠶᠢ ᠨᠡᠭᠡᠭᠡᠨ ᠬᠦᠭᠵᠢᠭᠦᠯᠭᠦ ᠬᠠᠮᠠᠭᠠᠯᠠᠯᠳᠠ ᠶᠢᠨ ᠲᠦᠷᠢᠮ ︵ᠡᠮᠬᠢ ᠵᠢᠷᠦᠮ ᠦᠭᠡᠢ ᠨᠡᠭᠡᠭᠡᠨ ᠬᠦᠭᠵᠢᠭᠦᠯᠭᠦ᠂ ᠬᠡᠲᠦᠷᠡᠳᠡᠯ᠎ᠠ ᠨᠡᠭᠡᠭᠡᠨ ᠬᠦᠭᠵᠢᠭᠦᠯᠭᠦ᠂ ᠲᠠᠷᠬᠠᠢ ᠪᠤᠳᠠᠷᠬᠠᠢ ᠨᠡᠭᠡᠭᠡᠨ ᠬᠦᠭᠵᠢᠭᠦᠯᠭᠦ ᠠᠴᠠ ᠪᠤᠯᠤᠬᠰᠠᠨ ᠴᠢᠨᠠᠷᠯᠢᠭ ᠲᠠᠷᠢᠶᠠᠨ ᠭᠠᠵᠠᠷ ᠪᠠ ᠠᠮᠢ ᠠᠬᠤᠢ ᠶᠢᠨ ᠤᠷᠴᠢᠨ ᠲᠤᠭᠤᠷᠢᠨ ᠢ ᠬᠡᠲᠦᠷᠡᠭᠦᠦ ᠡᠵᠡᠯᠡᠭᠦ᠂ ᠠᠮᠢ ᠠᠬᠤᠢ ᠶᠢ ᠡᠪᠳᠡᠭᠦ᠂ ᠤᠷᠴᠢᠨ ᠲᠤᠭᠤᠷᠢᠨ ᠢ ᠪᠤᠬᠢᠷᠳᠤᠭᠤᠯᠬᠤ ᠵᠡᠷᠭᠡ ᠠᠰᠠᠭᠤᠳᠠᠯ ᠢ ᠭᠦᠴᠦᠯᠡᠨ ᠰᠢᠢᠳᠪᠤᠷᠢᠯᠡᠭᠦ︶᠎ ᠢ ᠪᠠᠶᠢᠭᠤᠯᠪᠠ      3. ᠤᠷᠤᠨ ᠵᠠᠢ ᠶᠢᠨ ᠵᠠᠰᠠᠯᠳᠠ ᠪᠠ ᠤᠷᠤᠨ ᠵᠠᠢ ᠶᠢᠨ ᠪᠦᠲᠦᠴᠡ ᠶᠢ ᠰᠢᠯᠢᠳᠡᠭᠵᠢᠭᠦᠯᠭᠦ ᠪᠠᠷ ᠭᠤᠤᠯ ᠠᠭᠤᠯᠭ᠎ᠠ ᠪᠤᠯᠭᠠᠵᠦ᠂ ᠪᠦᠭᠦ ᠤᠯᠤᠰ ᠲᠤ ᠨᠢᠭᠡᠳᠦᠯᠳᠡᠢ᠂ ᠬᠠᠷᠢᠯᠴᠠᠨ ᠵᠤᠯᠭᠠᠯᠳᠤᠭᠤᠯᠵᠦ᠂ ᠱᠠᠳᠤ ᠬᠤᠪᠢᠶᠠᠨ ᠬᠠᠮᠢᠶᠠᠷᠬᠤ ᠤᠷᠤᠨ ᠵᠠᠢ ᠶᠢᠨ ᠲᠦᠯᠦᠪᠵᠢᠭᠦᠯᠭᠡ ᠶᠢᠨ ᠰᠢᠰᠲ᠋ᠧᠮ ︵ᠤᠷᠤᠨ ᠵᠠᠢ ᠶᠢᠨ ᠴᠢᠨᠠᠷᠳᠠᠢ ᠲᠦᠯᠦᠪᠵᠢᠭᠦᠯᠭᠡ ᠶᠢᠨ ᠲᠠᠪᠬᠤᠴᠠᠨ ᠮᠦᠷᠭᠦᠯᠳᠦᠭᠦ᠂ ᠰᠠᠯᠠᠭ᠎ᠠ ᠮᠦᠴᠢᠷ ᠤᠨ ᠲᠤᠰᠢᠶᠠᠯ ᠬᠠᠷᠢᠭᠤᠴᠠᠯᠭ᠎ᠠ ᠰᠤᠯᠢᠪᠴᠠᠨ ᠲᠠᠪᠬᠤᠷᠳᠠᠬᠤ᠂ ᠤᠷᠤᠨ ᠨᠤᠳᠤᠬ ᠤᠨ ᠲᠦᠯᠦᠪᠵᠢᠭᠦᠯᠭᠡ ᠶᠢ ᠲᠠᠬᠢᠨ ᠲᠠᠪᠳᠠᠨ ᠵᠠᠰᠨᠨ ᠦᠭᠡᠷᠡᠴᠢᠯᠡᠭᠦ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠭᠦ︶᠎ ᠢ ᠪᠠᠶᠢᠭᠤᠯᠪᠠ      4. ᠪᠦᠭᠦ ᠲᠠᠯ᠎ᠠ ᠶᠢ ᠬᠠᠮᠤᠷᠴᠤ᠂ ᠰᠢᠨᠵᠢᠯᠡᠭᠦ ᠤᠬᠠᠭᠠᠨᠴᠢ ᠪᠠᠷ ᠲᠦᠷᠢᠮᠵᠢᠭᠦᠯᠵᠦ᠂ ᠬᠠᠮᠢᠶᠠᠷᠤᠯᠳᠠ ᠴᠢᠩᠭ᠎ᠠ ᠡᠭᠢ ᠪᠠᠶᠠᠯᠢᠭ ᠤᠨ ᠶᠡᠷᠦᠩᠭᠡᠢ ᠬᠡᠮᠵᠢᠶ᠎ᠠ ᠶᠢᠨ ᠬᠠᠮᠢᠶᠠᠷᠤᠯᠳᠠ ᠪᠠ ᠪᠦᠭᠦ ᠲᠠᠯ᠎ᠠ ᠪᠠᠷ ᠠᠷᠪᠢᠯᠠᠬᠤ ᠲᠦᠷᠢᠮ ︵ᠡᠭᠢ ᠪᠠᠶᠠᠯᠢᠭ ᠢ ᠬᠡᠷᠡᠭᠯᠡᠭᠡᠨ ᠳᠤ ᠬᠦᠨᠳᠤ ᠨᠤᠴᠢᠳᠠᠢ ᠪᠦᠷᠢᠯᠭᠡᠭᠦ᠂ ᠠᠰᠢᠬᠯᠠᠯᠳᠠ ᠶᠢᠨ ᠦᠷ᠎ᠠ ᠪᠦᠳᠤᠮᠵᠢ ᠦᠨᠳᠤᠷ ᠪᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠭᠦ︶᠎ ᠢ ᠪᠠᠶᠢᠭᠤᠯᠪᠠ      5. ᠵᠠᠬ᠎ᠠ ᠲᠡᠯᠭᠡᠭᠦᠷ ᠤᠨ ᠬᠠᠨᠭ᠍ᠭᠠᠯᠭ᠎ᠠ ᠬᠡᠷᠡᠭᠴᠡᠭᠡ ᠪᠠ ᠡᠭᠢ ᠪᠠᠶᠠᠯᠢᠭ ᠤᠨ ᠬᠤᠪᠤᠷᠳᠠᠯ ᠲᠤᠳᠠᠬᠳᠠᠯ ᠤᠨ ᠬᠡᠮᠵᠢᠶ᠎ᠠ ᠶᠢ ᠲᠤᠰᠬᠠᠵᠦ᠂ ᠪᠠᠶᠢᠭᠠᠯᠢ ᠶᠢᠨ ᠦᠷᠳᠡᠭ ᠪᠠ ᠦᠶ᠎ᠠ ᠶᠢᠨ ᠬᠤᠭᠤᠷᠤᠨᠳᠤᠬᠢ ᠨᠦᠬᠦᠪᠦᠷᠢ ᠶᠢᠨ ᠡᠭᠢ ᠪᠠᠶᠠᠯᠢᠭ ᠤᠨ ᠦᠨ᠎ᠠ ᠲᠦᠯᠤᠪᠤᠷᠢ ᠲᠠᠢ ᠬᠡᠷᠡᠭᠯᠡᠯᠳᠡ ᠪᠠ ᠠᠮᠢ ᠠᠬᠤᠢ ᠶᠢᠨ ᠨᠦᠭᠦᠪᠦᠷᠢ ᠶᠢᠨ ᠲᠦᠷᠢᠮ ︵ᠪᠠᠶᠢᠭᠠᠯᠢ ᠶᠢᠨ ᠡᠭᠢ ᠪᠠᠶᠠᠯᠢᠭ ᠪᠠ ᠲᠡᠭᠦᠨ ᠤ ᠦᠢᠯᠡᠳᠭᠦᠨ ᠤ ᠦᠨ᠎ᠠ ᠬᠠᠨᠭ᠍ᠰᠢ ᠲᠤᠤᠷ᠎ᠠ᠂ ᠦᠢᠯᠡᠳᠪᠤᠷᠢᠯᠡᠯ ᠬᠢᠵᠦ ᠨᠡᠭᠡᠭᠡᠨ ᠬᠦᠭᠵᠢᠭᠦᠯᠭᠦ ᠦᠷᠳᠡᠭ ᠨᠢ ᠨᠡᠶᠢᠭᠡᠮ ᠤᠨ ᠦᠷᠳᠡᠭ ᠠᠴᠠ ᠲᠤᠤᠷ᠎ᠠ᠂ ᠠᠮᠢ ᠠᠬᠤᠢ ᠶᠢ ᠬᠠᠮᠠᠭᠠᠯᠠᠭᠠᠳ ᠵᠦᠢ ᠵᠤᠬᠢᠰᠳᠠᠢ ᠠᠴᠢ ᠬᠠᠷᠢᠭᠤ ᠤᠯᠬᠤ ᠦᠭᠡᠢ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠭᠦ︶᠎ ᠢ ᠪᠠᠶᠢᠭᠤᠯᠪᠠ      6. ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠤᠳᠤᠷᠢᠳᠤᠮᠵᠢ ᠪᠤᠯᠭᠠᠵᠦ᠂ ᠬᠢᠨᠠᠨ ᠬᠠᠮᠢᠶᠠᠷᠬᠤ ᠶᠢ ᠨᠢᠭᠡᠳᠦᠯᠳᠡᠢ ᠪᠠᠶᠢᠯᠭᠠᠵᠦ᠂ ᠬᠠᠤᠯᠢ ᠶᠢ ᠴᠢᠩᠭ᠎ᠠ ᠬᠡᠷᠡᠭᠵᠢᠭᠦᠯᠵᠦ᠂ ᠤᠯᠠᠨ ᠲᠠᠯ᠎ᠠ ᠤᠷᠤᠯᠴᠠᠬᠰᠠᠨ ᠤᠷᠴᠢᠨ ᠲᠤᠭᠤᠷᠢᠨ ᠤ ᠵᠠᠰᠠᠯᠳᠠ ᠶᠢᠨ ᠰᠢᠰᠲ᠋ᠧᠮ ︵ᠪᠤᠬᠢᠷᠳᠤᠯ ᠢ ᠰᠡᠷᠭᠡᠶᠢᠯᠡᠨ ᠵᠠᠰᠠᠬᠤ ᠴᠢᠳᠠᠪᠤᠷᠢ ᠪᠠᠭᠤᠷᠠᠢ᠂ ᠬᠢᠨᠠᠨ ᠬᠠᠮᠢᠶᠠᠷᠬᠤ ᠲᠤᠰᠢᠶᠠᠯ ᠴᠢᠳᠠᠪᠭᠢ ᠰᠤᠯᠢᠪᠴᠠᠬᠤ᠂ ᠡᠷᠭᠡ ᠬᠠᠷᠢᠭᠤᠴᠠᠯᠭ᠎ᠠ ᠨᠢᠭᠡᠳᠤᠯ ᠦᠭᠡᠢ᠂ ᠬᠠᠤᠯᠢ ᠶᠢ ᠵᠦᠷᠢᠴᠡᠭᠦ ᠦᠷᠳᠡᠭ ᠲᠤᠤᠷ᠎ᠠ ᠵᠡᠷᠭᠡ ᠠᠰᠠᠭᠤᠳᠠᠯ ᠢ ᠭᠦᠴᠤᠯᠠᠨ ᠰᠢᠢᠳᠪᠤᠷᠢᠯᠡᠭᠦ︶᠎ ᠢ ᠪᠠᠶᠢᠭᠤᠯᠪᠠ      7. ᠠᠵᠦ ᠠᠬᠤᠢ ᠶᠢᠨ ᠬᠦᠰᠢᠭᠦᠷᠭᠡ ᠶᠢ ᠬᠡᠷᠡᠭᠯᠡᠨ ᠤᠷᠴᠢᠨ ᠲᠤᠭᠤᠷᠢᠨ ᠳᠤ ᠵᠠᠰᠠᠯᠳᠠ ᠬᠢᠭᠦ ᠪᠠ ᠠᠮᠢ ᠠᠬᠤᠢ ᠶᠢ ᠬᠠᠮᠠᠭᠠᠯᠠᠬᠤ ᠨᠡᠩ ᠠᠷᠪᠢᠨ ᠵᠠᠬ᠎ᠠ ᠲᠡᠯᠭᠡᠭᠦᠷ ᠤᠨ ᠰᠢᠰᠲ᠋ᠧᠮ ︵ᠵᠠᠬ᠎ᠠ ᠲᠡᠯᠭᠡᠭᠦᠷ ᠤᠨ ᠭᠤᠤᠯ ᠴᠤᠬᠴᠠ ᠪᠠ ᠵᠠᠬ᠎ᠠ ᠲᠡᠯᠭᠡᠭᠦᠷ ᠤᠨ ᠰᠢᠰᠲ᠋ᠧᠮ ᠤᠨ ᠪᠤᠶᠢᠵᠢᠯᠳᠠ ᠤᠳᠠᠭᠠᠨ᠂ ᠨᠡᠶᠢᠭᠡᠮ ᠤᠨ ᠤᠷᠤᠯᠴᠠᠯᠭ᠎ᠠ ᠦᠨᠳᠤᠷ ᠪᠤᠰᠤ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠬᠦ︶᠎ ᠢ ᠪᠠᠶᠢᠭᠤᠯᠪᠠ      8. ᠡᠭᠢ ᠪᠠᠶᠠᠯᠢᠭ ᠤᠨ ᠬᠤᠷᠤᠬᠳᠠᠯ᠂ ᠤᠷᠴᠢᠨ ᠲᠤᠭᠤᠷᠢᠨ ᠤ ᠬᠤᠬᠢᠷᠠᠯ ᠪᠠ ᠠᠮᠢ ᠠᠬᠤᠢ ᠶᠢᠨ ᠦᠷ᠎ᠠ ᠠᠰᠢᠭ ᠢ ᠭᠦᠢᠴᠡᠳ ᠲᠤᠰᠬᠠᠬᠤ ᠠᠮᠢ ᠠᠬᠤᠢ ᠶᠢᠨ ᠪᠤᠯᠪᠠᠰᠤᠨ ᠤ ᠬᠢᠷᠢ ᠪᠦᠳᠦᠮᠵᠢ ᠶᠢ ᠬᠢᠨᠠᠨ ᠦᠨᠡᠯᠡᠬᠦ ᠪᠠ ᠬᠠᠷᠢᠭᠤᠴᠠᠯᠭ᠎ᠠ ᠨᠡᠭᠡᠮᠵᠢᠯᠡᠭᠦ ᠲᠦᠷᠢᠮ ︵ᠬᠦᠭᠵᠢᠯᠳᠠ ᠶᠢᠨ ᠬᠢᠷᠢ ᠪᠦᠲᠦᠮᠵᠢ ᠶᠢᠨ ᠦᠨᠡᠯᠡᠯᠳᠡ ᠪᠦᠭᠦ ᠲᠠᠯ᠎ᠠ ᠶᠢᠨ ᠪᠤᠰᠤ᠂ ᠬᠠᠷᠢᠭᠤᠴᠠᠯᠭ᠎ᠠ ᠶᠢ ᠲᠦᠢᠯᠪᠤᠷᠢᠳᠠᠢ ᠨᠠᠶᠢᠳᠠᠪᠤᠷᠢᠵᠢᠭᠤᠯᠤᠬᠰᠠᠨ ᠦᠭᠡᠢ᠂ ᠬᠤᠬᠢᠷᠠᠯ ᠤᠨ ᠬᠠᠷᠢᠭᠤᠴᠠᠯᠭ᠎ᠠ ᠶᠢ ᠨᠡᠭᠡᠮᠵᠢᠯᠡᠭᠦ ᠲᠠᠯ᠎ᠠ ᠪᠠᠷ ᠲᠤᠳᠠᠮᠠᠬ ᠵᠡᠷᠭᠡ ᠠᠰᠠᠭᠤᠳᠠᠯ ᠢ ᠬᠦᠴᠦᠯᠡᠨ ᠰᠢᠢᠳᠪᠤᠷᠢᠯᠡᠭᠦ︶᠎ ᠢ ᠪᠠᠶᠢᠭᠤᠯᠪᠠ᠃       ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠠᠪᠤᠳᠤᠭᠠᠷ ᠪᠦᠭᠦᠳᠡ ᠬᠤᠷᠠᠯ ︵2015 ᠤᠨ ᠤ 10 ᠰᠠᠷ᠎ᠠ︶᠎ ᠠᠴᠠ ᠰᠢᠨ᠎ᠠ ᠶᠢ ᠡᠭᠦᠳᠭᠦ᠂ ᠵᠤᠬᠢᠴᠠᠩᠭᠤᠢ᠂ ᠪᠤᠬᠢᠷᠳᠤᠯ ᠦᠭᠡᠢ᠂ ᠨᠡᠭᠡᠭᠡᠯᠳᠡᠳᠤ᠂ ᠬᠠᠮᠳᠤ ᠪᠠᠷ ᠡᠳ᠋ᠯᠡᠭᠦ ᠲᠠᠪᠤᠨ ᠶᠡᠭᠡ ᠬᠦᠭᠵᠢᠯᠳᠠ ᠶᠢᠨ ᠤᠢᠢᠯᠠᠭᠠᠬᠳᠠᠬᠤᠨ ᠢ ᠲᠤᠷᠠᠳᠤᠨ ᠭᠠᠷᠭᠠᠪᠠ᠃       ᠪᠤᠬᠢᠷᠳᠤᠯ ᠦᠭᠡᠢ ᠬᠦᠭᠵᠢᠯᠳᠠ ᠶᠢ ᠪᠠᠷᠢᠮᠳᠠᠯᠠᠬᠤ ᠳᠤ᠂ ᠡᠭᠢ ᠪᠠᠶᠠᠯᠢᠭ ᠢ ᠠᠷᠪᠢᠯᠠᠬᠤ ᠪᠠ ᠤᠷᠴᠢᠨ ᠲᠤᠭᠤᠷᠢᠨ ᠢ ᠬᠠᠮᠠᠭᠠᠯᠠᠬᠤ ᠤᠯᠤᠰ ᠤᠨ ᠦᠨᠳᠦᠰᠦᠨ ᠲᠦᠷᠦ ᠶᠢᠨ ᠪᠤᠳᠤᠯᠭ᠎ᠠ ᠶᠢ ᠵᠠᠪᠠᠯ ᠪᠠᠷᠢᠮᠳᠠᠯᠠᠵᠦ᠂ ᠦᠷᠭᠦᠯᠵᠢᠯᠡᠭᠦ ᠬᠦᠭᠵᠢᠯᠳᠠ ᠶᠢ ᠪᠠᠷᠢᠮᠳᠠᠯᠠᠵᠦ᠂ ᠦᠢᠯᠡᠳᠪᠤᠷᠢᠯᠡᠯ ᠬᠦᠭᠵᠢᠵᠦ᠂ ᠠᠮᠢᠳᠤᠷᠠᠯ ᠴᠢᠨᠡᠭᠡᠯᠢᠭᠵᠢᠵᠦ᠂ ᠠᠮᠢ ᠠᠬᠤᠢ ᠰᠠᠶᠢᠨ ᠰᠠᠶᠢᠬᠠᠨ ᠪᠤᠯᠪᠠᠰᠤᠨ ᠬᠦᠭᠵᠢᠯᠳᠠ ᠶᠢᠨ ᠵᠠᠮ ᠢᠶᠠᠷ ᠭᠤᠶᠢᠪᠢᠰᠢ ᠦᠭᠡᠢ ᠵᠠᠮᠨᠠᠵᠦ᠂ ᠡᠭᠢ ᠪᠠᠶᠠᠯᠢᠭ ᠢ ᠠᠷᠪᠢᠯᠠᠬᠤ ᠬᠡᠯᠪᠡᠷᠢ ᠶᠢᠨ᠂ ᠤᠷᠴᠢᠨ ᠲᠤᠭᠤᠷᠢᠨ ᠨᠦᠭᠦᠷᠰᠡᠭ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠳᠠ ᠶᠢ ᠲᠦᠷᠭᠡᠳᠭᠡᠵᠦ᠂ ᠬᠦᠮᠦᠨ ᠪᠠ ᠡᠭᠡ ᠪᠠᠶᠢᠭᠠᠯᠢ ᠡᠶ᠎ᠡ ᠵᠤᠬᠢᠴᠠᠩᠭᠤᠢ ᠬᠦᠭᠵᠢᠭᠦ ᠤᠳᠤᠬᠢᠴᠢᠯᠠᠬᠰᠠᠨ ᠪᠦᠲᠦᠭᠡᠨ ᠪᠠᠶᠢᠭᠤᠯᠤᠯᠳᠠ ᠶᠢᠨ ᠰᠢᠨ᠎ᠠ ᠪᠦᠲᠦᠴᠡ ᠶᠢ ᠪᠦᠷᠢᠯᠳᠦᠭᠦᠯᠵᠦ᠂ ᠦᠵᠡᠰᠭᠦᠯᠠᠩᠳᠤ ᠰᠠᠶᠢᠬᠠᠨ ᠦᠪᠤᠷ ᠮᠤᠩᠭᠤᠯ ᠤᠨ ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠪᠦᠭᠦ ᠪᠦᠮᠪᠦᠷᠴᠡᠭ ᠤᠨ ᠠᠮᠢ ᠠᠬᠤᠢ ᠶᠢᠨ ᠠᠮᠤᠷ ᠲᠦᠪᠰᠢᠨ ᠳᠤ ᠰᠢᠨ᠎ᠠ ᠬᠤᠪᠢ ᠨᠡᠮᠡᠷᠢ ᠭᠠᠷᠭᠠᠬᠤ ᠬᠡᠷᠡᠭᠳᠡᠢ᠃      ᠠᠭᠤᠯᠭ᠎ᠠ ᠶᠢᠨ ᠲᠠᠯ᠎ᠠ ᠠᠴᠠ ᠦᠵᠡᠪᠡᠯ᠂ ᠪᠤᠬᠢᠷᠳᠤᠯ ᠦᠭᠡᠢ ᠬᠦᠭᠵᠢᠯᠳᠠ ᠶᠢᠨ ᠠᠭᠤᠯᠤᠬᠳᠠᠬᠤᠨ ᠭᠤᠤᠯᠳᠠᠭᠤ ᠲᠤᠤᠷᠠᠭᠢ ᠬᠡᠲᠦᠨ ᠲᠠᠯ᠎ᠠ ᠳᠤ ᠢᠯᠡᠷᠡᠵᠦ ᠪᠤᠢ᠄      ᠡᠩ ᠲᠡᠷᠢᠭᠦᠨ ᠳᠤ᠂ ᠠᠵᠦ ᠠᠬᠤᠢ ᠶᠢᠨ ᠬᠦᠷᠢᠶ᠎ᠠ ᠬᠡᠪᠴᠢᠶᠡᠨ ᠳᠤ᠂ ᠲᠡᠷᠡ ᠪᠤᠯ ᠨᠢᠭᠡ ᠵᠦᠢᠯ ᠤᠨ ᠦᠢᠯᠡᠳᠪᠤᠷᠢᠯᠡᠯ ᠤᠨ ᠠᠷᠭ᠎ᠠ ᠬᠡᠯᠪᠡᠷᠢ ᠮᠦᠨ — ︽ᠰᠢᠨᠵᠢᠯᠡᠭᠦ ᠤᠬᠠᠭᠠᠨ ᠮᠡᠷᠭᠡᠵᠢᠯ ᠤᠨ ᠠᠭᠤᠯᠤᠬᠳᠠᠴᠠ ᠦᠨᠳᠤᠷ᠂ ᠡᠭᠢ ᠪᠠᠶᠠᠯᠢᠭ ᠤᠨ ᠬᠤᠷᠤᠬᠳᠠᠯ ᠲᠤᠤᠷ᠎ᠠ᠂ ᠤᠷᠴᠢᠨ ᠲᠤᠭᠤᠷᠢᠨ ᠤ ᠪᠤᠬᠢᠷᠳᠤᠯ ᠪᠠᠭ᠎ᠠ ᠠᠵᠦ ᠦᠢᠯᠡᠰ ᠤᠨ ᠪᠦᠲᠦᠴᠡ ᠪᠠ ᠦᠢᠯᠡᠳᠪᠤᠷᠢᠯᠡᠯ ᠤᠨ ᠠᠷᠭ᠎ᠠ ᠬᠡᠯᠪᠡᠷᠢ︾᠂ ︽ᠪᠤᠬᠢᠷᠳᠤᠯ ᠦᠭᠡᠢ ᠠᠵᠦ ᠠᠬᠤᠢ︾᠎ ᠶᠢᠨ ᠠᠭᠤᠯᠤᠬᠳᠠᠬᠤᠨ ᠲᠠᠢ ᠪᠠᠶᠢᠵᠦ᠂ ︽ᠪᠤᠬᠢᠷᠳᠤᠯ ᠦᠭᠡᠢ ᠠᠵᠦ ᠦᠢᠯᠡᠰ︾᠎ ᠢ ᠲᠠᠶᠢᠴᠢᠯᠠᠨ ᠲᠠᠭᠠᠭᠤᠯᠵᠦ᠂ ︽ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠰᠢᠨ᠎ᠠ ᠨᠡᠮᠡᠭᠳᠡᠯ ᠴᠡᠭ ᠢ ᠪᠦᠷᠢᠯᠳᠦᠭᠦᠯᠭᠦ︾᠎ ᠶᠢ ᠬᠦᠰᠡᠵᠠᠢ᠃      ᠬᠠᠮᠳᠤ ᠳᠤᠨᠢ᠂ ᠲᠡᠷᠡ ᠪᠤᠯ ᠮᠦᠨ ᠴᠤ ᠨᠢᠭᠡᠨ ᠵᠦᠢᠯ ᠤᠨ ᠠᠮᠢᠳᠤᠷᠠᠯ ᠤᠨ ᠠᠷᠭ᠎ᠠ ᠬᠡᠯᠪᠡᠷᠢ ᠮᠦᠨ — ︽ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡ ᠶᠢᠨ ᠬᠡᠪ ᠮᠠᠶ᠋ᠢᠭ ᠲᠦᠭᠦᠮ ᠲᠦᠳᠡ ᠲᠤᠬᠢᠷᠠᠮᠵᠢᠳᠠᠢ᠂ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ᠂ ᠪᠤᠯᠪᠠᠰᠤᠨ ᠡᠷᠡᠭᠦᠯ ᠴᠢᠬᠢᠷᠠᠬ ᠤᠨ ᠴᠢᠭᠯᠡᠯ ᠲᠡᠶᠢᠰᠢ ᠬᠤᠪᠢᠷᠠᠨ ᠰᠢᠯᠵᠢᠵᠦ᠂ ᠪᠦᠷᠢᠯᠭᠡᠨ ᠰᠦᠢᠳᠭᠡᠭᠦ ᠪᠠ ᠵᠦᠢ ᠵᠤᠬᠢᠰ ᠦᠭᠡᠢ ᠬᠡᠷᠡᠭᠯᠡᠭᠡ ᠶᠢ ᠬᠦᠴᠦᠯᠡᠨ ᠲᠡᠪᠴᠢᠨ᠎ᠠ︾᠃      ᠲᠡᠷᠡ ᠪᠤᠯ ᠪᠠᠰᠨ ᠨᠢᠭᠡᠨ ᠵᠦᠢᠯ ᠤᠨ ᠦᠷᠳᠡᠭ ᠤᠨ ᠴᠢᠭᠯᠡᠯ ᠮᠦᠨ — ︽ᠠᠮᠢ ᠠᠬᠤᠢ ᠶᠢᠨ ᠪᠤᠯᠪᠠᠰᠤᠨ ᠢ ᠨᠡᠶᠢᠭᠡᠮ ᠵᠢᠷᠤᠮ ᠤᠨ ᠭᠤᠤᠯᠯᠠᠬᠴᠢ ᠦᠷᠳᠡᠭ ᠤᠨ ᠰᠢᠰᠲ᠋ᠧᠮ ᠳᠤ ᠤᠷᠤᠭᠤᠯᠵᠦ᠂ ᠬᠦᠮᠦᠨ ᠪᠤᠯᠭᠠᠨ᠂ ᠶᠠᠪᠤᠳᠠᠯ ᠪᠦᠷᠢ ᠳᠤ᠂ ᠴᠠᠬ ᠢᠮᠠᠬᠳᠠ ᠠᠮᠢ ᠠᠬᠤᠢ ᠶᠢᠨ ᠪᠤᠯᠪᠠᠰᠤᠨ ᠢ ᠲᠡᠭᠡᠳᠤᠯᠠᠨ ᠴᠢᠬᠤᠯᠠᠴᠢᠯᠠᠬᠤ ᠨᠡᠶᠢᠭᠡᠮ ᠤᠨ ᠰᠢᠨ᠎ᠠ ᠬᠡᠪ ᠰᠤᠷᠳᠠᠯ ᠢ ᠪᠦᠷᠢᠯᠳᠦᠭᠦᠯᠦᠨ᠎ᠠ︾᠃      2015 ᠤᠨ ᠤ 11 ᠰᠠᠷ᠎ᠠ ᠳᠤ ᠰᠢ ᠶᠢᠨ ᠫᠢᠡᠭ ᠫᠠᠷᠢ ᠶᠢᠨ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠠᠭᠤᠷ ᠠᠮᠢᠰᠬᠤᠯ ᠤᠨ ᠬᠤᠪᠢᠷᠠᠯᠳᠠ ᠶᠢᠨ ᠶᠡᠭᠡ ᠬᠤᠷᠠᠯ ᠳᠤ ᠤᠷᠤᠯᠴᠠᠬᠤ ᠳᠠᠭᠠᠨ ︽ᠬᠠᠮᠳᠤᠷᠠᠯᠴᠠᠭ᠎ᠠ ᠬᠢᠵᠦ ᠬᠠᠮᠳᠤ ᠪᠠᠷ ᠢᠶᠠᠨ ᠠᠰᠢᠭ ᠬᠦᠷᠳᠡᠭᠦ᠂ ᠡᠷᠭᠡ ᠲᠡᠭᠰᠢ ᠵᠦᠢ ᠵᠤᠬᠢᠰᠳᠠᠢ ᠠᠭᠤᠷ ᠠᠮᠢᠰᠬᠤᠯ ᠤᠨ ᠵᠠᠰᠠᠯᠳᠠ ᠶᠢᠨ ᠲᠤᠬᠳᠠᠴᠠ ᠶᠢ ᠭᠠᠷ ᠬᠤᠯᠪᠤᠨ ᠴᠤᠬᠴᠠᠯᠠᠶ᠎ᠠ︾ ᠭᠡᠭᠦ ᠰᠡᠳᠦᠪ ᠢᠶᠠᠷ ᠭᠤᠤᠯ ᠵᠤᠷᠢᠯᠳᠠᠳᠤ ᠢᠯᠡᠳᠭᠡᠯ ᠬᠢᠵᠠᠢ᠃      ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ᠄ ᠪᠤᠳᠠᠳᠠᠶᠢᠴᠢᠯᠠᠨ ᠶᠠᠷᠢᠪᠠᠯ ᠠᠮᠢ ᠠᠬᠤᠢ ᠶᠢᠨ ᠪᠤᠯᠪᠠᠰᠤᠨ ᠤ ᠬᠢᠬᠦ ᠠᠵᠢᠯ ᠪᠤᠯ ᠠᠷᠪᠠᠨ ᠨᠠᠢᠮᠠᠳᠤᠭᠠᠷ ᠶᠡᠭᠡ ᠬᠤᠷᠠᠯ ᠳ᠋ᠡᠨ ᠢᠯᠡᠳᠭᠡᠯ ᠳᠤ ᠪᠡᠶᠡᠯᠡᠭᠦᠯᠦᠭᠰᠡᠨ ᠦᠵᠦ ᠲᠦᠰᠦᠪᠯᠡᠭᠡ ᠶᠢ ᠴᠢᠨᠠᠬᠰᠢᠳᠠ ᠲᠡᠭᠡᠭᠰᠢᠯᠡᠭᠦᠯᠵᠦ᠂ ᠲᠤᠳᠤᠭᠠᠳᠤ ᠳᠠᠭᠠᠨ ᠬᠤᠪᠢᠷᠠᠭᠤᠯᠬᠤ ᠪᠠ ᠨᠠᠶᠢᠳᠠᠪᠤᠷᠢᠵᠢᠭᠤᠯᠤᠬᠰᠠᠨ ᠶᠠᠪᠤᠳᠠᠯ ᠮᠦᠨ᠃       ᠶᠠᠭᠤ ᠶᠢ ᠲᠡᠭᠡᠭᠰᠢᠯᠡᠭᠦᠯᠭᠦ ᠪᠤᠢ︖ ᠲᠤᠮᠳᠠᠳᠤ ᠤᠯᠤᠰ ᠤᠨ ᠲᠡᠯᠡᠭᠡᠢ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠠᠪᠴᠠᠩ ᠲᠡᠭᠡᠷᠡᠭᠢ ᠪᠠᠶᠢᠷᠢ ᠰᠠᠭᠤᠷᠢ ᠶᠢ ᠲᠡᠭᠡᠭᠰᠢᠯᠡᠭᠦᠯᠵᠦ᠂ ᠲᠡᠯᠡᠭᠡᠢ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠲᠠᠭᠠᠭᠤᠯᠤᠬᠴᠢ ᠪᠤᠯᠤᠨ᠎ᠠ᠃ ︵ᠢᠯᠠᠩᠭᠤᠶ᠎ᠠ ᠠᠮᠧᠷᠢᠺᠠ ᠶᠢᠨ ᠶᠡᠷᠦᠩᠭᠡᠶᠢᠯᠡᠭᠴᠢ ᠲᠧᠷᠠᠮᠫᠦ᠋ ᠲᠠᠶᠢᠰᠠᠨ ᠳᠤ ᠭᠠᠷᠤᠬᠰᠠᠨ ᠤ ᠲᠠᠷᠠᠭ᠎ᠠ᠂ ᠠᠮᠧᠷᠢᠺᠠ ᠶᠢ ᠱᠠᠭᠠᠷᠳᠠᠨ ᠪᠦᠭᠦ ᠪᠦᠮᠪᠦᠷᠴᠡᠭ ᠤᠨ ᠠᠭᠤᠷ ᠠᠮᠢᠰᠬᠤᠯ ᠤᠨ ᠬᠤᠪᠢᠷᠠᠯᠳᠠ ᠶᠢ ᠬᠠᠮᠳᠤ ᠪᠠᠷ ᠵᠠᠰᠠᠬᠤ ᠬᠡᠷ᠎ᠠ ︽ᠫᠠᠷᠢ ᠶᠢᠨ ᠬᠡᠯᠡᠯᠴᠡᠭᠡᠷ︾᠎ ᠠᠴᠠ ᠤᠬᠤᠷᠢᠨ ᠭᠠᠷᠴᠠᠢ︶      ᠶᠠᠭᠤ ᠶᠢ ᠲᠤᠳᠤᠭᠠᠳᠤ ᠳᠠᠭᠠᠨ ᠬᠤᠪᠢᠷᠠᠭᠤᠯᠬᠤ ᠪᠤᠢ︖ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠳᠤᠭᠢᠴᠢᠯᠠᠬᠰᠠᠨ ᠪᠦᠲᠦᠭᠡᠨ ᠪᠠᠶᠢᠭᠤᠯᠤᠯᠳᠠ ᠶᠢᠨ ᠡᠯ᠎ᠠ ᠲᠦᠷᠦᠯ ᠤᠨ ᠠᠵᠢᠯ ᠦᠢᠯᠡᠰ ᠲᠤ ᠠᠭᠤᠰᠬᠠᠵᠦ᠂ ᠨᠡᠶᠢᠭᠡᠮ ᠵᠢᠷᠤᠮ ᠤᠨ ᠰᠢᠨ᠎ᠠ ᠴᠠᠭ ᠦᠶ᠎ᠠ ᠶᠢᠨ ᠪᠦᠲᠦᠭᠡᠨ ᠪᠠᠶᠢᠭᠤᠯᠤᠯᠳᠠ ᠶᠢᠨ ᠠᠭᠤᠯᠭ᠎ᠠ ᠳᠤ ᠠᠭᠤᠰᠬᠠᠵᠦ᠂ ᠬᠤᠤᠰ ᠵᠠᠭᠤᠨ ᠵᠢᠯ ᠤᠨ ᠲᠤᠮᠳᠠᠳᠤ ᠶᠢᠨ ᠵᠡᠭᠦᠳᠤ ᠶᠢᠨ ᠬᠠᠷᠠᠯᠳᠠ ᠳᠤ ᠠᠭᠤᠰᠬᠠᠵᠦ᠂ ᠲᠤᠮᠳᠠᠳᠤ ᠤᠯᠤᠰ ᠤᠨ ᠤᠳᠤᠭᠢᠴᠢᠯᠠᠯᠳᠠ ᠶᠢᠨ ᠠᠭᠤᠯᠤᠬᠳᠠᠬᠤᠨ ᠳᠤ ᠠᠭᠤᠰᠬᠠᠬᠤ ᠪᠤᠯᠤᠨ᠎ᠠ᠃      ᠶᠠᠭᠤ ᠶᠢ ᠨᠠᠶᠢᠳᠠᠪᠤᠷᠢᠵᠢᠭᠤᠯᠬᠤ ᠪᠤᠢ︖ ᠠᠷᠪᠠᠨ ᠨᠠᠢᠮᠠᠳᠤᠭᠠᠷ ᠶᠡᠭᠡ ᠬᠤᠷᠠᠯ ᠤᠨ ᠢᠯᠡᠳᠭᠡᠯ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠦᠵᠦ ᠲᠦᠰᠦᠪᠯᠡᠭᠡ ᠶᠢ ᠬᠢᠵᠦ ᠲᠠᠭᠤᠰᠬᠠᠵᠦ᠂ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠬᠢᠭᠰᠡᠨ ᠪᠠᠰᠠ ᠨᠢᠭᠡᠨ ᠶᠠᠪᠤᠳᠠᠯ ᠬᠡᠪᠡᠯ ᠠᠷᠪᠠᠨ ᠨᠠᠢᠮᠠᠳᠤᠭᠠᠷ ᠶᠡᠭᠡ ᠬᠤᠷᠠᠯ ᠤᠨ ᠢᠯᠡᠳᠭᠡᠯ ᠳᠤ ᠪᠡᠶᠡᠯᠡᠭᠦᠯᠦᠭᠰᠡᠨ ᠦᠵᠦ ᠲᠦᠰᠦᠪᠯᠡᠭᠡ ᠶᠢ ᠨᠠᠶᠢᠳᠠᠪᠤᠷᠢᠵᠢᠭᠤᠯᠵᠦ ᠬᠡᠷᠡᠭᠵᠢᠭᠦᠯᠦᠭᠰᠡᠨ ᠶᠠᠪᠤᠳᠠᠯ ᠪᠤᠯᠤᠨ᠎ᠠ᠃      ᠡᠭᠦᠨ ᠢ ᠨᠠᠶᠢᠳᠠᠪᠤᠷᠢᠵᠢᠭᠤᠯᠵᠦ ᠬᠡᠷᠡᠭᠵᠢᠭᠦᠯᠭᠦ ᠳᠤ ᠭᠤᠤᠯᠳᠠᠭᠤ ᠲᠦᠷᠪᠡᠨ ᠶᠡᠭᠡ ᠲᠦᠷᠢᠮ ᠤᠨ ᠰᠢᠰᠲ᠋ᠧᠮ ᠢᠶᠠᠷ ᠲᠠᠮᠵᠢᠵᠦ ᠭᠢᠵᠠᠢ᠃      ᠲᠦᠷᠪᠡᠨ ᠶᠡᠭᠡ ᠲᠦᠷᠢᠮ ᠤᠨ ᠰᠢᠰᠲ᠋ᠧᠮ᠄      ᠨᠢᠭᠡᠳᠦᠭᠡᠷ ᠨᠢ ᠪᠤᠯ ᠪᠤᠬᠢᠷᠳᠤᠯ ᠦᠭᠡᠢ ᠬᠦᠭᠵᠢᠯᠳᠠ ᠶᠢ ᠬᠦᠭᠡᠭᠡᠴᠡᠯᠳᠤᠵᠦ᠂ ᠲᠠᠷᠤᠢ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ᠢ ᠪᠠᠶᠢᠭᠤᠯᠵᠦ ᠬᠦᠭᠵᠢᠯᠳᠠ ᠪᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠤᠤᠰ ᠢᠯᠠᠯᠳᠠ ᠶᠢ ᠤᠯᠪᠠ᠃      ᠬᠤᠶᠠᠳᠤᠭᠠᠷ ᠨᠢ ᠪᠤᠯ ᠤᠷᠴᠢᠨ ᠲᠤᠭᠤᠷᠢᠨ ᠤ ᠬᠠᠮᠠᠭᠠᠯᠠᠯᠳᠠ ᠶᠢ ᠬᠦᠬᠡᠭᠡᠴᠡᠯᠳᠤᠵᠦ᠂ ᠤᠳᠤᠬᠠᠨ ᠤ ᠪᠢᠳᠠᠨ ᠤ ᠲᠤᠯᠭᠠᠷᠠᠵᠦ ᠪᠠᠶᠢᠭ᠎ᠠ ᠤᠷᠴᠢᠨ ᠲᠤᠭᠤᠷᠢᠨ ᠤ ᠠᠰᠠᠭᠤᠳᠠᠯ ᠢ ᠰᠢᠢᠳᠪᠤᠷᠢᠯᠡᠪᠡ᠃ ︵ᠪᠤᠬᠢᠷᠳᠤᠯ ᠳᠤ ᠲᠠᠶᠢᠨ ᠵᠠᠷᠯᠠᠵᠦ᠂ ᠠᠭᠠᠷ ᠮᠠᠨᠳᠠᠯ ᠤᠨ ᠪᠤᠬᠢᠷᠳᠤᠯ᠂ ᠤᠰᠤᠨ ᠤ ᠪᠤᠬᠢᠷᠳᠤᠯ᠂ ᠬᠦᠷᠦᠰᠦ ᠰᠢᠷᠤᠢ ᠶᠢᠨ ᠬᠦᠨᠳᠤ ᠲᠡᠮᠦᠷᠯᠢᠭ ᠤᠨ ᠪᠤᠬᠢᠷᠳᠤᠯ ᠵᠡᠷᠭᠡ ᠤᠷᠴᠢᠨ ᠲᠤᠭᠤᠷᠢᠨ ᠤ ᠠᠰᠠᠭᠤᠳᠠᠯ ᠢ ᠰᠢᠢᠳᠪᠤᠷᠢᠯᠡᠪᠡ᠃︶      ᠭᠤᠷᠪᠠᠳᠤᠭᠠᠷ ᠨᠢ ᠪᠤᠯ ᠠᠮᠢ ᠠᠬᠤᠢ ᠶᠢᠨ ᠰᠢᠰᠲ᠋ᠧᠮ ᠤᠨ ᠰᠡᠷᠭᠦᠭᠡᠯᠳᠡ᠂ ᠬᠠᠮᠠᠭᠠᠯᠠᠯᠳᠠ ᠶᠢᠨ ᠡᠷᠴᠢᠮ ᠢ ᠶᠡᠭᠡᠰᠭᠡᠪᠡ᠃      ᠲᠦᠷᠪᠡᠳᠦᠭᠡᠷ ᠨᠢ ᠪᠤᠯ ᠬᠠᠮᠢᠶᠠᠷᠤᠯᠳᠠ ᠶᠢᠨ ᠲᠦᠷᠢᠮ ᠳᠤ ᠦᠭᠡᠷᠡᠴᠢᠯᠠᠯᠳᠠ ᠬᠢᠵᠦ ᠰᠢᠨ᠎ᠠ ᠶᠢ ᠡᠭᠦᠳᠪᠡ᠃ ᠲᠦᠷᠢᠮ ᠨᠢᠭᠡᠨᠳᠡ ᠤᠯᠠᠰᠢᠷᠠᠪᠠ᠂ ᠬᠠᠮᠢᠶᠠᠷᠤᠯᠳᠠ ᠶᠢᠨ ᠲᠦᠷᠢᠮ ᠤᠨ ᠦᠭᠡᠷᠡᠴᠢᠯᠠᠯᠳᠠ ᠪᠠ ᠰᠢᠨ᠎ᠠ ᠶᠢ ᠡᠭᠦᠳᠭᠦ ᠲᠤᠮᠳᠠ᠂ ᠬᠠᠮᠤᠭ ᠤᠨ ᠵᠠᠩᠭᠢᠯᠠᠭ᠎ᠠ ᠶᠢᠨ ᠠᠰᠠᠭᠤᠳᠠᠯ ᠪᠤᠯ ᠲᠠᠷᠤᠢ ᠲᠦᠷᠢᠮ ᠢ ᠭᠦᠢᠴᠡᠳᠭᠡᠭᠦ ᠠᠰᠠᠭᠤᠳᠠᠯ᠂ ᠤᠨᠤᠴᠢᠳᠠᠢ ᠨᠠᠶᠢᠳᠠᠪᠤᠷᠢᠵᠢᠭᠤᠯᠬᠤ ᠠᠰᠠᠭᠤᠳᠠᠯ ᠢ ᠰᠢᠢᠳᠪᠤᠷᠢᠯᠡᠭᠦ ᠳᠤ ᠪᠠᠶᠢᠨ᠎ᠠ᠃      ᠠᠷᠪᠠᠨ ᠶᠢᠰᠦᠳᠦᠭᠡᠷ ᠶᠡᠭᠡ ᠬᠤᠷᠠᠯ ᠤᠨ ᠲᠠᠷᠠᠭ᠎ᠠ᠂ 2018 ᠤᠨ ᠤ 5 ᠰᠠᠷ᠎ᠠ ᠶᠢᠨ 18 — 19᠎ ᠤ ᠡᠳᠦᠷ ᠨᠠᠮ ᠤᠨ ᠲᠦᠪ ᠬᠤᠷᠢᠶ᠎ᠠ ᠠᠴᠠ ᠪᠦᠭᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠢ ᠬᠤᠷᠠᠯᠳᠤᠭᠤᠯᠬᠤ ᠪᠠᠷ ᠲᠤᠬᠳᠠᠪᠠ᠃ ᠶᠡᠭᠡ ᠬᠤᠷᠠᠯ ᠤᠨ ᠬᠤᠷᠠᠯᠳᠤᠬᠰᠠᠨ ᠨᠢ ︽ᠲᠦᠷᠪᠡᠨ ᠠᠩᠬᠠᠳᠤᠭᠠᠷ︾ ᠪᠠ ︽ᠨᠢᠭᠡ ᠪᠡᠯᠭᠡᠳᠡᠯ ᠤᠨ ᠴᠢᠨᠠᠷᠳᠠᠢ ᠦᠷ᠎ᠠ ᠪᠦᠲᠦᠭᠡᠯ︾᠎ ᠢ ᠪᠡᠶᠡᠯᠡᠬᠦᠯᠵᠤ᠂ ᠮᠠᠨ ᠤ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠪᠠ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠦᠭᠵᠢᠯᠳᠠ ᠶᠢᠨ ᠶᠠᠪᠤᠴᠠ ᠳᠤ ᠴᠠᠭ ᠦᠶ᠎ᠠ ᠶᠢ ᠵᠠᠭᠠᠬᠯᠠᠬᠰᠠᠨ ᠬᠦᠰᠢᠶ᠎ᠠ ᠲᠤᠷᠠᠰᠬᠠᠯ ᠤᠨ ᠠᠴᠢ ᠬᠤᠯᠪᠤᠬᠳᠠᠯ ᠲᠠᠢ ᠶᠤᠮ᠃ ᠶᠡᠭᠡ ᠬᠤᠷᠠᠯ ᠢ ᠨᠠᠮ ᠤᠨ ᠲᠦᠪ ᠬᠤᠷᠢᠶ᠎ᠠ ᠠᠴᠠ ᠬᠤᠷᠠᠯᠳᠤᠭᠤᠯᠬᠤ ᠪᠠᠷ ᠲᠤᠬᠳᠠᠬᠰᠠᠨ ᠨᠢ ᠠᠩᠬᠠᠳᠤᠭᠠᠷ ᠤᠳᠠᠭ᠎ᠠ︔ ᠶᠡᠷᠦᠩᠭᠡᠢ ᠱᠦᠵᠢ ᠶᠡᠭᠡ ᠬᠤᠷᠠᠯ ᠳᠤ ᠤᠷᠤᠯᠴᠠᠬᠤ ᠶᠢᠨ ᠬᠠᠮᠳᠤ ᠴᠢᠬᠤᠯᠠ ᠶᠠᠷᠢᠶ᠎ᠠ ᠲᠠᠯᠪᠢᠬᠰᠠᠨ ᠨᠢ ᠠᠩᠬᠠᠳᠤᠭᠠᠷ ᠤᠳᠠᠭ᠎ᠠ︔ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠨᠡᠷ᠎ᠠ ᠶᠢᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠴᠢᠬᠤᠯᠠ ᠶᠡᠭᠡ ᠲᠦᠷᠦ ᠶᠢᠨ ᠪᠤᠳᠤᠯᠭ᠎ᠠ ᠶᠢᠨ ᠴᠢᠨᠠᠷᠳᠠᠢ ᠪᠢᠴᠢᠭ ᠮᠠᠲ᠋ᠧᠷᠢᠶᠠᠯ ᠢ ᠲᠠᠷᠤᠮᠠᠯᠯᠠᠨ ᠲᠠᠷᠬᠠᠭᠠᠬᠰᠠᠨ ᠨᠢ ᠠᠩᠬᠠᠳᠤᠭᠠᠷ ᠤᠳᠠᠭ᠎ᠠ︔ ᠬᠤᠷᠠᠯ ᠤᠨ ᠨᠡᠷ᠎ᠠ ᠶᠢ ᠪᠦᠭᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠭᠡᠵᠦ ᠬᠠᠯᠠᠬᠰᠠᠨ ᠨᠢ ᠠᠩᠬᠠᠳᠤᠭᠠᠷ ᠤᠳᠠᠭ᠎ᠠ᠃ ᠶᠡᠭᠡ ᠬᠤᠷᠠᠯ ᠤᠨ ᠬᠠᠮᠤᠭ ᠤᠨ ᠶᠡᠭᠡ ᠬᠢᠯᠡᠰ ᠴᠡᠭ ᠪᠤᠯ ᠲᠠᠷᠤᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠵᠢᠩᠭᠢᠨᠢ ᠪᠠᠷ ᠲᠤᠬᠳᠠᠭᠠᠵᠠᠢ᠃ ᠡᠨᠡ ᠪᠤᠯ ᠪᠡᠯᠭᠡᠳᠡᠯ ᠤᠨ ᠴᠢᠨᠠᠷᠳᠠᠢ᠂ ᠰᠢᠨ᠎ᠠ ᠡᠭᠦᠳᠤᠯᠳᠠ ᠶᠢᠨ ᠴᠢᠨᠠᠷᠳᠠᠢ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠴᠢᠬᠤᠯᠠ ᠶᠡᠭᠡ ᠤᠨᠤᠯ ᠤᠨ ᠦᠷ᠎ᠠ ᠪᠦᠲᠦᠭᠡᠯ ᠮᠦᠨ᠂ ᠰᠢᠨ᠎ᠠ ᠴᠠᠬ ᠦᠶ᠎ᠠ ᠶᠢᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠦᠨᠳᠤᠰᠦᠨ ᠵᠢᠷᠤᠮᠯᠠᠯ ᠪᠠ ᠬᠠᠮᠤᠭ ᠤᠨ ᠦᠨᠳᠤᠷ ᠵᠠᠷᠴᠢᠮ ᠪᠠᠶᠢᠵᠦ᠂ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢ ᠠᠬᠢᠭᠤᠯᠵᠦ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠴᠢᠩᠭᠠᠳᠬᠠᠬᠤ ᠳᠤ ᠪᠠᠳᠤ ᠴᠢᠩᠭ᠎ᠠ ᠤᠨᠤᠯ ᠤᠨ ᠰᠠᠭᠤᠷᠢ ᠪᠠ ᠦᠢᠯᠡᠳᠦᠯᠭᠡ ᠶᠢᠨ ᠬᠦᠳᠡᠯᠭᠡᠭᠦ ᠬᠦᠴᠦᠨ ᠬᠠᠨᠭ᠍ᠭᠠᠵᠠᠢ᠃      ᠲᠤᠰ ᠤᠳᠠᠭᠠᠨ ᠤ ᠪᠦᠭᠦ ᠤᠯᠤᠰ ᠤᠨ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠶᠡᠭᠡ ᠬᠤᠷᠠᠯ ᠲᠡᠭᠡᠷ᠎ᠠ᠂ ᠶᠡᠷᠦᠩᠭᠡᠢ ᠱᠦᠵᠢ ᠰᠢ ᠶᠢᠨ ᠫᠢᠡᠭ ᠠᠮᠢ ᠠᠬᠤᠢ ᠶᠢᠨ ᠪᠤᠯᠪᠠᠰᠤᠨ ᠢ ᠪᠦᠲᠦᠭᠡᠨ ᠪᠠᠶᠢᠭᠤᠯᠬᠤ ᠳᠤ ᠵᠠᠪᠠᠯ ᠪᠠᠷᠢᠮᠳᠠᠯᠠᠬᠤ ᠵᠢᠷᠭᠤᠭᠠᠨ ᠲᠦᠷᠦᠯ ᠤᠨ ᠵᠠᠷᠴᠢᠮ ᠢ ᠰᠢᠰᠲ᠋ᠧᠮ ᠲᠠᠢ ᠦᠭᠦᠯᠡᠵᠦ᠂ ᠠᠮᠢ ᠠᠬᠤᠢ ᠶᠢᠨ ᠪᠤᠯᠪᠠᠰᠤᠨ ᠤ ᠲᠠᠪᠤᠨ ᠶᠡᠭᠡ ᠰᠢᠰᠲ᠋ᠧᠮ ᠢ ᠲᠦᠷᠭᠡᠳᠭᠡᠨ ᠪᠠᠶᠢᠭᠤᠯᠬᠤ ᠶᠢ ᠱᠠᠭᠠᠷᠳᠠᠵᠦ᠂ ᠡᠭᠦᠪᠡᠷ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠵᠢᠩᠭᠢᠨᠢ ᠪᠠᠷ ᠲᠤᠬᠳᠠᠭᠠᠪᠠ᠃      ᠨᠠᠢᠮᠠᠨ ᠶᠡᠭᠡ ᠪᠠᠷᠢᠮᠳᠠᠯᠠᠯ ᠭᠡᠵᠦ ᠤᠢᠢᠯᠠᠭᠠᠵᠦ ᠪᠤᠯᠤᠨ᠎ᠠ᠃      ᠬᠦᠮᠦᠨ ᠪᠠ ᠡᠭᠡ ᠪᠠᠶᠢᠭᠠᠯᠢ ᠶᠢᠨ ᠬᠠᠷᠢᠴᠠᠭ᠎ᠠ ︵ᠶᠠᠭᠠᠭᠢᠭᠠᠳ ᠠᠮᠢ ᠠᠬᠤᠢ ᠶᠢᠨ ᠪᠤᠯᠪᠠᠰᠤᠨ ᠢ ᠪᠦᠲᠦᠭᠡᠨ ᠪᠠᠶᠢᠭᠤᠯᠬᠤ ᠲᠤᠬᠠᠢ︶᠄ ᠠᠮᠢ ᠠᠬᠤᠢ ᠬᠦᠭᠵᠢᠪᠠᠯ ᠪᠤᠯᠪᠠᠰᠤᠨ ᠬᠦᠭᠵᠢᠬᠦ ᠶᠢ ᠪᠠᠷᠢᠮᠳᠠᠯᠠᠵᠦ᠂ ᠬᠦᠮᠦᠨ ᠪᠠ ᠡᠭᠢ ᠪᠠᠶᠠᠯᠢᠭ ᠡᠶ᠎ᠡ ᠵᠤᠬᠢᠴᠠᠩᠭᠤᠢ ᠬᠠᠮᠳᠤ ᠪᠠᠷ ᠤᠷᠤᠰᠢᠨ ᠲᠤᠬᠳᠠᠨᠢᠬᠤ ᠶᠢ ᠪᠠᠷᠢᠮᠳᠠᠯᠠᠬᠤ      ᠬᠦᠭᠵᠢᠯᠳᠠ ᠪᠠ ᠬᠠᠮᠠᠭᠠᠯᠠᠯᠳᠠ ᠶᠢᠨ ᠬᠠᠷᠢᠴᠠᠭ᠎ᠠ ︵ᠶᠠᠮᠠᠷ ᠶᠠᠩᠵᠦ ᠶᠢᠨ ᠠᠮᠢ ᠠᠬᠤᠢ ᠶᠢᠨ ᠪᠤᠯᠪᠠᠰᠤᠨ ᠢ ᠪᠦᠲᠦᠭᠡᠨ ᠪᠠᠶᠢᠭᠤᠯᠬᠤ ᠲᠤᠬᠠᠢ︶᠄ ᠬᠦᠭᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ ᠶᠢ ᠪᠠᠷᠢᠮᠳᠠᠯᠠᠵᠦ᠂ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠪᠤᠯ ᠬᠠᠮᠤᠭ ᠠᠴᠠ ᠲᠦᠭᠡᠮᠡᠯ ᠠᠰᠢᠭ ᠬᠦᠷᠳᠡᠭᠡᠭᠦ ᠠᠷᠠᠳ ᠤᠨ ᠠᠮᠢᠳᠤᠷᠠᠯ ᠤᠨ ᠪᠤᠶᠠᠨ ᠬᠡᠰᠢᠭ ᠪᠤᠯᠬᠤ ᠶᠢ ᠪᠠᠷᠢᠮᠳᠠᠯᠠᠨ᠎ᠠ      ᠠᠮᠢ ᠠᠬᠤᠢ ᠶᠢᠨ ᠪᠤᠯᠪᠠᠰᠤᠨ ᠢ ᠪᠡᠶᠡᠯᠡᠭᠦᠯᠭᠦ ᠠᠷᠭ᠎ᠠ ᠪᠤᠳᠤᠯᠭ᠎ᠠ ︵ᠠᠮᠢ ᠠᠬᠤᠢ ᠶᠢᠨ ᠪᠤᠯᠪᠠᠰᠤᠨ ᠢ ᠬᠡᠷᠭᠢᠨ ᠪᠦᠲᠦᠭᠡᠨ ᠪᠠᠶᠢᠭᠤᠯᠬᠤ ᠲᠤᠬᠠᠢ︶᠄ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠤᠯ ᠨᠢᠭᠡᠨ ᠠᠮᠢ ᠠᠬᠤᠢ ᠶᠢᠨ ᠬᠠᠮᠳᠤ ᠶᠢᠨ ᠴᠤᠬᠴᠠ ᠪᠤᠯᠬᠤ ᠶᠢ ᠪᠠᠷᠢᠮᠳᠠᠯᠠᠨ᠎ᠠ︔ ᠬᠠᠮᠤᠭ ᠤᠨ ᠴᠢᠩᠭ᠎ᠠ ᠲᠦᠷᠢᠮ ᠬᠠᠮᠤᠭ ᠤᠨ ᠨᠢᠬᠳᠠ ᠬᠠᠤᠯᠢᠵᠢᠯ ᠢᠶᠠᠷ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠶᠢ ᠪᠠᠷᠢᠮᠳᠠᠯᠠᠨ᠎ᠠ︔ ᠦᠵᠡᠰᠭᠦᠯᠠᠩᠳᠤ ᠰᠠᠶᠢᠬᠠᠨ ᠲᠤᠮᠳᠠᠳᠤ ᠤᠯᠤᠰ ᠢ ᠪᠦᠳᠦᠭᠡᠨ ᠪᠠᠶᠢᠭᠤᠯᠬᠤ ᠳᠤ ᠪᠦᠭᠦ ᠠᠷᠠᠳ ᠢᠶᠠᠷ ᠢᠶᠠᠨ ᠬᠦᠳᠡᠯᠦᠯᠴᠡᠭᠦ ᠶᠢ ᠪᠠᠷᠢᠮᠳᠠᠯᠠᠨ᠎ᠠ︔ ᠠᠮᠢ ᠠᠬᠤᠢ ᠶᠢᠨ ᠪᠤᠯᠪᠠᠰᠤᠨ ᠢ ᠬᠠᠮᠳᠤ ᠪᠠᠷ ᠵᠦᠪᠯᠡᠯᠳᠦᠭᠦ ᠪᠦᠭᠦ ᠪᠦᠮᠪᠦᠷᠴᠡᠭ ᠤᠨ ᠠᠵᠢᠯᠯᠠᠭ᠎ᠠ ᠶᠢ ᠪᠠᠷᠢᠮᠳᠠᠯᠠᠨ᠎ᠠ      ᠲᠠᠪᠤᠨ ᠶᠡᠭᠡ ᠰᠢᠰᠲ᠋ᠧᠮ ᠤᠨ ᠪᠠᠶᠢᠭᠤᠯᠤᠯᠳᠠ      ᠠᠮᠢ ᠠᠬᠤᠢ ᠶᠢᠨ ᠦᠷᠳᠡᠭ ᠤᠨ ᠦᠵᠡᠯᠳᠡ ᠪᠠᠷ ᠵᠠᠷᠴᠢᠮ ᠪᠤᠯᠭᠠᠬᠰᠠᠨ ᠠᠮᠢ ᠠᠬᠤᠢ ᠶᠢᠨ ᠰᠤᠶᠤᠯ ᠤᠨ ᠰᠢᠰᠲ᠋ᠧᠮ      ᠠᠵᠦ ᠦᠢᠯᠡᠰ ᠤᠨ ᠠᠮᠢ ᠠᠬᠤᠢᠢᠵᠢᠬᠤ ᠪᠠ ᠠᠮᠢ ᠠᠬᠤᠢ ᠶᠢᠨ ᠠᠵᠦ ᠦᠢᠯᠡᠰᠴᠢᠯᠡᠭᠦ ᠪᠠᠷ ᠭᠤᠤᠯ ᠴᠤᠬᠴᠠ ᠪᠤᠯᠭᠠᠬᠰᠠᠨ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ      ᠠᠮᠢ ᠠᠬᠤᠢ ᠶᠢᠨ ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠰᠠᠶᠢᠵᠢᠷᠠᠭᠤᠯᠬᠤ ᠪᠠᠷ ᠭᠤᠤᠯ ᠪᠤᠯᠭᠠᠬᠰᠠᠨ ᠬᠠᠷᠠᠯᠳᠠ ᠬᠠᠷᠢᠭᠤᠴᠠᠯᠭ᠎ᠠ ᠶᠢᠨ ᠰᠢᠰᠲ᠋ᠧᠮ      ᠵᠠᠰᠠᠯᠳᠠ ᠶᠢᠨ ᠰᠢᠰᠲ᠋ᠧᠮ ᠪᠠ ᠵᠠᠰᠠᠯᠳᠠ ᠶᠢᠨ ᠴᠢᠳᠠᠪᠤᠷᠢ ᠶᠢᠨ ᠤᠳᠤᠭᠢᠴᠢᠯᠠᠯᠳᠠ ᠪᠠᠷ ᠪᠠᠳᠤᠯᠠᠭ᠎ᠠ ᠪᠤᠯᠭᠠᠬᠰᠠᠨ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠰᠢᠰᠲ᠋ᠧᠮ      ᠠᠮᠢ ᠠᠬᠤᠢ ᠶᠢᠨ ᠰᠢᠰᠲ᠋ᠧᠮ ᠤᠨ ᠰᠠᠶᠢᠨ ᠡᠷᠭᠢᠯᠳᠡ ᠪᠠ ᠤᠷᠴᠢᠨ ᠲᠤᠭᠤᠷᠢᠨ ᠤ ᠲᠦᠭᠰᠢᠭᠦᠷᠢ ᠶᠢ ᠪᠦᠳᠤᠮᠵᠢᠳᠠᠢ ᠰᠡᠷᠭᠡᠶᠢᠯᠡᠨ ᠡᠵᠡᠮᠳᠡᠭᠦ ᠪᠠᠷ ᠭᠤᠤᠯᠳᠠᠯᠭ᠎ᠠ ᠪᠤᠯᠭᠠᠬᠰᠠᠨ ᠠᠮᠢ ᠠᠬᠤᠢ ᠶᠢᠨ ᠠᠮᠤᠷ ᠲᠦᠪᠰᠢᠨ ᠤ ᠰᠢᠰᠲ᠋ᠧᠮ      ᠬᠤᠶᠠᠷ᠂ ᠪᠤᠬᠢᠷᠳᠤᠯ ᠦᠭᠡᠢ ᠬᠦᠭᠵᠢᠯᠳᠠ ᠶᠢᠨ ᠤᠢᠢᠯᠠᠭᠠᠬᠳᠠᠬᠤᠨ ᠢ ᠪᠤᠢ ᠪᠤᠯᠭᠠᠨ᠎ᠠ      ︽ᠬᠦᠮᠦᠨ ᠪᠠ ᠡᠭᠡ ᠪᠠᠶᠢᠭᠠᠯᠢ ᠡᠶ᠎ᠡ ᠵᠤᠬᠢᠴᠠᠩᠭᠤᠢ ᠬᠠᠮᠳᠤ ᠪᠠᠷ ᠤᠷᠤᠰᠢᠬᠤ︾ ᠡᠭᠡ ᠪᠠᠶᠢᠭᠠᠯᠢ ᠶᠢᠨ ᠦᠵᠡᠯᠳᠡ      ᠬᠦᠮᠦᠨ ᠪᠠ ᠡᠭᠡ ᠪᠠᠶᠢᠭᠠᠯᠢ ᠶᠢᠨ ᠡᠶ᠎ᠡ ᠵᠤᠬᠢᠴᠠᠩᠭᠤᠢ ᠬᠠᠮᠳᠤ ᠪᠠᠷ ᠤᠷᠤᠰᠢᠬᠤ ᠨᠢ ᠰᠢ ᠶᠢᠨ ᠫᠢᠡᠭ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠰᠢᠨᠵᠢᠯᠡᠭᠦ ᠤᠬᠠᠭᠠᠨᠴᠢ ᠡᠭᠡ ᠪᠠᠶᠢᠭᠠᠯᠢ ᠶᠢᠨ ᠦᠵᠡᠯᠳᠡ ᠶᠢ ᠭᠦᠢᠴᠡᠳ ᠢᠯᠡᠷᠡᠭᠦᠯᠵᠦ᠂ ᠬᠦᠮᠦᠨ ᠶᠡᠷᠦ ᠠᠴᠠ ᠪᠠᠨ ᠡᠭᠡ ᠪᠠᠶᠢᠭᠠᠯᠢ ᠠᠴᠠ ᠲᠤᠰᠠᠭᠠᠷᠵᠢᠵᠦ ᠳ᠋ᠠᠩ ᠭᠠᠭᠴᠠᠭᠠᠷ ᠤᠷᠤᠰᠢᠨ ᠲᠤᠬᠳᠠᠨᠢᠬᠤ ᠪᠤᠯᠤᠯᠴᠠᠭ᠎ᠠ ᠪᠠᠶᠢᠬᠤ ᠦᠭᠡᠢ᠂ ᠬᠡᠪᠡᠴᠤ ᠡᠭᠡ ᠪᠠᠶᠢᠭᠠᠯᠢ ᠲᠡᠭᠡᠷ᠎ᠠ ᠬᠦᠮᠦᠨ ᠦᠭᠡᠢ ᠪᠠᠶᠢᠵᠦ ᠪᠤᠯᠤᠨ᠎ᠠ᠃ ᠵᠢᠱᠢᠶᠡᠯᠡᠭᠦ ᠳᠤ᠂ ᠲᠡᠯᠡᠭᠡᠢ ᠶᠢᠨ ᠪᠦᠮᠪᠦᠷᠴᠡᠭ 45 ᠳ᠋ᠦᠡᠭᠰᠢᠭᠤᠷ ᠵᠢᠯ ᠤᠨ ᠲᠡᠤᠭᠡ ᠲᠠᠢ᠂ ᠬᠦᠮᠦᠨ ᠲᠦᠷᠦᠯᠭᠢᠳᠠᠨ ᠤ ᠲᠡᠤᠭᠡ ᠮᠠᠰᠢ ᠤᠬᠤᠷᠬᠠᠨ᠂ ᠬᠡᠲᠦᠷᠡᠭᠦ ᠳᠡᠭᠡᠨ ᠭᠤᠷᠪᠠᠨ ᠵᠠᠭᠤᠨ ᠵᠢᠯ ᠪᠤᠯᠵᠦ ᠪᠤᠢ᠃ ᠡᠶᠢᠮᠦ ᠠᠴᠠ ᠲᠠᠪᠤᠨ ᠮᠢᠩᠭᠠᠨ ᠵᠢᠯ ᠤᠨ ᠲᠤᠷᠰᠢᠭᠢ ᠬᠦᠮᠦᠨ ᠪᠠ ᠡᠭᠡ ᠪᠠᠶᠢᠭᠠᠯᠢ ᠶᠢᠨ ᠬᠠᠷᠢᠴᠠᠭ᠎ᠠ ᠳᠤ ᠠᠡᠭ ᠠᠩᠨᠠᠯ ᠤᠨ ᠪᠤᠯᠪᠠᠰᠤᠨ ᠡᠬᠢᠯᠡᠭᠰᠡᠨ ᠠᠴᠠ ᠠᠪᠤᠭᠠᠳ ᠲᠡᠷᠡ ᠨᠢ ᠲᠠᠷᠤᠢ ᠬᠦᠮᠦᠨ ᠲᠦᠷᠦᠯᠭᠢᠳᠠᠨ ᠤ ᠨᠡᠶᠢᠭᠡᠮ ᠤᠨ ᠦᠨᠳᠤᠰᠤᠨ ᠬᠠᠷᠢᠴᠠᠭ᠎ᠠ ᠪᠤᠯᠵᠠᠢ᠃ ᠬᠦᠮᠦᠨ ᠪᠠ ᠡᠭᠡ ᠪᠠᠶᠢᠭᠠᠯᠢ ᠪᠤᠯ ᠠᠮᠢ ᠨᠠᠰᠤᠨ ᠤ ᠬᠠᠮᠳᠤ ᠶᠢᠨ ᠴᠤᠬᠴᠠ᠂ ᠬᠦᠮᠦᠨ ᠲᠦᠷᠦᠯᠭᠢᠳᠠᠨ ᠵᠦᠪᠭᠡᠨ ᠡᠭᠡ ᠪᠠᠶᠢᠭᠠᠯᠢ ᠶᠢ ᠬᠦᠨᠳᠤᠯᠠᠪᠠᠯ ᠰᠠᠶ᠋ᠢ ᠲᠡᠭᠦᠨ ᠢ ᠪᠦᠲᠦᠮᠵᠢᠳᠠᠢ ᠠᠰᠢᠬᠯᠠᠵᠦ᠂ ᠨᠡᠭᠡᠭᠡᠨ ᠬᠦᠭᠵᠢᠭᠦᠯᠵᠦ ᠠᠰᠢᠬᠯᠠᠬᠤ ᠲᠠᠯ᠎ᠠ ᠪᠠᠷ ᠲᠤᠭᠤᠷᠢᠤ ᠵᠠᠮ ᠶᠠᠪᠤᠬᠤ ᠶᠢ ᠰᠡᠷᠭᠡᠶᠢᠯᠡᠵᠦ ᠴᠢᠳᠠᠨ᠎ᠠ᠃ ᠬᠦᠮᠦᠨ ᠲᠦᠷᠦᠯᠬᠢᠳᠠᠨ ᠤ ᠡᠭᠡ ᠪᠠᠶᠢᠭᠠᠯᠢ ᠳᠤ ᠦᠭᠭᠦᠭᠰᠡᠨ ᠬᠤᠤᠷ ᠬᠦᠨᠦᠭᠡᠯ ᠨᠢ ᠡᠴᠦᠰ ᠲᠡᠭᠡᠨ ᠬᠦᠮᠦᠨ ᠲᠦᠷᠦᠯᠬᠢᠳᠠᠨ ᠤ ᠲᠤᠰ ᠪᠡᠶ᠎ᠡ ᠪᠠᠨ ᠬᠤᠤᠷᠯᠠᠨ᠎ᠠ᠂ ᠡᠨᠡ ᠪᠤᠯ ᠡᠰᠡᠷᠭᠦᠴᠡᠭᠳᠡᠰᠢ ᠦᠭᠡᠢ ᠵᠢᠮ᠎ᠠ ᠶᠤᠰᠤ ᠮᠦᠨ᠃ ᠶᠡᠷᠦᠩᠭᠡᠢ ᠱᠦᠵᠢ ᠶᠢᠨ ᠬᠡᠯᠡᠭᠰᠡᠨᠴᠢᠯᠡᠨ᠄ ︽ᠬᠦᠮᠦᠨ ᠲᠡᠭᠷᠢ ᠶᠢ ᠢᠯᠡᠨ᠎ᠠ ᠬᠡᠳᠡᠭ ᠪᠤᠯ᠂ ᠨᠢᠭᠡ ᠬᠡᠮᠵᠢᠶ᠎ᠠ ᠡᠰᠡᠭᠦᠯ᠎ᠠ ᠨᠢᠭᠡᠨ ᠬᠡᠪᠴᠢᠶᠡᠨ ᠳᠤ ᠢᠯᠠᠵᠦ ᠲᠡᠶᠢᠯᠤᠨ᠎ᠠ᠂ ᠬᠡᠪᠡᠴᠤ ᠢᠯᠠᠯᠳᠠ ᠶᠢᠨ ᠦᠷᠳᠡᠭ ᠨᠢ ᠴᠤ ᠯᠤᠳᠤ ᠶᠡᠭᠡ ᠶᠤᠮ︾ ᠡᠶᠢᠨ ᠬᠦ ᠬᠦᠮᠦᠨ ᠲᠦᠷᠦᠯᠭᠢᠳᠠᠨ ᠵᠠᠪᠠᠯ ᠡᠭᠡ ᠪᠠᠶᠢᠭᠠᠯᠢ ᠶᠢ ᠡᠶᠡᠯᠳᠤᠨ ᠲᠠᠭᠠᠵᠦ᠂ ᠡᠭᠡ ᠪᠠᠶᠢᠭᠠᠯᠢ ᠶᠢ ᠲᠡᠭᠡᠳᠤᠯᠠᠨ ᠬᠦᠨᠳᠤᠯᠡᠵᠦ᠂ ᠡᠭᠡ ᠪᠠᠶᠢᠭᠠᠯᠢ ᠶᠢ ᠬᠠᠮᠠᠭᠠᠯᠠᠬᠤ ᠬᠡᠷᠡᠭᠳᠡᠢ᠃ ᠠᠮᠢ ᠠᠬᠤᠢ ᠶᠢᠨ ᠤᠷᠴᠢᠨ ᠲᠤᠭᠤᠷᠢᠨ ᠳᠤ ᠤᠷᠤᠯᠠᠭᠤᠯᠬᠤ ᠪᠦᠲᠦᠭᠡᠭᠳᠡᠭᠦᠨ ᠪᠠᠶᠢᠬᠤ ᠦᠭᠡᠢ᠂ ᠡᠶᠢᠮᠦ ᠠᠴᠠ ᠶᠡᠷᠦᠩᠭᠡᠢ ᠱᠦᠵᠢ ᠨᠢᠳᠤᠨ ᠴᠡᠴᠡᠭᠡᠢ ᠪᠠᠨ ᠬᠠᠮᠠᠭᠠᠯᠠᠬᠤ ᠮᠡᠲᠦ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ᠂ ᠠᠮᠢ ᠨᠠᠰᠤᠨ ᠳᠠᠭᠠᠨ ᠬᠠᠨᠳᠤᠬᠤ ᠮᠡᠲᠦ ᠠᠮᠢ ᠠᠬᠤᠢ ᠶᠢᠨ ᠤᠷᠴᠢᠨ ᠲᠤᠭᠤᠷᠢᠨ ᠳᠤ ᠬᠠᠨᠳᠤᠬᠤ ᠬᠡᠷᠡᠭᠳᠡᠢ ᠭᠡᠵᠦ ᠬᠡᠯᠡᠪᠡ᠃      ︽ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠤᠯ ᠠᠮᠢ ᠨᠠᠰᠤᠨ ᠤ ᠬᠠᠮᠳᠤ ᠶᠢᠨ ᠴᠤᠬᠴᠠ︾᠎ ᠶᠢᠨ ᠰᠢᠰᠲ᠋ᠧᠮ ᠤᠨ ᠦᠵᠡᠯᠳᠡ      ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠪᠦᠭᠦᠯᠢ ᠴᠤᠬᠴᠠ ᠶᠢᠨ ᠰᠢᠰᠲ᠋ᠧᠮ ᠤᠨ ᠦᠵᠡᠯᠳᠡ ᠶᠢ ᠭᠦᠢᠴᠡᠳ ᠢᠯᠠᠷᠡᠭᠦᠯᠪᠠ᠃ ᠠᠮᠢ ᠠᠬᠤᠢ ᠶᠢᠨ ᠪᠤᠯᠪᠠᠰᠤᠨ ᠢ ᠬᠡᠷᠭᠢᠨ ᠪᠦᠲᠦᠭᠡᠨ ᠪᠠᠶᠢᠭᠤᠯᠬᠤ ᠶᠢ ᠪᠢᠳᠠᠨ ᠳᠤ ᠵᠢᠭᠠᠬᠰᠠᠨ ᠨᠢ ᠲᠠᠷᠤᠢ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠤᠯ ᠠᠮᠢ ᠨᠠᠰᠤᠨ ᠤ ᠬᠠᠮᠳᠤ ᠶᠢᠨ ᠴᠤᠬᠴᠠ ᠶᠢᠨ ᠰᠢᠰᠲ᠋ᠧᠮ ᠤᠨ ᠦᠵᠡᠯᠳᠡ ᠮᠦᠨ᠃ ᠠᠮᠢ ᠠᠬᠤᠢ ᠶᠢᠨ ᠰᠢᠰᠲ᠋ᠧᠮ ᠪᠤᠯ ᠨᠢᠭᠡᠳᠤᠯᠳᠠᠢ ᠡᠭᠡ ᠪᠠᠶᠢᠭᠠᠯᠢ ᠶᠢᠨ ᠰᠢᠰᠲ᠋ᠧᠮ᠂ ᠠᠮᠢ ᠠᠬᠤᠢ ᠶᠢᠨ ᠰᠢᠰᠲ᠋ᠧᠮ ᠳᠤ ᠨᠠᠢᠮᠠᠨ ᠶᠡᠭᠡ ᠰᠢᠰᠲ᠋ᠧᠮ ᠪᠠᠶᠢᠵᠦ᠂ ᠡᠨᠡ ᠨᠠᠢᠮᠠᠨ ᠰᠢᠰᠲ᠋ᠧᠮ ᠨᠢ ᠰᠠᠯᠤᠩᠭᠢ ᠪᠢᠰᠢ᠂ ᠤᠢ ᠰᠢᠭᠤᠢ᠂ ᠲᠠᠯ᠎ᠠ ᠨᠤᠳᠤᠬ᠂ ᠨᠤᠭᠤ ᠭᠠᠵᠠᠷ᠂ ᠭᠤᠤᠯ ᠮᠦᠷᠡᠨ᠂ ᠨᠠᠭᠤᠷ ᠪᠦᠷᠢᠳᠤ᠂ ᠬᠤᠳᠠ᠂ ᠲᠠᠷᠢᠶᠠᠨ ᠭᠠᠵᠠᠷ ᠵᠡᠷᠭᠡ ᠵᠡᠷᠭᠡ᠂ ᠲᠡᠳᠡ ᠪᠤᠯ ᠬᠠᠷᠢᠯᠴᠠᠨ ᠲᠦᠰᠢᠯᠴᠡᠨ ᠤᠷᠤᠰᠢᠬᠤ ᠨᠢᠬᠳᠠ ᠬᠤᠯᠪᠤᠭ᠎ᠠ ᠲᠠᠢ ᠨᠢᠭᠡᠨ ᠪᠦᠷᠢᠨ ᠪᠦᠲᠦᠨ ᠬᠡᠯᠬᠢᠶ᠎ᠠ ᠶᠤᠮ᠃ ᠡᠶᠢᠮᠦ ᠠᠴᠠ ᠶᠡᠷᠦᠩᠭᠡᠢ ᠱᠦᠵᠢ ᠡᠶᠢᠮᠦ ᠨᠢᠭᠡᠨ ᠪᠤᠷᠤᠬᠵᠢᠭᠤᠨ ᠦᠭᠡ ᠶᠢ ᠬᠡᠯᠡᠵᠠᠢ᠃ ᠲᠡᠷᠡ᠄ ︽ᠬᠦᠮᠦᠨ ᠤ ᠠᠮᠢᠨ ᠰᠤᠳᠠᠰᠦ ᠨᠢ ᠲᠠᠷᠢᠶᠠᠨ ᠳᠤ ᠪᠤᠢ᠂ ᠤᠴᠢᠷ ᠨᠢ ᠬᠦᠮᠦᠨ ᠲᠠᠷᠢᠶᠠᠨ ᠠᠴᠠ ᠠᠮᠤ ᠪᠤᠳᠠᠭ᠎ᠠ ᠤᠯᠳᠠᠬ᠂ ᠲᠡᠭᠡᠪᠡᠯ ᠲᠠᠷᠢᠶᠠᠨ ᠤ ᠠᠮᠢᠨ ᠰᠤᠳᠠᠰᠦ ᠨᠢ ᠬᠠᠮᠢᠭ᠎ᠠ ᠪᠠᠶᠢᠬᠤ ᠪᠤᠢ︖ ᠤᠰᠤ ᠦᠭᠡᠢ ᠪᠠᠶᠢᠵᠦ ᠪᠤᠯᠤᠨ᠎ᠠ ᠤᠤ︖ ᠡᠶᠢᠮᠦ ᠠᠴᠠ ᠲᠠᠷᠢᠶᠠᠨ ᠤ ᠠᠮᠢᠨ ᠰᠤᠳᠠᠰᠦ ᠨᠢ ᠤᠰᠤᠨ ᠳᠤ ᠪᠤᠢ᠂ ᠤᠰᠤ ᠶᠠᠭᠤᠨ ᠳᠤ ᠲᠦᠰᠢᠵᠦ ᠰᠢᠮ᠎ᠠ ᠲᠡᠵᠢᠭᠡᠯ ᠤᠯᠬᠤ ᠪᠤᠢ︖ ᠤᠰᠤ ᠠᠭᠤᠯᠠ ᠠᠴᠠ ᠤᠷᠤᠰᠤᠨ ᠪᠠᠭᠤᠬᠰᠠᠨ ᠪᠤᠯᠬᠤᠷ ᠠᠭᠤᠯᠠᠨ ᠳᠤ ᠲᠦᠰᠢᠨ᠎ᠠ᠂ ᠲᠡᠭᠡᠪᠡᠯ ᠬᠤᠵᠢᠬᠢᠷ ᠠᠭᠤᠯᠠ ᠶᠢ ᠠᠭᠤᠯᠠ ᠭᠡᠭᠦ ᠤᠤ︖ ᠠᠭᠤᠯᠠᠨ ᠳᠤ ᠤᠢ ᠰᠢᠭᠤᠢ ᠦᠭᠡᠢ ᠡᠪᠡᠰᠦ ᠮᠤᠳᠤ ᠦᠭᠡᠢ ᠪᠠᠷ ᠬᠡᠷᠭᠢᠨ ᠪᠤᠯᠬᠤ ᠪᠤᠢ︖ ᠡᠶᠢᠮᠦ ᠠᠴᠠ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠪᠤᠯ ᠴᠦᠮ ᠠᠮᠢ ᠠᠬᠤᠢ ᠶᠢᠨ ᠰᠢᠰᠲ᠋ᠧᠮ ᠤᠨ ᠡᠯ᠎ᠠ ᠲᠠᠯ᠎ᠠ ᠪᠤᠯᠪᠠᠴᠤ ᠲᠡᠷᠡ ᠪᠤᠯ ᠨᠢᠭᠡᠨ ᠪᠦᠷᠢᠨ ᠪᠦᠲᠦᠨ ᠰᠢᠰᠲ᠋ᠧᠮ ᠤᠨ ᠨᠢᠭᠡ ᠪᠦᠭᠦᠯᠢ ᠴᠤᠬᠴᠠ ᠶᠢᠨ ᠬᠡᠯᠭᠢᠶ᠎ᠠ ᠮᠦᠨ᠃ ᠡᠨᠡ ᠬᠦ ᠬᠡᠯᠬᠢᠶ᠎ᠠ ᠲᠤᠳᠤᠷ᠎ᠠ ᠠᠯᠢ ᠨᠢᠭᠡᠨ ᠭᠤᠬᠴᠤᠭ᠎ᠠ ᠶᠢ ᠨᠢ ᠴᠤ ᠬᠤᠷᠢᠶᠠᠨ ᠠᠪᠴᠤ ᠪᠤᠯᠬᠤ ᠦᠭᠡᠢ᠂ ᠨᠡᠩ ᠠᠯᠢ ᠨᠢᠭᠡᠨ ᠭᠤᠬᠴᠤᠭ᠎ᠠ ᠶᠢ ᠨᠢ ᠴᠤ ᠡᠪᠳᠡᠵᠦ ᠪᠤᠯᠬᠤ ᠦᠭᠡᠢ᠃ ᠬᠡᠯᠡᠯᠭᠡᠨ ᠦᠭᠡᠢ᠂ ᠡᠨᠡ ᠭᠦ ᠰᠢᠰᠲ᠋ᠧᠮ ᠢ ᠰᠡᠷᠭᠦᠭᠡᠭᠦ ᠳᠡᠭᠡᠨ ᠪᠠᠰᠠ ᠡᠨᠡ ᠬᠦ ᠭᠤᠬᠴᠤᠭ᠎ᠠ ᠡᠨᠡ ᠭᠦ ᠬᠡᠯᠭᠢᠶ᠎ᠠ ᠶᠢᠨ ᠠᠳᠠᠯᠢ ᠪᠤᠰᠤ ᠶᠢᠨ ᠡᠯᠧᠮᠧᠨ᠋ᠲ ᠤᠨ ᠬᠤᠭᠤᠷᠤᠨᠳᠤᠭᠢ ᠬᠠᠷᠢᠯᠴᠠᠯᠳᠤᠬᠤ ᠬᠠᠷᠢᠴᠠᠭ᠎ᠠ ᠶᠢ ᠪᠤᠳᠤᠯᠭᠢᠯᠠᠵᠦ᠂ ᠰᠢᠰᠲ᠋ᠧᠮᠲᠦ ᠴᠢᠨᠠᠷ᠂ ᠪᠦᠭᠦᠯᠢ ᠴᠤᠬᠴᠠᠳᠤ ᠴᠢᠨᠠᠷ ᠤᠨ ᠵᠤᠬᠰᠤᠴᠠ ᠠᠴᠠ ᠲᠡᠭᠦᠨ ᠢ ᠬᠠᠮᠠᠭᠠᠯᠠᠨ ᠰᠡᠷᠭᠦᠭᠡᠭᠦ ᠬᠡᠷᠡᠭᠳᠡᠢ︾ ᠭᠡᠵᠦ ᠬᠡᠯᠡᠪᠡ᠃      ︽ᠬᠦᠬᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ︾ ᠭᠡᠭᠦ ᠬᠦᠭᠵᠢᠯᠳᠠ ᠶᠢᠨ ᠦᠵᠡᠯᠳᠡ      ᠬᠦᠭᠵᠢᠯᠳᠠ ᠪᠠ ᠬᠠᠮᠠᠭᠠᠯᠠᠯᠳᠠ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠭᠦ ᠶᠠᠪᠤᠳᠠᠯ ᠪᠤᠯᠤᠨ᠎ᠠ᠃ ᠡᠨᠡ ᠨᠢ ᠶᠡᠷᠦᠩᠭᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠪᠤᠬᠢᠷᠳᠤᠯ ᠦᠭᠡᠢ ᠬᠦᠭᠵᠢᠯᠳᠠ ᠶᠢᠨ ᠦᠵᠡᠯᠳᠡ ᠶᠢ ᠭᠦᠢᠴᠡᠳ ᠢᠯᠡᠷᠡᠭᠦᠯᠪᠡ᠃ ︽ᠬᠦᠬᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ︾ ᠪᠤᠯ ᠶᠡᠷᠦᠩᠭᠡᠢ ᠱᠦᠵᠢ ᠶᠢᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢᠨ ᠭᠤᠤᠯ ᠠᠭᠤᠯᠭ᠎ᠠ ᠮᠦᠨ᠃ ᠬᠦᠬᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ ᠶᠢ ᠲᠦᠷᠪᠡᠨ ᠲᠠᠪᠬᠤᠷᠭ᠎ᠠ ᠠᠴᠠ ᠤᠢᠢᠯᠠᠭᠠᠵᠦ ᠪᠤᠯᠤᠨ᠎ᠠ᠄      ᠨᠢᠭᠡᠳᠦᠭᠡᠷ ᠲᠤ᠂ ᠡᠭᠡ ᠪᠠᠶᠢᠭᠠᠯᠢ ᠦᠷᠳᠡᠭ ᠬᠡᠮᠵᠢᠶᠡᠯᠡᠰᠢ ᠦᠭᠡᠢ ᠭᠡᠭᠦ ᠤᠯᠠᠮᠵᠢᠯᠠᠯᠳᠤ ᠲᠠᠨᠢᠯᠳᠠ ᠶᠢ ᠰᠢᠨᠡᠴᠢᠯᠡᠪᠡ᠃ ᠪᠠᠶᠢᠭᠠᠯᠢ ᠶᠢᠨ ᠤᠷᠴᠢᠨ ᠲᠤᠭᠤᠷᠢᠨ ᠳᠤ ᠦᠷᠳᠡᠭ ᠲᠠᠢ ᠪᠠᠶᠢᠵᠦ᠂ ᠤᠷᠤᠯᠭ᠎ᠠ ᠰᠤᠯᠢᠵᠦ ᠪᠤᠯᠤᠨ᠎ᠠ᠃ ᠡᠭᠡ ᠪᠠᠶᠢᠭᠠᠯᠢ ᠪᠠᠨ ᠰᠠᠶᠢᠳᠤᠷ ᠬᠠᠮᠠᠭᠠᠯᠠᠪᠠᠯ ᠲᠠᠷᠤᠢ ᠠᠯᠳᠠ ᠮᠦᠡᠭᠭᠦᠨ ᠠᠭᠤᠯᠠ ᠪᠠᠨ ᠰᠠᠶᠢᠳᠤᠷ ᠬᠠᠮᠠᠭᠠᠯᠠᠬᠰᠠᠨ ᠶᠠᠪᠤᠳᠠᠯ ᠪᠤᠯᠤᠨ᠎ᠠ᠃      ᠬᠤᠶᠠᠳᠤᠭᠠᠷ ᠲᠤ᠂ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠪᠠᠯ ᠦᠷᠳᠡᠭ ᠪᠦᠲᠦᠭᠡᠵᠦ ᠪᠤᠯᠤᠨ᠎ᠠ᠃ ᠠᠯᠤᠰ ᠬᠡᠳᠤ ᠶᠢᠨ ᠲᠠᠯ᠎ᠠ ᠠᠴᠠ ᠦᠵᠡᠪᠠᠯ ᠰᠠᠶᠢᠳᠤᠷ ᠬᠠᠮᠠᠭᠠᠯᠠᠬᠤ ᠨᠢ ᠦᠷᠳᠡᠭ ᠡᠭᠦᠳᠴᠤ ᠪᠤᠯᠤᠨ᠎ᠠ᠃ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠬᠤ ᠪᠤᠯ ᠡᠭᠡ ᠪᠠᠶᠢᠭᠠᠯᠢ ᠶᠢᠨ ᠦᠷᠳᠡᠭ ᠤᠨ ᠦᠷᠳᠡᠭ ᠤᠨ ᠨᠡᠮᠡᠭᠳᠡᠯ ᠢ ᠬᠠᠮᠠᠭᠠᠯᠠᠵᠦ᠂ ᠠᠵᠦ ᠠᠬᠤᠢ ᠨᠡᠶᠢᠭᠡᠮ ᠤᠨ ᠬᠦᠭᠵᠢᠯᠳᠠ ᠶᠢᠨ ᠨᠦᠭᠡᠴᠡ ᠬᠦᠴᠦᠨ ᠢ ᠬᠠᠮᠠᠭᠠᠯᠠᠬᠤ ᠶᠠᠪᠤᠳᠠᠯ ᠮᠦᠨ᠂ ᠡᠶᠢᠮᠦ ᠠᠴᠠ ᠤᠷᠴᠢᠨ ᠲᠤᠭᠤᠷᠢᠨ ᠢ ᠬᠠᠮᠠᠭᠠᠯᠠᠬᠤ ᠪᠤᠯ ᠪᠠᠰᠠᠴᠤ ᠬᠦᠭᠵᠢᠯᠳᠠ ᠪᠤᠯᠤᠨ᠎ᠠ᠃ ᠵᠦᠷᠢᠴᠡᠯ ᠲᠠᠢ ᠪᠢᠰᠢ᠃      ᠨᠢᠭᠡᠲᠦᠭᠡᠷ ᠲᠤ᠂ ᠦᠡᠭᠭᠡᠷᠡᠭᠰᠡᠨ ᠤ ᠬᠦᠭᠵᠢᠯᠳᠠ ᠪᠠ ᠬᠠᠮᠠᠭᠠᠯᠠᠯᠳᠠ ᠶᠢᠨ ︽ᠬᠤᠶᠠᠷ ᠨᠢᠭᠤᠷ ᠠᠷᠠᠰᠦ︾᠎ ᠶᠢᠨ ᠤᠯᠠᠮᠵᠢᠯᠠᠯ ᠢ ᠡᠪᠳᠡᠪᠡ᠃      ᠵᠦᠪᠭᠡᠨ ᠬᠦᠬᠡ ᠤᠰᠤ ᠬᠦᠬᠡᠮᠳᠦᠭ ᠠᠭᠤᠯᠠ ᠶᠢ ᠠᠪᠴᠤ ᠠᠯᠳᠠ ᠮᠦᠡᠭᠭᠦᠨ ᠠᠭᠤᠯᠠ ᠶᠢ ᠠᠪᠬᠤ ᠦᠭᠡᠢ ︵ᠡᠰᠡᠷᠭᠦᠴᠡᠯᠳᠤᠯ ᠎ ᠲᠠᠢ︶᠃      ᠠᠯᠳᠠ ᠮᠦᠡᠭᠭᠦᠨ ᠠᠭᠤᠯᠠ ᠶᠢ ᠠᠪᠬᠤ ᠮᠦᠷᠳᠡᠭᠡᠨ ᠬᠦᠬᠡ ᠤᠰᠤ ᠬᠦᠬᠡᠮᠳᠦᠭ ᠠᠭᠤᠯᠠ ᠶᠢ ᠠᠪᠤᠨ᠎ᠠ ︵ᠰᠠᠯᠤᠩᠭᠢᠷᠠᠯ ᠲᠠᠢ︶᠃      ᠬᠦᠬᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ ︵ᠨᠢᠭᠡᠳᠤᠯ ᠲᠠᠢ︶᠃      ᠬᠤᠶᠠᠳᠤᠭᠠᠷ ᠲᠤ᠂ ᠬᠦᠬᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ ᠭᠡᠭᠦ ᠦᠭᠡᠨ ᠳᠤ ᠬᠦᠭᠵᠢᠯᠳᠠ ᠶᠢᠨ ᠰᠢᠨ᠎ᠠ ᠲᠤᠳᠤᠭᠠᠳᠤ ᠠᠭᠤᠯᠤᠬᠳᠠᠬᠤᠨ ᠢ ᠤᠯᠭᠤᠪᠠ᠃ ᠮᠠᠨ ᠤ ᠨᠡᠶᠢᠭᠡᠮ ᠤᠨ ᠭᠤᠤᠯ ᠵᠦᠷᠢᠴᠡᠯ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠱᠠᠭᠠᠷᠳᠠᠯᠭ᠎ᠠ ᠪᠠ ᠲᠡᠩᠴᠡᠭᠦᠷᠢ ᠦᠭᠡᠢ ᠭᠦᠢᠴᠡᠳ ᠦᠭᠡᠢ ᠬᠦᠭᠵᠢᠯᠳᠠ ᠶᠢᠨ ᠬᠤᠭᠤᠷᠤᠨᠳᠤᠭᠢ ᠵᠦᠷᠢᠴᠡᠯ ᠪᠤᠯᠵᠦ ᠬᠤᠪᠢᠷᠠᠪᠠ᠃ ᠡᠭᠦᠨ ᠳᠤ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠳᠤ ᠬᠡᠯᠡᠯᠭᠡᠨ ᠦᠭᠡᠢ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠢ ᠪᠠᠭᠳᠠᠭᠠᠬᠰᠠᠨ ᠪᠠᠶᠢᠨ᠎ᠠ᠃ ᠲᠡᠭᠡᠭᠦ ᠮᠦᠷᠳᠡᠭᠡᠨ ᠠᠮᠢ ᠠᠬᠤᠢ ᠶᠢᠨ ᠤᠷᠴᠢᠨ ᠲᠤᠭᠤᠷᠢᠨ ᠤ ᠬᠡᠷᠡᠭᠴᠡᠭᠡ ᠨᠢ ᠬᠤᠶᠢᠰᠢᠭᠢ ᠬᠦᠭᠵᠢᠯᠳᠠ ᠳᠤ ᠤᠯᠠᠮ ᠤᠢᠢᠷᠠᠳᠤᠬᠤ ᠲᠤᠳᠤᠮ ᠤᠯᠠᠮ ᠬᠤᠷᠴᠡ ᠴᠢᠩᠭ᠎ᠠ ᠪᠤᠯᠤᠨ᠎ᠠ᠃ ᠡᠶᠢᠮᠦ ᠠᠴᠠ ᠪᠢᠳᠠᠨ ᠤ ᠬᠦᠭᠵᠢᠯᠳᠠ ᠳᠤ ᠠᠶᠠᠨᠳᠠᠭᠠᠨ ᠰᠢᠨ᠎ᠠ ᠠᠴᠢ ᠬᠤᠯᠪᠤᠬᠳᠠᠯ ᠲᠠᠢ ᠪᠠᠶᠢᠬᠤ ᠬᠡᠷᠡᠭᠳᠡᠢ᠂ ᠲᠠᠷᠤᠢ ᠠᠮᠢ ᠠᠬᠤᠢ ᠶᠢᠨ ᠤᠷᠴᠢᠨ ᠲᠤᠭᠤᠷᠢᠨ ᠢ ᠬᠠᠮᠠᠭᠠᠯᠠᠵᠦ ᠤᠯᠠᠨ ᠲᠦᠮᠡᠨ ᠤ ᠰᠠᠶᠢᠨ ᠰᠠᠶᠢᠬᠠᠨ ᠠᠮᠢ ᠠᠬᠤᠢ ᠶᠢᠨ ᠬᠡᠷᠡᠭᠴᠡᠭᠡ ᠶᠢ ᠬᠠᠨᠭ᠍ᠭᠠᠨ᠎ᠠ᠃      ︽ᠬᠤᠶᠠᠷ ᠠᠭᠤᠯᠠ ᠶᠢᠨ ᠤᠨᠤᠯ︾ ᠬᠦᠭᠵᠢᠯᠳᠠ ᠪᠠ ᠬᠠᠮᠠᠭᠠᠯᠠᠯᠳᠠ ᠶᠢᠨ ᠬᠤᠭᠤᠷᠤᠨᠳᠤᠭᠢ ᠬᠤᠪᠢᠰᠤᠩᠭᠤᠢ ᠬᠠᠷᠢᠴᠠᠭ᠎ᠠ ᠶᠢ ᠬᠦᠨᠵᠡᠭᠡᠢ ᠵᠠᠳᠠᠯᠵᠦ᠂ ᠡᠭᠡ ᠪᠠᠶᠢᠭᠠᠯᠢ ᠶᠢᠨ ᠦᠷᠳᠡᠭ ᠤᠨ ᠲᠤᠬᠠᠢ ᠤᠯᠠᠮᠵᠢᠯᠠᠯᠳᠤ ᠲᠠᠨᠢᠯᠳᠠ ᠶᠢ ᠰᠢᠨᠡᠴᠢᠯᠡᠵᠦ᠂ ᠬᠦᠭᠵᠢᠯᠳᠠ ᠪᠠ ᠬᠠᠮᠠᠭᠠᠯᠠᠯᠳᠠ ᠶᠢᠨ ᠡᠰᠡᠷᠭᠦᠴᠡᠯᠳᠤᠯ ᠤᠨ ᠦᠵᠡᠯ ᠰᠠᠨᠠᠭ᠎ᠠ ᠶᠢᠨ ᠬᠦᠯᠢᠶᠡᠰᠦᠯᠡᠯ ᠢ ᠡᠪᠳᠡᠵᠦ᠂ ᠬᠦᠭᠵᠢᠯᠳᠠ ᠶᠢᠨ ᠤᠢᠢᠯᠠᠭᠠᠬᠳᠠᠬᠤᠨ ᠪᠠ ᠠᠷᠭ᠎ᠠ ᠬᠡᠯᠪᠡᠷᠢ ᠶᠢᠨ ᠬᠦᠨᠵᠡᠭᠡᠢ ᠬᠤᠪᠢᠷᠠᠯᠳᠠ᠂ ᠮᠦᠨ ᠴᠤ ᠮᠠᠨ ᠤ ᠨᠠᠮ ᠤᠨ ᠵᠠᠰᠠᠬ ᠪᠠᠷᠢᠬᠤ ᠤᠢᠢᠯᠠᠭᠠᠬᠳᠠᠬᠤᠨ ᠪᠠ ᠠᠷᠭ᠎ᠠ ᠬᠡᠯᠪᠡᠷᠢ ᠶᠢᠨ ᠬᠦᠨᠵᠡᠭᠡᠢ ᠬᠤᠪᠢᠷᠠᠯᠳᠠ ᠶᠢ ᠠᠪᠴᠢᠷᠠᠪᠠ᠃      ᠭᠤᠷᠪᠠ᠂ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ︵ᠠᠮᠢ ᠠᠬᠤᠢ ᠶᠢᠨ ᠠᠵᠦ ᠦᠢᠯᠡᠰᠵᠢᠯᠳᠠ ᠪᠠ ᠠᠵᠦ ᠦᠢᠯᠡᠰ ᠤᠨ ᠠᠮᠢ ᠠᠬᠤᠢᠢᠴᠢᠯᠠᠯᠳᠠ ᠪᠠᠷ ᠭᠤᠤᠯ ᠴᠤᠬᠴᠠ ᠪᠤᠯᠭᠠᠨ᠎ᠠ︶᠎ ᠢ ᠪᠠᠶᠢᠭᠤᠯᠤᠨ᠎ᠠ      ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠠᠳᠤ ᠬᠦᠭᠵᠢᠯᠳᠠ      ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠠᠳᠤ ᠬᠦᠭᠵᠢᠯᠳᠠ ᠪᠤᠯ ᠦᠨᠡᠨ ᠳᠡᠭᠡᠨ ᠴᠦᠮ ᠤᠯᠤᠰ ᠤᠨ ᠭᠠᠳᠠᠭᠠᠳᠤ ᠠᠴᠠ ᠠᠪᠴᠢᠷᠠᠬᠰᠠᠨ ᠬᠦᠭᠵᠢᠯᠳᠠ ᠶᠢᠨ ᠤᠢᠢᠯᠠᠭᠠᠬᠳᠠᠬᠤᠨ ᠮᠦᠨ᠃ ᠲᠤᠤᠷ᠎ᠠ ᠨᠡᠭᠦᠷᠡᠰᠦᠳᠦ᠋ᠷᠦᠭᠴᠢᠳᠤ ᠬᠦᠭᠵᠢᠯᠳᠠ ᠶᠢ 2003 ᠤᠨ ᠳᠤ ᠠᠩᠭ᠍ᠯᠢ ᠤᠯᠤᠰ ᠤᠨ ᠲᠡᠷᠢᠭᠦᠨ ᠰᠠᠶᠢᠳ ᠪᠦᠯᠠᠶᠢᠸ᠋ᠷ ᠲᠤᠷᠠᠳᠤᠨ ᠭᠠᠷᠭᠠᠬᠰᠠᠨ ᠤ ᠲᠠᠷᠠᠭ᠎ᠠ ᠮᠠᠨ ᠤ ᠤᠯᠤᠰ ᠲᠤ ᠲᠠᠳᠠᠨ ᠤᠷᠤᠭᠤᠯᠤᠬᠰᠠᠨ ᠶᠤᠮ᠃ ᠡᠷᠬᠢᠯᠳᠡᠳᠤ ᠬᠦᠭᠵᠢᠯᠳᠠ ᠶᠢ ᠡᠭᠦᠨ ᠠᠴᠠ ᠡᠮᠦᠨᠡᠭᠡᠨ ᠪᠠᠷᠤᠬ 2001 ᠤᠨ ᠪᠤᠶᠤ 2002 ᠤᠨ ᠤ ᠦᠷ᠎ᠠ ᠪᠠᠷ ᠲᠤᠷᠠᠳᠤᠨ ᠭᠠᠷᠭᠠᠵᠠᠢ᠃ ᠲᠡᠷᠡ ᠴᠠᠭ ᠠᠴᠠ ᠪᠤᠳᠤᠪᠠᠯ ᠤᠳᠤ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢ ᠲᠤᠷᠠᠳᠤᠭᠠᠳ ᠨᠢᠭᠡᠨᠳᠡ 20 ᠭᠠᠷᠤᠢ ᠵᠢᠯ ᠪᠤᠯᠵᠠᠢ᠂ ᠲᠡᠭᠡᠪᠡᠯ ᠪᠤᠳᠠᠳᠤ ᠠᠬᠤᠢ ᠶᠢᠨ ᠦᠷ᠎ᠠ ᠪᠦᠲᠦᠮᠵᠢ ᠨᠢ ᠬᠢᠷᠢ ᠵᠡᠷᠭᠡ ᠪᠤᠢ︖ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠠᠳᠤ ᠬᠦᠭᠵᠢᠯᠳᠠ ᠦᠨᠡᠨ ᠳᠡᠭᠡᠨ ᠰᠠᠨᠠᠭᠠᠨ ᠳᠤ ᠨᠡᠶᠢᠴᠡᠮ᠎ᠠ ᠦᠭᠡᠢ ᠪᠠᠶᠢᠬᠰᠠᠭᠠᠷ᠃ ᠮᠠᠨ ᠤ ᠤᠯᠤᠰ ᠲᠤ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢᠨ ᠵᠠᠩᠭᠢᠯᠠᠭ᠎ᠠ ᠶᠢᠨ ᠮᠦᠷᠳᠡᠭᠡᠨ ᠰᠢᠭᠤᠳ ᠭᠤᠤᠯ ᠴᠤᠬᠴᠠ ᠪᠤᠯ ᠲᠠᠷᠤᠢ ᠠᠵᠦ ᠠᠬᠤᠢᠢᠯᠠᠯ ᠮᠦᠨ᠂ ᠪᠤᠳᠠᠳᠤ ᠠᠬᠤᠢ ᠳᠤ ᠮᠠᠰᠢ ᠤᠯᠠᠨ ᠠᠵᠦ ᠠᠬᠤᠢᠢᠯᠠᠯ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢᠨ ᠲᠤᠭ ᠢ ᠡᠷᠭᠦᠵᠦ᠂ ᠵᠠᠰᠠᠬ ᠤᠨ ᠤᠷᠳᠤᠨ ᠤ ᠬᠢᠨᠠᠨ ᠵᠦᠪᠰᠢᠶᠡᠷᠡᠯ ᠢ ᠤᠯᠵᠦ᠂ ᠤᠯᠤᠰ ᠤᠨ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠬᠦᠭᠵᠢᠯᠳᠠ ᠶᠢᠨ ᠬᠠᠷᠭᠠᠯᠵᠠᠯ ᠤᠨ ᠲᠦᠷᠦ ᠶᠢᠨ ᠪᠤᠳᠤᠯᠭ᠎ᠠ ᠶᠢ ᠡᠳ᠋ᠯᠡᠵᠦ᠂ ᠮᠠᠰᠢ ᠠᠷᠪᠢᠨ ᠠᠵᠦ ᠠᠬᠤᠢᠢᠯᠠᠯ ᠡᠭᠦᠳᠡᠨ ᠲᠡᠭᠡᠷ᠎ᠡ ᠪᠠᠨ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠬᠦᠭᠵᠢᠯᠳᠠ ᠶᠢᠨ ᠵᠢᠱᠢᠶ᠎ᠠ ᠦᠵᠡᠭᠦᠯᠭᠦ ᠠᠵᠦ ᠠᠬᠤᠢᠢᠯᠠᠯ ᠤᠨ ᠫᠠᠶᠢᠰᠠ ᠶᠢ ᠡᠭᠦᠳᠡᠨ ᠳᠡᠭᠡᠨ ᠡᠯᠭᠦᠵᠦ ᠪᠠᠶᠢᠪᠠᠴᠤ᠂ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢᠨ ᠨᠡᠷ᠎ᠠ ᠶᠢ ᠵᠡᠭᠦᠭᠡᠳ ᠪᠤᠳᠠᠳᠠᠢ ᠶᠠᠭᠤᠮ᠎ᠠ ᠪᠠᠶᠢᠬᠤ ᠦᠭᠡᠢ᠂ ᠡᠷᠭᠢᠯᠳᠡᠳᠤ ᠪᠢᠰᠢ ᠮᠦᠷᠳᠡᠭᠡᠨ ᠲᠤᠤᠷ᠎ᠠ ᠨᠡᠭᠦᠷᠡᠰᠦᠳᠦ᠋ᠷᠦᠭᠴᠢᠳᠤ ᠴᠤ ᠪᠢᠰᠢ ᠦᠵᠡᠭᠳᠡᠯ ᠢ ᠬᠤᠷᠢᠬᠯᠡᠵᠦ ᠲᠡᠶᠢᠯᠦᠭᠡᠳᠦᠢ ᠪᠠᠶᠢᠬᠰᠠᠭᠠᠷ᠃ ᠪᠤᠳᠠᠳᠤ ᠠᠬᠤᠢ ᠳᠤ ᠠᠯᠢ ᠤᠯᠠᠨ ᠬᠠᠤᠯᠢ ᠲᠤᠬᠳᠠᠭᠠᠯ ᠬᠠᠤᠯᠢ ᠲᠦᠷᠢᠮ ᠡᠳᠡᠭᠡᠷ ᠠᠵᠦ ᠠᠬᠤᠢᠢᠯᠠᠯ ᠢ ᠬᠠᠮᠢᠶᠠᠷᠴᠤ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢ ᠱᠠᠭᠠᠷᠳᠠᠵᠦ᠂ ᠲᠤᠷᠭᠠᠨ ᠰᠢᠢᠳᠭᠡᠭᠦ ᠪᠤᠶᠤ ᠡᠭᠦᠳᠡ ᠶᠢ ᠨᠢ ᠬᠠᠭᠠᠯᠭᠠᠵᠦ ᠴᠡᠭᠴᠡᠯᠡᠨ ᠵᠠᠰᠠᠵᠦ ᠪᠠᠶᠢᠳᠠᠯ᠎ᠠ᠂ ᠲᠡᠶᠢᠮᠦ ᠤᠯᠠᠨ ᠠᠵᠦ ᠠᠬᠤᠢᠢᠯᠠᠯ ᠶᠠᠭᠠᠬᠢᠭᠠᠳ ᠪᠠᠰᠠ ᠲᠤᠷᠭᠠᠬᠳᠠᠨ ᠰᠢᠢᠳᠭᠡᠭᠳᠡᠭᠦ ᠲᠦᠭᠰᠢᠭᠦᠷᠢ ᠶᠢ ᠰᠦᠷᠴᠤ ᠡᠷᠭᠢᠯᠳᠡᠳᠤ ᠪᠢᠰᠢ ᠮᠦᠷᠳᠡᠭᠡᠨ ᠲᠤᠤᠷ᠎ᠠ ᠨᠡᠭᠦᠷᠡᠰᠦᠳᠦ᠋ᠷᠦᠭᠴᠢᠳᠤ ᠴᠤ ᠪᠢᠰᠢ ᠪᠠᠶᠢᠳᠠᠬ ᠪᠤᠢ︖ ᠰᠢᠯᠳᠠᠭᠠᠨ ᠨᠢ ᠤᠯᠠᠨ ᠲᠠᠯ᠎ᠠ ᠶᠢᠨ ᠪᠤᠢ᠄    ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠬᠦᠭᠵᠢᠯᠳᠠ — ᠲᠤᠬᠢᠶᠠᠯ ᠪᠠ ᠦᠷᠢᠰᠦᠯᠳᠦᠭᠡᠨ ᠬᠠᠮᠳᠤ ᠪᠠᠷ ᠤᠷᠤᠰᠢᠨ᠎ᠠ      ᠦᠷᠢᠰᠦᠯᠳᠦᠭᠡᠨ ᠨᠢᠭᠡ᠄ ᠬᠦᠭᠵᠢᠯᠳᠠ ᠶᠢᠨ ᠲᠦᠪᠰᠢᠨ ᠤ ᠦᠷᠢᠰᠦᠯᠳᠦᠭᠡᠨ ︵ᠮᠠᠨ ᠤ ᠤᠯᠤᠰ ᠤᠨ ᠬᠦᠭᠵᠢᠯᠳᠠ ᠶᠢᠨ ᠦᠷᠳᠡᠭ︶      ᠦᠷᠢᠰᠦᠯᠳᠦᠭᠡᠨ ᠬᠤᠶᠠᠷ᠄ ᠡᠨᠧᠷᠭᠢ ᠠᠴᠠ ᠲᠠᠪᠠᠭᠤᠯᠢᠭ ᠤᠨ ᠦᠷᠢᠰᠦᠯᠳᠦᠭᠡᠨ᠃      ᠦᠷᠢᠰᠦᠯᠳᠦᠭᠡᠨ ᠭᠤᠷᠪᠠ᠄ ᠠᠵᠦ ᠦᠢᠯᠡᠰ ᠤᠨ ᠪᠦᠲᠦᠴᠡ ᠶᠢᠨ ᠦᠷᠢᠰᠦᠯᠳᠦᠭᠡᠨ ︵ᠤᠯᠤᠰ ᠤᠨ ᠭᠠᠳᠠᠭᠠᠳᠤ ᠳᠤ 5% 3% 65%᠎ ᠠᠴᠠ ᠲᠡᠭᠡᠭᠰᠢ︶      ᠦᠷᠢᠰᠦᠯᠳᠦᠭᠡᠨ ᠲᠦᠷᠪᠡ᠄ ᠰᠢᠨᠵᠢᠯᠡᠭᠦ ᠤᠬᠠᠭᠠᠨ ᠮᠡᠷᠭᠡᠵᠢᠯ ᠤᠨ ᠲᠦᠪᠰᠢᠨ ᠤ ᠦᠷᠢᠰᠦᠯᠳᠦᠭᠡᠨ᠃      ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠬᠢᠯᠳᠡᠳᠤ ᠬᠦᠭᠵᠢᠯᠳᠠ ᠶᠢᠨ ᠠᠮᠢ ᠠᠬᠤᠢ ᠶᠢᠨ ᠰᠢᠰᠲ᠋ᠧᠮ ᠢ ᠪᠦᠲᠦᠭᠡᠨ ᠪᠠᠶᠢᠭᠤᠯᠤᠨ᠎ᠠ      ᠡᠶᠢᠮᠦᠷᠭᠦ ᠬᠦᠴᠢᠷ ᠠᠰᠠᠭᠤᠳᠠᠯ ᠪᠠ ᠦᠷᠢᠰᠦᠯᠳᠦᠭᠡᠨ ᠳᠤ ᠬᠠᠨᠳᠤᠵᠦ᠂ ᠬᠡᠷᠭᠢᠨ ᠡᠪᠡᠳᠴᠢᠨ ᠳᠤᠨᠢ ᠲᠤᠬᠢᠷᠠᠭᠤᠯᠤᠨ ᠡᠮᠴᠢᠯᠡᠵᠦ᠂ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ᠢ ᠵᠢᠩᠭᠢᠨᠢ ᠪᠠᠷ ᠪᠠᠶᠢᠭᠤᠯᠵᠦ᠂ ᠬᠦᠬᠡ ᠤᠰᠤ ᠬᠦᠬᠡᠮᠳᠦᠭ ᠠᠭᠤᠯᠠ ᠶᠢ ᠠᠯᠳᠠ ᠮᠦᠡᠭᠭᠦᠨ ᠠᠭᠤᠯᠠ ᠪᠤᠯᠭᠠᠨ ᠬᠤᠪᠢᠷᠠᠭᠤᠯᠬᠤ ᠪᠤᠢ︖ ᠲᠤᠤᠷᠠᠬᠢ ᠭᠤᠷᠪᠠᠨ ᠲᠠᠯ᠎ᠠ ᠠᠴᠠ ᠭᠠᠷᠳᠠᠪᠠᠯ ᠵᠤᠬᠢᠰᠳᠠᠢ᠄ ᠲᠠᠷᠤᠢ ᠬᠦᠳᠡᠯᠭᠡᠭᠦ ᠬᠦᠴᠦᠨ ᠤ ᠰᠢᠰᠲ᠋ᠧᠮ᠂ ᠠᠵᠦ ᠦᠢᠯᠡᠰ ᠤᠨ ᠰᠢᠰᠲ᠋ᠧᠮ᠂ ᠪᠠᠳᠤᠯᠠᠭ᠎ᠠ ᠶᠢᠨ ᠰᠢᠰᠲ᠋ᠧᠮ ᠢ ᠪᠠᠶᠢᠭᠤᠯᠤᠨ᠎ᠠ᠃      ᠬᠦᠳᠡᠯᠭᠡᠭᠦ ᠬᠦᠴᠦᠨ ᠤ ᠰᠢᠰᠲ᠋ᠧᠮ      ᠡᠯ᠎ᠠ ᠭᠠᠵᠠᠷ ᠤᠷᠤᠨ ᠤ ᠪᠠᠶᠢᠭᠠᠯᠢ ᠶᠢᠨ ᠡᠭᠢ ᠪᠠᠶᠠᠯᠢᠭ᠂ ᠤᠷᠴᠢᠨ ᠲᠤᠭᠤᠷᠢᠨ ᠤ ᠲᠠᠭᠠᠭᠠᠴᠠ ᠶᠢᠨ ᠴᠢᠳᠠᠪᠤᠷᠢ᠂ ᠨᠦᠭᠦᠴᠡᠯ ᠪᠠᠶᠢᠳᠠᠯ ᠨᠢ ᠴᠦᠮ ᠠᠳᠠᠯᠢ ᠦᠭᠡᠢ᠂ ᠡᠶᠢᠮᠦ ᠠᠴᠠ ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ᠢ ᠪᠠᠶᠢᠭᠤᠯᠬᠤ ᠶᠠᠪᠤᠴᠠ ᠳᠤ ᠭᠠᠵᠠᠷ ᠤᠷᠤᠨ ᠤ ᠤᠨᠴᠠᠯᠢᠭ ᠲᠤᠨᠢ ᠵᠤᠬᠢᠴᠠᠭᠤᠯᠤᠨ ᠬᠡᠷᠡᠭᠵᠢᠭᠦᠯᠪᠠᠯ ᠵᠤᠬᠢᠰᠳᠠᠢ ᠪᠠᠶᠢᠵᠦ᠂ ᠲᠤᠬᠠᠢ ᠶᠢᠨ ᠤᠷᠤᠨ ᠨᠤᠳᠤᠬ ᠤᠨ ᠪᠠᠶᠢᠳᠠᠯ ᠲᠠᠢ ᠨᠡᠶᠢᠴᠡᠭᠦ᠂ ᠢᠯᠠ ᠲᠤᠳᠤ ᠤᠷᠤᠨ ᠨᠤᠳᠤᠬ ᠤᠨ ᠤᠨᠴᠠᠯᠢᠭ ᠲᠠᠢ᠂ ᠲᠤᠬᠠᠢ ᠶᠢᠨ ᠭᠠᠵᠠᠷ ᠤᠨ ᠠᠵᠦ ᠦᠢᠯᠡᠰ ᠤᠨ ᠬᠦᠭᠵᠢᠯᠳᠠ ᠲᠠᠢ ᠨᠡᠶᠢᠴᠡᠭᠦ ᠵᠠᠮ ᠢ ᠰᠤᠩᠭᠤᠨ᠎ᠠ᠃ ᠮᠠᠨ ᠤ ᠤᠷᠤᠨ ᠪᠤᠬᠢᠷᠳᠤᠯ ᠦᠭᠡᠢ ᠡᠭᠢ ᠪᠠᠶᠠᠯᠢᠭ ᠡᠵᠡᠯᠡᠵᠦ ᠪᠠᠶᠢᠬᠤ ᠲᠠᠯ᠎ᠠ ᠪᠠᠷ ᠤᠯᠳᠠᠰᠢ ᠦᠭᠡᠢ ᠶᠡᠭᠡ ᠲᠠᠪᠠᠭᠤᠯᠢᠭ ᠲᠠᠢ᠂ ᠲᠡᠭᠡᠭᠦ ᠮᠦᠷᠳᠡᠭᠡᠨ ᠮᠠᠨ ᠤ ᠤᠷᠤᠨ ᠪᠤᠯ ᠪᠠᠰᠠᠴᠤ ᠪᠤᠬᠢᠷᠳᠤᠯ ᠦᠭᠡᠢ ᠬᠦᠭᠵᠢᠯᠳᠠ ᠶᠢᠨ ᠵᠦᠷᠢᠴᠡᠯᠳᠤ ᠲᠤᠮᠤ ᠤᠷᠤᠨ ᠮᠦᠨ᠃ ︽ᠦᠨᠳᠤᠷ ᠬᠤᠷᠤᠬᠳᠠᠯ᠂ ᠦᠨᠳᠤᠷ ᠪᠤᠬᠢᠷᠳᠤᠯ᠂ ᠡᠭᠢ ᠪᠠᠶᠠᠯᠢᠭ ᠤᠨ ᠴᠢᠨᠠᠷᠳᠠᠢ︾ ᠠᠵᠦ ᠦᠢᠯᠡᠰ ᠤᠨ ᠰᠢᠰᠲ᠋ᠧᠮ ᠪᠠ ᠬᠠᠷᠠᠬᠠᠨ ᠬᠦᠭᠵᠢᠭᠡᠳᠦᠢ ᠦᠪᠡᠷᠳᠡᠭᠡᠨ ᠵᠠᠰᠠᠬᠤ ᠤᠷᠤᠨ ᠤ ᠦᠨᠳᠤᠰᠦᠨ ᠪᠠᠶᠢᠳᠠᠯ ᠤᠨ ᠬᠤᠭᠤᠷᠤᠨᠳᠤ ᠵᠠᠶᠢᠯᠠᠰᠢ ᠦᠭᠡᠢ ᠵᠦᠷᠢᠴᠡᠯ ᠮᠦᠷᠭᠦᠯᠳᠦᠭᠡᠨ ᠤᠷᠤᠰᠢᠵᠦ ᠪᠠᠶᠢᠨ᠎ᠠ᠃ ᠪᠤᠬᠢᠷᠳᠤᠯ ᠦᠭᠡᠢ ᠪᠠᠶᠢᠬᠤ ᠶᠢ ᠬᠡᠷᠭᠢᠨ ᠬᠦᠭᠵᠢᠯᠳᠠ ᠶᠢᠨ ᠰᠢᠨ᠎ᠠ ᠬᠦᠭᠡᠭᠡᠴᠡᠯᠳᠤᠯ ᠪᠠ ᠰᠢᠨ᠎ᠠ ᠤᠳᠤᠷᠢᠳᠤᠮᠵᠢ ᠪᠤᠯᠭᠠᠬᠤ ᠮᠦᠷᠳᠡᠭᠡᠨ ᠪᠠᠰᠠ ᠬᠦᠭᠵᠢᠯᠳᠠ ᠶᠢᠨ ᠰᠢᠨ᠎ᠠ ᠬᠦᠳᠡᠭᠡᠯᠭᠦ ᠬᠦᠴᠦᠨ ᠪᠠ ᠰᠢᠨ᠎ᠠ ᠲᠦᠰᠢᠭ ᠪᠤᠯᠭᠠᠬᠤ ᠪᠤᠯ ᠮᠠᠨ ᠤ ᠤᠷᠤᠨ ᠤ ᠪᠤᠬᠢᠷᠳᠤᠯ ᠦᠭᠡᠢ ᠬᠦᠭᠵᠢᠯᠳᠠ ᠶᠢᠨ ᠤᠢᠢᠯᠠᠭᠠᠬᠳᠠᠬᠤᠨ ᠢ ᠨᠠᠶᠢᠳᠠᠪᠤᠷᠢᠵᠢᠭᠤᠯᠬᠤ ᠳᠤ ᠵᠠᠪᠠᠯ ᠴᠢᠷᠮᠠᠶᠢᠨ ᠬᠦᠭᠡᠭᠡᠴᠡᠯᠳᠦᠭᠦ ᠬᠠᠷᠠᠯᠳᠠ ᠮᠦᠨ᠃      ᠡᠩ ᠲᠡᠷᠢᠭᠦᠨ ᠳᠤ ᠦᠪᠤᠷ ᠮᠤᠩᠭᠤᠯ ᠪᠤᠬᠢᠷᠳᠤᠯ ᠦᠭᠡᠢ ᠲᠤᠤᠷ᠎ᠠ ᠨᠡᠭᠦᠷᠡᠰᠦᠳᠦ᠋ᠷᠦᠭᠴᠢᠳᠤ ᠡᠷᠭᠢᠯᠳᠡᠳᠤ ᠠᠵᠦ ᠠᠬᠤᠢ ᠶᠢᠨ ᠰᠢᠰᠲ᠋ᠧᠮ ᠢ ᠪᠠᠶᠢᠭᠤᠯᠬᠤ ᠳᠤ ︽ᠲᠦᠷᠪᠡ ᠶᠢ ᠤᠶᠠᠯᠳᠤᠭᠤᠯᠬᠤ︾᠎ ᠶᠢ ᠴᠢᠷᠮᠠᠶᠢᠨ ᠰᠠᠶᠢᠳᠤᠷ ᠬᠢᠭᠦ ᠶᠤᠰᠤᠳᠠᠢ᠄      ᠡᠯᠪᠡᠭ ᠪᠠᠶᠠᠯᠢᠭ ᠡᠭᠢ ᠪᠠᠶᠠᠯᠢᠭ ᠪᠠ ᠡᠨᠧᠷᠭᠢ ᠶᠢᠨ ᠲᠠᠪᠠᠭᠤᠯᠢᠭ᠂ ᠰᠠᠶᠢᠨ ᠰᠠᠶᠢᠬᠠᠨ ᠠᠵᠦ ᠦᠢᠯᠡᠰ ᠤᠨ ᠰᠠᠭᠤᠷᠢ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠭᠦ ᠪᠠᠷ ᠬᠦᠳᠡᠯᠭᠡᠭᠦᠷ ᠪᠤᠯᠭᠠᠬᠤ᠂ ᠪᠡᠯᠡ ᠮᠦᠡᠭᠭᠦ ᠪᠠ ᠲᠦᠷᠦ ᠶᠢᠨ ᠪᠤᠳᠤᠯᠭ᠎ᠠ ᠶᠢᠨ ᠲᠡᠮᠵᠢᠯᠭᠡ ᠶᠢ ᠬᠠᠷᠢᠯᠴᠠᠨ ᠤᠶᠠᠯᠳᠤᠭᠤᠯᠬᠤ᠃      ᠪᠡᠯᠡ ᠮᠦᠡᠭᠭᠦ ᠶᠢᠨ ᠠᠰᠠᠭᠤᠳᠠᠯ ᠢ ᠰᠢᠢᠳᠪᠤᠷᠢᠯᠡᠭᠦ ᠳᠤ᠄      ᠠᠮᠢ ᠠᠬᠤᠢ ᠶᠢᠨ ᠨᠦᠭᠦᠪᠦᠷᠢ᠃ ᠡᠨᠡ ᠵᠢᠷᠤᠭ ᠪᠤᠯ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠭᠢᠳᠤ ᠤᠷᠤᠨ᠃ ᠨᠤᠭᠤᠭᠠᠨ ᠦᠡᠭᠭᠡ ᠶᠢᠨ ᠲᠡᠮᠳᠡᠭ ᠲᠠᠢ ᠭᠠᠵᠠᠷ ᠤᠷᠤᠨ ᠪᠤᠯ ᠴᠦᠮ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠭᠢᠳᠤ ᠤᠷᠤᠨ ᠮᠦᠨ᠃ ᠦᠪᠤᠷ ᠮᠤᠩᠭᠤᠯ ᠳᠤ ᠤᠯᠤᠰ ᠤᠨ ᠭᠤᠤᠯᠳᠠᠯᠭ᠎ᠠ ᠲᠠᠢ ᠠᠮᠢ ᠠᠬᠤᠢ ᠶᠢᠨ ᠴᠢᠳᠠᠪᠭᠢᠳᠤ ᠤᠷᠤᠨ ᠲᠠᠪᠤ ᠪᠤᠢ᠃ ᠮᠤᠨᠠ ᠠᠭᠤᠯᠠ ᠶᠢᠨ ᠠᠷᠤ ᠬᠤᠷᠮᠤᠢ ᠶᠢᠨ ᠲᠠᠯ᠎ᠠ ᠨᠤᠳᠤᠬ ᠤᠨ ᠠᠮᠢ ᠠᠬᠤᠢ ᠶᠢᠨ ᠴᠢᠳᠠᠪᠭᠢᠳᠤ ᠤᠷᠤᠨ᠂ ᠬᠤᠯᠠᠨ ᠰᠢᠷ᠎ᠠ ᠲᠠᠭ᠎ᠠ ᠶᠢᠨ ᠡᠯᠡᠰᠦᠷᠭᠡᠭᠵᠢᠯ ᠢ ᠰᠡᠷᠭᠡᠶᠢᠯᠡᠨ ᠵᠠᠰᠠᠬᠤ ᠠᠮᠢ ᠠᠬᠤᠢ ᠶᠢᠨ ᠴᠢᠳᠠᠪᠭᠢᠳᠤ ᠤᠷᠤᠨ᠂ ᠬᠦᠯᠦᠨ ᠪᠤᠶᠢᠷ ᠤᠨ ᠲᠠᠯ᠎ᠠ ᠨᠤᠳᠤᠬ ᠤᠨ ᠡᠪᠡᠰᠦᠳᠤ ᠲᠠᠯ᠎ᠠ ᠶᠢᠨ ᠠᠮᠢ ᠠᠬᠤᠢ ᠶᠢᠨ ᠴᠢᠳᠠᠪᠬᠢᠳᠤ ᠤᠷᠤᠨ᠂ ᠶᠡᠭᠡ ᠪᠠᠭ᠎ᠠ ᠭᠢᠨᠭ᠍ᠭᠠᠨ ᠲᠠᠪᠠᠭ᠎ᠠ ᠶᠢᠨ ᠤᠢ ᠰᠢᠭᠤᠢ ᠶᠢᠨ ᠠᠮᠢ ᠠᠬᠤᠢ ᠶᠢᠨ ᠴᠢᠳᠠᠪᠭᠢᠳᠤ ᠤᠷᠤᠨ᠂ ᠬᠤᠷᠴᠢᠨ ᠤ ᠲᠠᠯ᠎ᠠ ᠨᠤᠳᠤᠬ ᠤᠨ ᠠᠮᠢ ᠠᠬᠤᠢ ᠶᠢᠨ ᠴᠢᠳᠠᠪᠭᠢᠳᠤ ᠤᠷᠤᠨ᠃ ᠠᠮᠢ ᠠᠬᠤᠢ ᠶᠢᠨ ᠴᠢᠳᠠᠪᠭᠢᠳᠤ ᠤᠷᠤᠨ ᠢ ᠤᠯᠤᠰ ᠤᠨ ᠭᠠᠵᠠᠷ ᠰᠢᠷᠤᠢ ᠶᠢᠨ ᠴᠢᠳᠠᠪᠭᠢ ᠪᠠᠷ ᠨᠢ ᠬᠢᠵᠠᠭᠠᠷᠳᠠᠢ ᠨᠡᠭᠡᠭᠡᠨ ᠬᠦᠭᠵᠢᠭᠦᠯᠭᠦ ᠤᠷᠤᠨ ᠪᠠ ᠬᠤᠷᠢᠭ᠎ᠠ ᠲᠠᠢ ᠨᠡᠭᠡᠭᠡᠨ ᠬᠦᠭᠵᠢᠭᠦᠯᠭᠦ ᠤᠷᠤᠨ ᠭᠡᠵᠦ ᠬᠤᠪᠢᠶᠠᠷᠢᠯᠠᠨ᠎ᠠ᠃      ᠦᠪᠤᠷ ᠮᠤᠩᠭᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ ᠤᠨ ᠬᠡᠪᠴᠢᠶᠡᠨ ᠤ ᠲᠠᠯᠠᠪᠠᠢ ᠨᠢ 61.63 ᠲᠦᠮᠡᠨ ᠲᠡᠭᠰᠢ ᠲᠦᠷᠪᠡᠯᠵᠢᠨ ᠺᠢᠯᠣᠮᠧᠲᠷ᠂ ᠪᠦᠭᠦ ᠤᠷᠤᠨ ᠤ ᠤᠯᠤᠰ ᠤᠨ ᠭᠠᠵᠠᠷ ᠰᠢᠷᠤᠢ ᠶᠢᠨ ᠲᠠᠯᠠᠪᠠᠢ ᠶᠢᠨ 52.1%᠎ ᠢ ᠡᠵᠡᠯᠡᠵᠦ᠂ ᠵᠠᠷᠢᠮ ᠰᠢᠶᠠᠨ ︵ᠬᠤᠳᠠ︶᠎ ᠳᠤ 70%-80%᠎ ᠲᠤ ᠬᠦᠷᠴᠤ ᠪᠤᠢ᠃ ︵ᠶᠡᠭᠡ ᠬᠢᠨᠭ᠍ᠭᠠᠨ ᠲᠠᠪᠠᠭ᠎ᠠ᠂ ᠮᠤᠨᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠤᠷᠤᠨ ᠪᠤᠯ ᠪᠦᠭᠦ ᠦᠪᠡᠷᠳᠡᠭᠡᠨ ᠵᠠᠰᠠᠬᠤ ᠤᠷᠤᠨ ᠤ ᠴᠢᠬᠤᠯᠠ ᠤ ᠤᠰᠤᠨ ᠤ ᠰᠤᠷᠪᠤᠯᠵᠢ ᠶᠢᠨ ᠲᠡᠵᠢᠭᠡᠯ ᠤᠨ ᠠᠮᠢ ᠠᠬᠤᠢ ᠶᠢᠨ ᠴᠢᠳᠠᠪᠬᠢᠳᠤ ᠤᠷᠤᠨ ᠪᠤᠯᠤᠨ᠎ᠠ︔ ᠬᠦᠯᠦᠨ ᠪᠤᠶᠢᠷ ᠤᠨ ᠡᠯᠡᠰᠦ᠂ ᠬᠤᠷᠴᠢᠨ ᠤ ᠡᠯᠡᠰᠦ᠂ ᠦᠵᠦᠮᠦᠴᠢᠨ ᠤ ᠡᠯᠡᠰᠦ᠂ ᠬᠤᠯᠠᠨ ᠰᠢᠷ᠎ᠠ ᠲᠠᠭ᠎ᠠ ᠶᠢᠨ ᠡᠯᠡᠰᠦ᠂ ᠮᠤᠤᠡᠤᠰᠤ ᠶᠢᠨ ᠡᠯᠡᠰᠦ᠂ ᠬᠦᠪᠴᠢ ᠶᠢᠨ ᠮᠠᠩᠬ᠎ᠠ᠂ ᠤᠯᠠᠭᠠᠨᠪᠤᠬ᠎ᠠ ᠶᠢᠨ ᠡᠯᠡᠰᠦ᠂ ᠪᠠᠶ᠋ᠬᠠᠦ᠋ᠨᠳᠤᠷ ᠤᠨ ᠡᠯᠡᠰᠦ᠂ ᠲᠡᠭᠷᠢ ᠡᠯᠡᠰᠦ᠂ ᠪᠠᠳᠠᠢ ᠶᠢᠨ ᠵᠢᠷᠠᠨ ᠤ ᠡᠯᠡᠰᠦ ᠪᠤᠯ ᠰᠠᠯᠭᠢ ᠶᠢ ᠰᠡᠷᠭᠡᠶᠢᠯᠡᠵᠦ ᠡᠯᠡᠰᠦ ᠶᠢ ᠲᠤᠬᠳᠠᠪᠤᠷᠢᠵᠢᠭᠤᠯᠬᠤ ᠠᠮᠢ ᠠᠬᠤᠢ ᠶᠢᠨ ᠴᠢᠳᠠᠪᠭᠢᠳᠤ ᠤᠷᠤᠨ︔ ᠰᠢᠷ᠎ᠠ ᠬᠦᠷᠦᠰᠦᠳᠤ ᠥᠨᠳᠦᠷᠯᠢᠭ ᠤᠨ ᠲᠤᠪᠤᠴᠠᠭ ᠭᠤᠤ ᠭᠠᠨᠭ᠍ᠭ᠎ᠠ ᠶᠢᠨ ᠤᠰᠤ ᠬᠦᠷᠦᠰᠦ ᠶᠢ ᠬᠠᠳᠠᠭᠠᠯᠠᠬᠤ ᠵᠠᠰᠠᠯᠳᠠ ᠶᠢᠨ ᠤᠷᠤᠨ ᠪᠠ ᠬᠦᠯᠦᠨ ᠪᠤᠶᠢᠷ ᠤᠨ ᠲᠠᠯ᠎ᠠ ᠨᠤᠳᠤᠬ᠂ ᠰᠢᠯᠢ ᠶᠢᠨ ᠭᠤᠤᠯ ᠤᠨ ᠲᠠᠯ᠎ᠠ ᠨᠤᠳᠤᠬ᠂ ᠬᠤᠷᠴᠢᠨ ᠤ ᠲᠠᠯ᠎ᠠ ᠨᠤᠳᠤᠬ᠂ ᠤᠯᠠᠭᠠᠨᠴᠠᠪ ᠤᠨ ᠲᠠᠯ᠎ᠠ ᠨᠤᠳᠤᠬ ᠪᠠ ᠤᠷᠳᠤᠰ ᠤᠨ ᠲᠠᠯ᠎ᠠ ᠨᠤᠳᠤᠬ ᠵᠡᠷᠭᠡ ᠲᠠᠯ᠎ᠠ ᠨᠤᠳᠤᠬ ᠤᠨ ᠬᠠᠮᠠᠭᠠᠯᠠᠯᠳᠠ ᠵᠠᠰᠠᠯᠳᠠ ᠶᠢᠨ ᠤᠷᠤᠨ ᠪᠤᠯ ᠬᠦᠷᠦᠰᠦ ᠶᠢ ᠪᠠᠳᠤᠯᠠᠬᠤ ᠠᠮᠢ ᠠᠬᠤᠢ ᠶᠢᠨ ᠴᠢᠳᠠᠪᠭᠢᠳᠤ ᠤᠷᠤᠨ ᠪᠠ ᠠᠭᠤᠷ ᠠᠮᠢᠰᠬᠤᠯ ᠢ ᠵᠤᠬᠢᠴᠠᠭᠤᠯᠬᠤ ᠴᠢᠳᠠᠪᠭᠢᠳᠤ ᠤᠷᠤᠨ︔ ᠪᠠᠶᠢᠭᠠᠯᠢ ᠶᠢᠨ ᠬᠠᠮᠠᠭᠠᠯᠠᠯᠳᠠ ᠶᠢᠨ ᠤᠷᠤᠨ᠂ ᠤᠢ ᠰᠢᠭᠤᠢ ᠶᠢᠨ ᠴᠡᠴᠡᠷᠯᠢᠭ ᠵᠢᠴᠢ ᠴᠢᠬᠤᠯᠠ ᠨᠤᠭᠤ ᠭᠠᠵᠠᠷ ᠵᠡᠷᠭᠡ ᠴᠢᠬᠤᠯᠠ ᠠᠮᠢ ᠠᠬᠤᠢ ᠶᠢᠨ ᠴᠢᠳᠠᠪᠬᠢᠳᠤ ᠤᠷᠤᠨ ᠪᠤᠯ ᠬᠤᠷᠢᠭ᠎ᠠ ᠱᠤᠭᠤᠮ ᠤᠨ ᠬᠠᠯᠠᠮᠰᠢᠯ ᠬᠡᠪᠴᠢᠶ᠎ᠠ ᠪᠤᠯᠤᠨ᠎ᠠ︶᠃      ᠬᠢᠵᠠᠭᠠᠷᠳᠠᠢ ᠨᠡᠭᠡᠭᠡᠨ ᠬᠦᠭᠵᠢᠭᠦᠯᠭᠦ ᠤᠷᠤᠨ ᠪᠠ ᠬᠤᠷᠢᠭ᠎ᠠ ᠲᠠᠢ ᠨᠡᠭᠡᠭᠡᠨ ᠬᠦᠭᠵᠢᠭᠦᠯᠭᠦ ᠤᠷᠤᠨ ᠤ ᠬᠡᠪᠴᠢᠶ᠎ᠠ ᠨᠡᠯᠢᠶᠡᠳ ᠦᠷᠭᠡᠨ᠂ ᠠᠮᠢ ᠠᠬᠤᠢ ᠶᠢᠨ ᠴᠢᠳᠠᠪᠭᠢ ᠶᠢ ᠪᠡᠶᠡᠯᠡᠭᠦᠯᠭᠦ ᠳᠤ ᠤᠷᠳᠤ ᠬᠤᠭᠤᠴᠠᠭᠠᠳᠤ ᠠᠮᠢ ᠠᠬᠤᠢ ᠶᠢᠨ ᠨᠦᠭᠦᠪᠦᠷᠢ ᠶᠢᠨ ᠲᠤᠬᠳᠠᠴᠠ ᠶᠢ ᠪᠠᠶᠢᠭᠤᠯᠬᠤ ᠬᠡᠷᠡᠭᠳᠡᠢ᠃ ᠲᠤᠤᠷ᠎ᠠ ᠠᠮᠢ ᠠᠬᠤᠢ ᠶᠢᠨ ᠨᠦᠬᠦᠪᠦᠷᠢ ᠶᠢᠨ ᠲᠤᠬᠳᠠᠴᠠ ᠶᠢᠨ ᠪᠦᠲᠦᠴᠡ ᠶᠢᠨ ᠪᠦᠲᠦᠭᠦᠪᠴᠢ ᠵᠢᠷᠤᠬ ᠠᠴᠠ ᠰᠤᠨᠢᠷᠬᠠᠭᠠᠷᠠᠢ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠵᠠᠬ᠎ᠠ ᠲᠡᠯᠭᠡᠭᠦᠷᠴᠢᠯᠡᠭᠰᠡᠨ ᠤᠯᠠᠨ ᠲᠦᠢᠯᠰᠢᠷᠡᠭᠰᠡᠨ ᠠᠮᠢ ᠠᠬᠤᠢ ᠶᠢᠨ ᠨᠦᠭᠦᠪᠦᠷᠢ ᠶᠢᠨ ᠲᠤᠬᠳᠠᠴᠠ ᠶᠢ ᠪᠠᠶᠢᠭᠤᠯᠬᠤ ᠲᠤᠬᠠᠢ ᠴᠢᠨᠠᠬᠰᠢᠳᠠ ᠲᠤᠷᠠᠳᠤᠨ ᠭᠠᠷᠭᠠᠪᠠ᠃      ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠠᠶᠢᠯᠢ᠃ 2018 ᠤᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠲᠠᠳᠠᠪᠤᠷᠢᠯᠠᠪᠠ᠃ ᠨᠢᠭᠡ ᠳᠤ᠂ ᠤᠷᠢᠳ ᠨᠢ ᠲᠠᠳᠠᠪᠤᠷᠢᠯᠠᠵᠦ ᠪᠠᠶᠢᠬᠰᠠᠨ ᠵᠠᠷᠢᠮ ᠵᠦᠢ ᠵᠤᠬᠢᠰ ᠦᠭᠡᠢ᠂ ᠪᠠᠶᠢᠳᠠᠯ ᠲᠠᠢ ᠨᠡᠶᠢᠴᠡᠭᠦ ᠦᠭᠡᠢ ᠵᠠᠷᠤᠳᠠᠯ ᠢ ᠲᠤᠰ ᠭᠠᠶᠢᠯᠢ ᠳᠤ ᠤᠷᠤᠭᠤᠯᠵᠠᠢ᠂ ᠪᠤᠬᠢᠷᠳᠤᠯ ᠭᠠᠳᠠᠬᠰᠢᠯᠠᠭᠤᠯᠬᠤ ᠵᠠᠷᠤᠳᠠᠯ ᠮᠡᠳᠤ᠃ ᠬᠤᠶᠠᠷ ᠲᠤ᠂ ᠤᠷᠢᠳ ᠨᠢ ᠡᠭᠢ ᠪᠠᠶᠠᠯᠢᠭ ᠢ ᠨᠡᠭᠡᠭᠡᠨ ᠬᠦᠭᠵᠢᠭᠦᠯᠦᠭᠴᠢ ᠠᠴᠠ ᠡᠭᠢ ᠪᠠᠶᠠᠯᠢᠭ ᠢ ᠨᠡᠭᠡᠭᠡᠨ ᠬᠦᠭᠵᠢᠭᠦᠯᠬᠦ ᠳᠡᠭᠡᠨ ᠨᠢᠭᠡ ᠬᠤᠪᠢ ᠤᠷᠴᠢᠨ ᠲᠤᠭᠤᠷᠢᠨ ᠤ ᠬᠠᠮᠠᠭᠠᠯᠠᠯᠳᠠ ᠶᠢᠨ ᠮᠦᠡᠭᠭᠦ ᠲᠤᠰᠢᠶᠠᠵᠦ ᠪᠠᠶᠢᠬᠰᠠᠨ ᠢ ᠪᠠᠰᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠭᠠᠶᠢᠯᠢ ᠳᠤ ᠤᠷᠤᠭᠤᠯᠪᠠ᠃      ᠡᠭᠢ ᠪᠠᠶᠠᠯᠢᠭ ᠢ ᠦᠨ᠎ᠠ ᠬᠠᠨᠭ᠍ᠰᠢ ᠶᠢ ᠨᠢ ᠦᠨᠳᠤᠰᠤᠯᠠᠨ ᠭᠠᠶᠢᠯᠢ ᠲᠠᠳᠠᠪᠤᠷᠢᠯᠠᠬᠤ ᠪᠤᠯᠭᠠᠪᠠ᠃ ᠬᠡᠮᠵᠢᠶ᠎ᠠ ᠶᠢ ᠨᠢ ᠦᠨᠳᠤᠰᠤᠯᠠᠨ ᠭᠠᠶᠢᠯᠢ ᠲᠠᠳᠠᠪᠤᠷᠢᠯᠠᠵᠦ ᠪᠠᠶᠢᠬᠰᠠᠨ ᠠᠴᠠ ᠦᠨ᠎ᠠ ᠬᠠᠨᠭ᠍ᠰᠢ ᠶᠢ ᠨᠢ ᠦᠨᠳᠤᠰᠤᠯᠠᠨ ᠭᠠᠶᠢᠯᠢ ᠲᠠᠳᠠᠪᠤᠷᠢᠯᠠᠬᠤ ᠪᠤᠯᠭᠠᠪᠠ᠃ ︵ᠦᠪᠤᠷ ᠮᠤᠩᠭᠤᠯ ᠤᠨ ᠨᠡᠭᠦᠷᠡᠰᠤᠨ ᠤ ᠡᠭᠢ ᠪᠠᠶᠠᠯᠢᠭ ᠢᠶᠠᠷ ᠵᠢᠱᠢᠶᠡᠯᠡᠶ᠎ᠠ︶ ᠦᠪᠤᠷ ᠮᠤᠩᠭᠤᠯ ᠤᠨ ᠨᠡᠭᠦᠷᠡᠰᠦ ᠶᠢ 2015 ᠤᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠦᠨ᠎ᠠ ᠬᠠᠨᠭ᠍ᠰᠢ ᠶᠢ ᠨᠢ ᠦᠨᠳᠤᠰᠤᠯᠠᠨ ᠭᠠᠶᠢᠯᠢ ᠲᠠᠳᠠᠪᠤᠷᠢᠯᠠᠬᠤ ᠪᠤᠯᠤᠬᠰᠠᠨ ᠪᠤᠯᠪᠠᠴᠤ᠂ ᠦᠭᠡᠷ᠎ᠠ ᠪᠤᠰᠤᠳ ᠡᠭᠢ ᠪᠠᠶᠠᠯᠢᠭ ᠲᠤ ᠪᠠᠰᠠ ᠬᠡᠷᠡᠭᠵᠢᠭᠦᠯᠦᠭᠡᠳᠦᠢ ᠪᠠᠶᠢᠬᠰᠠᠭᠠᠷ᠃ ᠡᠳᠡᠭᠡᠷ ᠬᠤᠷᠢᠶᠠᠵᠦ ᠤᠯᠤᠬᠰᠠᠨ ᠭᠠᠶᠢᠯᠢ ᠶᠢᠨ ᠲᠤᠰᠬᠠᠢ ᠮᠦᠡᠭᠭᠦ ᠶᠢ ᠲᠤᠰᠬᠠᠢ ᠬᠡᠷᠡᠭᠯᠡᠵᠦ᠂ ᠠᠮᠢ ᠠᠬᠤᠢ ᠶᠢᠨ ᠴᠢᠳᠠᠪᠭᠢᠳᠤ ᠤᠷᠤᠨ ᠤ ᠠᠮᠢ ᠠᠬᠤᠢ ᠶᠢᠨ ᠪᠦᠲᠦᠭᠡᠭᠳᠡᠭᠦᠨ ᠢ ᠬᠤᠳᠠᠯᠳᠤᠨ ᠠᠪᠬᠤ ᠳᠤ ᠬᠡᠷᠡᠭᠯᠡᠪᠡ᠃      ᠠᠵᠦ ᠦᠢᠯᠡᠰ ᠤᠨ ᠰᠢᠰᠲ᠋ᠧᠮ      ᠦᠪᠤᠷ ᠮᠤᠩᠭᠤᠯ ᠪᠤᠯ ᠡᠭᠡ ᠤᠯᠤᠰ ᠤᠨ ᠤᠮᠠᠷᠠᠳᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠠᠮᠢ ᠠᠬᠤᠢ ᠶᠢᠨ ᠤᠷᠤᠨ ᠪᠠᠶᠢᠷᠢ ᠢᠯᠡᠷᠭᠡᠢ᠂ ᠪᠤᠬᠢᠷᠳᠤᠯ ᠦᠭᠡᠢ ᠡᠭᠢ ᠪᠠᠶᠠᠯᠢᠭ ᠡᠯᠪᠡᠭ᠂ ᠪᠤᠬᠢᠷᠳᠤᠯ ᠦᠭᠡᠢ ᠡᠭᠢ ᠪᠠᠶᠠᠯᠢᠭ ᠤᠨ ᠲᠠᠪᠠᠭᠤᠯᠢᠭ ᠢ ᠬᠡᠷᠭᠢᠨ ᠮᠠᠨ ᠤ ᠤᠷᠤᠨ ᠤ ᠠᠵᠦ ᠠᠬᠤᠢ ᠶᠢᠨ ᠬᠦᠭᠵᠢᠯᠳᠠ ᠶᠢᠨ ᠲᠠᠪᠠᠭᠤᠯᠢᠭ ᠪᠤᠯᠭᠠᠨ ᠬᠤᠪᠢᠷᠠᠭᠤᠯᠵᠦ᠂ ︽ᠬᠦᠬᠡ ᠤᠰᠤ ᠬᠦᠬᠡᠮᠳᠦᠭ ᠠᠭᠤᠯᠠ︾᠎ ᠶᠢ ︽ᠠᠯᠳᠠ ᠮᠦᠡᠭᠭᠦᠨ ᠠᠭᠤᠯᠠ︾᠎ ᠶᠢᠨ ᠪᠤᠬᠢᠷᠳᠤᠯ ᠦᠭᠡᠢ ᠠᠵᠦ ᠦᠢᠯᠡᠰ ᠪᠤᠯᠭᠠᠠ ᠬᠤᠪᠢᠷᠠᠭᠤᠯᠬᠤ ᠪᠤᠯ ᠵᠠᠩᠭᠢᠯᠠᠭ᠎ᠠ ᠮᠦᠷᠳᠡᠭᠡᠨ ᠰᠢᠪᠳᠤᠯᠤᠯᠳᠠ᠂ ᠨᠡᠩ ᠴᠤ ᠬᠦᠭᠵᠢᠯᠳᠠ ᠶᠢᠨ ᠠᠷᠭ᠎ᠠ ᠬᠡᠯᠪᠡᠷᠢ ᠶᠢ ᠬᠤᠪᠢᠷᠠᠭᠤᠯᠵᠦ᠂ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠶᠢ ᠠᠬᠢᠭᠤᠯᠵᠦ᠂ ᠠᠵᠦ ᠠᠬᠤᠢ ᠶᠢᠨ ᠴᠢᠨᠠᠷᠯᠢᠭ ᠬᠦᠭᠵᠢᠯᠳᠠ ᠶᠢ ᠪᠡᠶᠡᠯᠡᠭᠦᠯᠭᠦ ᠭᠤᠤᠯ ᠴᠢᠭᠯᠡᠯ ᠮᠦᠨ᠃      ᠭᠤᠤᠯᠳᠠᠯᠭ᠎ᠠ ᠲᠠᠢ ᠠᠵᠦ ᠥᠢᠯᠡᠰ ᠢ ᠰᠤᠩᠭᠤᠬᠤ ᠪᠠᠷᠢᠮᠵᠢᠶ᠎ᠠ᠄      ᠨᠢᠭᠡ᠂ ᠦᠢᠯᠡᠳᠭᠦᠨ ᠳᠤᠨᠢ ᠲᠤᠬᠳᠠᠭᠤᠨ ᠬᠦᠭᠵᠢᠯᠳᠠ ᠶᠢᠨ ᠢᠷᠡᠭᠡᠳᠦᠢ ᠲᠠᠢ ᠵᠠᠬ᠎ᠠ ᠲᠡᠯᠭᠡᠭᠦᠷ ᠤᠨ ᠬᠡᠷᠡᠭᠴᠡᠭᠡ ᠲᠠᠢ ᠪᠠᠶᠢᠬᠤ      ᠬᠤᠶᠠᠷ᠂ ᠨᠡᠯᠢᠶᠠᠳ ᠰᠠᠶᠢᠨ ᠠᠵᠦ ᠠᠬᠤᠢ ᠮᠡᠷᠭᠡᠵᠢᠯ ᠤᠨ ᠦᠷ᠎ᠠ ᠠᠰᠢᠭ ᠲᠠᠢ ᠪᠠᠶᠢᠬᠤ      ᠭᠤᠷᠪᠠ᠂ ᠨᠢᠭᠡ ᠪᠦᠯᠦᠭ ᠠᠵᠦ ᠦᠢᠯᠡᠰ ᠤᠨ ᠮᠠᠨᠳᠤᠯ ᠬᠦᠭᠵᠢᠯ ᠢ ᠲᠠᠶᠢᠴᠢᠯᠠᠵᠦ ᠲᠡᠶᠢᠯᠭᠦ      1. ︵ᠠᠮᠢ ᠠᠬᠤᠢ ᠶᠢᠨ ᠠᠵᠦ ᠦᠢᠯᠡᠰᠵᠢᠯᠳᠠ︶ ᠠᠮᠢ ᠠᠬᠤᠢ ᠪᠤᠯ ᠲᠠᠷᠤᠢ ᠡᠭᠢ ᠪᠠᠶᠠᠯᠢᠭ᠂ ᠲᠠᠷᠤᠢ ︽ᠠᠯᠳᠠ ᠮᠦᠡᠭᠭᠦᠨ ᠠᠭᠤᠯᠠ︾ ᠮᠦᠨ᠃ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠶᠢᠨ ᠶᠠᠪᠤᠴᠠ ᠳᠤ᠂ ᠠᠮᠢ ᠠᠬᠤᠢ ᠶᠢ ᠬᠠᠮᠠᠭᠠᠯᠠᠬᠤ᠂ ᠠᠮᠢ ᠠᠬᠤᠢ ᠶᠢ ᠪᠦᠲᠦᠭᠡᠨ ᠪᠠᠶᠢᠭᠤᠯᠬᠤ᠂ ᠪᠤᠬᠢᠷᠳᠤᠯ ᠦᠭᠡᠢ ᠬᠦᠭᠵᠢᠯᠳᠠ ᠳᠤ ᠬᠦᠴᠦ ᠤᠷᠤᠭᠤᠯᠬᠤ᠂ ᠪᠤᠬᠢᠷᠳᠤᠯ ᠦᠭᠡᠢ ᠠᠵᠦ ᠦᠢᠯᠡᠰ ᠢ ᠮᠠᠨᠳᠤᠭᠤᠯᠬᠤ᠂ ᠪᠤᠬᠢᠷᠳᠤᠯ ᠦᠭᠡᠢ ᠲᠦᠷᠦᠯ ᠲᠡᠮᠳᠡᠭ ᠢ ᠡᠭᠦᠳᠬᠦ ᠳᠤ᠂ ᠨᠡᠩ ᠠᠷᠪᠢᠨ ᠴᠢᠨᠠᠷᠯᠢᠭ ᠪᠤᠬᠢᠷᠳᠤᠯ ᠦᠭᠡᠢ ᠠᠮᠢ ᠠᠬᠤᠢ ᠶᠢᠨ ᠦᠢᠯᠡᠳᠭᠦᠨ ᠬᠠᠨᠭ᠍ᠭᠠᠵᠦ᠂ ᠪᠤᠬᠢᠷᠳᠤᠯ ᠦᠭᠡᠢ ᠤᠷᠤᠯᠭ᠎ᠠ ᠶᠢᠨ ᠨᠡᠮᠡᠭᠳᠡᠯ ᠢᠶᠠᠷ ᠪᠠᠶᠠᠵᠢᠨ ᠴᠢᠨᠡᠭᠡᠯᠢᠭᠵᠢᠭᠦ ᠶᠢ ᠲᠠᠶᠢᠴᠢᠯᠠᠵᠦ᠂ ᠪᠢᠳᠠᠨ ᠤ ᠠᠮᠢ ᠠᠬᠤᠢ ᠶᠢᠨ ᠤᠷᠴᠢᠨ ᠲᠤᠭᠤᠷᠢᠨ ᠢᠶᠠᠨ ᠲᠠᠰᠤᠷᠠᠯᠳᠠ ᠦᠭᠡᠢ ᠬᠤᠪᠢᠷᠠᠭᠤᠯᠵᠦ᠂ ᠪᠤᠬᠢᠷᠳᠤᠯ ᠦᠭᠡᠢ ᠦᠷ᠎ᠠ ᠠᠰᠢᠭ᠂ ᠪᠤᠬᠢᠷᠳᠤᠯ ᠦᠭᠡᠢ ᠪᠤᠶᠠᠨ ᠬᠡᠰᠢᠭ ᠡᠭᠦᠳᠴᠤ ᠪᠤᠯᠬᠤ ᠪᠠᠷ ᠪᠠᠷᠠᠬᠤ ᠦᠭᠡᠢ᠂ ᠪᠠᠰᠠ ᠦᠢᠯᠡᠳᠪᠤᠷᠢᠯᠡᠯ ᠤᠨ ᠤᠷᠴᠢᠨ ᠲᠤᠭᠤᠷᠢᠨ ᠪᠠ ᠠᠮᠢᠳᠤᠷᠠᠯ ᠤᠨ ᠤᠷᠴᠢᠨ ᠲᠤᠭᠤᠷᠢᠨ ᠢ ᠬᠤᠪᠢᠷᠠᠭᠤᠯᠵᠦ᠂ ᠯᠤᠳᠤ ᠶᠡᠭᠡ ᠪᠤᠳᠠᠰ ᠤᠨ ᠡᠳ᠋ ᠬᠦᠷᠦᠩᠭᠡ᠂ ᠤᠶᠤᠨ ᠰᠠᠨᠠᠭᠠᠨ ᠤ ᠡᠳ᠋ ᠬᠦᠷᠦᠩᠭᠡ ᠪᠠ ᠪᠤᠯᠪᠠᠰᠤᠨ ᠤ ᠡᠳ᠋ ᠬᠦᠷᠦᠩᠭᠡ ᠶᠢ ᠪᠢᠳᠠᠨ ᠳᠤ ᠠᠪᠴᠢᠷᠠᠬᠤ ᠪᠤᠯᠤᠨ᠎ᠠ᠃      ︵1︶ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠤ ᠪᠤᠯᠪᠠᠰᠤᠷᠠᠭᠤᠯᠬᠤ ᠦᠢᠯᠡᠰ      ︽ᠲᠤᠤᠷ᠎ᠠ᠂ ᠴᠦᠭᠡᠨ᠂ ᠲᠠᠷᠬᠠᠠᠢ᠂ ᠦᠨᠳᠤᠷ︾ ᠬᠦᠴᠢᠷᠳᠠᠯ ᠪᠠ ᠠᠰᠠᠭᠤᠳᠠᠯ ᠡᠨᠡ ᠲᠦᠷᠪᠡᠨ ᠦᠰᠦᠭ ᠢᠶᠠᠷ ᠢᠯᠡᠷᠡᠵᠦ ᠪᠠᠶᠢᠨ᠎ᠠ      ︽ᠲᠤᠤᠷ᠎ᠠ︾᠎ ᠶᠢᠨ ᠢᠯᠡᠷᠡᠯ ᠭᠤᠷᠪᠠᠨ ᠲᠠᠯ᠎ᠠ ᠪᠤᠢ᠄      ᠨᠢᠭᠡ᠂ ᠨᠠᠷᠢᠯᠢᠭ ᠡᠳ᠋ᠰᠢᠭᠦᠯᠵᠦ ᠪᠤᠯᠪᠠᠰᠤᠷᠠᠭᠤᠯᠬᠤ ᠨᠤᠷᠮ᠎ᠠ ᠲᠤᠤᠷ᠎ᠠ᠃ ᠬᠤᠶᠠᠷ᠂ ᠰᠢᠨᠵᠢᠯᠡᠭᠦ ᠤᠬᠠᠭᠠᠨ ᠮᠡᠷᠭᠡᠵᠢᠯ ᠤᠨ ᠬᠤᠪᠢ ᠨᠡᠮᠡᠷᠢ ᠦᠵᠡᠭᠦᠯᠭᠦ ᠨᠤᠷᠮ᠎ᠠ ᠲᠤᠤᠷ᠎ᠠ᠃ ᠭᠤᠷᠪᠠ᠂ ᠪᠠᠷᠢᠮᠵᠢᠶᠠᠵᠢᠯᠳᠠ ᠶᠢᠨ ᠬᠡᠮᠵᠢᠶ᠎ᠠ ᠲᠤᠤᠷ᠎ᠠ᠃      ︽ᠴᠦᠭᠡᠨ︾᠎ ᠤ ᠢᠯᠡᠷᠡᠯ ᠬᠤᠶᠠᠷ ᠲᠠᠯ᠎ᠠ ᠪᠤᠢ᠄      ᠨᠢᠭᠡ᠂ ᠲᠤᠯᠤᠭᠠᠢᠢᠯᠠᠬᠴᠢ ᠠᠵᠦ ᠠᠬᠤᠢᠢᠯᠠᠯ ᠤᠨ ᠲᠤᠭ᠎ᠠ ᠬᠡᠮᠵᠢᠶ᠎ᠠ ᠴᠦᠭᠡᠨ᠃ ᠬᠤᠶᠠᠷ᠂ ᠨᠡᠷᠡᠳᠤ ᠲᠦᠷᠦᠯ ᠲᠡᠮᠳᠡᠭ ᠴᠦᠭᠡᠨ᠃      ︽ᠲᠠᠷᠬᠠᠠᠢ︾᠎ ᠶᠢᠨ ᠢᠯᠡᠷᠡᠯ ᠬᠤᠶᠠᠷ ᠲᠠᠯ᠎ᠠ ᠪᠤᠢ᠄      ᠨᠢᠭᠡ᠂ ᠦᠢᠯᠡᠳᠪᠤᠷᠢᠯᠡᠯ ᠤᠨ ᠡᠵᠡᠩᠨᠡᠯᠳᠡ ᠶᠢᠨ ᠬᠡᠯᠪᠡᠷᠢ ᠲᠠᠷᠬᠠᠠᠢ ᠪᠤᠳᠠᠷᠬᠠᠢ᠃ ᠬᠤᠶᠠᠷ᠂ ᠠᠰᠢᠭ ᠲᠤᠰᠠ ᠶᠢᠨ ᠬᠤᠯᠪᠤᠭᠠᠯᠠᠯ ᠤᠨ ᠲᠤᠬᠳᠠᠴᠠ ᠰᠤᠯᠠ ᠵᠠᠳᠠᠭᠠᠢ᠃      ︽ᠦᠨᠳᠤᠷ︾᠎ ᠤᠨ ᠢᠯᠡᠷᠡᠯ ᠬᠤᠶᠠᠷ ᠲᠠᠯ᠎ᠠ ᠪᠤᠢ᠄      ᠨᠢᠭᠡ᠂ ᠪᠠᠷᠠᠭᠠᠨ ᠤ ᠭᠦᠢᠯᠭᠡᠭᠡᠨ ᠤ ᠦᠷᠳᠡᠭ ᠦᠨᠳᠤᠷ᠃ ᠬᠤᠶᠠᠷ᠂ ᠪᠡᠯᠡ ᠴᠤᠬᠯᠠᠭᠤᠯᠬᠤ ᠦᠷᠳᠡᠭ ᠦᠨᠳᠤᠷ᠃      ︵ᠬᠤᠶᠠᠷ︶ ᠪᠦᠭᠦ ᠤᠷᠤᠨ ᠬᠡᠪᠴᠢᠶᠡᠨ ᠤ ᠵᠤᠭᠠᠴᠠᠯ      ᠤᠢᠢᠷ᠎ᠠ ᠶᠢᠨ ᠵᠢᠯ ᠠᠴᠠ ᠨᠠᠭᠠᠰᠢ ᠦᠪᠤᠷ ᠮᠤᠩᠭᠤᠯ ᠤᠨ ᠵᠤᠭᠠᠴᠠᠯ ᠤᠨ ᠶᠡᠷᠦᠩᠭᠡᠢ ᠤᠷᠤᠯᠭ᠎ᠠ ᠵᠢᠯ ᠪᠦᠷᠢ ᠲᠡᠭᠰᠢᠳᠭᠡᠭᠡᠳ 25%᠎ ᠶᠢᠨ ᠨᠡᠮᠡᠭᠳᠡᠯ ᠤᠨ ᠬᠤᠷᠳᠤᠴᠠ ᠪᠠᠷ ᠨᠡᠮᠡᠭᠳᠡᠵᠦ ᠪᠠᠶᠢᠨ᠎ᠠ᠃      2017 ᠤᠨ ᠳᠤ ᠦᠪᠤᠷ ᠮᠤᠩᠭᠤᠯ ᠤᠨ ᠵᠤᠭᠠᠴᠠᠯ ᠤᠨ ᠶᠡᠷᠦᠩᠭᠡᠢ ᠤᠷᠤᠯᠭ᠎ᠠ 3000 ᠳ᠋ᠦᠡᠭᠰᠢᠭᠤᠷ ᠲᠦᠭᠦᠷᠢᠭ ᠢ ᠲᠠᠪᠠᠵᠦ᠂ 3440.1 ᠳ᠋ᠦᠡᠭᠰᠢᠭᠤᠷ ᠲᠦᠭᠦᠷᠢᠭ ᠲᠤ ᠬᠦᠷᠴᠤ᠂ ᠵᠤᠭᠠᠴᠠᠯ ᠤᠨ ᠦᠢᠯᠡᠰ ᠤᠨ ᠬᠠᠨᠭ᠍ᠭᠠᠯᠭ᠎ᠠ ᠶᠢᠨ ᠲᠦᠪᠰᠢᠨ ᠮᠠᠰᠢ ᠲᠤᠤᠷ᠎ᠠ᠂ ᠬᠡᠲᠦᠨ ᠠᠷᠪᠠᠨ ᠵᠢᠯ ᠤᠨ ᠲᠤᠷᠰᠢ ᠵᠤᠭᠠᠴᠠᠯ ᠤᠨ ᠪᠠᠷᠠᠭ᠎ᠠ ᠲᠠᠸᠠᠷ ᠤᠨ ᠦᠢᠯᠡᠳᠭᠦᠨ ᠤ ᠬᠠᠨᠭ᠍ᠭᠠᠯᠭ᠎ᠠ ᠦᠨᠳᠤᠰᠦᠨ ᠳᠡᠭᠡᠨ ᠴᠦᠮ ᠢᠵᠠᠭᠤᠷ ᠤᠯᠠᠮᠵᠢᠯᠠᠯ ᠤᠨ ᠪᠠᠶᠢᠳᠠᠯ ᠳᠠᠭᠠᠨ ᠵᠤᠬᠰᠤᠩᠭᠤᠢᠢᠷᠠᠵᠦ ᠪᠠᠶᠢᠨ᠎ᠠ᠃      ᠵᠤᠭᠠᠴᠠᠯ ᠤᠨ ᠠᠵᠦ ᠦᠢᠯᠡᠰ ᠤᠨ ᠬᠡᠪᠴᠢᠶ᠎ᠠ ᠬᠠᠷᠢᠴᠠᠩᠭᠤᠢ ᠪᠠᠭ᠎ᠠ᠃ ᠠᠵᠦ ᠠᠬᠤᠢ ᠶᠢᠨ ᠶᠡᠷᠦᠩᠭᠡᠢ ᠬᠡᠮᠵᠢᠶ᠎ᠠ ᠦᠪᠤᠷ ᠮᠤᠩᠭᠤᠯ ᠠᠴᠠ ᠪᠠᠭ᠎ᠠ ᠮᠤᠵᠢ ᠦᠪᠡᠷᠳᠡᠭᠡᠨ ᠵᠠᠰᠠᠬᠤ ᠤᠷᠤᠨ ᠤ ᠵᠤᠭᠠᠴᠠᠯ ᠤᠨ ᠶᠡᠷᠦᠩᠭᠡᠢ ᠤᠷᠤᠯᠭ᠎ᠠ ᠶᠢᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠳᠠᠬᠢ ᠡᠵᠡᠯᠡᠭᠦ ᠬᠠᠷᠢᠴᠠᠯ ᠨᠢ ᠬᠠᠮᠤᠭ ᠤᠨ ᠲᠤᠤᠷᠠᠭᠢ ᠨᠢ ᠪᠠᠰᠠ ᠦᠪᠤᠷ ᠮᠤᠩᠭᠤᠯ ᠤᠨ ᠬᠢ ᠠᠴᠠ 2 ᠵᠠᠭᠤᠨ ᠤ ᠬᠠᠷᠢᠴᠠᠯ ᠤᠨ ᠴᠡᠭ ᠦᠨᠳᠤᠷ᠃      ᠵᠤᠭᠠᠴᠠᠯ ᠤᠨ ᠠᠵᠦ ᠦᠢᠯᠡᠰ ᠤᠨ ᠲᠦᠷᠦᠯ ᠵᠦᠢᠯ ᠳᠤ ᠤᠭᠢ ᠪᠦᠲᠦᠭᠡᠭᠳᠡᠭᠦᠨ ᠲᠤᠳᠠᠮᠠᠬ᠃      5A ᠦᠵᠡᠮᠵᠢ ᠶᠢᠨ ᠤᠷᠤᠨ ︵ᠴᠢᠩᠭᠢᠰ ᠬᠠᠭᠠᠨ ᠤ ᠤᠡᠭᠭᠤᠨ ᠤ ᠵᠤᠭᠠᠴᠠᠯ ᠤᠨ ᠤᠷᠤᠨ᠂ ᠪᠦᠷᠢᠶ᠎ᠠ ᠮᠠᠩᠬ᠎ᠠ᠂ ᠮᠠᠨᠵᠤᠤᠷ ᠤᠨ ᠲᠤᠮᠳᠠᠳᠤ ᠤᠷᠤᠰ ᠤᠨ ᠬᠢᠯᠢ ᠶᠢᠨ ᠵᠤᠭᠠᠴᠠᠯ ᠤᠨ ᠤᠷᠤᠨ᠂ ᠷᠠᠰᠢᠶᠠᠨ ᠴᠠᠢ ᠾᠧ ᠶᠢᠨ ᠵᠤᠭᠠᠴᠠᠯ ᠤᠨ ᠦᠵᠡᠮᠵᠢ ᠶᠢᠨ ᠤᠷᠤᠨ 4 ᠪᠤᠢ᠃ ᠨᠡᠶᠢᠳᠡᠯᠢᠭ ᠴᠢᠨᠠᠷ ᠨᠢ ᠲᠠᠪᠳᠠᠮᠠᠯ ᠲᠠᠯ᠎ᠠ ᠠᠷᠪᠢᠨ᠂ ᠦᠪᠡᠷᠮᠢᠴᠡ ᠴᠢᠨᠠᠷ ᠤᠨ ᠰᠢᠨ᠎ᠠ ᠡᠭᠦᠳᠦᠯᠳᠡ ᠬᠦᠷᠦᠯᠴᠡᠭᠦ ᠦᠭᠡᠢ᠂ ᠪᠤᠰᠤᠳ ᠠᠵᠦ ᠦᠢᠯᠡᠰ ᠯᠤᠭ᠎ᠠ ᠶᠢᠨ ᠠᠭᠤᠰᠤᠯᠴᠠᠯ ᠤᠨ ᠬᠡᠮᠵᠢᠶ᠎ᠠ ᠨᠡᠯᠢᠶᠡᠳ ᠠᠨᠠᠢ︶      ᠵᠤᠭᠠᠴᠠᠯ ᠤᠨ ᠠᠵᠦ ᠦᠢᠯᠡᠰ ᠤᠨ ᠪᠦᠲᠦᠴᠡ ᠶᠢᠨ ᠲᠡᠰ ᠲᠠᠪᠬᠤᠷᠭ᠎ᠠ ᠦᠨᠳᠤᠷ ᠪᠢᠰᠢ᠃ ᠢᠳᠡᠵᠦ ᠤᠤᠭᠤᠬᠤ ᠰᠠᠭᠤᠵᠦ ᠬᠡᠪᠳᠡᠭᠦ ᠤᠷᠤᠵᠦ ᠭᠠᠷᠬᠤ ᠵᠤᠭᠠᠴᠠᠯ ᠴᠡᠩᠭᠡᠭᠦᠨ ᠬᠤᠳᠠᠯᠳᠤᠭ᠎ᠠ ᠶᠢᠨ ᠪᠦᠷᠢᠨ ᠲᠦᠭᠦᠷ ᠠᠵᠦ ᠦᠢᠯᠡᠰ ᠤᠨ ᠭᠡᠯᠬᠢᠶ᠎ᠠ ᠶᠢ ᠪᠦᠷᠢᠯᠳᠦᠭᠦᠯᠦᠭᠰᠡᠨ ᠦᠭᠡᠢ᠂ ᠪᠠᠭᠤᠵᠦ ᠰᠠᠭᠤᠬᠤ ᠴᠠᠬ ᠨᠢ ᠤᠬᠤᠷ᠂ ᠬᠦᠮᠦᠨ ᠲᠤᠮᠳᠠᠴᠢ ᠶᠢᠨ ᠬᠡᠷᠡᠭᠯᠡᠭᠡᠨ ᠤ ᠲᠦᠪᠰᠢᠨ ᠲᠤᠤᠷ᠎ᠠ᠃      ᠵᠤᠭᠠᠴᠠᠯ ᠤᠨ ᠲᠤᠮᠤ ᠵᠠᠬ᠎ᠠ ᠲᠡᠯᠭᠡᠭᠦᠷ ᠪᠦᠷᠢᠯᠳᠤᠵᠦ ᠲᠡᠶᠢᠯᠦᠭᠡᠳᠦᠢ ᠪᠠᠶᠢᠬᠰᠠᠭᠠᠷ᠃ ᠤᠯᠤᠰ ᠤᠨ ᠲᠤᠳᠤᠭᠠᠳᠤ ᠶᠢᠨ ᠡᠷᠭᠢᠨ ᠲᠤᠭᠤᠷᠢᠨ ᠤ ᠤᠢᠢᠷ᠎ᠠ ᠵᠠᠮ ᠤᠨ ᠵᠠᠬ᠎ᠠ ᠲᠡᠯᠭᠡᠭᠦᠷ ᠢᠶᠠᠷ ᠭᠤᠤᠯᠯᠠᠵᠦ ᠪᠠᠶᠢᠨ᠎ᠠ᠃      ᠵᠤᠭᠠᠴᠠᠯ ᠤᠨ ᠠᠵᠦ ᠠᠬᠤᠢᠢᠯᠠᠯ ᠤᠨ ᠦᠷᠢᠰᠦᠯᠳᠦᠭᠦ ᠬᠦᠴᠦᠨ ᠢᠯᠡᠷᠭᠡᠢ ᠭᠦᠷᠦᠯᠴᠡᠭᠦ ᠦᠭᠡᠢ᠃ ᠲᠤᠮᠤ ᠬᠡᠯᠪᠡᠷᠢ ᠶᠢᠨ ᠵᠤᠭᠠᠴᠠᠯ ᠤᠨ ᠠᠵᠦ ᠠᠬᠤᠢᠢᠯᠠᠯ ᠤᠨ ᠲᠤᠭ᠎ᠠ ᠬᠡᠮᠵᠢᠶ᠎ᠠ ᠪᠠᠭ᠎ᠠ᠂ ᠵᠠᠬ᠎ᠠ ᠲᠡᠯᠭᠡᠭᠦᠷ ᠲᠤ ᠭᠠᠷᠤᠬᠰᠠᠨ ᠵᠤᠭᠠᠴᠠᠯ ᠤᠨ ᠺᠤᠮᠫᠠᠨᠢ ᠤᠳᠤᠬᠠᠨ ᠳᠠᠭᠠᠨ ᠪᠠᠶᠢᠬᠤ ᠦᠭᠡᠢ᠃ ︵ᠠᠵᠦ ᠠᠬᠤᠢᠢᠯᠠᠯ ᠤᠨ ᠲᠦᠷᠦᠯ ᠲᠡᠮᠳᠡᠭᠴᠢᠯᠡᠭᠦ᠂ ᠬᠡᠯᠬᠢᠶ᠎ᠠ ᠡᠵᠡᠩᠨᠡᠯᠳᠡ᠂ ᠪᠦᠯᠦᠭᠴᠢᠯᠡᠭᠰᠡᠨ ᠬᠦᠭᠵᠢᠯᠳᠠ ᠶᠢᠨ ᠠᠬᠢᠴᠠ ᠤᠳᠠᠭᠠᠨ᠃ ᠵᠠᠭᠤᠨ ᠬᠦᠴᠦᠷᠭᠡᠭ ᠵᠢᠭᠤᠯᠴᠢᠯᠠᠯ ᠤᠨ ᠬᠤᠷᠢᠶ᠎ᠠ᠂ ᠲᠠᠪᠤᠨ ᠤᠳᠤᠨ ᠲᠡᠰ᠂ ᠲᠦᠷᠪᠡᠨ ᠤᠳᠤᠨ ᠲᠡᠰ ᠤᠨ ᠵᠤᠴᠢᠳ ᠤᠨ ᠪᠠᠭᠤᠳᠠᠯ ᠤᠨ ᠶᠡᠷᠦᠩᠭᠡᠶᠢᠯᠡᠭᠰᠡᠨ ᠵᠢᠭᠠᠯᠳᠠ ᠲᠤᠭ᠎ᠠ ᠶᠢᠨ ᠡᠮᠦᠨ᠎ᠠ ᠵᠠᠭᠤᠨ ᠨᠡᠷᠡᠰ ᠲᠤ ᠵᠡᠭᠦᠨ ᠬᠤᠶᠢᠳᠤ ᠶᠢᠨ ᠭᠤᠷᠪᠠᠨ ᠮᠤᠵᠢ᠂ ᠶᠦᠨᠨᠠᠨ ᠭᠦᠢᠵᠸᠤ ᠰᠧᠴᠤᠸᠠᠨ᠂ ᠱᠠᠨ ᠰᠢ ᠱᠠᠨᠰᠢ ᠰᠢᠨᠵᠢᠶᠠᠩ ᠤᠨ ᠠᠵᠦ ᠠᠬᠤᠢᠢᠯᠠᠯ ᠪᠠᠶᠢᠵᠦ᠂ ᠦᠪᠤᠷ ᠮᠤᠩᠭᠤᠯ ᠤᠨ ᠨᠢᠭᠡ ᠠᠵᠦ ᠠᠬᠤᠢᠢᠯᠠᠯ ᠴᠤ ᠵᠢᠬᠰᠠᠭᠠᠬᠳᠠᠵᠦ ᠲᠡᠶᠢᠯᠦᠭᠡᠲᠦᠢ ᠪᠠᠶᠢᠬᠰᠠᠭᠠᠷ᠃ ᠵᠢᠱᠢᠶᠡᠯᠡᠭᠦ ᠳᠤ᠄ ᠲᠠᠪᠤᠨ ᠤᠳᠤᠨ ᠲᠡᠰ ᠤᠨ ᠵᠤᠴᠢᠳ ᠤᠨ ᠪᠠᠭᠤᠳᠠᠯ ᠦᠪᠤᠷ ᠮᠤᠩᠭᠤᠯ ᠳᠤ ᠵᠦᠪᠭᠡᠨ 10 ᠪᠤᠢ︶      2. ︵ᠠᠵᠦ ᠦᠢᠯᠡᠰ ᠤᠨ ᠠᠮᠢ ᠠᠬᠤᠢᠢᠴᠢᠯᠠᠯᠳᠠ︶ ᠠᠵᠦ ᠦᠢᠯᠡᠰ ᠤᠨ ᠪᠦᠲᠦᠴᠡ ᠶᠢ ᠪᠦᠭᠦ ᠲᠠᠯ᠎ᠠ ᠪᠠᠷ ᠰᠢᠯᠢᠳᠡᠭᠵᠢᠭᠦᠯᠵᠦ᠂ ᠠᠵᠦ ᠦᠢᠯᠡᠰ ᠤᠨ ᠬᠡᠯᠪᠡᠷᠢ ᠶᠢ ᠨᠢ ᠬᠤᠪᠢᠷᠠᠭᠤᠯᠵᠦ ᠲᠡᠰ ᠲᠡᠪᠰᠢᠭᠦᠯᠭᠦ ᠶᠢ ᠠᠬᠢᠭᠤᠯᠪᠠ᠃ ᠡᠭᠢ ᠪᠠᠶᠠᠯᠢᠭ ᠤᠨ ᠬᠤᠷᠤᠬᠳᠠᠯ᠂ ᠤᠷᠴᠢᠨ ᠲᠤᠭᠤᠷᠢᠨ ᠤ ᠪᠤᠬᠢᠷᠳᠤᠯ ᠢᠶᠠᠷ ᠠᠵᠦ ᠠᠬᠤᠢ ᠶᠢᠨ ᠦᠰᠦᠯᠳᠡ ᠶᠢ ᠲᠤᠯᠭᠠᠭᠤᠷᠢᠯᠠᠬᠤ ᠬᠦᠭᠵᠢᠯᠳᠠ ᠶᠢᠨ ᠬᠡᠯᠪᠡᠷᠢ ᠶᠢ ᠲᠦᠢᠯᠪᠤᠷᠢᠳᠠᠢ ᠬᠤᠪᠢᠷᠠᠭᠤᠯᠵᠦ᠂ ︽ᠬᠠᠷ᠎ᠠ ᠦᠡᠭᠭᠡᠳᠡᠢ ᠠᠵᠦ ᠠᠬᠤᠢ︾᠎ ᠶᠢ ︽ᠨᠤᠭᠤᠭᠠᠨ ᠦᠡᠭᠭᠡᠳᠡᠢ ᠠᠵᠦ ᠠᠬᠤᠢ︾ ᠪᠤᠯᠭᠠᠨ ᠬᠤᠪᠢᠷᠠᠭᠤᠯᠬᠤ ᠬᠡᠷᠡᠭᠳᠡᠢ᠃ ᠠᠮᠢ ᠠᠬᠤᠢ ᠶᠢᠨ ᠠᠵᠦ ᠦᠢᠯᠡᠳᠪᠤᠷᠢ ᠶᠢᠨ ᠬᠦᠭᠵᠢᠯᠳᠠ ᠶᠢ ᠢᠳᠡᠪᠭᠢᠳᠠᠢ ᠠᠬᠢᠭᠤᠯᠵᠦ᠂ ᠦᠢᠯᠡᠳᠭᠦ ᠦᠢᠯᠡᠰ ᠤᠨ ᠴᠢᠨᠠᠷ ᠢ ᠲᠡᠭᠡᠭᠰᠢᠯᠡᠭᠦᠯᠵᠦ ᠦᠷ᠎ᠠ ᠪᠦᠲᠦᠮᠵᠢ ᠶᠢ ᠨᠡᠮᠡᠭᠳᠡᠭᠦᠯᠭᠦ ᠰᠢᠨ᠎ᠠ ᠵᠠᠮ ᠢ ᠴᠢᠷᠮᠠᠶᠢᠨ ᠰᠦᠪᠡᠭᠴᠢᠯᠡᠭᠦ ᠬᠡᠷᠡᠭᠳᠡᠢ︔ ᠰᠢᠨ᠎ᠠ ᠮᠡᠷᠭᠡᠵᠢᠯ᠂ ᠰᠢᠨ᠎ᠠ ᠠᠵᠢᠯ ᠲᠦᠷᠦᠯ᠂ ᠰᠢᠨ᠎ᠠ ᠬᠡᠯᠪᠡᠷᠢ ᠶᠢ ᠬᠡᠷᠡᠭᠯᠡᠵᠦ᠂ ᠤᠯᠠᠮᠵᠢᠯᠠᠯᠳᠤ ᠠᠵᠦ ᠦᠢᠯᠡᠰ ᠢ ᠦᠭᠡᠷᠡᠴᠢᠯᠡᠨ ᠲᠡᠭᠡᠭᠰᠢᠯᠡᠭᠦᠯᠵᠦ᠂ ᠠᠵᠦ ᠦᠢᠯᠡᠰ ᠤᠨ ᠬᠡᠯᠭᠢᠶ᠎ᠠ ᠶᠢ ᠤᠷᠳᠤᠳᠬᠠᠵᠦ᠂ ᠤᠯᠠᠮᠵᠢᠯᠠᠯᠳᠤ ᠠᠵᠦ ᠦᠢᠯᠡᠰ ᠤᠨ ᠲᠡᠭᠡᠳᠤ ᠲᠡᠰ᠂ ᠤᠶᠤᠨᠴᠢ᠂ ᠪᠤᠬᠢᠷᠳᠤᠯ ᠦᠭᠡᠢ᠂ ᠦᠢᠯᠡᠴᠢᠯᠡᠭᠡ ᠲᠡᠶᠢᠰᠢ ᠬᠦᠭᠵᠢᠬᠦ ᠶᠢ ᠠᠬᠢᠭᠤᠯᠪᠠ᠃      ᠡᠨᠧᠷᠭᠢ ᠶᠢᠨ ᠠᠵᠦ ᠠᠬᠤᠢ      ᠨᠢᠭᠡ ᠳᠤ ᠡᠨᠧᠷᠭᠢ ᠶᠢᠨ ᠠᠵᠦ ᠦᠢᠯᠡᠰ       ᠬᠤᠶᠠᠷ ᠲᠤ ᠡᠨᠧᠷᠭᠢ ᠶᠢᠨ ᠰᠠᠭᠤᠷᠢᠨ      ᠭᠤᠷᠪᠠ ᠳᠤ ᠡᠨᠧᠷᠭᠢ ᠶᠢᠨ ᠠᠵᠦ ᠠᠬᠤᠢ᠃      ᠠᠵᠤ ᠦᠢᠯᠡᠰ ᠪᠤᠯ ᠭᠠᠵᠠᠷ ᠤᠷᠤᠨ ᠳᠤ ᠬᠤᠪᠢ ᠨᠡᠮᠡᠷᠢ ᠦᠵᠡᠭᠦᠯᠭᠦ ᠵᠤᠬᠰᠤᠴᠠ ᠠᠴᠠ᠂ ᠠᠵᠢᠯ ᠤᠯᠭᠤᠯᠳᠠ᠂ ᠭᠠᠶᠢᠯᠢ ᠲᠠᠳᠠᠪᠤᠷᠢ᠂ ᠠᠵᠦ ᠠᠬᠤᠢ ᠶᠢᠨ ᠦᠰᠦᠯᠳᠡ᠃      ᠰᠠᠭᠤᠷᠢᠨ ᠪᠤᠯ ᠤᠷᠤᠨ ᠪᠠᠶᠢᠷᠢ ᠶᠢᠨ ᠪᠦᠭᠦ ᠤᠯᠤᠰ ᠤᠨ ᠠᠵᠢᠯ ᠤᠨ ᠬᠤᠪᠢᠶᠠᠷᠢᠯᠠᠯ ᠤᠨ ᠵᠤᠬᠰᠤᠴᠠ ᠠᠴᠠ᠂ ᠪᠦᠭᠦ ᠤᠯᠤᠰ ᠤᠨ ᠠᠵᠦ ᠦᠢᠯᠡᠰ ᠤᠨ ᠬᠤᠪᠢᠶᠠᠷᠢᠯᠠᠯ ᠤᠨ ᠬᠠᠷᠠᠭᠠᠰᠦ ᠠᠴᠠ ᠦᠵᠡᠪᠡᠯ᠂ ᠦᠪᠤᠷ ᠮᠤᠩᠭᠤᠯ ᠬᠠᠷᠢᠴᠠᠯᠠᠰᠢᠭᠦᠢ ᠲᠠᠪᠠᠭᠤᠯᠢᠭ ᠲᠠᠢ᠃      ᠡᠨᠧᠷᠭᠢ ᠶᠢᠨ ᠠᠵᠦ ᠠᠬᠤᠢ ᠪᠤᠯ ᠨᠢᠭᠡᠨ ᠪᠤᠰᠤᠭ᠎ᠠ ᠴᠤᠬᠴᠠᠵᠢᠬᠰᠠᠨ ᠶᠡᠷᠦᠩᠭᠡᠶᠢᠯᠡᠭᠰᠡᠨ ᠰᠢᠰᠲ᠋ᠧᠮᠵᠢᠭᠰᠡᠨ ᠶᠠᠭᠤᠮ᠎ᠠ ᠮᠦᠨ᠃ ᠬᠡᠷᠪᠡ ᠡᠨᠧᠷᠭᠢ ᠶᠢᠨ ᠲᠦᠷᠦᠯ ᠵᠦᠢᠯ ᠢ ᠨᠢᠭᠡᠨ ᠴᠡᠭ ᠢᠶᠠᠷ ᠵᠦᠢᠷᠯᠡᠵᠦ᠂ ᠡᠨᠧᠷᠭᠢ ᠶᠢᠨ ᠠᠵᠦ ᠦᠢᠯᠡᠰ ᠢ ᠨᠢᠭᠡᠨ ᠵᠤᠷᠪᠤᠰ ᠱᠤᠭᠤᠮ ᠢᠶᠠᠷ ᠵᠦᠢᠷᠯᠡᠵᠦ᠂ ᠡᠨᠧᠷᠭᠢ ᠶᠢᠨ ᠰᠠᠭᠤᠷᠢᠨ ᠢ ᠨᠢᠭᠡᠨ ᠲᠠᠯ᠎ᠠ ᠢᠶᠠᠷ ᠵᠦᠢᠷᠯᠡᠭᠦ ᠶᠤᠮ ᠪᠤᠯ᠂ ᠡᠨᠧᠷᠭᠢ ᠶᠢᠨ ᠠᠵᠦ ᠠᠬᠤᠢ ᠪᠤᠯ ᠲᠠᠷᠤᠢ ᠨᠢᠭᠡᠨ ᠪᠡᠶ᠎ᠡ᠂ ᠤᠯᠤᠰ ᠠᠷᠠᠳ ᠤᠨ ᠠᠵᠦ ᠠᠬᠤᠢ ᠶᠢᠨ ᠬᠦᠭᠵᠢᠯᠳᠠ ᠶᠢᠨ ᠬᠦᠳᠡᠯᠭᠡᠭᠦ ᠬᠦᠴᠦᠨ ᠮᠦᠨ᠃      ᠤᠳᠤ ᠦᠶ᠎ᠠ ᠶᠢᠨ ᠡᠨᠧᠷᠭᠢ ᠶᠢᠨ ᠠᠵᠦ ᠠᠬᠤᠢ ᠪᠠᠷ ᠪᠠᠷᠢᠮᠵᠢᠶᠠᠯᠠᠪᠠᠯ᠄      ᠨᠢᠭᠡ ᠳᠤ ᠠᠵᠦ ᠦᠢᠯᠡᠰ ᠤᠨ ᠵᠤᠬᠰᠤᠴᠠ ᠠᠴᠠ ᠬᠠᠷᠠᠪᠠᠯ ᠡᠨᠧᠷᠭᠢ ᠶᠢᠨ ᠠᠵᠦ ᠦᠢᠯᠡᠰ ᠨᠡᠯᠢᠶᠡᠳ ᠵᠦᠭᠡᠷ᠂ ᠲᠦᠷᠦᠯ ᠵᠦᠢᠯ ᠤᠨ ᠲᠠᠯ᠎ᠠ ᠪᠠᠷ᠂ ᠬᠡᠮᠵᠢᠶ᠎ᠠ ᠶᠢᠨ ᠲᠠᠯ᠎ᠠ ᠪᠠᠷ᠂ ᠬᠡᠪᠴᠢᠶ᠎ᠠ ᠶᠢᠨ ᠲᠠᠯ᠎ᠠ ᠪᠠᠷ ᠪᠦᠷ ᠪᠤᠯᠤᠨ᠎ᠠ᠂ ᠵᠢᠷᠭᠤᠭᠠᠨ ᠶᠡᠭᠡ ᠲᠤᠯᠭᠠᠭᠤᠷᠢ ᠠᠵᠦ ᠦᠢᠯᠡᠰ ᠲᠤ ᠡᠨᠧᠷᠭᠢ ᠪᠤᠯ ᠬᠠᠮᠤᠭ ᠤᠨ ᠲᠤᠪᠤᠶᠢᠮ᠎ᠠ ᠪᠠᠶᠢᠳᠠᠬ᠃      ᠬᠤᠶᠠᠷ ᠲᠤ ᠡᠨᠧᠷᠭᠢ ᠶᠢᠨ ᠰᠠᠭᠤᠷᠢᠨ ᠠᠴᠠ ᠠᠪᠴᠤ ᠦᠵᠡᠪᠡᠯ ᠪᠠᠰᠠ ᠨᠡᠯᠢᠶᠡᠳ ᠦᠷ᠎ᠠ ᠪᠦᠲᠦᠮᠵᠢ ᠲᠠᠢ ᠪᠠᠶᠢᠨ᠎ᠠ᠃ ᠮᠠᠰᠢᠨ ᠲᠤᠨᠤᠬᠯᠠᠯ ᠤᠨ ᠬᠡᠪᠴᠢᠶ᠎ᠠ᠂ ᠴᠠᠬᠢᠯᠭᠠᠨ ᠭᠠᠷᠭᠠᠬᠤ ᠬᠡᠮᠵᠢᠶ᠎ᠠ᠂ ᠨᠡᠭᠦᠷᠡᠰᠤᠨ ᠤ ᠦᠢᠯᠡᠳᠪᠤᠷᠢᠯᠡᠯ ᠤᠨ ᠬᠡᠪᠴᠢᠶ᠎ᠠ ᠵᠡᠷᠭᠡ ᠨᠢ ᠴᠦᠮ ᠪᠦᠭᠦ ᠤᠯᠤᠰ ᠤᠨ ᠲᠦᠷᠦᠭᠦᠨ ᠡᠩᠨᠡᠭᠡᠨ ᠳᠤ ᠪᠤᠢ᠃      ᠭᠤᠷᠪᠠ ᠳᠤ ᠡᠨᠧᠷᠭᠢ ᠶᠢᠨ ᠠᠵᠦ ᠠᠬᠤᠢ ᠶᠢᠨ ᠵᠤᠬᠰᠤᠴᠠ ᠠᠴᠠ ᠠᠪᠴᠤ ᠦᠵᠡᠪᠠᠯ ᠵᠦᠷᠢᠶ᠎ᠠ ᠮᠦᠨ ᠪᠠᠭ᠎ᠠ ᠪᠤᠰᠤ᠂ ᠡᠨᠡ ᠠᠰᠠᠭᠤᠳᠠᠯ ᠤᠯᠠᠨ ᠲᠠᠯ᠎ᠠ ᠪᠠᠷ ᠢᠯᠡᠷᠡᠵᠦ ᠪᠠᠶᠢᠨ᠎ᠠ᠃      ︵1︶ ᠡᠨᠧᠷᠭᠢ ᠶᠢ ᠨᠡᠭᠡᠭᠡᠨ ᠬᠦᠭᠵᠢᠭᠦᠯᠭᠦ ᠲᠡᠰ ᠲᠠᠪᠬᠤᠷᠭ᠎ᠠ ᠲᠤᠤᠷ᠎ᠠ᠂ ᠠᠵᠦ ᠦᠢᠯᠡᠰ ᠤᠨ ᠬᠡᠯᠭᠢᠶ᠎ᠠ ᠤᠬᠤᠷ᠃ ᠭᠤᠤᠯᠳᠠᠭᠤ ᠬᠤᠪᠢᠷᠠᠭᠤᠯᠤᠯᠳᠠ ᠲᠤᠤᠷ᠎ᠠ᠃ ᠨᠡᠭᠦᠷᠡᠰᠦ ᠶᠢᠨ ᠬᠠᠭᠠᠰ ᠢ ᠨᠢ ᠴᠠᠬᠢᠯᠭᠠᠨ ᠪᠤᠯᠭᠠᠨ ᠬᠤᠪᠢᠷᠠᠭᠤᠯᠵᠦ᠂ ᠪᠠᠰᠠ ᠨᠢᠭᠡ ᠪᠦᠯᠦᠭ ᠢ ᠨᠢ ᠨᠡᠭᠦᠷᠡᠰᠤᠨ ᠬᠢᠮᠢ ︵ᠶᠡᠭᠡ ᠬᠠᠭᠠᠰ ᠢ ᠨᠢ ᠬᠠᠰᠢᠯᠠ ᠲᠦᠭᠦᠭᠡᠢ ᠮᠠᠲ᠋ᠧᠷᠢᠶᠠᠯ ᠤᠨ ᠭᠤᠬᠴᠤᠭ᠎ᠠ ᠲᠡᠭᠡᠷ᠎ᠠ ᠨᠡᠭᠦᠷᠡᠰᠦᠨ ᠮᠧᠲ᠋ᠢᠯ ᠠᠯᠺᠤᠤᠯ᠂ ᠨᠡᠭᠦᠷᠡᠰᠤᠨ ᠠᠯᠺᠧᠨ᠂ ᠨᠡᠭᠦᠷᠡᠰᠤᠨ ᠬᠡᠢ︶ ᠪᠤᠯᠭᠠᠨ ᠬᠤᠪᠢᠷᠠᠭᠤᠯᠵᠦ ᠪᠤᠢ᠃      ︵2︶ ᠡᠨᠧᠷᠭᠢ ᠶᠢᠨ ᠰᠠᠭᠤᠷᠢᠨ ᠤ ᠭᠤᠤᠯ ᠦᠷᠢᠰᠦᠳᠦᠯᠭᠦ ᠬᠦᠴᠦᠨ ᠦᠭᠡᠢ᠂ ᠢᠯᠠᠩᠭᠤᠶ᠎ᠠ ᠦᠭᠡ ᠬᠡᠯᠡᠭᠦ ᠡᠷᠭᠡ᠂ ᠦᠨ᠎ᠠ ᠬᠠᠨᠭ᠍ᠰᠢ ᠲᠤᠬᠳᠠᠭᠠᠬᠤ ᠡᠷᠭᠡ ᠲᠤᠳᠠᠮᠠᠬ᠃      ︵3︶ ᠲᠤᠯᠭᠠᠭᠤᠷᠢ ᠠᠵᠦ ᠦᠢᠯᠡᠰ ᠪᠠᠶᠢᠪᠠᠴᠤ ᠲᠤᠯᠭᠠᠭᠤᠷᠢ ᠠᠵᠦ ᠠᠬᠤᠢᠢᠯᠠᠯ ᠦᠭᠡᠢ ᠠᠰᠠᠭᠤᠳᠠᠯ᠃ ᠱᠧᠨ ᠬᠤᠸᠠ᠂ ᠤᠯᠤᠰ ᠤᠨ ᠴᠠᠬᠢᠯᠭᠠᠨ ᠬᠦᠴᠦᠨ ᠤ ᠪᠡᠯᠡ ᠤᠷᠤᠭᠤᠯᠤᠯᠳᠠ ᠶᠢᠨ ᠪᠦᠯᠦᠭᠯᠡᠯ ᠺᠤᠮᠫᠠᠨᠢ ᠵᠡᠷᠭᠡ ᠲᠤᠮᠤ ᠬᠡᠯᠪᠡᠷᠢ ᠶᠢᠨ ᠤᠯᠤᠰ ᠤᠨ ᠦᠮᠴᠢᠯᠠᠯᠳᠤ ᠠᠵᠦ ᠠᠬᠤᠢᠢᠯᠠᠯ᠂ ᠤᠷᠤᠨ ᠨᠤᠳᠤᠬ ᠤᠨ ᠠᠵᠦ ᠠᠬᠤᠢᠢᠯᠠᠯ ᠮᠠᠰᠢ ᠪᠠᠭ᠎ᠠ ︵ᠵᠢᠱᠢᠶᠡᠯᠡᠪᠡᠯ ᠪᠠᠷᠠᠭᠤᠨ ᠬᠡᠰᠡᠭ ᠤᠨ ᠠᠭᠤᠷᠬᠠᠢ ᠶᠢᠨ ᠦᠢᠯᠡᠰ᠂ ᠶᠦᠨᠨᠠᠨ ᠤ ᠬᠦᠡᠭᠭᠡᠨᠴᠡᠭᠠᠨ ᠤ ᠦᠢᠯᠡᠰ︶᠂ ᠡᠨᠡ ᠨᠢ ᠪᠢᠳᠡᠨ ᠤ ᠠᠵᠦ ᠦᠢᠯᠡᠰ ᠤᠨ ᠲᠤᠤᠷ᠎ᠠ ᠲᠡᠰᠴᠢᠯᠡᠯᠳᠠ ᠲᠠᠢ ᠬᠠᠷᠢᠴᠠᠭ᠎ᠠ ᠲᠠᠢ᠃ ᠠᠵᠦ ᠦᠢᠯᠡᠰ ᠤᠨ ᠲᠤᠤᠷ᠎ᠠ ᠲᠡᠰᠴᠢᠯᠠᠯᠳᠠ ᠠᠴᠠ ᠪᠤᠯᠵᠦ ᠪᠡᠯᠡ ᠤᠷᠤᠭᠤᠯᠤᠯᠳᠠ ᠶᠢᠨ ᠪᠠᠷᠢᠮᠵᠢᠶ᠎ᠠ ᠦᠨᠳᠤᠷ᠂ ᠮᠡᠷᠭᠡᠵᠢᠯ ᠤᠨ ᠪᠠᠷᠢᠮᠵᠢᠶ᠎ᠠ ᠦᠨᠳᠤᠷ᠃       ᠵᠠᠮ ᠱᠤᠭᠤᠮ᠄ ᠤᠳᠤᠬᠢᠴᠢᠯᠠᠯᠳᠠ ᠪᠤᠯ ᠱᠠᠭᠠᠷᠳᠠᠯᠭ᠎ᠠ᠂ ᠡᠨᠧᠷᠭᠢ ᠪᠤᠯ ᠠᠳᠬᠤᠴᠠ᠂ ᠠᠵᠦ ᠠᠬᠤᠢ ᠪᠤᠯ ᠴᠢᠭᠯᠡᠯ ᠮᠦᠨ᠃ ᠴᠠᠬᠢᠯᠭᠠᠨ ᠤ ᠦᠨ᠎ᠠ ᠶᠢᠨ ᠲᠤᠤᠷ᠎ᠠ ᠪᠠᠶᠢᠳᠠᠯ ᠢ ᠠᠰᠢᠬᠯᠠᠨ ᠡᠨᠧᠷᠭᠢ ᠶᠢ ᠨᠢᠭᠡᠨ ᠡᠯᠧᠮᠧᠨ᠋ᠲ ᠪᠤᠯᠭᠠᠵᠦ᠂ ᠠᠵᠦ ᠠᠬᠤᠢᠢᠯᠠᠯ ᠤᠨ ᠦᠷᠳᠡᠭ ᠢ ᠪᠠᠭᠤᠷᠠᠭᠤᠯᠵᠦ᠂ ᠬᠦᠰᠢᠭᠦᠷᠭᠡ ᠪᠤᠯᠭᠠᠵᠤ᠂ ᠠᠷᠠᠯᠵᠢᠶᠠᠨ ᠤᠷᠢᠵᠦ ᠪᠡᠯᠡ ᠤᠷᠤᠭᠤᠯᠬᠤ ᠨᠦᠭᠦᠴᠡᠯ ᠪᠤᠯᠭᠠᠨ᠎ᠠ᠃      ᠨᠢᠭᠡ᠂ ᠡᠨᠧᠷᠭᠢ ᠠᠭᠤᠷᠬᠠᠢ ᠶᠢᠨ ᠭᠠᠷᠤᠯᠳᠠ ᠶᠢᠨ ᠲᠦᠭᠦᠭᠡᠢ ᠮᠠᠲ᠋ᠧᠷᠢᠶᠠᠯ ᠤᠨ ᠦᠢᠯᠡᠳᠤᠯ ᠢ ᠲᠦᠪᠯᠡᠷᠡᠭᠦᠯᠦᠨ ᠰᠠᠶᠢᠳᠤᠷ ᠪᠠᠳᠠᠷᠠᠭᠤᠯᠤᠨ᠎ᠠ᠃ ᠡᠨᠧᠷᠭᠢ ᠶᠢᠨ ᠰᠠᠭᠤᠷᠢᠨ ᠤ ᠬᠡᠪᠴᠢᠶᠡᠵᠢᠯᠳᠠ᠂ ᠡᠨᠧᠷᠭᠢ ᠶᠢᠨ ᠮᠡᠷᠭᠡᠵᠢᠯ ᠤᠨ ᠤᠳᠤᠬᠢᠴᠢᠯᠡᠯᠳᠡ᠂ ᠡᠨᠧᠷᠭᠢ ᠶᠢᠨ ᠪᠦᠲᠦᠴᠡ ᠶᠢᠨ ᠤᠯᠠᠨ ᠲᠦᠢᠯᠰᠢᠷᠡᠯᠳᠡ᠂ ᠡᠨᠧᠷᠭᠢ ᠶᠢᠨ ᠦᠢᠯᠡᠳᠪᠤᠷᠢᠯᠡᠯ ᠤᠨ ᠠᠷᠭ᠎ᠠ ᠬᠡᠯᠪᠡᠷᠢ ᠶᠢᠨ ᠠᠷᠢᠭᠤᠨ ᠴᠡᠪᠡᠷᠵᠢᠯᠳᠠ᠃      ᠬᠤᠶᠠᠷ᠂ ᠡᠨᠧᠷᠭᠢ ᠶᠢᠨ ᠲᠦᠰᠢᠭᠯᠡᠭᠦ ᠬᠡᠯᠪᠡᠷᠢ ᠶᠢᠨ ᠠᠵᠦ ᠦᠢᠯᠡᠰ ᠢ ᠰᠠᠶᠢᠳᠤᠷ ᠬᠢᠭᠦ ᠬᠡᠷᠡᠭᠳᠡᠢ      ᠭᠤᠷᠪᠠ᠂ ᠡᠨᠧᠷᠭᠢ ᠶᠢᠨ ᠠᠵᠦ ᠦᠢᠯᠡᠰ ᠤᠨ ᠭᠤᠤᠯ ᠤᠳᠤᠷᠢᠳᠤᠮᠵᠢ ᠶᠢᠨ ᠦᠢᠯᠡᠳᠤᠯ ᠢ ᠪᠠᠳᠠᠷᠠᠭᠤᠯᠵᠦ᠂ ᠬᠠᠮᠢᠶ᠎ᠠ ᠪᠦᠭᠦᠢ ᠢᠵᠢ ᠪᠦᠷᠢᠳᠦᠭᠦᠯᠦᠭᠰᠡᠨ ᠠᠵᠦ ᠦᠢᠯᠡᠰ ᠢ ᠬᠦᠴᠦᠯᠡᠨ ᠰᠠᠶᠢᠳᠤᠷ ᠬᠢᠭᠦ ᠬᠡᠷᠡᠭᠳᠡᠢ᠃ ᠲᠤᠯᠭᠠᠭᠤᠷᠢ ᠠᠵᠦ ᠦᠢᠯᠡᠰ ᠬᠤᠪᠢ ᠨᠡᠮᠡᠷᠢ᠂ ᠦᠷᠳᠡᠭ ᠢ ᠴᠢᠬᠤᠯᠠᠴᠢᠯᠠᠵᠦ᠂ ᠭᠤᠤᠯ ᠤᠳᠤᠷᠢᠳᠤᠮᠵᠢ ᠠᠵᠦ ᠦᠢᠯᠡᠰ ᠲᠠᠭᠠᠭᠤᠯᠭ᠎ᠠ ᠪᠠ ᠲᠠᠶᠢᠴᠢᠯᠠᠭ᠎ᠠ ᠶᠢ ᠴᠢᠬᠤᠯᠠᠴᠢᠯᠠᠵᠦ ᠪᠠᠶᠢᠨ᠎ᠠ᠃ ᠡᠶᠢᠮᠦ ᠠᠴᠠ ᠭᠤᠤᠯ ᠤᠳᠤᠷᠢᠳᠤᠮᠵᠢ ᠠᠵᠦ ᠦᠢᠯᠡᠰ ᠢ ᠠᠵᠦ ᠦᠢᠯᠡᠰ ᠤᠨ ᠰᠢᠰᠲ᠋ᠧᠮ ᠠᠴᠠ ᠦᠵᠡᠪᠡᠯ ᠠᠵᠦ ᠦᠢᠯᠡᠰ ᠤᠨ ᠬᠡᠯᠬᠢᠶ᠎ᠠ ᠶᠢᠨ ᠭᠤᠤᠯ ᠴᠦᠮ᠎ᠠ ᠪᠤᠯᠬᠤ ᠶᠤᠰᠤᠳᠠᠢ᠃ ᠤᠷᠤᠨ ᠵᠠᠢ ᠶᠢᠨ ᠪᠦᠳᠦᠴᠡ ᠠᠴᠠ ᠨᠢ ᠦᠵᠡᠪᠡᠯ ᠠᠵᠦ ᠦᠢᠯᠡᠰ ᠤᠨ ᠴᠤᠬᠯᠠᠷᠠᠯ ᠰᠦᠷᠦᠭᠵᠢᠯ ᠤᠨ ᠭᠤᠤᠯ ᠴᠦᠮ᠎ᠠ ᠪᠠᠶᠢᠵᠦ᠂ ᠠᠵᠦ ᠦᠢᠯᠡᠰ ᠤᠨ ᠪᠦᠲᠦᠴᠡ ᠠᠴᠠ ᠨᠢ ᠦᠵᠡᠪᠡᠯ ᠪᠦᠲᠦᠴᠡ ᠶᠢᠨ ᠰᠢᠯᠢᠳᠡᠭᠵᠢᠯᠳᠠ ᠶᠢᠨ ᠭᠤᠤᠯ ᠴᠦᠮ᠎ᠠ ᠪᠠᠶᠢᠵᠦ᠂ ᠡᠷᠭᠡᠰᠢᠶᠡᠭᠦ ᠰᠢᠰᠲ᠋ᠧᠮ ᠠᠴᠠ ᠨᠢ ᠦᠵᠡᠪᠡᠯ ᠲᠦᠷᠦ ᠶᠢᠨ ᠪᠤᠳᠤᠯᠭ᠎ᠠ ᠶᠢᠨ ᠠᠰᠢᠭ ᠬᠦᠭᠡᠭᠡᠴᠡᠯᠳᠦᠭᠦ ᠭᠤᠤᠯ ᠴᠦᠮ᠎ᠠ ᠪᠤᠯᠤᠨ᠎ᠠ᠃      ᠪᠠᠳᠤᠯᠠᠭ᠎ᠠ ᠶᠢᠨ ᠰᠢᠰᠲ᠋ᠧᠮ      ᠠᠮᠢ ᠠᠬᠤᠢ ᠶᠢᠨ ᠠᠵᠦ ᠠᠬᠤᠢ ᠶᠢᠨ ᠰᠢᠰᠲ᠋ᠧᠮ ᠢ ᠪᠠᠶᠢᠭᠤᠯᠬᠤ ᠪᠤᠯ ᠠᠮᠢ ᠠᠬᠤᠢ ᠶᠢᠨ ᠪᠦᠲᠦᠭᠡᠨ ᠪᠠᠶᠢᠭᠤᠯᠤᠯᠳᠠ ᠶᠢᠨ ᠠᠳᠬᠤᠴᠠ ᠮᠦᠨ᠂ ᠡᠶᠢᠮᠦ ᠠᠴᠠ ᠵᠠᠪᠠᠯ ᠲᠦᠷᠢᠮ ᠳᠤ ᠲᠦᠰᠢᠭᠯᠡᠵᠦ᠂ ᠬᠠᠤᠯᠢᠵᠢᠯ ᠳᠤ ᠲᠦᠰᠢᠭᠯᠡᠵᠦ ᠪᠠᠳᠤᠯᠠᠬᠤ ᠬᠡᠷᠡᠭᠳᠡᠢ᠃ ᠲᠦᠷᠢᠮ ᠤᠨ ᠰᠢᠨ᠎ᠠ ᠶᠢ ᠡᠭᠦᠳᠭᠦ ᠶᠢ ᠲᠦᠷᠭᠡᠳᠭᠡᠵᠦ᠂ ᠲᠦᠷᠢᠮ ᠢ ᠭᠦᠢᠴᠡᠳᠭᠡᠭᠦ ᠶᠢ ᠴᠢᠩᠭᠠᠳᠬᠠᠵᠦ᠂ ᠲᠦᠷᠢᠮ ᠢ ᠴᠢᠩᠳᠡ ᠬᠦᠯᠢᠶᠠᠰᠦᠯᠡᠯ ᠪᠤᠯᠭᠠᠵᠦ᠂ ᠬᠠᠯᠳᠠᠵᠦ ᠪᠤᠯᠬᠤ ᠦᠭᠡᠢ᠃ ᠦᠨᠡᠨ ᠳᠡᠭᠡᠨ᠂ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠪᠢᠳᠠ ᠲᠦᠷᠢᠮ ᠪᠠ ᠬᠠᠤᠯᠢᠵᠢᠯ ᠤᠨ ᠲᠠᠯ᠎ᠠ ᠪᠠᠷ ᠠᠯᠢ ᠤᠯᠠᠨ ᠴᠢᠬᠤᠯᠠ ᠶᠡᠭᠡ ᠦᠭᠡᠷᠡᠴᠢᠯᠠᠯᠳᠠ ᠪᠠ ᠰᠢᠨ᠎ᠠ ᠡᠭᠦᠳᠦᠯᠳᠡ ᠬᠢᠵᠠᠢ᠃ ᠪᠢᠳᠡ ᠲᠦᠷᠢᠮ ᠤᠨ ᠲᠦᠰᠦᠪᠯᠡᠭᠡ ᠶᠢᠨ ᠲᠠᠯ᠎ᠠ ᠠᠴᠠ ᠨᠠᠮ ᠤᠨ ᠲᠦᠪ ᠬᠤᠷᠢᠶ᠎ᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠠᠯᠳᠠ ᠶᠢᠨ ᠲᠤᠬᠠᠢ ᠰᠠᠨᠠᠯ ᠪᠠ ᠠᠮᠢ ᠠᠬᠤᠢ ᠶᠢᠨ ᠪᠤᠯᠪᠠᠰᠤᠨ ᠤ ᠦᠭᠡᠷᠡᠴᠢᠯᠠᠯᠳᠠ ᠶᠢᠨ ᠶᠡᠷᠦᠩᠭᠡᠢ ᠲᠦᠰᠦᠪ ᠡᠨᠡ ᠬᠦ ᠬᠤᠶᠠᠷ ᠲᠦᠷᠢᠮ ᠢ ᠦᠨᠳᠤᠰᠦᠯᠡᠨ᠎ᠠ︔ ᠲᠦᠷᠢᠮ ᠤᠨ ᠪᠠᠶᠢᠭᠤᠯᠤᠯᠳᠠ ᠶᠢᠨ ᠲᠠᠯ᠎ᠠ ᠪᠠᠷ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ ᠠᠯᠢ ᠤᠯᠠᠨ ᠲᠦᠷᠢᠮ ᠲᠤᠬᠳᠠᠭᠠᠵᠦ᠂ ᠡᠳᠡᠭᠡᠷ ᠲᠦᠷᠢᠮ ᠳᠤ ᠡᠭᠢ ᠰᠤᠷᠪᠤᠯᠵᠢ ᠶᠢ ᠰᠡᠷᠭᠡᠶᠢᠯᠡᠨ ᠡᠵᠡᠮᠳᠡᠭᠦ ᠠᠴᠠ ᠶᠠᠪᠤᠴᠠ ᠶᠢ ᠴᠢᠩᠭ᠎ᠠ ᠬᠠᠮᠢᠶᠠᠷᠬᠤ᠂ ᠦᠷ᠎ᠠ ᠳ᠋ᠦᠡᠭ ᠢ ᠴᠢᠩᠭ᠎ᠠ ᠰᠢᠢᠳᠭᠡᠭᠦ ᠴᠦᠮ ᠪᠤᠢ᠃ ᠡᠭᠢ ᠰᠤᠷᠪᠤᠯᠵᠢ ᠶᠢ ᠨᠢ ᠰᠡᠷᠭᠡᠶᠢᠯᠡᠨ ᠡᠵᠡᠮᠳᠡᠭᠦ ᠳᠤ᠄ ᠠᠮᠢ ᠠᠬᠤᠢ ᠶᠢᠨ ᠬᠠᠮᠠᠭᠠᠯᠠᠯᠳᠠ ᠶᠢᠨ ᠬᠤᠷᠢᠭ᠎ᠠ ᠱᠤᠭᠤᠮ᠂ ᠤᠷᠤᠨ ᠵᠠᠢ ᠶᠢᠨ ᠬᠡᠷᠡᠭᠴᠡᠭᠡ ᠬᠠᠮᠢᠶᠠᠷᠤᠯᠳᠠ ᠵᠡᠷᠭᠡ ᠶᠢ ᠪᠠᠭᠳᠠᠭᠠᠨ᠎ᠠ᠃ ᠶᠠᠪᠤᠴᠠ ᠶᠢ ᠴᠢᠩᠭ᠎ᠠ ᠬᠠᠮᠢᠶᠠᠷᠬᠤ ᠳᠤ᠄ ᠴᠡᠭᠴᠡᠯᠡᠭᠦ᠂ ᠠᠮᠢ ᠠᠬᠤᠢ ᠶᠢᠨ ᠬᠠᠮᠠᠭᠠᠯᠠᠯᠳᠠ ᠶᠢᠨ ᠨᠦᠭᠦᠪᠦᠷᠢ᠂ ᠪᠤᠬᠢᠷᠳᠤᠯ ᠤᠨ ᠠᠯᠪᠠᠳᠠᠯᠭ᠎ᠠ ᠶᠢᠨ ᠬᠠᠷᠢᠭᠤᠴᠠᠯᠭ᠎ᠠ ᠶᠢᠨ ᠲᠦᠭᠰᠢᠭᠦᠷᠢ᠂ ᠪᠤᠬᠢᠷᠳᠤᠯ ᠭᠠᠳᠠᠬᠰᠢᠯᠠᠭᠤᠯᠬᠤ ᠡᠷᠭᠡ ᠶᠢᠨ ᠰᠤᠯᠢᠯᠴᠠᠭ᠎ᠠ᠂ ᠪᠤᠷᠤᠭᠤ ᠲᠠᠯ᠎ᠠ ᠶᠢᠨ ᠲᠠᠩᠰᠠ ᠵᠡᠷᠭᠡ ᠶᠢ ᠪᠠᠭᠳᠠᠭᠠᠨ᠎ᠠ᠃ ᠦᠷ᠎ᠠ ᠳ᠋ᠦᠡᠭ ᠤᠨ ᠴᠢᠩᠭ᠎ᠠ ᠰᠢᠢᠳᠭᠡᠯ ᠳᠤ᠄ ᠲᠦᠪ ᠴᠢᠩᠭ᠎ᠠ ᠪᠠᠷ ᠬᠠᠷᠢᠭᠤᠴᠠᠯᠭ᠎ᠠ ᠲᠤᠯᠭᠠᠵᠦ ᠬᠠᠷᠢᠭᠤᠴᠠᠯᠭ᠎ᠠ ᠨᠡᠭᠡᠮᠵᠢᠯᠡᠭᠦ᠂ ᠲᠦᠪ ᠬᠤᠷᠢᠶ᠎ᠠ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢ ᠱᠠᠯᠠᠪᠳᠠᠭᠤᠯᠤᠨ ᠪᠠᠶᠢᠴᠠᠭᠠᠬᠤ᠂ ᠤᠷᠤᠨ ᠨᠤᠳᠤᠬ ᠤᠨ ᠦᠪᠡᠷ ᠢ ᠪᠠᠨ ᠪᠠᠶᠢᠴᠠᠭᠠᠬᠤ ᠲᠦᠷᠢᠮ ᠢ ᠪᠠᠭᠳᠠᠭᠠᠨ᠎ᠠ᠃      ᠬᠠᠤᠯᠢ ᠴᠠᠭᠠᠵᠠ ᠶᠢᠨ ᠲᠠᠯ᠎ᠠ ᠪᠠᠷ᠂ ᠰᠢᠢᠳᠭᠡᠯ ᠤᠨ ᠡᠷᠴᠢᠮ ᠬᠡᠲᠦ ᠲᠤᠤᠷ᠎ᠠ᠃ ᠮᠠᠨ ᠤ ᠤᠯᠤᠰ ᠤᠨ ᠰᠢᠨ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠶᠢ 2015 ᠤᠨ ᠤ 1 ᠰᠠᠷ᠎ᠠ ᠶᠢᠨ 1᠎ ᠤ ᠡᠳᠦᠷ ᠠᠴᠠ ᠡᠬᠢᠯᠡᠨ ᠬᠡᠷᠡᠭᠵᠢᠭᠦᠯᠵᠦ ᠲᠡᠤᠭᠡᠨ ᠲᠡᠭᠡᠷ᠎ᠠ ᠬᠠᠮᠤᠭ ᠤᠨ ᠴᠢᠩᠭ᠎ᠠ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠠᠤᠯᠢ ᠬᠡᠮᠡᠭᠳᠡᠵᠦ᠂ ᠰᠢᠢᠳᠭᠡᠯ ᠤᠨ ᠡᠷᠴᠢᠮ ᠤᠷᠢᠳ ᠡᠮᠦᠨ᠎ᠠ ᠪᠠᠶᠢᠭ᠎ᠠ ᠦᠭᠡᠢ ᠪᠤᠯᠪᠠᠴᠤ᠂ ᠦᠡᠭᠭᠡᠷᠡᠭᠰᠡᠨ ᠬᠠᠭᠤᠴᠢᠨ ᠬᠠᠤᠯᠢ ᠴᠠᠭᠠᠵᠠ ᠶᠢᠨ ᠪᠠᠶᠢᠳᠠᠯ ᠲᠤᠤᠷ᠎ᠠ ᠮᠠᠰᠢ ᠤᠯᠠᠨ ᠪᠤᠬᠢᠷᠳᠤᠯ ᠡᠭᠦᠰᠴᠤ᠂ ᠮᠠᠨ ᠤ ᠦᠨᠤᠳᠤᠷ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠳᠤ ᠮᠠᠰᠢ ᠤᠯᠠᠨ ᠲᠡᠤᠭᠡ ᠶᠢᠨ ᠦᠷᠢ ᠦᠯᠡᠳᠡᠭᠡᠨ ᠦᠭᠴᠠᠢ᠃      ᠨᠢᠭᠡ ᠶᠠᠪᠤᠳᠠᠯ ᠢ ᠬᠤᠶᠠᠷᠳᠠ ᠲᠤᠷᠭᠠᠵᠦ ᠪᠤᠯᠬᠤ ᠦᠭᠡᠢ᠂ ᠬᠠᠮᠤᠭ ᠤᠨ ᠦᠨᠳᠤᠷ ᠲᠡᠭᠡᠨ 100 ᠲᠦᠮᠡᠨ ᠲᠦᠭᠦᠷᠢᠭ᠂ 200 ᠲᠦᠮᠡᠨ ᠲᠦᠭᠦᠷᠢᠭ ᠵᠡᠷᠭᠡ ᠠᠴᠠ ᠡᠳᠦᠷ ᠢᠶᠠᠷ ᠲᠤᠭᠠᠯᠠᠵᠦ ᠲᠤᠷᠭᠠᠬᠤ᠂ ᠲᠡᠭᠡᠭᠰᠢ ᠬᠢᠵᠠᠭᠠᠷᠯᠠᠬᠤ ᠦᠭᠡᠢ ᠵᠡᠷᠭᠡ᠃      ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠲᠠᠯ᠎ᠠ ᠪᠠᠷ᠂ ᠪᠠᠶᠢᠭᠤᠯᠤᠮᠵᠢ ᠶᠢᠨ ᠲᠠᠯ᠎ᠠ ᠪᠠᠷ ᠤᠷᠤᠰᠢᠵᠦ ᠪᠠᠶᠢᠬᠤ ᠠᠰᠠᠭᠤᠳᠠᠯ ᠪᠤᠯ ᠲᠠᠷᠤᠢ ᠬᠢᠨᠠᠨ ᠬᠠᠮᠢᠶᠠᠷᠬᠤ ᠬᠠᠤᠯᠢ ᠬᠡᠷᠡᠭᠵᠢᠭᠦᠯᠭᠦ ᠵᠡᠷᠭᠡ ᠡᠳᠡᠭᠡᠷ ᠠᠵᠢᠯ ᠨᠢ ᠲᠤᠬᠠᠢ ᠶᠢᠨ ᠭᠠᠵᠠᠷ ᠤᠨ ᠬᠦᠯᠢᠶᠡᠰᠦᠯᠡᠯ ᠢ ᠬᠦᠷᠳᠡᠵᠦ᠂ ᠰᠠᠶᠢᠳᠤᠷ ᠦᠷᠨᠢᠭᠦᠯᠵᠦ ᠲᠡᠶᠢᠯᠭᠦ ᠦᠭᠡᠢ᠃ ᠲᠤᠬᠠᠢ ᠶᠢᠨ ᠭᠠᠵᠠᠷ ᠤᠷᠤᠨ ᠤ ᠬᠦᠯᠢᠶᠠᠰᠦᠯᠡᠯ ᠪᠠ ᠬᠢᠵᠠᠭᠠᠷᠯᠠᠯ ᠠᠴᠠ ᠬᠡᠷᠬᠢᠨ ᠮᠤᠯᠳᠤᠷᠠᠬᠤ ᠪᠤᠢ︖ ᠬᠠᠮᠤᠭ ᠤᠨ ᠰᠠᠶᠢᠨ ᠠᠷᠭ᠎ᠠ ᠪᠤᠯ ᠰᠢᠰᠲ᠋ᠧᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ ︵ᠮᠤᠵᠢ ᠠᠴᠠ ᠲᠤᠷᠤᠬᠰᠢᠭᠢ ᠤᠷᠴᠢᠨ ᠲᠤᠭᠤᠷᠢᠨ ᠤ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠭᠦ ᠰᠢᠰᠲ᠋ᠧᠮ ᠤᠨ ᠬᠠᠮᠢᠶᠠᠷᠤᠯᠳᠠ︶᠃ ᠡᠨᠡ ᠪᠤᠯ ᠮᠦᠨᠴᠤ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ ᠴᠢᠬᠤᠯᠠᠴᠢᠯᠠᠬᠰᠠᠨ ᠬᠢᠨᠠᠨ ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠠᠯᠳᠠ ᠮᠦᠨ᠃      ᠨᠡᠶᠢᠳᠡᠯᠢᠭ ᠬᠡᠷᠡᠭ ᠤᠨ ᠵᠢᠱᠢᠶ᠎ᠠ᠄ ᠨᠤᠮᠢᠨ ᠬᠤᠯᠤᠰᠤ ᠪᠠᠷ ᠠᠵᠦ ᠦᠢᠯᠡᠰ ᠢ ᠲᠤᠯᠭᠠᠭᠤᠷᠢᠯᠠᠪᠠ          — ᠵᠢᠵᠢᠭ ᠠᠭᠤᠯᠠᠨ ᠲᠤᠰᠬᠤᠨ ᠤ 12 ᠵᠢᠯ ᠤᠨ ᠬᠤᠪᠢᠷᠠᠯᠳᠠ ᠶᠢᠨ ᠬᠡᠷᠡᠴᠢᠯᠡᠯ      2005 ᠤᠨ ᠤ 8 ᠰᠠᠷ᠎ᠠ ᠶᠢᠨ 15᠎ ᠤ ᠡᠳᠦᠷ ᠰᠢ ᠶᠢᠨ ᠫᠢᠡᠭ ᠵᠧᠵᠢᠶᠠᠩ ᠮᠤᠵᠢ ᠶᠢᠨ ᠬᠤ᠋ ᠵᠸᠤ ᠬᠤᠳᠠ ᠶᠢᠨ ᠠᠨ ᠵᠢᠢ ᠰᠢᠶᠠᠨ ᠳᠤ ᠪᠠᠶᠢᠴᠠᠭᠠᠨ ᠰᠤᠳᠤᠯᠤᠯᠳᠠ ᠬᠢᠭᠦ ᠳᠡᠭᠡᠨ ︽ᠬᠦᠬᠡ ᠤᠰᠤ ᠬᠦᠬᠡᠮᠳᠦᠭ ᠠᠭᠤᠯᠠ ᠪᠤᠯ ᠲᠠᠷᠤᠢ ᠠᠯᠳᠠ ᠮᠦᠡᠭᠭᠦᠨ ᠠᠭᠤᠯᠠ︾᠎ ᠶᠢ ᠠᠩᠬ᠎ᠠ ᠤᠳᠠᠭ᠎ᠠ ᠲᠤᠷᠠᠳᠤᠨ ᠭᠠᠷᠭᠠᠪᠠ᠃      ᠤᠢᠢᠷ᠎ᠠ ᠶᠢᠨ ᠵᠢᠯ ᠠᠴᠠ ᠨᠠᠭᠠᠰᠢ᠂ ᠵᠧᠵᠢᠶᠠᠩ ᠮᠤᠵᠢ ᠶᠢᠨ ᠠᠨ ᠵᠢᠢ ᠰᠢᠶᠠᠨ ᠠᠵᠦ ᠦᠢᠯᠡᠰ ᠠᠮᠢ ᠠᠬᠤᠢᠢᠵᠢᠬᠰᠠᠨ᠂ ᠠᠮᠢ ᠠᠬᠤᠢ ᠠᠵᠦ ᠦᠢᠯᠡᠰᠵᠢᠭᠰᠡᠨ ᠬᠦᠭᠵᠢᠯᠳᠠ ᠶᠢᠨ ᠵᠠᠮ ᠢ ᠬᠠᠶᠢᠨ ᠭᠠᠷᠭᠠᠵᠦ᠂ ᠪᠤᠬᠢᠷᠳᠤᠯ ᠦᠭᠡᠢ ᠦᠢᠯᠡᠳᠭᠦᠨ ᠠᠩᠬ᠎ᠠ ᠠᠯᠬᠤᠮ ᠦᠷ᠎ᠠ ᠪᠦᠲᠦᠮᠵᠢ ᠲᠠᠢ ᠪᠤᠯᠵᠦ᠂ ᠪᠦᠭᠦ ᠮᠤᠵᠢ ᠴᠢᠨᠠᠬᠰᠢᠯᠠᠭᠠᠳ ᠪᠦᠭᠦ ᠤᠯᠤᠰ ᠤᠨ ᠠᠮᠢ ᠠᠬᠤᠢ ᠶᠢᠨ ᠪᠤᠯᠪᠠᠰᠤᠨ ᠤ ᠪᠦᠲᠦᠭᠡᠨ ᠪᠠᠶᠢᠭᠤᠯᠤᠯᠳᠠ ᠳᠤ ᠪᠦᠲᠦᠮᠵᠢᠳᠠᠢ ᠦᠢᠯᠡᠳᠦᠯᠭᠡ ᠬᠠᠨᠭ᠍ᠭᠠᠪᠠ᠃      ᠠᠨ ᠵᠢᠢ ᠰᠢᠶᠠᠨ ᠵᠧᠵᠢᠶᠠᠩ ᠮᠤᠵᠢ ᠶᠢᠨ ᠪᠠᠷᠠᠭᠤᠨ ᠬᠤᠶᠢᠳᠤ ᠬᠡᠰᠡᠭ᠂ ᠬᠦᠬᠡᠮᠦ᠋ᠷᠡᠨ ᠤ ᠭᠤᠷᠪᠠᠯᠵᠢᠨ ᠬᠤᠶᠢᠭ ᠤᠨ ᠠᠵᠦ ᠠᠬᠤᠢ ᠶᠢᠨ ᠲᠤᠭᠤᠷᠢᠭ ᠤᠨ ᠲᠤᠮᠳᠠ ᠤᠷᠤᠰᠢᠵᠦ ᠪᠤᠢ᠃ ᠪᠦᠭᠦ ᠰᠢᠶᠠᠨ ᠤ ᠲᠠᠯᠠᠪᠠᠢ ᠨᠢ 1886 ᠲᠡᠭᠰᠢ ᠲᠦᠷᠪᠡᠯᠵᠢᠨ ᠺᠢᠯᠤᠮᠧᠲᠷ ᠪᠠᠶᠢᠵᠦ᠂ 46 ᠲᠦᠮᠡᠨ ᠬᠦᠮᠦᠨ ᠠᠮᠠ ᠲᠠᠢ᠂ ᠤᠢ ᠰᠢᠭᠤᠢ ᠶᠢᠨ ᠪᠦᠷᠭᠦᠴᠡ ᠶᠢᠨ ᠨᠤᠷᠮ᠎ᠠ 71.1%᠎ ᠳᠤ ᠬᠦᠷᠴᠤ᠂ ᠤᠷᠭᠤᠮᠠᠯ ᠤᠨ ᠪᠦᠷᠭᠦᠴᠡ ᠶᠢᠨ ᠨᠤᠷᠮ᠎ᠠ 75%᠎ ᠲᠤ ᠬᠦᠷᠴᠤ ᠪᠠᠶᠢᠨ᠎ᠠ᠃ ᠪᠦᠬᠦ ᠰᠢᠶᠠᠨ ᠤ ᠤᠳᠤ ᠪᠠᠶᠢᠭ᠎ᠠ ᠰᠢᠭᠤᠢᠢᠳᠤ ᠭᠠᠵᠠᠷ ᠤᠨ ᠲᠠᠯᠠᠪᠠᠢ 207.5 ᠲᠦᠮᠡᠨ ᠮᠦ᠂ ᠡᠭᠦᠨ ᠳᠤ ᠬᠤᠯᠤᠰᠤᠨ ᠰᠢᠭᠤᠢ ᠶᠢᠨ ᠲᠠᠯᠠᠪᠠᠢ 108 ᠲᠦᠮᠡᠨ ᠮᠦ ᠪᠤᠢ᠃       1800 ᠵᠢᠯ ᠤᠨ ᠡᠮᠦᠨ᠎ᠠ᠂ ᠬᠠᠨ ᠯᠢᠩ ᠳ᠋ᠢ ᠬᠠᠭᠠᠨ ︽ᠰᠢᠯᠦᠭᠯᠡᠯᠳᠤ ᠨᠤᠮ︾᠎ ᠳᠠᠬᠢ ᠦᠭᠡ ᠶᠢ ᠵᠢᠭᠡᠯᠡᠨ ᠬᠡᠷᠡᠭᠯᠡᠵᠦ᠂ ᠵᠧᠵᠢᠶᠠᠩ ᠮᠤᠵᠢ ᠶᠢᠨ ᠠᠨ ᠵᠢᠢ ᠰᠢᠶᠠᠨ ᠳᠤ ︽ᠠᠨ ᠵᠢᠢ︾ ᠭᠡᠮᠡᠭᠦ ᠨᠡᠷ᠎ᠠ ᠬᠠᠶᠢᠷᠠᠯᠠᠪᠠ᠃      1800 ᠵᠢᠯ ᠤᠨ ᠬᠢᠨᠢ ᠲᠠᠷᠠᠭᠠᠭᠢ ᠦᠨᠤᠳᠤᠷ᠂ ᠠᠨ ᠵᠢᠢ ᠬᠤᠯᠤᠰᠦ ᠪᠠᠷ ᠪᠠᠶᠠᠵᠢᠵᠦ᠂ ᠬᠤᠯᠤᠰᠤ ᠪᠠᠷ ᠭᠤᠶᠤᠵᠢᠵᠦ᠂ ᠬᠤᠯᠤᠰᠦ ᠪᠠᠷ ᠠᠯᠳᠠᠷᠰᠢᠪᠠ᠃ ᠬᠤᠯᠤᠰᠤᠨ ᠤ ᠠᠵᠦ ᠦᠢᠯᠡᠰ ᠤᠤᠯ ᠤᠨ ᠬᠤᠯᠤᠰᠦᠨ ᠬᠡᠰᠡᠭ ᠢ ᠬᠤᠳᠠᠯᠳᠤᠵᠦ ᠪᠠᠶᠢᠬᠰᠠᠨ ᠠᠴᠠ ᠪᠠᠨ ᠤᠷᠤᠭᠤᠯᠬᠤ ᠪᠤᠯᠵᠦ᠂ ᠬᠤᠯᠤᠰᠤᠨ ᠡᠰᠢ ᠶᠢ ᠯᠡ ᠬᠡᠷᠡᠭᠯᠡᠵᠦ ᠪᠠᠶᠢᠬᠰᠠᠨ ᠠᠴᠠ ᠪᠠᠨ ᠪᠦᠲᠦᠨ ᠬᠤᠯᠤᠰᠦ ᠶᠢ ᠬᠡᠷᠡᠭᠯᠡᠭᠦ ᠪᠤᠯᠵᠦ᠂ ᠹᠢᠽᠢᠺ ᠤᠨ ᠠᠰᠢᠬᠯᠠᠯᠳᠠ ᠠᠴᠠ ᠪᠠᠨ ᠠᠮᠢᠳᠤ ᠪᠤᠳᠠᠰ ᠤᠨ ᠬᠢᠮᠢ ᠶᠢᠨ ᠠᠰᠢᠬᠯᠠᠯᠳᠠ ᠳᠤ ᠬᠦᠷᠴᠤ᠂ ᠳ᠋ᠠᠩ ᠴᠤᠯᠭᠤᠢ ᠡᠳ᠋ᠰᠢᠭᠦᠯᠦᠯᠳᠡ ᠠᠴᠠ ᠪᠠᠨ ᠬᠡᠯᠬᠢᠶᠡᠵᠢᠭᠰᠡᠨ ᠠᠰᠢᠬᠯᠠᠯᠳᠠ ᠶᠢᠨ 4 ᠤᠳᠠᠭ᠎ᠠ ᠶᠢᠨ ᠦᠰᠦᠷᠦᠯᠳᠡ ᠶᠢ ᠪᠡᠶᠡᠯᠡᠭᠦᠯᠪᠠ︔ ᠪᠤᠰᠤᠭ᠎ᠠ ᠬᠤᠯᠤᠰᠦ ᠶᠢᠨ ᠬᠡᠮᠵᠢᠶ᠎ᠠ᠂ ᠲᠠᠸᠠᠷ ᠤᠨ ᠬᠤᠯᠤᠰᠦ ᠶᠢᠨ ᠵᠢᠯ ᠤᠨ ᠭᠠᠷᠤᠯᠳᠠ᠂ ᠬᠤᠯᠤᠰᠤᠨ ᠤ ᠦᠢᠯᠡᠰ ᠤᠨ ᠵᠢᠯ ᠤᠨ ᠦᠢᠯᠡᠳᠭᠦᠨ ᠤ ᠦᠷᠳᠡᠭ᠂ ᠬᠤᠯᠤᠰᠤᠨ ᠤ ᠪᠦᠲᠦᠭᠡᠭᠳᠡᠭᠦᠨ ᠤ ᠵᠢᠯ ᠤᠨ ᠭᠠᠷᠭᠠᠯᠳᠠ ᠶᠢᠨ ᠦᠷᠳᠡᠭ᠂ ᠬᠤᠯᠤᠰᠤᠨ ᠤ ᠦᠢᠯᠡᠰ ᠤᠨ ᠠᠵᠦ ᠠᠬᠤᠢ ᠶᠢᠨ ᠶᠡᠷᠦᠩᠭᠡᠶᠢᠯᠡᠭᠰᠡᠨ ᠪᠤᠳᠠᠳᠤ ᠬᠦᠴᠦᠨ ᠴᠦᠮ ᠪᠦᠭᠦ ᠤᠯᠤᠰ ᠲᠤ ᠲᠡᠷᠢᠭᠦᠯᠡᠵᠦ᠂ ᠪᠦᠭᠦ ᠤᠯᠤᠰ ᠤᠨ ᠭᠤᠴᠢᠨ ᠶᠡᠭᠡ ᠬᠤᠯᠤᠰᠤᠨ ᠤ ᠨᠤᠳᠤᠭ ᠤᠨ ᠲᠦᠷᠦᠭᠦᠨ ᠳᠤ ᠵᠢᠬᠰᠠᠭᠠᠬᠳᠠᠪᠠ᠃      ☆ ᠠᠨ ᠵᠢᠢ ᠶᠢᠨ ᠬᠤᠯᠤᠰᠤᠨ ᠤ ᠠᠵᠦ ᠦᠢᠯᠡᠰ ᠬᠤᠯᠤᠰᠤᠨ ᠤ ᠦᠨᠳᠤᠰᠦ ᠪᠠᠷ ᠨᠢ ᠰᠡᠶᠢᠯᠤᠮᠡᠯ ᠬᠢᠭᠦ᠂ ᠬᠤᠯᠤᠰᠤᠨ ᠤ ᠡᠰᠢ ᠪᠠᠷ ᠨᠢ ᠬᠤᠯᠤᠰᠤᠨ ᠱᠠᠯᠠ ᠶᠢᠨ ᠬᠠᠪᠳᠠᠰᠦ ᠬᠢᠭᠦ᠂ ᠬᠤᠯᠤᠰᠤᠨ ᠨᠠᠪᠴᠢ ᠪᠠᠷ ᠨᠢ ᠤᠮᠳᠠᠭᠠᠨ ᠬᠢᠭᠦ᠂ ᠬᠤᠯᠤᠰᠤᠨ ᠦᠭᠡᠳᠡᠰᠦ ᠪᠠᠷ ᠨᠢ ᠴᠢᠮᠡᠭᠯᠡᠯ ᠤᠨ ᠬᠠᠪᠳᠠᠰᠦ ᠬᠢᠭᠦ ᠶᠢ ᠪᠡᠶᠡᠯᠡᠭᠦᠯᠵᠦ᠂ ᠪᠦᠭᠦ ᠬᠤᠯᠤᠰᠦ᠂ ᠦᠨᠳᠤᠷ ᠪᠦᠲᠦᠮᠵᠢᠳᠠᠢ᠂ ᠡᠷᠭᠢᠯᠳᠡᠳᠤ ᠠᠰᠢᠬᠯᠠᠯᠳᠠ ᠶᠢ ᠪᠡᠶᠡᠯᠡᠭᠦᠯᠪᠠ᠃ ᠠᠨ ᠵᠢᠢ ᠶᠢᠨ ᠬᠤᠯᠤᠰᠤᠨ ᠤ ᠠᠵᠦ ᠦᠢᠯᠡᠰ ᠤᠨ ᠬᠦᠭᠵᠢᠯᠳᠠ ᠨᠢ ᠠᠮᠢ ᠠᠬᠤᠢ ᠶᠢᠨ ᠤᠷᠴᠢᠨ ᠲᠤᠭᠤᠷᠢᠨ ᠢ ᠡᠪᠳᠡᠭᠦ ᠦᠭᠡᠢ ᠪᠠᠷ ᠤᠷᠢᠳᠠᠯ ᠪᠤᠯᠭᠠᠵᠦ᠂ ᠪᠦᠭᠦ ᠰᠢᠶᠠᠨ ᠤ ᠬᠡᠪᠴᠢᠶᠡᠵᠢᠯ ᠠᠴᠠ ᠲᠡᠭᠡᠭᠰᠢᠭᠢ ᠬᠤᠯᠤᠰᠤᠨ ᠤ ᠠᠵᠦ ᠦᠢᠯᠡᠰ ᠤᠨ ᠠᠵᠦ ᠠᠬᠤᠢᠢᠯᠠᠯ ᠪᠦᠭᠦᠨ ᠢᠶᠠᠷ ᠢᠶᠠᠨ ᠴᠦᠮ ᠠᠷᠢᠭᠤᠨ ᠴᠡᠪᠡᠷ ᠦᠢᠯᠡᠳᠪᠤᠷᠢᠯᠡᠯ ᠤᠨ ᠠᠵᠦ ᠠᠬᠤᠢᠢᠯᠠᠯ ᠤᠨ ᠲᠦᠪᠰᠢᠨ ᠳᠤ ᠬᠦᠷᠴᠤ᠂ ᠬᠡᠪᠴᠢᠶᠡᠵᠢᠯ ᠠᠴᠠ ᠲᠡᠭᠡᠭᠰᠢᠭᠢ ᠬᠤᠯᠤᠰᠤᠨ ᠤ ᠠᠵᠦ ᠦᠢᠯᠡᠰ ᠤᠨ ᠠᠵᠦ ᠠᠬᠤᠢᠢᠯᠠᠯ ᠤᠨ ᠠᠵᠦ ᠦᠢᠯᠡᠳᠪᠤᠷᠢ ᠶᠢᠨ ︽ᠭᠤᠷᠪᠠᠨ ᠬᠠᠶᠠᠬᠳᠠᠮᠠᠯ︾᠎ ᠢ ᠭᠠᠳᠠᠬᠰᠢᠯᠠᠭᠤᠯᠬᠤ᠂ ᠬᠠᠳᠠᠭᠤ ᠪᠡᠶᠡᠳᠤ ᠬᠠᠶᠠᠬᠳᠠᠮᠠᠯ ᠪᠤᠳᠠᠰ ᠤᠨ ᠶᠡᠷᠦᠩᠭᠡᠶᠢᠯᠡᠭᠰᠡᠨ ᠠᠰᠢᠬᠯᠠᠯᠳᠠ ᠶᠢᠨ ᠨᠤᠷᠮ᠎ᠠ ᠶᠢᠨ ᠵᠢᠭᠠᠯᠳᠠ ᠲᠤᠭ᠎ᠠ ᠪᠦᠭᠦᠨ ᠢᠶᠠᠷ ᠢᠶᠠᠨ ᠤᠯᠤᠰ ᠤᠨ ᠪᠠᠷᠢᠮᠵᠢᠶ᠎ᠠ ᠳᠤ ᠬᠦᠷᠴᠠᠢ᠃ ᠠᠨ ᠵᠢᠢ ᠰᠢᠶᠠᠨ ᠤ ᠬᠤᠯᠤᠰᠤᠨ ᠤ ᠠᠵᠦ ᠦᠢᠯᠡᠰ ᠤᠨ ᠡᠨᠧᠷᠭᠢ ᠠᠷᠪᠢᠯᠠᠵᠦ ᠪᠤᠬᠢᠷᠳᠤᠯ ᠢ ᠭᠠᠳᠠᠬᠰᠢᠯᠠᠭᠤᠯᠬᠤ ᠲᠠᠯ᠎ᠠ ᠪᠠᠷ ᠪᠦᠭᠦ ᠤᠯᠤᠰ ᠲᠤ ᠤᠷᠦ᠋ᠢᠯᠠᠬᠤ ᠪᠠᠶᠢᠷᠢᠨ ᠳᠤ ᠪᠠᠶᠢᠨ᠎ᠠ᠃      ᠠᠨ ᠵᠢᠢ ᠶᠢᠨ ᠢᠷᠠᠭᠤ ᠠᠯᠳᠠᠷ ᠤᠳ᠄      ︽ᠲᠤᠮᠳᠠᠳᠤ ᠤᠯᠤᠰ ᠤᠨ ᠬᠤᠯᠤᠰᠤ ᠶᠢᠨ ᠨᠤᠳᠤᠬ︾ ︽ᠲᠤᠮᠳᠠᠳᠤ ᠤᠯᠤᠰ ᠤᠨ ᠬᠤᠯᠤᠰᠤᠨ ᠱᠠᠯᠠ ᠶᠢᠨ ᠲᠦᠪ︾ ︽ᠲᠤᠮᠳᠠᠳᠤ ᠤᠯᠰ ᠤᠨ ᠬᠤᠯᠤᠰᠤᠨ ᠴᠢᠬᠢᠷᠰᠤ ᠶᠢᠨ ᠲᠦᠪ︾ ︽ᠲᠤᠮᠳᠠᠳᠤ ᠤᠯᠤᠰ ᠤᠨ ᠬᠤᠯᠤᠰᠤᠨ ᠰᠢᠷᠭᠡᠯᠢᠭ ᠤᠨ ᠨᠡᠷᠡᠳᠤ ᠬᠤᠳᠠ︾ ︽ᠲᠤᠮᠳᠠᠳᠤ ᠤᠯᠤᠰ ᠤᠨ ᠤᠢ ᠰᠢᠭᠤᠢ ᠶᠢᠨ ᠠᠵᠦ ᠦᠢᠯᠡᠰ ᠤᠨ ᠲᠤᠪᠤᠶᠢᠮ᠎ᠠ ᠬᠤᠪᠢ ᠨᠡᠮᠡᠷᠢ ᠶᠢᠨ ᠱᠠᠩᠨᠠᠯ︾ ︽ᠤᠢ ᠰᠢᠭᠤᠢ ᠪᠠᠷ ᠨᠡᠶᠢᠭᠡᠮ ᠵᠢᠷᠤᠮ ᠤᠨ ᠰᠢᠨ᠎ᠠ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢ ᠠᠬᠢᠭᠤᠯᠬᠤ ᠵᠢᠱᠢᠶ᠎ᠡ ᠦᠵᠡᠭᠦᠯᠭᠦ ᠰᠢᠶᠠᠨ︾ ︽ᠲᠤᠮᠳᠠᠳᠤ ᠤᠯᠤᠰ ᠤᠨ ᠬᠤᠯᠤᠰᠤᠨ ᠤ ᠠᠵᠦ ᠦᠢᠯᠡᠰ ᠤᠨ ᠴᠤᠬᠯᠠᠷᠠᠯ ᠰᠦᠷᠦᠭᠵᠢᠯ︾ ︽ᠪᠦᠭᠦ ᠤᠯᠤᠰ ᠤᠨ ᠠᠩᠬᠠᠳᠠᠬᠴᠢ ᠪᠦᠯᠦᠭ ᠲᠠᠷᠢᠶᠠᠴᠢᠨ ᠤ ᠤᠢ ᠰᠢᠭᠤᠢ ᠶᠢᠨ ᠲᠤᠰᠬᠠᠢ ᠬᠤᠷᠰᠢᠶ᠎ᠠ ᠶᠢᠨ ᠵᠢᠱᠢᠶ᠎ᠠ ᠦᠵᠡᠭᠦᠯᠭᠦ ᠰᠢᠶᠠᠨ︾ ︽ᠤᠯᠤᠰ ᠤᠨ ᠲᠡᠰ ᠤᠨ ᠤᠢ ᠰᠢᠭᠤᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠵᠢᠱᠢᠶ᠎ᠠ ᠦᠵᠡᠭᠦᠯᠭᠦ ᠰᠢᠶᠠᠨ︾ ︽ᠤᠢ ᠰᠢᠭᠤᠢ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠲᠡᠷᠢᠭᠦᠨ ᠤ ᠬᠠᠮᠳᠤ ᠨᠡᠶᠢᠳᠡ︾ ︽ᠤᠯᠤᠰ ᠤᠨ ᠤᠢ ᠰᠢᠭᠤᠢ ᠶᠢᠨ ᠡᠭᠢ ᠪᠠᠶᠠᠯᠢᠭ ᠤᠨ ᠠᠵᠤ ᠠᠬᠤᠢ ᠶᠢᠨ ᠵᠢᠱᠢᠶ᠎ᠠ ᠦᠵᠡᠭᠦᠯᠭᠦ ᠰᠢᠶᠠᠨ︾ ᠪᠠ ᠪᠦᠭᠦ ᠪᠦᠮᠪᠦᠷᠴᠡᠭ ᠤᠨ ᠠᠩᠬᠠᠳᠠᠬᠴᠢ ︽ᠬᠤᠯᠤᠰᠤᠨ ᠰᠢᠭᠤᠢ ᠶᠢᠨ ᠨᠡᠭᠦᠷᠡᠰᠦᠳᠦ᠋ᠷᠦᠭᠴᠢ ᠶᠢᠨ ᠲᠠᠪᠬᠤᠷ ᠢᠰᠦᠯ ᠢ ᠠᠷᠢᠯᠭᠠᠬᠤ ᠠᠵᠢᠯᠯᠠᠭ᠎ᠠ ᠶᠢᠨ ᠲᠤᠷᠰᠢᠯᠳᠠ ᠶᠢᠨ ᠵᠢᠱᠢᠶ᠎ᠠ ᠦᠵᠡᠭᠦᠯᠭᠦ ᠤᠷᠤᠨ ᠵᠡᠷᠭᠡ ᠤᠯᠤᠰ ᠤᠨ ᠲᠡᠰ ᠤᠨ ᠢᠷᠠᠭᠤ ᠠᠯᠳᠠᠷ ᠠᠯᠢ ᠤᠯᠠᠨ ᠪᠤᠢ᠃ ᠵᠧᠵᠢᠶᠠᠩ ᠮᠤᠵᠢ ᠶᠢᠨ ᠵᠠᠰᠠᠭ ᠤᠨ ᠤᠷᠳᠤᠨ ᠠᠨ ᠵᠢᠢ ᠰᠢᠶᠠᠨ ᠢ ︽ᠵᠧᠵᠢᠶᠠᠩ ᠮᠤᠵᠢ ᠶᠢᠨ ᠤᠢ ᠰᠢᠭᠤᠢ ᠶᠢᠨ ᠠᠵᠦ ᠦᠢᠯᠡᠰ ᠤᠨ ᠵᠠᠭᠤᠨ ᠳ᠋ᠦᠡᠭᠰᠢᠭᠤᠷ ᠤᠨ ᠬᠦᠴᠦᠷᠭᠡᠭ ᠰᠢᠶᠠᠨ︾ ︽ᠵᠧᠵᠢᠶᠠᠩ ᠮᠤᠵᠢ ᠶᠢᠨ ᠤᠢ ᠰᠢᠭᠤᠢ ᠶᠢᠨ ᠵᠤᠭᠠᠴᠠᠯ ᠤᠨ ᠠᠵᠢᠯ ᠤᠨ ᠲᠡᠷᠢᠭᠦᠨ ᠤ ᠨᠢᠭᠡᠴᠢ︾ ︽ᠵᠧᠵᠢᠶᠠᠩ ᠮᠤᠵᠢ ᠶᠢᠨ ᠤᠢ ᠰᠢᠭᠤᠢ ᠶᠢᠨ ᠰᠡᠯᠡᠭᠦᠴᠠᠯ ᠰᠤᠪᠢᠯᠠᠯᠳᠠ ᠶᠢᠨ ᠪᠦᠲᠦᠭᠡᠨ ᠪᠠᠶᠢᠭᠤᠯᠤᠯᠳᠠ ᠶᠢᠨ ᠲᠤᠷᠰᠢᠯᠳᠠ ᠶᠢᠨ ᠰᠢᠶᠠᠨ︾᠎ ᠢᠶᠠᠷ ᠲᠤᠬᠳᠠᠭᠠᠪᠠ᠃      ᠠᠨ ᠵᠢᠢ ᠶᠢᠨ ᠬᠤᠯᠤᠰᠤᠨ ᠤ ᠦᠢᠯᠡᠰ 3 ᠬᠦᠭᠵᠢᠯᠳᠠ ᠶᠢᠨ ᠱᠠᠳᠤ ᠦᠶ᠎ᠠ ᠶᠢ ᠦᠡᠭᠭᠡᠷᠡᠭᠡᠪᠡ᠄      ᠬᠤᠯᠤᠰᠤᠨ ᠮᠠᠲ᠋ᠧᠷᠢᠶᠠᠯ ᠢ ᠪᠤᠶᠢᠵᠢᠭᠤᠯᠤᠬᠰᠠᠨ ᠱᠠᠳᠤ ᠦᠶ᠎ᠠ᠃ ᠠᠨ ᠵᠢᠢ ᠶᠢᠨ ᠬᠤᠯᠤᠰᠦ ᠶᠢ ᠪᠤᠶᠢᠵᠢᠭᠤᠯᠬᠤ ᠮᠡᠷᠭᠡᠵᠢᠯ ᠨᠢ ᠤᠯᠠᠮᠵᠢᠯᠠᠯᠳᠤ ᠲᠤᠷᠰᠢᠯᠭ᠎ᠠ ᠶᠢ ᠵᠠᠯᠭᠠᠮᠵᠢᠯᠠᠬᠰᠠᠨ ᠰᠠᠭᠤᠷᠢᠨ ᠲᠡᠭᠡᠷ᠎ᠠ᠂ 8 ᠲᠦᠷᠦᠯ ᠤᠨ ᠮᠡᠷᠭᠡᠵᠢᠯ ᠢᠶᠠᠷ ᠠᠷᠭ᠎ᠠ ᠠᠪᠴᠠᠯ ᠭᠤᠤᠯ ᠪᠤᠯᠭᠠᠬᠰᠠᠨ ᠬᠤᠯᠤᠰᠤᠨ ᠰᠢᠭᠤᠢ ᠶᠢᠨ ᠭᠠᠷᠤᠯᠳᠠ ᠶᠢ ᠡᠯᠪᠡᠭᠵᠢᠭᠦᠯᠭᠦ ᠮᠡᠷᠭᠡᠵᠢᠯ ᠪᠤᠯᠤᠨ ᠪᠦᠷᠢᠯᠳᠤᠵᠦ᠂ ᠬᠡᠲᠦᠨ ᠠᠷᠪᠠᠨ ᠵᠢᠯ ᠤᠨ ᠬᠦᠭᠵᠢᠯᠳᠠ ᠶᠢ ᠦᠡᠭᠭᠡᠷᠡᠭᠡᠭᠡᠳ᠂ ᠪᠦᠭᠦ ᠰᠢᠶᠠᠨ ᠤ ᠲᠦᠭᠦᠭᠡᠢ ᠬᠤᠯᠤᠰᠦᠨ ᠤᠢ ᠶᠢᠨ ᠲᠠᠯᠠᠪᠠᠢ 85 ᠲᠦᠮᠡᠨ ᠮᠦ ᠳᠤ ᠬᠦᠷᠴᠤ᠂ ᠪᠦᠭᠦ ᠤᠯᠤᠰ ᠤᠨ ᠰᠢᠶᠠᠨ ︵ᠬᠤᠳᠠ᠂ ᠲᠤᠭᠤᠷᠢᠭ︶᠎ ᠤ ᠲᠤᠳᠤᠷ᠎ᠠ ᠬᠤᠶᠠᠳᠤᠭᠠᠷ ᠲᠤ ᠵᠢᠬᠰᠠᠭᠠᠬᠳᠠᠵᠦ᠂ ᠲᠦᠭᠦᠭᠡᠢ ᠬᠤᠯᠤᠰᠤ ᠶᠢᠨ ᠬᠠᠳᠠᠭᠠᠯᠠᠬᠳᠠᠴᠠ ᠶᠢᠨ ᠬᠡᠮᠵᠢᠶ᠎ᠠ 1.8 ᠳ᠋ᠦᠡᠭᠰᠢᠭᠤᠷ ᠰᠠᠭᠤᠷᠢ ᠳᠤ ᠬᠦᠷᠴᠤ᠂ ᠵᠢᠯ ᠤᠨ ᠤᠬᠳᠤᠯᠬᠤ ᠬᠡᠮᠵᠢᠶ᠎ᠠ 3000 ᠲᠦᠮᠡᠨ ᠰᠠᠭᠤᠷᠢ᠂ ᠲᠦᠭᠦᠭᠡᠢ ᠬᠤᠯᠤᠰᠦ ᠶᠢᠨ ᠬᠠᠳᠠᠭᠠᠯᠠᠬᠳᠠᠴᠠ ᠪᠠ ᠲᠠᠸᠠᠷ ᠤᠨ ᠬᠤᠯᠤᠰᠦ ᠶᠢᠨ ᠭᠠᠷᠤᠯᠳᠠ ᠴᠦᠮ ᠪᠦᠭᠦ ᠤᠯᠤᠰ ᠲᠤ ᠨᠢᠭᠡᠳᠦᠭᠡᠷ ᠲᠤ ᠵᠢᠬᠰᠠᠭᠠᠬᠳᠠᠵᠦ ᠪᠤᠢ᠃         ᠬᠤᠯᠤᠰᠦ ᠶᠢ ᠡᠳ᠋ᠰᠢᠭᠦᠯᠦᠭᠰᠡᠨ ᠬᠦᠭᠵᠢᠯᠳᠠ ᠶᠢᠨ ᠱᠠᠳᠤ ᠦᠶ᠎ᠠ᠃ ᠲᠡᠭᠡᠷ᠎ᠠ ᠵᠠᠭᠤᠨ ᠤ ᠨᠠᠶᠠᠭᠠᠳ ᠤᠨ ᠤ ᠦᠶ᠎ᠠ ᠪᠠᠷ᠂ ᠦᠭᠡᠷᠡᠴᠢᠯᠠᠯᠳᠠ ᠨᠡᠭᠡᠭᠡᠯᠳᠡ ᠶᠢᠨ ᠲᠦᠷᠦ ᠶᠢᠨ ᠪᠤᠳᠤᠯᠭ᠎ᠠ ᠶᠢᠨ ᠲᠤᠬᠳᠠᠭᠠᠬᠳᠠᠬᠤ ᠶᠢ ᠲᠠᠭᠠᠯᠳᠤᠵᠦ᠂ ᠲᠠᠶᠢᠸᠠᠨ ᠤ ᠪᠡᠯᠡ ᠤᠷᠤᠭᠤᠯᠤᠬᠰᠠᠨ ᠬᠤᠯᠤᠰᠤ ᠡᠳ᠋ᠰᠢᠭᠦᠯᠭᠦ ᠠᠵᠦ ᠠᠬᠤᠢᠢᠯᠠᠯ ᠠᠨ ᠵᠢᠢ ᠳᠤ ᠰᠠᠭᠤᠷᠰᠢᠵᠦ᠂ ᠠᠨ ᠵᠢᠢ ᠶᠢᠨ ᠬᠤᠯᠤᠰᠦ ᠡᠳ᠋ᠰᠢᠭᠦᠯᠭᠦ ᠠᠵᠦ ᠦᠢᠯᠡᠰ ᠤᠨ ᠰᠠᠭᠤᠷᠢ ᠶᠢ ᠲᠠᠯᠪᠢᠵᠦ᠂ ᠲᠤᠬᠠᠢ ᠶᠢᠨ ᠵᠢᠯ ᠲᠠᠶᠢᠸᠠᠨ ᠤ ᠪᠡᠯᠡ ᠤᠷᠤᠭᠤᠯᠤᠬᠰᠠᠨ ᠠᠵᠦ ᠠᠬᠤᠢᠢᠯᠠᠯ ᠳᠤ ᠬᠦᠴᠦ ᠶᠠᠪᠤᠵᠦ ᠪᠠᠶᠢᠬᠰᠠᠨ ᠮᠠᠰᠢ ᠤᠯᠠᠨ ᠠᠵᠢᠯᠴᠢᠨ ᠦᠨᠦᠳᠤᠷ ᠴᠦᠮ ᠬᠤᠯᠤᠰᠤᠨ ᠪᠦᠲᠦᠭᠡᠭᠳᠡᠭᠦᠨ ᠡᠳ᠋ᠰᠢᠭᠦᠯᠭᠦ ᠠᠵᠦ ᠠᠬᠤᠢᠢᠯᠠᠯ ᠤᠨ ᠲᠤᠮᠤ ᠲᠠᠭᠠᠭᠠᠮᠠᠯ ᠪᠤᠯᠵᠠᠢ᠃ ᠪᠦᠷᠢᠨ ᠪᠤᠰᠤ ᠪᠦᠷᠢᠳᠭᠡᠯ ᠢ ᠦᠨᠳᠤᠰᠤᠯᠠᠪᠠᠯ᠂ ᠤᠳᠤᠬᠠᠨ ᠳᠤ ᠪᠦᠭᠦ ᠰᠢᠶᠠᠨ ᠳᠤ ᠨᠡᠶᠢᠳᠡ ᠬᠤᠯᠤᠰᠤᠨ ᠤ ᠦᠢᠯᠡᠰ ᠤᠨ ᠦᠢᠯᠡᠳᠪᠤᠷᠢᠯᠡᠯ ᠤᠨ ᠠᠵᠦ ᠠᠬᠤᠢᠢᠯᠠᠯ 2162 ᠪᠠᠶᠢᠵᠦ᠂ ᠦᠢᠯᠡᠳᠭᠦᠨ ᠨᠢ ᠬᠤᠯᠤᠰᠤᠨ ᠤ ᠪᠦᠲᠦᠴᠡ ᠶᠢᠨ ᠮᠠᠲ᠋ᠧᠷᠢᠶᠠᠯ᠂ ᠬᠤᠯᠤᠰᠤᠨ ᠤ ᠴᠢᠮᠡᠭᠯᠡᠯ ᠤᠨ ᠮᠠᠲ᠋ᠧᠷᠢᠶᠠᠯ᠂ ᠬᠤᠯᠤᠰᠤᠨ ᠤ ᠡᠳᠦᠷ ᠲᠤᠳᠤᠮ ᠤᠨ ᠬᠡᠷᠡᠭᠰᠡᠯ᠂ ᠬᠤᠯᠤᠰᠤᠨ ᠰᠢᠷᠭᠡᠭᠯᠢᠭ ᠤᠨ ᠦᠢᠯᠡᠳᠭᠦᠨ᠂ ᠬᠤᠯᠤᠰᠤᠨ ᠠᠮᠢᠳᠤ ᠪᠤᠳᠠᠰ ᠤᠨ ᠪᠦᠲᠦᠭᠡᠭᠳᠡᠭᠦᠨ᠂ ᠬᠤᠯᠤᠰᠤᠨ ᠮᠤᠳᠤᠨ ᠮᠠᠰᠢᠨ ᠲᠤᠨᠤᠬᠯᠠᠯ᠂ ᠬᠤᠯᠤᠰᠤᠨ ᠤ ᠭᠠᠷ ᠤᠷᠠᠯᠠᠯ ᠤᠨ ᠪᠦᠲᠦᠭᠡᠭᠳᠡᠭᠦᠨ᠂ ᠬᠤᠯᠤᠰᠤᠨ ᠰᠦᠶ᠎ᠡ ᠶᠢᠨ ᠢᠳᠡᠭᠡᠨ ᠤ ᠵᠦᠢᠯᠡᠰ ᠤᠨ ᠨᠠᠢᠮᠠᠨ ᠶᠡᠭᠡ ᠲᠦᠷᠦᠯ ᠤᠨ 3000 ᠭᠠᠷᠤᠢ ᠲᠦᠷᠦᠯ ᠵᠦᠢᠯ ᠪᠠᠶᠢᠵᠦ᠂ ᠦᠢᠯᠡᠳᠭᠦᠨ ᠨᠢ ᠪᠦᠭᠦ ᠤᠯᠤᠰ ︵ᠰᠢᠶᠠᠩᠭᠠᠡᠭ ᠤᠤᠮᠸᠠ ᠲᠠᠶᠢᠸᠡᠠ ᠢ ᠪᠠᠭᠳᠠᠭᠠᠨ᠎ᠠ︶᠂ ᠵᠡᠭᠦᠨ ᠡᠮᠦᠨᠡᠳᠤ ᠠᠽᠢᠶ᠎ᠠ᠂ ᠡᠸᠦ᠋ᠷᠤᠫᠠ ᠠᠮᠧᠷᠢᠺᠠ ᠵᠡᠷᠭᠡ 30 ᠭᠠᠷᠤᠢ ᠤᠯᠤᠰ ᠪᠠ ᠭᠠᠵᠠᠷ ᠤᠷᠤᠨ ᠢᠶᠠᠷ ᠲᠠᠷᠬᠠᠵᠦ ᠪᠤᠢ᠃      ᠭᠤᠷᠪᠠᠨ ᠠᠵᠦ ᠦᠢᠯᠡᠰ ᠤᠨ ᠵᠤᠭᠠᠴᠠᠯ ᠤᠨ ᠦᠰᠦᠷᠦᠯᠳᠡ ᠲᠠᠪᠰᠢᠯᠳᠠ ᠶᠢᠨ ᠱᠠᠳᠤ ᠦᠶ᠎ᠠ᠃ ᠲᠤᠰ ᠵᠠᠭᠤᠨ ᠳᠤ᠂ ︽ᠪᠠᠷᠰ ᠡᠭᠦᠷᠭᠡᠯᠡᠵᠦ ᠯᠤᠤ ᠨᠢᠭᠤᠬᠳᠠᠬᠰᠠᠨ ᠨᠢ︾ ᠭᠡᠮᠡᠭᠦ ᠺᠢᠨᠣ᠋ ᠬᠤᠯᠤᠰᠤᠨ ᠲᠠᠯᠠᠢ ᠠᠨ ᠵᠢᠢ ᠶᠢ ᠴᠡᠭᠡᠨ ᠬᠦᠰᠢᠭᠡᠨ ᠳᠤ ᠭᠠᠷᠭᠠᠵᠦ᠂ ᠬᠤᠯᠤᠰᠤᠨ ᠲᠠᠯᠠᠢ ᠶᠢᠨ ᠰᠦᠷᠯᠢᠭ ᠦᠵᠡᠮᠵᠢ ᠨᠢ ᠲᠡᠯᠡᠭᠡᠢ ᠳ᠋ᠡᠭᠢᠨ ᠳᠤ ᠲᠠᠨᠢᠬᠳᠠᠪᠠ᠃ ᠤᠢᠢᠷ᠎ᠠ ᠶᠢᠨ ᠭᠡᠲᠦᠨ ᠵᠢᠯ ᠳᠤ ᠪᠦᠭᠦ ᠰᠢᠶᠠᠨ ᠢᠶᠠᠷ ᠢᠶᠠᠨ ᠵᠢᠯ ᠪᠦᠷᠢ 2000 ᠭᠠᠷᠤᠢ ᠲᠦᠮᠡᠨ ᠬᠦᠮᠦᠨ ᠤᠳᠠᠭ᠎ᠠ ᠶᠢᠨ ᠵᠤᠭᠠᠴᠠᠬᠴᠢ ᠶᠢ ᠬᠦᠯᠢᠶᠠᠨ ᠠᠪᠴᠤ᠂ ︽ᠲᠤᠮᠳᠠᠳᠤ ᠤᠯᠤᠰ ᠤᠨ ᠬᠤᠯᠤᠰᠤᠨ ᠲᠠᠯᠠᠢ︾ ︽ᠲᠤᠮᠳᠠᠳᠤ ᠤᠯᠤᠰ ᠤᠨ ᠬᠤᠯᠤᠰᠤᠨ ᠤ ᠦᠵᠡᠰᠭᠦᠯᠠᠩ ᠤᠨ ᠴᠤᠬᠯᠠᠭᠠᠨ︾ ᠵᠡᠷᠭᠡ ᠬᠤᠯᠤᠰᠤᠨ ᠤ ᠦᠵᠡᠮᠵᠢ ᠶᠢᠨ ᠤᠷᠤᠨ ᠤ ᠤᠷᠤᠯᠭ᠎ᠠ ᠨᠢ ᠪᠦᠭᠦ ᠰᠢᠶᠠᠨ ᠤ ᠵᠤᠭᠠᠴᠠᠯ ᠤᠨ ᠤᠷᠤᠯᠭ᠎ᠠ ᠶᠢᠨ ᠬᠠᠭᠠᠰ ᠢ ᠡᠵᠡᠯᠡᠪᠡ᠃ ᠡᠭᠦᠨ ᠠᠴᠠ ᠭᠠᠳᠠᠨ᠎ᠠ᠂ 2008 ᠤᠨ ᠳᠤ ᠠᠨ ᠵᠢᠢ ᠰᠢᠶᠠᠨ ᠦᠵᠡᠰᠭᠦᠯᠠᠩᠳᠤ ᠰᠠᠶᠢᠬᠠᠨ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢ ᠡᠭᠢᠯᠡᠭᠦᠯᠵᠦ᠂ ᠪᠦᠭᠦ ᠰᠢᠶᠠᠨ ᠢᠶᠠᠨ ᠤᠢ ᠰᠢᠭᠤᠢ ᠶᠢᠨ ᠰᠡᠯᠡᠭᠦᠴᠡᠯ ᠵᠤᠭᠠᠴᠠᠯ ᠤᠨ ᠦᠵᠡᠮᠵᠢ ᠶᠢᠨ ᠤᠷᠤᠨ ᠪᠤᠯᠭᠠᠬᠤ ᠪᠠᠷ ᠲᠦᠯᠦᠪᠵᠢᠭᠦᠯᠵᠦ᠂ ᠤᠢ ᠰᠢᠭᠤᠢ ᠶᠢᠨ ᠵᠤᠭᠠᠴᠠᠯ ᠢ ᠦᠳᠳᠡᠷ ᠲᠦᠷᠭᠡᠨ ᠮᠠᠨᠳᠤᠭᠤᠯᠵᠦ᠂ ᠤᠳᠤ ᠪᠦᠭᠦ ᠰᠢᠶᠠᠨ ᠳᠠᠭᠠᠨ ᠨᠢᠭᠡᠨᠳᠡ 16 ᠤᠢ ᠰᠢᠭᠤᠢ ᠶᠢᠨ ᠵᠤᠭᠠᠴᠠᠯ ᠤᠨ ᠦᠵᠡᠮᠵᠢ ᠶᠢᠨ ᠤᠷᠤᠨ ᠢ ᠪᠠᠶᠢᠭᠤᠯᠪᠠ᠃ 2016 ᠤᠨ ᠳᠤ᠂ ᠠᠨ ᠵᠢᠢ ᠰᠢᠶᠠᠨ ᠤ ᠪᠦᠭᠦ ᠰᠢᠶᠠᠨ ᠤ ᠬᠦᠳᠡᠭᠡ ᠲᠤᠰᠬᠤᠨ ᠤ ᠵᠤᠭᠠᠴᠠᠯ ᠨᠢ 708.13 ᠲᠦᠮᠡᠨ ᠬᠦᠮᠦᠨ ᠤᠳᠠᠭ᠎ᠠ ᠶᠢᠨ ᠵᠤᠭᠠᠴᠠᠬᠴᠢ ᠶᠢ ᠬᠦᠯᠢᠶᠠᠨ ᠠᠪᠴᠤ᠂ ᠵᠤᠭᠠᠴᠠᠯ ᠤᠨ ᠡᠵᠡᠩᠨᠡᠯᠳᠡ ᠶᠢᠨ ᠶᠡᠷᠦᠩᠭᠡᠢ ᠤᠷᠤᠯᠭ᠎ᠠ ᠨᠢ 22.85 ᠳ᠋ᠦᠡᠭᠰᠢᠭᠤᠷ ᠲᠦᠭᠦᠷᠢᠭ ᠲᠤ ᠬᠦᠷᠴᠠᠢ᠃ 2017 ᠤᠨ ᠳᠤ ᠠᠨ ᠵᠢᠢ ᠶᠢᠨ ᠠᠷᠠᠳ ᠤᠨ ᠰᠠᠭᠤᠷᠢᠰᠢᠯ ᠤᠨ ᠬᠤᠯᠪᠤᠭ᠎ᠠ ᠶᠢ ᠪᠠᠶᠢᠭᠤᠯᠵᠦ᠂ ᠴᠤᠬᠯᠠᠷᠠᠯ ᠰᠦᠷᠦᠭᠵᠢᠯ ᠤᠨ ᠬᠡᠯᠪᠡᠷᠢ ᠶᠢᠨ ᠠᠷᠠᠳ ᠤᠨ ᠰᠠᠭᠤᠷᠢᠰᠢᠯ ᠢ ᠪᠠᠶᠢᠭᠤᠯᠵᠦ᠂ ᠤᠬᠢ ᠪᠦᠲᠦᠭᠡᠭᠳᠡᠭᠦᠨ ᠢᠶᠠᠷ ᠲᠠᠭᠠᠭᠤᠯᠵᠦ᠂ ᠲᠠᠷᠢᠶᠠᠴᠢᠨ ᠠᠶᠢᠯ ᠤᠨ ᠪᠠᠶᠠᠰᠤᠯ ᠢᠶᠠᠷ ᠲᠤᠯᠭᠠᠭᠤᠷᠢᠯᠠᠵᠦ᠂ ᠬᠦᠬᠡ ᠤᠰᠤ ᠬᠦᠬᠡᠮᠳᠦᠭ ᠠᠭᠤᠯᠠ ᠪᠠᠨ ᠬᠠᠮᠠᠭᠠᠯᠠᠬᠤ ᠮᠦᠷᠳᠡᠭᠡᠨ ᠠᠯᠳᠠ ᠮᠦᠡᠭᠭᠦᠨ ᠠᠭᠤᠯᠠ ᠶᠢ ᠤᠯᠵᠦ ᠴᠢᠳᠠᠵᠠᠢ᠃      ᠲᠤᠷᠰᠢᠯᠭ᠎ᠠ ᠶᠢᠨ ᠲᠤᠯᠢᠳᠠᠯ      ᠲᠦᠷᠦ ᠶᠢᠨ ᠪᠤᠳᠤᠯᠭ᠎ᠠ ᠪᠠᠷ ᠤᠳᠤᠷᠢᠳᠤᠭᠤᠯᠵᠦ ᠨᠢᠭᠡᠲᠦᠭᠡᠷ ᠠᠵᠦ ᠦᠢᠯᠡᠰ ᠢ ᠪᠠᠳᠤᠳᠬᠠᠨ᠎ᠠ      1. ᠤᠢ ᠰᠢᠭᠤᠢ ᠶᠢᠨ ᠡᠷᠭᠡ ᠶᠢᠨ ᠦᠭᠡᠷᠡᠴᠢᠯᠠᠯᠳᠠ ᠶᠢ ᠬᠦᠨᠵᠡᠭᠡᠶᠢᠷᠡᠭᠦᠯᠵᠦ᠂ ᠬᠤᠯᠤᠰᠤᠨ ᠤᠢ ᠶᠢᠨ ᠬᠡᠪᠴᠢᠶᠡᠵᠢᠭᠰᠡᠨ ᠡᠵᠡᠩᠨᠡᠯᠳᠡ ᠶᠢ ᠠᠬᠢᠭᠤᠯᠪᠠ᠃ ᠲᠦᠪ ᠬᠤᠷᠢᠶ᠎ᠠ ᠶᠢᠨ ᠤᠢ ᠰᠢᠭᠤᠢ ᠶᠢᠨ ᠦᠭᠡᠷᠡᠴᠢᠯᠠᠯᠳᠠ ᠶᠢᠨ ᠲᠦᠷᠦ ᠶᠢᠨ ᠪᠤᠳᠤᠯᠭ᠎ᠠ ᠶᠢᠨ ᠵᠢᠯᠤᠭᠤᠳᠤᠯᠭ᠎ᠠ ᠲᠤᠤᠷ᠎ᠠ᠂ ᠠᠨ ᠵᠢᠢ ᠰᠢᠶᠠᠨ ᠤᠢ ᠰᠢᠭᠤᠢ ᠶᠢᠨ ᠡᠷᠭᠡ ᠶᠢ ᠰᠢᠯᠵᠢᠭᠦᠯᠭᠦ᠂ ᠪᠠᠷᠢᠴᠠᠭᠠᠯᠠᠬᠤ᠂ ᠬᠠᠮᠳᠤᠷᠠᠯᠴᠠᠬᠤ ᠵᠡᠷᠭᠡ ᠶᠢ ᠲᠠᠷᠤᠢ ᠲᠦᠷᠭᠡᠨ ᠦᠷᠨᠢᠭᠦᠯᠵᠦ ᠤᠢ ᠰᠢᠭᠤᠢ ᠶᠢᠨ ᠦᠭᠡᠷᠡᠴᠢᠯᠠᠯᠳᠠ ᠶᠢᠨ ᠠᠵᠢᠯ ᠢ ᠬᠦᠨᠵᠡᠭᠡᠶᠢᠷᠡᠭᠦᠯᠪᠠ᠃ ︽ᠬᠠᠮᠳᠤ ᠶᠢᠨ ᠤᠢ ᠰᠢᠭᠤᠢ ᠶᠢᠨ ᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠴᠢᠨᠠᠬᠰᠢᠳᠠ ᠬᠦᠨᠵᠡᠭᠡᠶᠢᠷᠡᠭᠦᠯᠭᠦ ᠲᠤᠬᠠᠢ ᠬᠡᠷᠡᠭᠵᠢᠭᠦᠯᠭᠦ ᠰᠠᠨᠠᠯ︾ ︽ᠤᠢ ᠰᠢᠭᠤᠢ ᠶᠢᠨ ᠡᠭᠢ ᠪᠠᠶᠠᠯᠢᠭ ᠤᠨ ᠠᠵᠦ ᠠᠬᠤᠢ ᠶᠢᠨ ᠬᠦᠭᠵᠢᠯᠳᠠ ᠶᠢ ᠴᠢᠨᠠᠬᠰᠢᠳᠠ ᠠᠬᠢᠭᠤᠯᠬᠤ ᠲᠤᠬᠠᠢ ᠬᠡᠷᠡᠭᠵᠢᠭᠦᠯᠭᠦ ᠰᠠᠨᠠᠯ︾ ︽ᠠᠨ ᠵᠢᠢ ᠰᠢᠶᠠᠨ ᠤ ᠠᠷᠠᠳ ᠤᠨ ᠵᠠᠰᠠᠬ ᠤᠨ ᠤᠷᠳᠤᠨ ᠤ ᠮᠦᠡᠭᠭᠦᠨ ᠭᠦᠢᠯᠭᠡᠭᠡᠨ ᠢᠶᠠᠷ ︿ᠲᠠᠷᠢᠶᠠᠴᠢᠨ ᠲᠠᠷᠢᠶᠠᠯᠠᠩ ᠲᠠᠷᠢᠶᠠᠯᠠᠬᠤ ᠤᠷᠤᠨ﹀᠎ ᠤ ᠬᠦᠭᠵᠢᠯᠳᠠ ᠶᠢ ᠲᠡᠮᠵᠢᠭᠦ ᠲᠤᠬᠠᠢ ᠵᠢᠯᠤᠭᠤᠳᠬᠤ ᠰᠠᠨᠠᠯ︾ ᠵᠡᠷᠭᠡ ᠶᠢ ᠤᠷᠢᠳ ᠬᠤᠵᠢᠳ ᠲᠤᠬᠳᠠᠭᠠᠵᠦ᠂ ᠬᠡᠷ ᠪᠦᠯᠢ ᠲᠠᠷᠠᠬᠠᠢ ᠪᠤᠳᠠᠷᠬᠠᠢ ᠠᠭᠤᠯᠠᠨ ᠰᠢᠭᠤᠢ ᠶᠢ ᠡᠵᠡᠩᠨᠡᠵᠦ ᠪᠠᠶᠢᠬᠰᠠᠨ ᠠᠴᠠ ᠪᠠᠨ ᠰᠢᠯᠵᠢᠭᠦᠯᠭᠦ ᠬᠡᠯᠪᠡᠷᠢ ᠪᠠᠷ ᠬᠡᠪᠴᠢᠶᠡᠵᠢᠭᠰᠡᠨ ᠡᠷᠴᠢᠮᠵᠢᠭᠰᠡᠨ ᠡᠵᠡᠩᠨᠡᠯᠳᠡ ᠶᠢ ᠠᠭᠠᠵᠢᠮ ᠪᠠᠶᠠᠯᠡᠭᠦᠯᠪᠠ᠃ ᠪᠦᠭᠦ ᠰᠢᠶᠠᠨ ᠤ ᠡᠷᠭᠡ ᠪᠠᠨ ᠰᠢᠯᠵᠢᠭᠦᠯᠦᠭᠰᠡᠨ ᠠᠭᠤᠯᠠᠨ ᠰᠢᠭᠤᠢ ᠶᠢᠨ ᠲᠠᠯᠠᠪᠠᠢ 54 ᠲᠦᠮᠡᠨ ᠮᠦ ᠤᠷᠴᠢᠮ ᠪᠠᠶᠢᠵᠦ᠂ ᠪᠦᠭᠦ ᠰᠢᠶᠠᠨ ᠢᠶᠠᠷ ᠢᠶᠠᠨ ᠪᠦᠭᠦ ᠤᠯᠤᠰ ᠲᠤ ᠲᠦᠷᠦᠭᠦᠯᠡᠵᠦ 30 ᠲᠦᠭᠦᠭᠡᠢ ᠬᠤᠯᠤᠰᠤᠨ ᠤ ᠬᠤᠪᠢᠴᠠᠭ᠎ᠠ ᠡᠵᠡᠮᠳᠡᠭᠰᠡᠨ ᠬᠤᠷᠰᠢᠶ᠎ᠠ ᠶᠢ ᠪᠠᠶᠢᠭᠤᠯᠵᠦ᠂ ᠲᠠᠯᠠᠪᠠᠢ ᠨᠢ 7.14 ᠲᠦᠮᠡᠨ ᠮᠦ ᠪᠠᠶᠢᠵᠦ᠂ 3673 ᠡᠷᠦᠭᠡ ᠬᠤᠷᠰᠢᠶ᠎ᠠ ᠳᠤ ᠤᠷᠤᠪᠠ᠃      2. ᠤᠢ ᠰᠢᠭᠤᠢ ᠶᠢᠨ ᠡᠭᠢ ᠪᠠᠶᠠᠯᠢᠭ ᠤᠨ ᠠᠵᠦ ᠠᠬᠤᠢ ᠶᠢ ᠴᠤᠬᠴᠠᠯᠠᠵᠦ᠂ ᠬᠤᠯᠤᠰᠤᠨ ᠤᠢ ᠶᠢᠨ ᠤᠷᠤᠯᠭ᠎ᠠ ᠶᠢᠨ ᠨᠡᠮᠡᠭᠳᠡᠯ ᠢ ᠠᠬᠢᠭᠤᠯᠪᠠ᠃ ᠭᠠᠵᠠᠷ ᠤᠷᠤᠨ ᠤ ᠤᠨᠴᠠᠯᠢᠭ ᠲᠤᠨᠢ ᠲᠤᠬᠢᠷᠠᠭᠤᠯᠵᠦ᠂ ᠰᠢᠨᠵᠢᠯᠡᠭᠦ ᠤᠬᠠᠭᠠᠨ ᠮᠡᠷᠭᠡᠵᠢᠯ ᠤᠨ ᠰᠢᠨ᠎ᠠ ᠶᠢ ᠡᠭᠦᠳᠴᠤ᠂ ᠤᠢ ᠰᠢᠭᠤᠢ ᠶᠢᠨ ᠡᠭᠢ ᠪᠠᠶᠠᠯᠢᠭ ᠤᠨ ᠠᠵᠦ ᠠᠬᠤᠢ ᠶᠢ ᠶᠡᠭᠡᠪᠡᠷ ᠬᠦᠭᠵᠢᠭᠦᠯᠵᠦ᠂ ᠤᠢ ᠰᠢᠭᠤᠢ ᠶᠢᠨ ᠡᠭᠢ ᠪᠠᠶᠠᠯᠢᠭ ᠤᠨ ᠲᠠᠷᠢᠵᠦ ᠤᠷᠭᠤᠭᠤᠯᠬᠤ᠂ ᠤᠢ ᠰᠢᠭᠤᠢ ᠶᠢᠨ ᠡᠭᠢ ᠪᠠᠶᠠᠯᠢᠭ ᠤᠨ ᠲᠡᠵᠭᠡᠵᠦ ᠦᠷᠡᠵᠢᠭᠦᠯᠭᠦ᠂ ᠯᠢᠨ ᠵᠢᠤ᠂ ᠤᠢ ᠰᠢᠭᠤᠢ ᠶᠢᠨ ᠰᠡᠯᠡᠭᠦᠴᠡᠯ ᠰᠤᠪᠢᠯᠠᠯᠳᠠ ᠶᠢᠨ ᠠᠵᠦ ᠦᠢᠯᠡᠰ ᠤᠨ ᠲᠦᠷᠪᠡᠨ ᠶᠡᠭᠡ ᠵᠠᠭᠪᠤᠷ ᠢ ᠪᠦᠷᠢᠯᠳᠦᠭᠦᠯᠵᠦ᠂ ᠠᠵᠦ ᠠᠬᠤᠢ ᠶᠢᠨ ᠦᠢᠯᠡᠳᠭᠦᠨ ᠤ ᠦᠷᠳᠡᠭ 51.2 ᠳ᠋ᠦᠡᠭᠰᠢᠭᠤᠷ ᠲᠦᠭᠦᠷᠢᠭ ᠢ ᠪᠡᠶᠡᠯᠡᠭᠦᠯᠵᠦ᠂ ᠤᠢ ᠰᠢᠭᠤᠢ ᠶᠢᠨ ᠲᠠᠷᠢᠶᠠᠴᠢᠳ ᠲᠤ ᠮᠦ ᠪᠦᠷᠢ ᠳᠤ 4000 ᠲᠦᠭᠦᠷᠢᠭ ᠤᠨ ᠠᠵᠦ ᠠᠬᠤᠢ ᠶᠢᠨ ᠦᠷ᠎ᠠ ᠠᠰᠢᠭ ᠨᠡᠮᠡᠭᠳᠡᠭᠦᠯᠵᠦ ᠦᠭᠪᠡ᠃      3. ᠤᠢ ᠰᠢᠭᠤᠢ ᠪᠠᠨ ᠮᠠᠨᠳᠤᠭᠤᠯᠵᠦ ᠠᠷᠠᠳ ᠢᠶᠠᠨ ᠪᠠᠶᠠᠵᠢᠭᠤᠯᠬᠤ ᠲᠤᠭᠤᠷᠢᠨ ᠳᠤ᠂ ᠤᠢ ᠰᠢᠭᠤᠢ ᠶᠢᠨ ᠦᠢᠯᠡᠰ ᠤᠨ ᠭᠤᠤᠯᠳᠠᠯᠭ᠎ᠠ ᠲᠠᠢ ᠢᠨᠵᠧᠨᠧᠷᠢᠩ ᠢ ᠠᠬᠢᠭᠤᠯᠪᠠ᠃ 2004 ᠤᠨ ᠠᠴᠠ ᠡᠭᠢᠯᠡᠵᠦ᠂ ᠪᠦᠭᠦ ᠰᠢᠶᠠᠨ ᠢᠶᠠᠷ ᠢᠶᠠᠨ ᠲᠦᠭᠦᠭᠡᠢ ᠬᠤᠯᠤᠰᠦ ᠶᠢᠨ ᠤᠳᠤ ᠦᠶ᠎ᠠ ᠶᠢᠨ ᠰᠢᠨᠵᠢᠯᠡᠭᠦ ᠤᠬᠠᠭᠠᠨ ᠮᠡᠷᠭᠡᠵᠢᠯ ᠤᠨ ᠬᠦᠷᠢᠶᠠᠯᠠᠩ ᠲᠤᠭᠤᠷᠢᠭ᠂ ᠲᠦᠷᠭᠡᠨ ᠤᠷᠭᠤᠭᠤᠯᠵᠦ ᠡᠯᠪᠡᠭ ᠬᠤᠷᠢᠶᠠᠬᠤ ᠬᠤᠯᠤᠰᠤᠨ ᠤᠢ ᠶᠢᠨ ᠰᠠᠭᠤᠷᠢᠨ᠂ ᠲᠦᠮᠡᠨ ᠮᠦ ᠬᠤᠯᠤᠰᠤᠨ ᠤ ᠰᠠᠶᠢᠨ ᠲᠦᠷᠦᠯ ᠵᠦᠢᠯ ᠤᠨ ᠰᠠᠭᠤᠷᠢᠨ ᠪᠠ ᠰᠢᠭᠤᠢᠢᠳᠤ ᠤᠷᠤᠨ ᠤ ᠠᠵᠢᠯ ᠤᠨ ᠵᠠᠮ ᠬᠠᠷᠢᠯᠴᠠᠭᠠᠨ ᠤ ᠪᠦᠲᠦᠭᠡᠨ ᠪᠠᠶᠢᠭᠤᠯᠤᠯᠳᠠ ︽ᠲᠦᠷᠪᠡᠨ ᠶᠡᠭᠡ ᠢᠨᠵᠧᠨᠧᠷᠢᠩ︾᠎ ᠢ ᠡᠭᠢᠯᠡᠨ ᠬᠡᠷᠡᠭᠵᠢᠭᠦᠯᠵᠦ᠂ ᠠᠨ ᠵᠢᠢ ᠶᠢᠨ ᠬᠤᠯᠤᠰᠤᠨ ᠤᠢ ᠶᠢᠨ ᠤᠷᠭᠤᠯᠳᠠ ᠶᠢᠨ ᠲᠦᠪᠰᠢᠨ ᠢ ᠴᠢᠨᠠᠬᠰᠢᠳᠠ ᠲᠡᠭᠡᠭᠰᠢᠯᠡᠭᠦᠯᠪᠠ᠃       ᠵᠠᠰᠠᠬ ᠤᠨ ᠤᠷᠳᠤᠨ ᠠᠵᠦ ᠠᠬᠤᠢᠢᠯᠠᠯ ᠬᠦᠴᠦ ᠬᠠᠮᠳᠤᠳᠬᠠᠵᠦ ᠬᠤᠶᠠᠳᠤᠭᠠᠷ ᠠᠵᠦ ᠦᠢᠯᠡᠰ ᠢ ᠬᠦᠴᠦᠷᠭᠡᠭᠵᠢᠭᠦᠯᠪᠠ      ᠡᠩ ᠲᠡᠷᠢᠭᠦᠨ ᠳᠤ᠂ ᠵᠠᠰᠠᠬ ᠤᠨ ᠤᠷᠳᠤᠨ ᠠᠵᠦ ᠦᠢᠯᠡᠰ ᠢ ᠲᠡᠮᠵᠢᠭᠦ ᠲᠦᠷᠦ ᠶᠢᠨ ᠪᠤᠳᠤᠯᠭ᠎ᠠ ᠲᠤᠬᠳᠠᠭᠠᠵᠦ᠂ ᠲᠤᠯᠤᠭᠠᠢᠢᠯᠠᠬᠴᠢ ᠭᠤᠤᠯ ᠬᠦᠴᠦᠨ ᠠᠵᠦ ᠠᠬᠤᠢᠢᠯᠠᠯ ᠢ ᠶᠡᠭᠡᠪᠡᠷ ᠪᠤᠶᠢᠵᠢᠭᠤᠯᠪᠠ᠃ ︽ᠶᠡᠭᠡ ᠢ ᠬᠦᠮᠦᠵᠢᠭᠦᠯᠵᠦ ᠬᠦᠴᠦᠷᠭᠡᠭ ᠢ ᠪᠤᠶᠢᠵᠢᠭᠤᠯᠬᠤ︾ ᠢᠨᠵᠧᠨᠧᠷᠢᠩ ᠢ ᠬᠡᠷᠡᠭᠵᠢᠭᠦᠯᠵᠦ᠂ ᠠᠵᠦ ᠠᠬᠤᠢᠢᠯᠠᠯ ᠢ ᠨᠡᠶᠢᠯᠡᠭᠦᠯᠵᠦ ᠲᠠᠪᠳᠠᠨ ᠪᠦᠯᠦᠭᠯᠡᠭᠦᠯᠬᠦ ᠶᠢ ᠵᠤᠷᠢᠬᠵᠢᠭᠤᠯᠵᠦ᠂ ᠬᠤᠯᠪᠤᠭᠠᠯᠠᠬᠤ᠂ ᠬᠤᠳᠠᠯᠳᠤᠨ ᠠᠪᠬᠤ᠂ ᠲᠦᠷᠦᠯ ᠲᠡᠮᠳᠡᠭ ᠢᠶᠠᠷ ᠬᠠᠮᠳᠤᠷᠠᠯᠴᠠᠬᠤ᠂ ᠬᠡᠶᠢᠰᠪᠤᠷᠢ ᠡᠵᠡᠩᠨᠡᠯᠳᠡ ᠵᠡᠷᠭᠡ ᠠᠷᠭ᠎ᠠ ᠬᠡᠯᠪᠡᠷᠢ ᠪᠠᠷ ᠨᠡᠢᠳᠭᠡᠨ ᠲᠠᠪᠳᠠᠨ ᠪᠦᠯᠦᠭᠯᠡᠭᠦᠯᠵᠦ᠂ ᠠᠵᠦ ᠠᠬᠤᠢᠢᠯᠠᠯ ᠤᠨ ᠤᠯᠠᠨ ᠲᠡᠰ ᠲᠠᠪᠬᠤᠷᠭ᠎ᠠ ᠶᠢᠨ ᠪᠡᠯᠡ ᠮᠦᠡᠭᠭᠦ ᠶᠢᠨ ᠵᠠᠬ᠎ᠠ ᠲᠡᠯᠭᠡᠭᠦᠷ ᠲᠤ ᠫᠠᠶᠢᠰᠠ ᠡᠯᠭᠦᠵᠦ ᠵᠠᠬ᠎ᠠ ᠲᠡᠯᠭᠡᠭᠦᠷ ᠲᠤ ᠭᠠᠷᠬᠤ ᠶᠢ ᠵᠤᠷᠢᠬᠵᠢᠭᠤᠯᠪᠠ᠃ 2013 ᠤᠨ ᠠᠴᠠ ᠤᠳᠤ ᠪᠤᠯᠳᠠᠯ᠎ᠠ᠂ ᠠᠨ ᠵᠢᠢ ᠶᠢᠨ ᠬᠤᠯᠤᠰᠤᠨ ᠤ ᠠᠵᠦ ᠦᠢᠯᠡᠰ ᠲᠡᠮᠵᠢᠯᠭᠡ ᠶᠢᠨ ᠪᠡᠯᠡ ᠮᠦᠡᠭᠭᠦ ᠶᠢ ᠳ᠋ᠦᠡᠭᠰᠢᠭᠤᠷ ᠲᠦᠭᠦᠷᠢᠭ ᠠᠴᠠ ᠢᠯᠡᠭᠦᠦ ᠤᠯᠪᠠ᠃ ᠤᠳᠤᠬᠠᠨ ᠳᠤ᠂ ᠠᠨ ᠵᠢᠢ ᠳᠤ 2 ᠤᠯᠤᠰ ᠤᠨ ᠬᠤᠯᠤᠰᠤᠨ ᠤ ᠦᠢᠯᠡᠰ ᠤᠨ ᠲᠤᠯᠤᠭᠠᠢᠢᠯᠠᠬᠴᠢ ᠠᠵᠦ ᠠᠬᠤᠢᠢᠯᠠᠯ᠂ 5 ᠮᠤᠵᠢ ᠶᠢᠨ ᠲᠠᠷᠢᠶᠠᠯᠠᠩ ᠤᠨ ᠦᠢᠯᠡᠰ ᠤᠨ ᠭᠤᠤᠯ ᠬᠦᠴᠦᠨ ᠤ ᠲᠤᠯᠤᠭᠠᠢᠢᠯᠠᠬᠴᠢ ᠠᠵᠤ ᠠᠬᠤᠢᠢᠯᠠᠯ᠂ 26 ᠮᠤᠵᠢ ᠶᠢᠨ ᠤᠢ ᠰᠢᠭᠤᠢ ᠶᠢᠨ ᠦᠢᠯᠡᠰ ᠤᠨ ᠲᠤᠯᠤᠭᠠᠢᠢᠯᠠᠬᠴᠢ ᠠᠵᠦ ᠠᠬᠤᠢᠢᠯᠠᠯ ᠲᠠᠢ ᠪᠠᠶᠢᠵᠦ᠂ ᠨᠢᠭᠡ ᠠᠵᠦ ᠠᠬᠤᠢᠢᠯᠠᠯ ᠨᠢ ᠰᠢᠨ ᠰᠠᠨ ᠪᠠᠨ ᠳᠤ ᠫᠠᠶᠢᠰᠠ ᠡᠯᠭᠦᠵᠦ ᠵᠠᠬ᠎ᠠ ᠲᠡᠯᠭᠡᠭᠦᠷ ᠲᠤ ᠭᠠᠷᠴᠤ᠂ 11 ᠦᠢᠯᠡᠳᠭᠦᠨ ᠤ ᠦᠷᠳᠡᠭ ᠨᠢ ᠳ᠋ᠦᠡᠭᠰᠢᠭᠤᠷ ᠲᠦᠭᠦᠷᠢᠭ ᠠᠴᠠ ᠲᠡᠭᠡᠭᠰᠢᠭᠢ ᠠᠵᠦ ᠠᠬᠤᠢᠢᠯᠠᠯ᠂ 29 ᠦᠢᠯᠡᠳᠭᠦᠨ ᠤ ᠦᠷᠳᠡᠭ ᠨᠢ 5000 ᠲᠦᠮᠡᠨ ᠲᠦᠭᠦᠷᠢᠭ ᠠᠴᠠ ᠲᠡᠭᠡᠭᠰᠢᠭᠢ ᠠᠵᠦ ᠠᠬᠤᠢᠢᠯᠠᠯ᠂ ᠬᠤᠯᠤᠰᠤᠨ ᠱᠠᠯᠠ ᠶᠢᠨ ᠬᠠᠪᠳᠠᠰᠦ ᠶᠢᠨ ᠭᠠᠷᠤᠯᠳᠠ ᠨᠢᠭᠡᠨᠳᠡ ᠲᠡᠯᠡᠭᠡᠢ ᠶᠢᠨ ᠭᠠᠷᠤᠯᠳᠠ ᠶᠢᠨ 50%᠎ ᠶᠢ ᠡᠵᠡᠯᠡᠵᠦ᠂ ᠬᠤᠯᠤᠰᠤᠨ ᠭᠠᠷ ᠤᠷᠠᠯᠠᠯ ᠤᠨ ᠮᠠᠰᠢᠨ ᠮᠧᠬᠠᠨᠢᠭ ᠤᠨ ᠦᠢᠯᠡᠳᠭᠦ ᠦᠢᠯᠡᠰ 80%᠎ ᠶᠢᠨ ᠤᠯᠤᠰ ᠤᠨ ᠲᠤᠳᠤᠭᠠᠳᠤ ᠶᠢᠨ ᠵᠠᠬ᠎ᠠ ᠲᠡᠯᠭᠡᠭᠦᠷ ᠢ ᠡᠵᠡᠯᠡᠪᠡ᠃       ᠲᠠᠷᠠᠭ᠎ᠠ ᠳᠤᠨᠢ᠂ ᠵᠠᠰᠠᠬ ᠤᠨ ᠤᠷᠳᠤᠨ ᠪᠠ ᠠᠵᠦ ᠠᠬᠤᠢᠢᠯᠠᠯ ᠬᠦᠴᠦᠨ ᠬᠠᠮᠳᠤᠳᠬᠠᠨ ᠤᠷᠤᠨ ᠪᠦᠰᠡ ᠶᠢᠨ ᠲᠦᠷᠦᠯ ᠲᠡᠮᠳᠡᠭ ᠢ ᠡᠭᠦᠳᠴᠤ᠂ ᠦᠢᠯᠡᠳᠭᠦᠨ ᠤ ᠰᠢᠨ᠎ᠠ ᠶᠢ ᠡᠭᠦᠳᠭᠦ ᠡᠷᠴᠢᠮ ᠢ ᠶᠡᠭᠡᠰᠭᠡᠪᠡ᠃ ᠰᠢᠶᠠᠨ ᠤ ᠡᠳ᠋ ᠤᠨ ᠵᠠᠰᠠᠬ ᠠᠴᠠ 3 ᠵᠢᠯ ᠳᠤ 1500 ᠭᠠᠷᠤᠢ ᠲᠦᠮᠡᠨ ᠲᠦᠭᠦᠷᠢᠭ ᠪᠡᠯᠡ ᠤᠷᠤᠭᠤᠯᠵᠦ᠂ ︽ᠲᠤᠮᠳᠠᠳᠤ ᠤᠯᠤᠰ ᠤᠨ ᠲᠦᠭᠦᠭᠡᠢ ᠬᠤᠯᠤᠰᠤ ᠶᠢᠨ ᠨᠤᠳᠤᠬ︾ ︽ᠲᠤᠮᠳᠠᠳᠤ ᠤᠯᠤᠰ ᠤᠨ ᠬᠤᠯᠤᠰᠤᠨ ᠱᠠᠯᠠ ᠶᠢᠨ ᠬᠠᠪᠳᠠᠰᠦ ᠶᠢᠨ ᠲᠦᠪ︾ ︽ᠲᠤᠮᠳᠠᠳᠤ ᠤᠯᠤᠰ ᠤᠨ ᠬᠤᠯᠤᠰᠤᠨ ᠴᠢᠬᠢᠷᠰᠦ ᠶᠢᠨ ᠲᠦᠪ︾ ︽ᠲᠤᠮᠳᠠᠳᠤ ᠤᠯᠤᠰ ᠤᠨ ᠬᠤᠯᠤᠰᠤᠨ ᠰᠢᠷᠭᠡᠭᠯᠢᠭ ᠤᠨ ᠨᠡᠷᠡᠳᠤ ᠬᠤᠳᠠ︾ ︽ᠪᠤᠬᠢᠷᠳᠤᠯ ᠦᠭᠡᠢ ᠱᠠᠯᠠ ᠶᠢᠨ ᠬᠠᠪᠳᠠᠰᠦ · ᠠᠨ ᠵᠢᠢ ᠶᠢᠨ ᠪᠠᠷᠢᠮᠵᠢᠶ᠎ᠠ︾ ᠵᠡᠷᠭᠡ ᠤᠷᠤᠨ ᠪᠦᠰᠡ ᠶᠢᠨ ᠲᠦᠷᠦᠯ ᠲᠡᠮᠳᠡᠭ ᠢ ᠴᠤᠬᠴᠠᠯᠠᠬᠰᠠᠨ ᠪᠦᠭᠡᠳ ᠠᠯᠳᠠᠷᠰᠢᠭᠤᠯᠪᠠ᠃       ᠲᠠᠬᠢᠨᠳᠠ᠂ ᠶᠠᠰᠦ ᠴᠢᠨᠠᠷ ᠤᠨ ᠲᠡᠭᠡᠭᠰᠢᠯᠡᠯᠳᠡ ᠶᠢᠨ ᠲᠤᠭᠤᠷᠢᠨ ᠳᠤ᠂ ᠬᠤᠯᠤᠰᠤᠨ ᠠᠵᠦ ᠦᠢᠯᠡᠰ ᠤᠨ ᠬᠡᠯᠪᠡᠷᠢ ᠶᠢ ᠨᠢ ᠬᠤᠪᠢᠷᠠᠭᠤᠯᠵᠦ ᠲᠡᠰ ᠲᠡᠪᠰᠢᠭᠦᠯᠭᠦ ᠶᠢ ᠠᠬᠢᠭᠤᠯᠪᠠ᠃ ᠨᠢᠭᠡ ᠳᠤ ︽ᠲᠤᠤᠷ᠎ᠠ᠂ ᠪᠠᠭ᠎ᠠ᠂ ᠲᠠᠷᠠᠬᠠᠢ︾ ᠬᠤᠯᠤᠰᠤᠨ ᠪᠦᠲᠦᠭᠡᠭᠳᠡᠭᠦᠨ ᠤ ᠠᠵᠦ ᠠᠬᠤᠢ ᠶᠢᠨ ᠵᠤᠬᠢᠶᠠᠨ ᠪᠠᠶᠢᠭᠤᠯᠤᠯᠳᠠ ᠶᠢ ᠬᠤᠭᠤᠴᠠᠭ᠎ᠠ ᠲᠤᠬᠳᠠᠭᠠᠨ ᠴᠡᠭᠴᠡᠯᠡᠨ ᠵᠠᠰᠠᠬᠤ ᠶᠢᠨ ᠬᠠᠮᠳᠤ᠂ ᠦᠢᠯᠡᠳᠪᠤᠷᠢᠯᠡᠯ ᠢ ᠨᠢ ᠵᠤᠬᠰᠤᠭᠠᠬᠤ ᠶᠢᠨ ᠬᠠᠮᠳᠤ ᠵᠠᠷᠢᠮ ᠦᠢᠯᠡᠳᠪᠤᠷᠢ ᠶᠢ ᠰᠢᠯᠵᠢᠭᠦᠯᠪᠠ᠃ ᠬᠤᠶᠠᠷ ᠲᠤ ᠪᠠᠷᠢᠮᠵᠢᠶ᠎ᠠ ᠶᠢᠨ ᠰᠢᠰᠲ᠋ᠧᠮ ᠤᠨ ᠪᠠᠶᠢᠭᠤᠯᠤᠯᠳᠠ ᠶᠢ ᠲᠡᠭᠦᠯᠳᠡᠷᠵᠢᠭᠦᠯᠵᠦ᠂ ᠶᠠᠰᠦ ᠴᠢᠨᠠᠷ᠂ ᠪᠠᠷᠢᠮᠵᠢᠶ᠎ᠠ᠂ ᠢᠯᠭᠠᠨ ᠲᠤᠬᠳᠠᠭᠠᠯᠳᠠ ᠵᠡᠷᠭᠡ ᠤᠯᠠᠨ ᠨᠡᠶᠢᠳᠡ ᠶᠢᠨ ᠰᠢᠰᠲ᠋ᠧᠮ ᠤᠨ ᠪᠠᠶᠢᠭᠤᠯᠤᠯᠳᠠ ᠶᠢ ᠴᠢᠩᠭᠠᠳᠬᠠᠵᠦ᠂ ᠠᠵᠦ ᠲᠦᠷᠦᠯ ᠤᠨ ᠲᠤᠳᠤᠭᠠᠳᠤᠭᠢ ᠶᠢᠨ ᠲᠤᠯᠤᠭᠠᠢᠢᠯᠠᠬᠴᠢ ᠭᠤᠤᠯ ᠬᠦᠴᠦᠨ ᠠᠵᠦ ᠠᠬᠤᠢᠢᠯᠠᠯ ᠤᠨ ᠤᠷᠤᠯᠴᠠᠵᠦ ᠤᠯᠤᠰ ᠤᠨ ᠪᠠᠷᠢᠮᠵᠢᠶ᠎ᠠ ᠪᠠ ᠠᠵᠢᠯ ᠲᠦᠷᠦᠯ ᠤᠨ ᠪᠠᠷᠢᠮᠵᠢᠶ᠎ᠠ ᠶᠢ ᠨᠤᠤᠷᠠᠬᠯᠠᠵᠦ ᠲᠤᠬᠳᠠᠭᠠᠬᠤ ᠶᠢ ᠵᠤᠷᠢᠬᠵᠢᠭᠤᠯᠤᠨ᠎ᠠ᠃ ᠭᠤᠷᠪᠠ ᠳᠤ ᠠᠵᠦ ᠦᠢᠯᠡᠰ ᠤᠨ ᠲᠠᠪᠴᠠᠩ ᠤᠨ ᠰᠢᠰᠲ᠋ᠧᠮ ᠢ ᠪᠠᠶᠢᠭᠤᠯᠵᠦ᠂ ᠲᠦᠪᠯᠡᠷᠡᠭᠦᠯᠦᠨ ᠡᠷᠴᠢᠮᠵᠢᠭᠦᠯᠦᠭᠰᠡᠨ ᠬᠦᠭᠵᠢᠯᠳᠠ ᠶᠢᠨ ᠪᠦᠲᠦᠴᠡ ᠶᠢ ᠲᠡᠭᠦᠯᠳᠡᠷᠵᠢᠭᠦᠯᠤᠨ᠎ᠠ᠃      ᠲᠢᠶᠠᠨ ᠬᠤᠸᠠᠩ ᠫᠢᠡᠭ ᠤᠨ ᠬᠤᠶᠠᠷ ᠠᠭᠤᠯᠠ ᠶᠢᠨ ᠵᠢᠱᠢᠶ᠎ᠠ ᠦᠵᠡᠭᠦᠯᠭᠦ ᠤᠢ ᠰᠢᠭᠤᠢ ᠶᠢᠨ ᠵᠢᠵᠢᠭ ᠪᠠᠯᠭᠠᠰᠦ᠂ ᠵᠠᠩ ᠲᠤᠰᠬᠤᠨ ᠤ ᠤᠢ ᠰᠢᠭᠤᠢ ᠶᠢᠨ ᠬᠦᠴᠢᠯᠳᠦ᠋ᠷᠦᠭᠴᠢ ᠶᠢᠨ ᠪᠠᠭᠠᠷ ᠤᠨ ᠵᠢᠵᠢᠭ ᠪᠠᠯᠭᠠᠰᠤ᠂ ᠱᠠᠩ ᠱᠤ᠋ ᠶᠢᠨ ᠰᠡᠯᠡᠭᠦᠦ ᠠᠮᠢᠳᠤᠷᠠᠯ ᠢ ᠪᠡᠶᠡᠴᠢᠯᠡᠨ ᠤᠢᠢᠯᠠᠭᠠᠬᠤ ᠤᠢ ᠰᠢᠭᠤᠢ ᠶᠢᠨ ᠵᠢᠵᠢᠭ ᠪᠠᠯᠭᠠᠰᠤ᠂ ᠱᠠᠨ ᠴᠤᠸᠠᠨ ᠤ ᠰᠡᠯᠡᠭᠦᠴᠡᠯ ᠰᠤᠪᠢᠯᠠᠯᠳᠠ ᠶᠢᠨ ᠤᠢ ᠰᠢᠭᠤᠢ ᠶᠢᠨ ᠵᠢᠵᠢᠭ ᠪᠠᠯᠭᠠᠰᠤ ᠪᠠᠷ ᠠᠳᠬᠤᠴᠠ ᠪᠤᠯᠭᠠᠵᠦ᠂ ︽ᠠᠵᠦ ᠦᠢᠯᠡᠰ᠂ ᠰᠤᠶᠤᠯ᠂ ᠵᠤᠭᠠᠴᠠᠯ︾ ᠭᠤᠷᠪᠠ ᠶᠢ ᠨᠢᠭᠡ ᠴᠤᠬᠴᠠᠵᠢᠭᠤᠯᠵᠦ᠂ ᠲᠡᠭᠦᠨ ᠢ ᠬᠤᠯᠤᠰᠤᠨ ᠤ ᠠᠵᠦ ᠦᠢᠯᠡᠰ ᠤᠨ ᠲᠦᠪᠯᠡᠷᠡᠯ ᠤᠨ ᠬᠡᠮᠵᠢᠶ᠎ᠠ ᠬᠠᠮᠤᠭ ᠤᠨ ᠦᠨᠳᠤᠷ᠂ ᠬᠡᠪᠴᠢᠶ᠎ᠠ ᠨᠢ ᠬᠠᠮᠤᠭ ᠤᠨ ᠶᠡᠭᠡ ᠮᠤᠵᠢ ᠶᠢᠨ ᠲᠡᠰ ᠤᠨ ᠬᠤᠯᠤᠰᠤᠨ ᠤ ᠠᠵᠦ ᠦᠢᠯᠡᠰ ᠤᠨ ᠤᠨᠴᠠᠯᠢᠬᠳᠤ ᠵᠢᠵᠢᠭ ᠪᠠᠯᠭᠠᠰᠤ ᠪᠤᠯᠭᠠᠨ ᠴᠤᠬᠴᠠᠯᠠᠪᠠ᠃      ᠤᠢ ᠰᠢᠭᠤᠢ ᠶᠢᠨ ᠵᠤᠭᠠᠴᠠᠯ ᠭᠤᠷᠪᠠᠳᠤᠭᠠᠷ ᠠᠵᠦ ᠦᠢᠯᠡᠰ ᠤᠨ ᠠᠮᠢᠵᠢᠷᠠᠯ ᠤᠨ ᠬᠦᠴᠦᠨ ᠢ ᠬᠦᠭᠵᠢᠭᠡᠪᠡ      1. ᠵᠤᠭᠠᠴᠠᠯ ᠰᠡᠯᠡᠭᠦᠴᠡᠯ ᠤᠨ ᠲᠤᠮᠤ ᠲᠦᠷᠦᠯ ᠵᠦᠢᠯ ᠢ ᠲᠠᠳᠠᠨ ᠤᠷᠤᠭᠤᠯᠤᠬᠰᠠᠨ ᠠᠴᠠ ᠭᠠᠳᠠᠨ᠎ᠠ᠂ ︽ᠵᠤᠭᠠᠴᠠᠯ᠂ ᠬᠤᠳᠠᠯᠳᠤᠭ᠎ᠠ᠂ ᠴᠡᠩᠭᠡᠭᠦᠨ᠂ ᠢᠳᠡᠭᠡᠨ ᠤᠮᠳᠠᠭᠠᠨ᠂ ᠤᠷᠤᠨ ᠰᠠᠭᠤᠴᠠ᠂ ᠠᠶᠠᠯᠠᠯ ᠵᠠᠮᠨᠠᠯ︾ ᠵᠢᠷᠭᠤᠭᠠᠨ ᠡᠯᠧᠮᠧᠨ᠋ᠲ ᠶᠤᠰᠤᠭᠠᠷ᠂ ᠪᠦᠭᠦ ᠰᠢᠶᠠᠨ ᠤ ᠰᠡᠯᠡᠭᠦᠴᠡᠯ ᠵᠤᠭᠠᠴᠠᠯ ᠤᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠪᠠ᠃ 2013 ᠤᠨ ᠳᠤ᠂ ᠰᠢᠶᠠᠨ ᠯᠦᠡᠭ ᠰᠢᠶᠠ ᠶᠢᠨ ᠨᠢᠭᠡᠳᠦᠭᠡᠷ ᠬᠤᠭᠤᠴᠠᠭ᠎ᠠ᠂ ᠳ᠋ᠢᠩ ᠱᠠᠩ ᠢ ᠭᠤᠤᠯ ᠰᠡᠳᠦᠪᠳᠤ ᠵᠤᠴᠢᠳ ᠤᠨ ᠪᠠᠭᠤᠳᠠᠯ᠂ 2014 ᠤᠨ ᠳᠤ ᠬᠤᠯᠤᠰᠤᠨ ᠤ ᠦᠵᠡᠰᠭᠦᠯᠠᠩ ᠤᠨ ᠬᠦᠷᠢᠶᠠᠯᠠᠩ ᠢ ᠦᠷᠭᠡᠳᠭᠡᠨ ᠪᠠᠶᠢᠭᠤᠯᠪᠠ᠃ 2015 ᠤᠨ ᠳᠤ᠂ ᠶᠡᠷᠦᠩᠭᠡᠢ ᠪᠡᠯᠡ ᠤᠷᠤᠭᠤᠯᠤᠯᠳᠠ ᠨᠢ 10 ᠳ᠋ᠦᠡᠭᠰᠢᠭᠤᠷ ᠲᠦᠭᠦᠷᠢᠭ ᠤᠨ ︽ᠢᠤᠢ ᠷᠧᠨ ᠭᠦ᠋ ᠬᠦᠬᠡᠮᠳᠦᠭ ᠨᠤᠭᠤᠭᠠᠨ ᠲᠠᠯ᠎ᠠ ᠨᠤᠳᠤᠬ ᠠᠮᠠᠷᠠᠯᠳᠠ ᠶᠢᠨ ᠭᠠᠵᠠᠷ︾᠎ ᠤᠨ ᠲᠦᠷᠦᠯ ᠵᠦᠢᠯ ᠤᠨ ᠬᠡᠯᠡᠯᠴᠡᠭᠡᠷ ᠢ ᠲᠤᠬᠳᠠᠵᠦ᠂ 13.7 ᠳ᠋ᠦᠡᠭᠰᠢᠭᠤᠷ ᠲᠦᠭᠦᠷᠢᠭ ᠤᠨ ᠪᠡᠯᠡ ᠤᠷᠤᠭᠤᠯᠤᠯᠳᠠ ᠲᠠᠢ ᠵᠧᠵᠢᠶᠠᠩ ᠮᠤᠵᠢ ᠶᠢᠨ ᠪᠠᠶᠢᠭᠠᠯᠢ ᠶᠢᠨ ᠮᠦᠽᠸᠢ᠂ ᠱᠠᠩ ᠶᠢᠩ ᠤᠨ ᠺᠢᠨᠣ᠋ ᠲᠧᠯᠸᠢᠰ ᠤᠨ ᠰᠠᠭᠤᠷᠢᠨ᠂ ᠮᠢ · ᠯᠢᠩ ᠲᠠᠨ ᠠᠮᠠᠷᠠᠯᠳᠠ ᠶᠢᠨ ᠵᠤᠰᠠᠯᠠᠩ᠂ ᠰᠠᠨ ᠲᠧ ᠬᠦᠳᠡᠭᠡ ᠲᠠᠯ᠎ᠠ ᠶᠢᠨ ᠲᠠᠭᠤᠯᠠᠯ 4 ᠭᠤᠤᠯᠳᠠᠯᠭ᠎ᠠ ᠲᠠᠢ ᠲᠦᠷᠦᠯ ᠵᠦᠢᠯ ᠢ ᠡᠭᠢᠯᠡᠨ ᠪᠠᠶᠢᠭᠤᠯᠪᠠ᠃       2. ᠬᠤᠯᠤᠰᠤᠨ ᠤᠢ ᠶᠢᠨ ᠡᠭᠢ ᠪᠠᠶᠠᠯᠢᠭ ᠲᠤ ᠲᠦᠰᠢᠭᠯᠡᠵᠦ᠂ ᠬᠦᠳᠡᠭᠡ ᠲᠤᠰᠬᠤᠨ ᠤ ᠵᠤᠭᠠᠴᠠᠯ ᠢ ᠬᠦᠭᠵᠢᠭᠦᠯᠪᠡ᠃ ᠬᠦᠳᠡᠭᠡ ᠲᠤᠰᠬᠤᠨ ᠤ ᠵᠤᠭᠠᠴᠠᠯ ᠢ ᠤᠢ ᠰᠢᠭᠤᠢ ᠶᠢᠨ ᠰᠡᠯᠡᠭᠦᠴᠡᠯ ᠰᠤᠪᠢᠯᠠᠯᠳᠠ ᠲᠡᠶᠢᠰᠢ ᠬᠤᠪᠢᠷᠠᠭᠤᠯᠬᠤ ᠶᠢ ᠪᠦᠭᠦ ᠲᠠᠯ᠎ᠠ ᠪᠠᠷ ᠠᠬᠢᠭᠤᠯᠪᠠ᠃ ᠱᠠᠨ ᠴᠤᠸᠠᠨ ᠰᠢᠶᠠᠩ ᠪᠦᠭᠦ ᠤᠯᠤᠰ ᠤᠨ ᠠᠩᠬᠠᠳᠠᠬᠴᠢ ᠰᠢᠶᠠᠩ ᠪᠠᠯᠭᠠᠰᠤ ᠶᠢᠨ 4A ᠲᠡᠰ ᠤᠨ ᠦᠵᠡᠮᠵᠢ ᠶᠢᠨ ᠤᠷᠤᠨ ᠢ ᠡᠭᠦᠳᠤᠨ ᠪᠠᠶᠢᠭᠤᠯᠪᠠ᠃ ᠨᠡᠶᠢᠭᠡᠮ ᠤᠨ ᠡᠳ᠋ ᠬᠦᠷᠦᠩᠭᠡ ᠶᠢᠨ ᠰᠡᠯᠡᠭᠦᠴᠡᠯ ᠵᠤᠭᠠᠴᠠᠯ ᠤᠨ ᠡᠵᠡᠩᠨᠡᠯᠳᠡ ᠳᠤ ᠤᠷᠤᠯᠴᠠᠬᠤ ᠶᠢ ᠵᠤᠷᠢᠬᠵᠢᠭᠤᠪᠠ᠃      3. ᠬᠤᠯᠤᠰᠤᠨ ᠰᠤᠶᠤᠯ ᠢ ᠠᠰᠢᠬᠯᠠᠵᠦ᠂ ᠰᠤᠶᠤᠯ ᠤᠨ ᠰᠤᠯᠢᠯᠴᠠᠭ᠎ᠠ ᠦᠷᠨᠢᠭᠦᠯᠪᠠ᠃ ᠠᠨ ᠵᠢᠢ ᠶᠢᠨ ᠬᠤᠯᠤᠰᠤᠨ ᠨᠠᠪᠴᠢ ᠶᠢᠨ ᠯᠤᠤ᠂ ᠬᠤᠯᠤᠰᠤᠨ ᠬᠦᠭᠵᠢᠮ ᠪᠠ ᠰᠦᠶ᠎ᠠ ᠶᠢᠨ ᠲᠠᠶᠢᠯᠠᠯᠭ᠎ᠠ ᠵᠡᠷᠭᠡ ᠠᠷᠠᠳ ᠤᠨ ᠤᠷᠠᠯᠢᠭ ᠢ ᠤᠯᠠᠨ ᠤᠳᠠᠭ᠎ᠠ ᠭᠠᠳᠠᠭᠠᠳᠤ ᠳᠤ ᠭᠠᠷᠭᠠᠵᠦ᠂ ᠤᠯᠤᠰ ᠤᠨ ᠲᠡᠰ ᠤᠨ ᠤᠷᠠᠯᠢᠭ ᠤᠨ ᠲᠠᠩᠭᠢᠮ ᠳᠤ ᠭᠠᠷᠭᠠᠬᠰᠠᠨ ᠪᠦᠭᠡᠳ ᠲᠤᠮᠳᠠᠳᠤ ᠤᠯᠤᠰ ᠤᠨ ᠠᠩᠬᠠᠳᠤᠭᠠᠷ ᠬᠤᠭᠤᠴᠠᠭᠠᠨ ᠤ ᠬᠤᠯᠤᠰᠤᠨ ᠰᠤᠶᠤᠯ ᠤᠨ ᠨᠠᠶᠢᠷ᠂ ︽ᠬᠤᠯᠤᠰᠤᠨ ᠤ ᠦᠢᠯᠡᠰ 21 ᠳ᠋ᠤᠭᠡᠷ ᠵᠠᠭᠤᠨ ᠳᠤ︾ ᠤᠯᠠᠨ ᠤᠯᠤᠰ ᠤᠨ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠬᠤᠷᠠᠯ ᠢ ᠤᠷᠢᠳ ᠬᠤᠵᠢᠳ ᠡᠷᠬᠢᠯᠡᠵᠦ᠂ ᠬᠤᠯᠤᠰᠦ ᠪᠠᠷ ᠨᠦᠭᠦᠷᠰᠡᠭ ᠬᠠᠷᠢᠯᠴᠠᠭ᠎ᠠ ᠪᠠᠶᠢᠭᠤᠯᠵᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠡᠯ᠎ᠠ ᠲᠦᠷᠦᠯ ᠤᠨ ᠬᠤᠯᠤᠰᠤᠨ ᠰᠤᠶᠤᠯ ᠤᠨ ᠰᠤᠯᠢᠯᠴᠠᠭᠠᠨ ᠤ ᠠᠵᠢᠯᠯᠠᠭ᠎ᠠ ᠶᠢ ᠦᠷᠭᠡᠨ ᠲᠡᠯᠭᠡᠷ ᠦᠷᠨᠢᠭᠦᠯᠵᠦ᠂ ᠤᠯᠤᠰ ᠤᠨ ᠲᠤᠳᠤᠭᠠᠳᠤ ᠭᠠᠳᠠᠭᠠᠳᠤ ᠶᠢᠨ ᠲᠤᠭᠤᠷᠢᠨ ᠪᠠᠶᠢᠴᠠᠭᠠᠬᠴᠢ ᠶᠢ ᠵᠢᠯ ᠳᠤ ᠲᠦᠮᠡ ᠭᠠᠷᠤᠢ ᠬᠦᠮᠦᠨ ᠤᠳᠠᠭ᠎ᠠ ᠬᠦᠯᠢᠶᠠᠨ ᠠᠪᠴᠤ ᠵᠤᠴᠢᠯᠠᠵᠦ ᠪᠤᠢ᠃      ᠨᠤᠮᠢᠨ ᠬᠤᠯᠤᠰᠦ ᠠᠨ ᠵᠢᠢ ᠶᠢᠨ ᠬᠤᠯᠤᠰᠤᠨ ᠤ ᠠᠵᠦ ᠦᠢᠯᠡᠰ ᠢ ᠪᠦᠲᠦᠭᠡᠭᠰᠡᠨ ᠪᠦᠭᠡᠳ ᠰᠢᠶᠠᠨ ᠤ ᠲᠤᠯᠭᠠᠭᠤᠷᠢ ᠠᠵᠦ ᠦᠢᠯᠡᠰ ᠪᠤᠯᠪᠠ᠃ 2016 ᠤᠨ ᠳᠤ᠂ ᠪᠦᠭᠦ ᠠᠵᠢᠯ ᠲᠦᠷᠦᠯ ᠢᠶᠠᠷ ᠢᠶᠠᠨ 200 ᠳ᠋ᠦ᠋ᠩᠰᠢᠭᠤᠷ ᠲᠦᠭᠦᠷᠢᠭ ᠤᠨ ᠠᠵᠦ ᠦᠢᠯᠡᠳᠪᠤᠷᠢ ᠶᠢᠨ ᠶᠡᠷᠦᠩᠭᠡᠢ ᠦᠷᠳᠡᠭ ᠢ ᠪᠦᠲᠦᠭᠡᠵᠦ᠂ ᠠᠵᠦ ᠦᠢᠯᠡᠰ ᠤᠨ ᠠᠵᠢᠯᠯᠠᠬᠴᠢ 5 ᠲᠦᠮᠡ ᠭᠠᠷᠤᠢ ᠬᠦᠮᠦᠨ ᠲᠤᠯᠪᠠ︔ ᠠᠨ ᠵᠢᠢ ᠪᠦᠭᠦ ᠤᠯᠤᠰ ᠤᠨ 1.8%᠎ ᠶᠢᠨ ᠪᠤᠰᠤᠭ᠎ᠠ ᠬᠤᠯᠤᠰᠤᠨ ᠤ ᠬᠡᠮᠵᠢᠶ᠎ᠠ ᠪᠠᠷ ᠪᠦᠭᠦ ᠤᠯᠤᠰ ᠤᠨ 20%᠎ ᠶᠢᠨ ᠬᠤᠯᠤᠰᠤᠨ ᠤ ᠦᠢᠯᠡᠳᠭᠦᠨ ᠤ ᠦᠷᠳᠡᠭ ᠢ ᠪᠦᠲᠦᠭᠡᠪᠡ᠃
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号