ᠦᠨᠳᠦᠷᠯᠢᠭ ᠨᠤᠳᠤᠭ ᠠᠴᠠ ᠦᠪᠦᠷ ᠮᠤᠩᠭᠤᠯ ᠳᠤ ᠢᠷᠡᠵᠤ ︽ᠨᠤᠮ ᠵᠠᠯᠠᠬᠰᠠᠨ︾ ᠲᠡᠮᠳᠡᠭᠯᠡᠯ
2018-10-09 15:28:20
ᠵᠣᠬᠢᠶᠠᠭᠴᠢ᠄ 
ᠦᠷᠬᠡᠨᠪᠠᠶᠠᠷ
ᠣᠩᠰᠢᠭᠰᠠᠨ ᠣᠳᠠᠭ᠎ᠠ᠄ 
★★★☆☆
      ᠨᠠᠯᠠᠭᠠᠷ ᠨᠠᠮᠤᠷ ᠤᠨ 9 ᠰᠠᠷ᠎ᠠ ᠶᠢᠨ 13᠎ ᠠᠴᠠ 19᠎ ᠤ ᠡᠳᠦᠷ ᠪᠤᠯᠳᠠᠯ᠎ᠠ᠂ ᠬᠦᠬᠡᠨᠠᠭᠤᠷ ᠮᠤᠵᠢ ᠶᠢᠨ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠤᠳᠤᠷᠢᠳᠬᠤ ᠠᠯᠪᠠᠨ ᠬᠡᠷ ᠠᠴᠠ ᠭᠤᠤᠯᠯᠠᠨ ᠡᠷᠬᠢᠯᠡᠵᠤ᠂ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠬᠢᠬᠡᠳ ᠤᠷᠴᠢᠨ ᠲᠤᠭᠤᠷᠢᠨ ᠤ ᠲᠡᠬᠡᠳᠦ ᠰᠤᠷᠭᠠᠭᠤᠯᠢ ᠠᠴᠠ ᠲᠠᠭᠠᠭᠠᠴᠢᠯᠠᠨ ᠡᠷᠬᠢᠯᠡᠵᠤ᠂ ᠤᠯᠤᠰ ᠤᠨ ᠪᠡᠯᠴᠢᠭᠡᠷ ᠡᠪᠡᠰᠦᠨ ᠤ ᠠᠵᠤ ᠦᠢᠯᠡᠰ ᠤᠨ ᠮᠡᠷᠭᠡᠵᠢᠯ ᠤᠨ ᠰᠢᠰᠲᠧᠮ᠂ ᠰᠢᠯᠢ ᠶᠢᠨ ᠭᠤᠤᠯ ᠠᠶᠢᠮᠠᠬ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠰᠢᠯᠢᠩᠬᠤᠳᠠ ᠶᠢᠨ ᠲᠠᠯ᠎ᠠ ᠨᠤᠳᠤᠭ ᠤᠨ ᠠᠵᠢᠯ ᠤᠨ ᠦᠷᠳᠡᠭᠡ᠂ ᠰᠢᠯᠢᠩᠬᠤᠳᠠ ᠶᠢᠨ ᠯᠢᠤᠢ ᠶᠤᠸᠠᠨ ᠡᠪᠡᠰᠤ ᠪᠡᠯᠴᠢᠬᠡᠷ ᠤᠨ ᠠᠮᠢ ᠠᠬᠤᠢ ᠶᠢᠨ ᠯᠠᠪᠯᠠᠭ᠎ᠠ ᠦᠢᠯᠡᠴᠢᠯᠡᠭᠡ ᠶᠢᠨ ᠲᠦᠪ ᠠᠴᠠ ᠬᠠᠮᠵᠢᠨ ᠡᠷᠬᠢᠯᠡᠭᠰᠡᠨ ᠬᠦᠬᠡᠨᠠᠭᠤᠷ ᠮᠤᠵᠢ ᠶᠢᠨ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠮᠠᠯ ᠠᠵᠤ ᠠᠬᠤᠢ ᠲᠠᠷᠢᠶᠠᠯᠠᠩ ᠤᠨ ᠲᠤᠰᠬᠠᠢ ᠮᠡᠷᠭᠡᠵᠢᠯᠳᠡᠨ ᠤ ᠦᠢᠯᠡᠴᠢᠯᠡᠬᠡᠨ ᠤ ᠪᠦᠯᠬᠦᠮ ᠪᠤᠯᠤᠨ ᠵᠸᠦ ᠰᠢᠶᠠᠨ ᠤ ᠦᠬᠡᠷᠡᠴᠢᠯᠡᠯᠳᠡ ᠶᠢ ᠬᠦᠨᠵᠡᠬᠡᠶᠢᠷᠡᠬᠦᠯᠬᠦ ᠠᠯᠪᠠᠨ ᠬᠡᠷ ᠤᠨ ᠬᠠᠷᠢᠭᠤᠴᠠᠯᠭᠠᠳᠠᠨ ᠤ ᠪᠤᠯᠪᠠᠰᠤᠷᠠᠯ ᠤᠨ ᠠᠩᠬᠢ ᠰᠢᠯᠢᠩᠬᠤᠳᠠ ᠳᠤ ᠶᠠᠪᠤᠬᠳᠠᠪᠠ᠃
            ᠰᠢᠯᠢ ᠶᠢᠨ ᠭᠤᠤᠯ ᠠᠶᠢᠮᠠᠭ ᠤᠨ ᠮᠧᠩ ᡁᠢ ᠶᠤᠸᠠᠨ ᠮᠠᠯ ᠠᠵᠦ ᠠᠬᠤᠢ ᠶᠢᠨ ᠬᠢᠵᠠᠭᠠᠷᠳᠤ ᠺᠤᠮᠫᠠᠨᠢ ᠶᠢᠨ ᡁᠢ ᠮᠦ ᠬᠤᠷᠰᠢᠶ᠎ᠠ ᠶᠢᠨ ᠬᠠᠷᠢᠭᠤᠴᠠᠯᠭᠠᠳᠠᠨ ᠵᠦ ᠶᠦᠩ ︵ᠳᠤᠮᠳᠠᠬᠢ︶ ᠪᠤᠯᠪᠠᠰᠤᠷᠠᠯ ᠤᠨ ᠠᠩᠬᠢ ᠶᠢᠨ ᠰᠤᠷᠤᠯᠭᠠᠳᠠᠳ ᠲᠤ ᠪᠠᠶᠢᠳᠠᠯ ᠲᠠᠨᠢᠯᠴᠠᠭᠤᠯᠵᠦ ᠪᠠᠶᠢᠭ᠎ᠠ ᠨᠢ᠃       ᠨᠢᠬᠡ ᠭᠠᠷᠠᠭ ᠤᠨ ᠬᠤᠭᠤᠴᠠᠭᠠᠨ ᠤ ᠪᠤᠯᠪᠠᠰᠤᠷᠠᠯ ᠳᠤ ᠲᠤᠰᠬᠠᠢ ᠮᠡᠷᠭᠡᠵᠢᠯᠳᠡᠨ ᠠᠴᠠ ᠬᠢᠴᠢᠶᠠᠯ ᠲᠠᠶᠢᠯᠤᠮᠵᠢ ᠬᠢᠬᠦ ᠪᠠ ᠰᠤᠷᠤᠯᠭᠠᠳᠠᠳ ᠲᠤᠬᠠᠢ ᠶᠢᠨ ᠲᠠᠯᠠᠪᠠᠢ ᠳᠤ ᠲᠤᠭᠤᠷᠢᠨ ᠦᠵᠡᠵᠤ ᠰᠤᠷᠤᠯᠴᠠᠬᠤ ᠪᠠᠷ ᠲᠠᠮᠵᠢᠨ᠂ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠠᠴᠠ ᠢᠷᠡᠭᠰᠡᠨ ᠲᠦᠪᠡᠳ᠂ ᠬᠢᠳᠡᠳ᠂ ᠬᠤᠳᠤᠩ᠂ ᠲᠦᠵᠢᠶᠠ ᠦᠨᠳᠤᠰᠤᠳᠠᠨ ᠤ 34 ᠰᠤᠷᠤᠯᠭᠠᠳᠠᠨ ᠰᠠᠨᠠᠯ ᠨᠢᠬᠡᠳᠡᠢ ᠢᠯᠡᠳᠬᠡᠭᠰᠡᠨ ᠨᠢ᠄ ᠮᠢᠩᠭᠠᠨ ᠭᠠᠵᠠᠷ ᠤᠨ ᠠᠯᠤᠰ ᠲᠠᠬᠢ ᠦᠨᠳᠦᠷᠯᠢᠭ ᠨᠤᠳᠤᠭ ᠠᠴᠠ ᠦᠪᠦᠷ ᠮᠤᠩᠭᠤᠯ ᠤᠨ ᠲᠠᠯ᠎ᠠ ᠨᠤᠳᠤᠭ ᠲᠤ ᠬᠦᠷᠴᠤ ᠢᠷᠡᠬᠡᠳ ᠠᠳᠡᠬᠢ ᠮᠠᠯ ᠠᠵᠤ ᠠᠬᠤᠢ ᠲᠠᠷᠢᠶᠠᠯᠠᠩ ᠤᠨ ᠲᠤᠬᠠᠢ ᠲᠡᠷᠢᠬᠦᠨ ᠤ ᠤᠢᠢᠯᠠᠭᠠᠬᠳᠠᠬᠤᠨ᠂ ᠲᠠᠷᠢᠬᠦᠨ ᠤ ᠠᠷᠭ᠎ᠠ ᠲᠤᠷᠰᠢᠯᠭ᠎ᠠ ᠪᠤᠯᠤᠨ ᠲᠠᠷᠢᠬᠦᠠ ᠤ ᠡᠵᠡᠩᠨᠡᠯᠳᠡ ᠶᠢᠨ ᠪᠠᠶᠢᠳᠠᠯ ᠢ ᠰᠤᠷᠤᠯᠴᠠᠯ᠎ᠠ᠂ ᠤᠯᠤᠯᠳᠠ ᠲᠦᠷᠦᠭᠳᠡᠯ ᠤᠪᠤᠭ᠎ᠠ ᠤᠯᠠᠨ ᠪᠠᠶᠢᠨ᠎ᠠ᠃ ᠪᠤᠴᠠᠵᠤ ᠬᠠᠷᠢᠪᠠᠯ ᠵᠠᠪᠠᠯ ᠰᠤᠷᠤᠬᠰᠠᠨ ᠮᠡᠳᠡᠯᠬᠡ ᠪᠠᠨ ᠪᠤᠳᠠᠳᠠᠢ ᠳᠤ ᠬᠡᠷᠡᠭᠵᠢᠬᠦᠯᠵᠤ᠂ ᠡᠷᠬᠢᠯᠡᠭᠰᠡᠨ ᠠᠵᠢᠯ ᠳᠠᠭᠠᠨ ᠠᠮᠵᠢᠯᠳᠠ ᠭᠠᠷᠭᠠᠨ᠎ᠠ ᠬᠡᠵᠤ ᠢᠯᠡᠳᠬᠡᠵᠡᠭᠡᠵᠤ ᠪᠠᠶᠢᠪᠠ᠃ ᠲᠤᠰ ᠤᠳᠠᠭ᠎ᠠ ᠭᠤᠤᠯᠯᠠᠨ ᠡᠷᠬᠢᠯᠡᠭᠰᠡᠨ ᠨᠢᠬᠡᠴᠢ ᠠᠴᠠ ᠰᠤᠷᠤᠯᠭᠠᠳᠠᠳ ᠤᠨ ᠪᠤᠳᠠᠳᠤ ᠪᠠᠶᠢᠳᠠᠯ ᠳᠤ ᠴᠢᠭᠯᠡᠬᠦᠯᠦᠨ᠂ ᠬᠢᠴᠢᠶᠠᠯ ᠲᠠᠶᠢᠯᠤᠮᠵᠢ ᠶᠢᠨ ᠠᠭᠤᠯᠭ᠎ᠠ ᠪᠤᠯᠤᠨ ᠪᠤᠳᠠᠳᠠᠢ ᠲᠤᠭᠤᠷᠢᠨ ᠦᠵᠡᠵᠤ ᠰᠤᠷᠤᠯᠴᠠᠬᠤ ᠠᠭᠤᠯᠭ᠎ᠠ ᠶᠢ ᠨᠠᠷᠢᠨ ᠨᠢᠬᠳᠡ ᠲᠤᠬᠢᠷᠠᠭᠤᠯᠪᠠ᠃ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠫᠷᠦᠹᠧᠰᠰᠤᠷ ᠶᠠᠩ ᠯᠢ᠂ ᠸᠠᠩ ᠵᠢᠶᠠᠨ ᠭᠦᠸᠧ᠂ ᠰᠢᠯᠢ ᠶᠢᠨ ᠭᠤᠤᠯ ᠠᠶᠢᠮᠠᠬ ᠤᠨ ᠮᠠᠯ ᠠᠵᠤ ᠠᠬᠤᠢ ᠶᠢᠨ ᠠᠵᠢᠯ ᠤᠨ ᠦᠷᠳᠡᠭᠡ ᠶᠢᠨ ᠲᠡᠬᠡᠳᠦ ᠲᠡᠰ ᠤᠨ ᠮᠠᠯ ᠠᠵᠤ ᠠᠬᠤᠢᠢᠴᠢ ᠪᠤᠤ ᠢ ᠪᠤᠯᠤᠨ ᠮᠠ ᠰᠢᠶᠠᠩ ᠳ᠋ᠦᠡᠭ ᠨᠠᠷ ︽ᠮᠠᠯ ᠠᠵᠤ ᠠᠬᠤᠢ ᠲᠠᠷᠢᠶᠠᠯᠡᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠡᠷᠳᠡᠢ ᠦᠬᠡᠷᠡᠴᠢᠯᠡᠯᠳᠡ ᠶᠢᠨ ᠶᠡᠭᠡ ᠤᠷᠴᠢᠨ ᠳᠠᠬᠢ ᠲᠠᠯ᠎ᠠ ᠨᠤᠳᠤᠭ ᠤᠨ ᠮᠠᠯ ᠠᠵᠤ ᠠᠬᠤᠢ ᠶᠢᠨ ᠬᠦᠭᠵᠢᠯᠳᠡ︾᠂ ︽ᠦᠬᠡᠷ ᠬᠤᠨᠢ ᠶᠢᠨ ᠡᠬᠦᠯᠳᠡᠷ ᠰᠤᠩᠭᠤᠵᠤ ᠡᠬᠦᠯᠳᠡᠷ ᠰᠠᠶᠢᠵᠢᠷᠠᠭᠤᠯᠬᠤ ᠮᠡᠷᠭᠡᠵᠢᠯ︾᠂ ︽ᠬᠡᠷ ᠤᠨ ᠮᠠᠯ ᠲᠡᠵᠢᠬᠡᠪᠦᠷᠢ ᠶᠢ ᠦᠷᠡᠵᠢᠬᠦᠯᠬᠦ ᠮᠡᠷᠭᠡᠵᠢᠯ︾᠂ ︽ᠰᠢᠯᠢ ᠶᠢᠨ ᠭᠤᠤᠯ ᠠᠶᠢᠮᠠᠬ ᠤᠨ ᠲᠡᠵᠢᠭᠡᠪᠦᠷᠢ ᠶᠢᠨ ᠦᠢᠯᠡᠰ ᠤᠨ ᠤᠢᠢᠷ᠎ᠠ ᠶᠢᠨ ᠪᠠᠶᠢᠳᠠᠯ ᠵᠢᠴᠢ ᠤᠷᠤᠰᠢᠵᠤ ᠪᠠᠶᠢᠭ᠎ᠠ ᠠᠰᠠᠭᠤᠳᠠᠯ︾᠂ ︽ᠨᠢᠯᠬ᠎ᠠ ᠲᠤᠭᠤᠯ ᠢ ᠡᠬᠡ ᠶᠢᠨ ᠰᠦ ᠠᠴᠠ ᠨᠢ ᠡᠷᠳᠡ ᠰᠠᠯᠭᠠᠬᠤ ᠮᠡᠷᠭᠡᠵᠢᠯ︾᠂ ︽ᠬᠡᠬᠡᠯ ᠲᠠᠢ ᠬᠤᠭᠤᠴᠠᠭ᠎ᠠ ᠪᠠ ᠬᠦᠬᠦᠬᠦᠯᠬᠦ ᠬᠤᠭᠤᠴᠠᠭᠠᠨ ᠳᠠᠬᠢ ᠰᠢᠮ᠎ᠠ ᠲᠡᠵᠢᠬᠡᠯ ᠪᠤᠯᠤᠨ ᠬᠠᠮᠢᠶᠠᠷᠤᠯᠳᠠ︾᠂ ︽ᠬᠡᠷ ᠤᠨ ᠮᠠᠯ ᠲᠠᠵᠢᠬᠡᠪᠦᠷᠢ ᠶᠢᠨ ᠬᠢᠵᠢᠭ ᠡᠪᠡᠳᠴᠢᠨ ᠢ ᠰᠡᠷᠭᠡᠶᠢᠯᠡᠬᠦ︾ ᠵᠡᠷᠭᠡ ᠬᠢᠴᠢᠶᠠᠯ ᠲᠠᠶᠢᠯᠤᠮᠵᠢ ᠨᠢ ᠪᠤᠳᠠᠳᠠᠢ ᠲᠠᠢ ᠨᠡᠶᠢᠴᠡᠨ᠂ ᠰᠤᠷᠴᠤ ᠡᠵᠡᠮᠰᠢᠬᠦ ᠳᠤ ᠲᠦᠬᠦᠮ᠂ ᠴᠢᠭᠯᠡᠯᠳᠤ ᠴᠢᠨᠠᠷ ᠢᠶᠠᠷ ᠴᠢᠩᠭ᠎ᠠ᠂ ᠬᠡᠷᠡᠭᠵᠢᠬᠦᠯᠵᠤ ᠶᠠᠪᠤᠭᠳᠠᠭᠤᠯᠬᠤ ᠳᠤ ᠬᠢᠯᠪᠠᠷ᠂ ᠦᠷ᠎ᠠ ᠪᠦᠲᠦᠮᠵᠢ ᠪᠠᠷ ᠰᠠᠶᠢᠨ ᠵᠡᠷᠭᠡ ᠤᠨᠴᠠᠯᠢᠬ ᠢᠶᠠᠷ ᠢᠶᠠᠨ ᠰᠤᠷᠤᠯᠭᠠᠳᠠᠳ ᠤᠨ ᠬᠠᠯᠠᠭᠤᠨ ᠬᠦᠷᠢᠶᠡᠯᠡᠯ ᠢ ᠤᠯᠪᠠ᠃ ᠰᠤᠷᠤᠯᠭᠠᠳᠠᠳ ᠪᠠᠰᠠ ᠰᠢᠯᠢ ᠶᠢᠨ ᠭᠤᠤᠯ ᠠᠶᠢᠮᠠᠬ ᠤᠨ ᠡᡁᠸᠡᠭ ᠱᠸᠡᠭ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠬᠢᠵᠠᠭᠠᠷᠳᠤ ᠺᠤᠮᠫᠠᠨᠢ᠂ ᠰᠢᠯᠢ ᠶᠢᠨ ᠭᠤᠤᠯ ᠠᠶᠢᠮᠠᠬ ᠤᠨ ᠬᠤᠨᠭ᠌ ᠶᠤᠸᠠᠨ ᠤᠳᠤ ᠦᠶ᠎ᠠ ᠶᠢᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ᠂ ᠰᠢᠯᠢ ᠶᠢᠨ ᠭᠤᠤᠯ ᠠᠶᠢᠮᠠᠬ ᠤᠨ ᠮᠸᠡᠭ ᡁᠢ ᠶᠤᠸᠠᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ᠂ ᠰᠢᠯᠢᠩᠬᠤᠳᠠ ᠶᠢᠨ ᡁᠢ ᠮᠦ ᠲᠡᠵᠢᠬᠡᠵᠤ ᠦᠷᠡᠵᠢᠬᠦᠯᠬᠦ ᠬᠤᠷᠰᠢᠶ᠎ᠠ᠂ ᠰᠢᠯᠢᠩᠬᠤᠳᠠ ᠶᠢᠨ ᠶᠢᠦ ᠷᠠᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠵᠡᠷᠭᠡ ᠮᠠᠯ ᠠᠵᠤ ᠠᠬᠤᠢ ᠶᠢᠨ ᠲᠠᠭᠠᠭᠤᠯᠤᠬᠴᠢ ᠠᠵᠤ ᠠᠬᠤᠢᠢᠯᠠᠯ ᠪᠤᠯᠤᠨ ᠤᠳᠤᠬᠢᠴᠢᠯᠠᠬᠰᠠᠨ ᠠᠵᠤ ᠠᠬᠤᠢᠢᠯᠠᠯ ᠢᠶᠠᠷ ᠬᠦᠷᠴᠤ᠂ ᠲᠤᠬᠠᠢ ᠶᠢᠨ ᠲᠠᠯᠠᠪᠠᠢ ᠳᠤ ᠲᠤᠭᠤᠷᠢᠨ ᠦᠵᠡᠵᠤ᠂ ᠪᠦᠲᠦᠮᠵᠢᠳᠡᠢ ᠠᠷᠭ᠎ᠠ ᠬᠢᠳᠡᠯ ᠠᠮᠵᠢᠯᠳᠠ ᠲᠠᠢ ᠲᠤᠷᠰᠢᠯᠭ᠎ᠠ ᠶᠢ ᠰᠤᠷᠤᠯᠴᠠᠨ ᠤᠢᠢᠯᠠᠭᠠᠪᠠ᠃ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠭᠦᠡᠭ ᠡᡁᠧ ᠰᠢᠶᠠᠨ ᠤ ᠮᠠᠯ ᠤᠨ ᠡᠮᠴᠢ ᠶᠢᠨ ᠦᠷᠳᠡᠭᠡ ᠶᠢᠨ ᠲᠦᠪᠡᠳ ᠦᠨᠳᠤᠰᠤᠳᠠᠨ ᠤ ᠲᠠᠷᠤᠭ᠎ᠠ ᠷᠢᠨᠴᠢᠨ ᠰᠤᠷᠪᠤᠯᠵᠢᠯᠠᠬᠴᠢ ᠳᠤ ᠬᠡᠯᠡᠬᠦ ᠳᠡᠭᠡᠨ᠄ ︽ᠦᠪᠦᠷ ᠮᠤᠩᠭᠤᠯ ᠳᠤ ᠠᠩᠬ᠎ᠠ ᠤᠳᠠᠭ᠎ᠠ ᠢᠷᠡᠮᠡᠭᠴᠡ ᠡᠶᠢᠮᠦ ᠰᠠᠶᠢᠬᠠᠨ ᠬᠢᠴᠢᠶᠠᠯ ᠤᠯᠵᠤ ᠰᠤᠷᠤᠬᠰᠠᠨ ᠮᠠᠨᠢ ᠤᠯᠳᠠᠰᠢ ᠦᠬᠡᠢ ᠵᠠᠪᠰᠢᠶᠠᠨ ᠪᠠᠶᠢᠨ᠎ᠠ᠃ ᠠᠳᠡᠬᠢ ᠮᠠᠯ ᠠᠵᠤ ᠠᠬᠤᠢ ᠶᠢᠨ ᠬᠦᠭᠵᠢᠯᠳᠡ ᠶᠢ ᠮᠠᠬᠳᠠᠵᠤ ᠪᠠᠭ᠋ᠠᠷᠤᠭᠠᠳ ᠪᠠᠷᠠᠰᠢ ᠦᠬᠡᠢ ᠰᠢᠤ᠃ ᠲᠤᠰᠬᠠᠢ ᠮᠡᠷᠭᠡᠵᠢᠯᠳᠡᠳ ᠤᠨ ᠬᠢᠴᠢᠶᠠᠯ ᠲᠠᠶᠢᠯᠤᠮᠵᠢ ᠶᠢ ᠰᠤᠨᠤᠰᠤᠭᠠᠳ ᠪᠤᠳᠠᠳᠤ ᠦᠢᠯᠡᠳᠦᠯᠬᠡ ᠲᠤᠮᠳᠠᠬᠢ ᠵᠠᠷᠢᠮ ᠬᠦᠴᠢᠷ ᠲᠦᠪᠡᠭ ᠲᠠᠢ ᠠᠰᠠᠭᠤᠳᠠᠯ ᠢ ᠰᠢᠢᠳᠪᠦᠷᠢᠯᠡᠬᠦ ᠳᠤ ᠠᠷᠭ᠎ᠠ ᠵᠠᠮ ᠢᠶᠠᠨ ᠤᠯᠤᠬᠰᠠᠨ᠃ ᠪᠤᠴᠠᠵᠤ ᠬᠠᠷᠢᠪᠠᠯ ᠦᠪᠡᠷ ᠤᠨ ᠰᠤᠷᠤᠬᠰᠠᠨ ᠮᠡᠳᠡᠯᠬᠡ ᠮᠡᠷᠭᠡᠵᠢᠯ ᠢᠶᠠᠨ ᠪᠤᠳᠠᠳᠠᠢ ᠲᠠᠢ ᠤᠶᠠᠯᠳᠤᠭᠤᠯᠤᠨ ᠬᠢᠵᠤ ᠨᠡᠩ ᠶᠡᠭᠡ ᠦᠷ᠎ᠠ ᠪᠦᠲᠦᠮᠵᠢ ᠤᠯᠬᠤ ᠳᠤ ᠪᠦᠷᠢᠨ ᠢᠳᠡᠬᠡᠯ ᠲᠠᠢ ᠪᠠᠶᠢᠨ᠎ᠠ︾ ᠬᠡᠪᠡ᠃      ᠲᠤᠰ ᠤᠳᠠᠭ᠎ᠠ ᠶᠢᠨ ᠪᠤᠯᠪᠠᠰᠤᠷᠠᠯ ᠢ ᠲᠠᠭᠠᠭᠠᠴᠢᠯᠠᠨ ᠡᠷᠬᠢᠯᠡᠭᠰᠡᠨ ᠨᠢᠬᠡᠴᠢ ᠪᠤᠯᠬᠤ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢ ᠠᠬᠤᠢ ᠬᠢᠬᠡᠳ ᠤᠷᠴᠢᠨ ᠲᠤᠭᠤᠷᠢᠨ ᠤ ᠲᠡᠬᠡᠳᠦ ᠰᠤᠷᠭᠠᠭᠤᠯᠢ ᠴᠤ ᠡᠨᠡ ᠤᠳᠠᠭ᠎ᠠ ᠶᠢᠨ ᠪᠤᠯᠪᠠᠰᠤᠷᠠᠯ ᠤᠨ ᠠᠩᠬᠢ ᠶᠢ ᠲᠡᠬᠡᠳᠦ ᠬᠡᠮᠵᠢᠶ᠎ᠠ ᠪᠠᠷ ᠴᠢᠬᠤᠯᠠᠴᠢᠯᠠᠨ ᠦᠵᠡᠵᠤ᠂ ᠪᠤᠶᠠᠨᠳᠤᠬᠳᠠᠬᠤ ᠫᠷᠦᠹᠧᠰᠰᠤᠷ ᠪᠦᠬᠦ ᠶᠠᠪᠤᠴᠠ ᠳᠤ ᠪᠡᠶ᠎ᠠ ᠪᠠᠷ ᠢᠶᠠᠨ ᠵᠢᠯᠤᠭᠤᠳᠤᠨ ᠲᠠᠭᠠᠭᠤᠯᠵᠤ᠂ ᠪᠠᠰᠠ 4 ᠰᠤᠷᠤᠬᠴᠢ ᠪᠠᠨ ᠲᠤᠮᠢᠯᠠᠵᠤ᠂ ᠲᠤᠰᠬᠠᠢ ᠦᠢᠯᠡᠴᠢᠯᠡᠭᠡ ᠬᠠᠨᠭ᠍ᠭᠠᠬᠰᠠᠨ ᠪᠦᠬᠡᠳ ᠵᠤᠬᠢᠶᠠᠨ ᠪᠠᠶᠢᠭᠤᠯᠤᠬᠰᠠᠨ ᠨᠢ ᠡᠮᠬᠢ ᠴᠡᠭᠴᠡᠳᠡᠢ᠂ ᠲᠤᠬᠢᠷᠠᠭᠤᠯᠭ᠎ᠠ ᠨᠢ ᠵᠦᠢ ᠵᠤᠬᠢᠰᠳᠠᠢ᠂ ᠦᠢᠯᠡᠴᠢᠯᠡᠭᠡ ᠨᠢ ᠬᠦᠢᠴᠡᠳ ᠲᠡᠬᠦᠯᠳᠡᠷ ᠪᠤᠯᠵᠤ ᠴᠢᠳᠠᠪᠠ᠃      17᠎ ᠤ ᠦᠳᠡ ᠶᠢᠨ ᠬᠤᠶᠢᠨ᠎ᠠ ᠪᠤᠯᠪᠠᠰᠤᠷᠠᠯ ᠤᠨ ᠠᠩᠬᠢ ᠶᠢᠨ ᠰᠤᠷᠤᠯᠭᠠᠳᠠᠳ ᠰᠢᠯᠢᠩᠬᠤᠳᠠ ᠶᠢᠨ ᠡᡁᠸᠡᠭ ᠱᠸᠡᠭ ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢᠨ ᠬᠢᠵᠠᠭᠠᠷᠳᠤ ᠺᠤᠮᠫᠠᠨᠢ ᠪᠤᠯᠤᠨ ᠰᠢᠯᠢ ᠶᠢᠨ ᠭᠤᠤᠯ ᠠᠶᠢᠮᠠᠬ ᠤᠨ ᠬᠤᠨᠭ᠌ ᠶᠤᠸᠠᠨ ᠤᠳᠤ ᠦᠶ᠎ᠠ ᠶᠢᠨ ᠮᠠᠯ ᠠᠵᠤ ᠠᠬᠤᠢ ᠶᠢᠨ ᠬᠢᠵᠠᠭᠠᠷᠳᠤ  ᠺᠤᠮᠫᠠᠨᠢ ᠳᠤ ᠬᠦᠷᠴᠤ  ᠲᠤᠭᠤᠷᠢᠨ ᠦᠵᠡᠵᠦ ᠰᠤᠷᠤᠯᠴᠠᠪᠠ᠃ ᠰᠢᠯᠢ ᠶᠢᠨ ᠭᠤᠤᠯ ᠠᠶᠢᠮᠠᠬ ᠤᠨ ᠡᡁᠸᠡᠭ ᠱᠸᠡᠭ  ᠲᠠᠷᠢᠶᠠᠯᠠᠩ ᠮᠠᠯ  ᠠᠵᠤ ᠠᠬᠤᠢ ᠶᠢᠨ  ᠬᠦᠭᠵᠢᠯᠳᠡ ᠶᠢᠨ  ᠬᠢᠵᠠᠭᠠᠷᠳᠤ  ᠺᠤᠮᠫᠠᠨᠢ ᠨᠢ ᠦᠬᠡᠷ  ᠬᠤᠨᠢ  ᠪᠤᠷᠳᠤᠵᠤ  ᠲᠡᠵᠢᠬᠡᠬᠦ  ᠪᠠᠷ  ᠭᠤᠤᠯ  ᠪᠤᠯᠭᠠᠨ ᠂  ᠵᠢᠯ ᠳᠤ 3 ᠲᠦᠮᠡᠨ ᠲᠤᠯᠤᠭᠠᠢ ᠬᠤᠨᠢ᠂ 1000 ᠲᠤᠯᠤᠭᠠᠢ ᠦᠬᠡᠷ ᠭᠠᠷᠭᠠᠵᠤ᠂ ᠵᠢᠯ ᠳᠤ 300 ᠲᠦᠮᠡᠨ ᠲᠦᠬᠦᠷᠢᠭ ᠤᠨ ᠠᠰᠢᠬ ᠤᠷᠤᠯᠭ᠎ᠠ ᠤᠯᠵᠤ᠂ ᠦᠬᠡᠷ ᠬᠤᠨᠢ ᠪᠠᠨ ᠪᠦᠬᠦ ᠤᠯᠤᠰ ᠤᠨ ᠡᠯ᠎ᠠ ᠭᠠᠵᠠᠷ ᠲᠤ ᠪᠤᠷᠤᠯᠠᠭᠤᠯᠵᠤ ᠪᠠᠶᠢᠨ᠎ᠠ᠃ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠮᠠᠯ ᠡᠮᠨᠡᠯᠬᠡ ᠶᠢᠨ ᠦᠷᠳᠡᠭᠡ ᠶᠢᠨ ᠲᠦᠪᠡᠳ ᠦᠨᠳᠤᠰᠤᠳᠠᠨ ᠤ ᠲᠡᠬᠡᠳᠦ ᠲᠡᠰ ᠤᠨ ᠮᠠᠯ ᠤᠨ ᠡᠮᠴᠢ ᠽᠠᠷᠡᠨᠳᠡᠢ ᠤᠯᠤᠯᠳᠠ ᠲᠦᠷᠦᠭᠳᠡᠯ ᠢᠶᠠᠨ ᠰᠤᠷᠪᠤᠯᠵᠢᠯᠠᠭᠴᠢ ᠳᠤ ᠶᠠᠷᠢᠬᠤ ᠳᠠᠭᠠᠨ᠄ 7 ᠡᠳᠦᠷ ᠤᠨ ᠬᠤᠭᠤᠴᠠᠭ᠎ᠠ ᠲᠠᠢ ᠮᠠᠯ ᠠᠵᠤ ᠠᠬᠤᠢ ᠲᠠᠷᠢᠶᠠᠯᠠᠩ ᠤᠨ ᠮᠡᠳᠡᠯᠬᠡ ᠶᠢᠨ ᠪᠤᠯᠪᠠᠰᠤᠷᠠᠯ ᠪᠠ ᠲᠤᠬᠠᠢ ᠶᠢᠨ ᠪᠤᠳᠠᠳᠤ ᠭᠠᠵᠠᠷ ᠲᠤᠨᠢ ᠰᠢᠨᠵᠢᠯᠠᠨ ᠪᠠᠶᠢᠴᠠᠭᠠᠵᠤ ᠰᠤᠷᠤᠯᠴᠠᠬᠤ ᠪᠠᠷ ᠲᠠᠮᠵᠢᠨ᠂ ᠰᠢᠨᠵᠢᠯᠡᠬᠦ ᠤᠬᠠᠭᠠᠨᠴᠢ ᠪᠠᠷ ᠲᠡᠵᠢᠬᠡᠵᠤ ᠦᠷᠡᠵᠢᠬᠦᠯᠬᠦ᠂ ᠬᠡᠪᠴᠢᠶᠠᠵᠢᠬᠦᠯᠦᠨ ᠡᠵᠡᠩᠨᠡᠬᠦ ᠪᠤᠯ ᠤᠳᠤᠬᠢᠴᠢᠯᠠᠬᠰᠠᠨ ᠮᠠᠯ ᠠᠵᠤ ᠠᠬᠤᠢ ᠲᠠᠷᠢᠶᠠᠯᠠᠩ ᠤᠨ ᠵᠠᠪᠠᠯ ᠶᠠᠪᠤᠬᠤ ᠵᠠᠮ ᠮᠦᠨ ᠬᠡᠳᠡᠭ ᠢ ᠤᠯᠠᠮ ᠬᠦᠨᠵᠡᠬᠡᠢ ᠤᠬᠠᠵᠤ ᠮᠡᠳᠡᠪᠠ᠂ ᠪᠡᠯᠴᠢᠬᠡᠷ ᠤᠨ ᠲᠠᠭᠠᠭᠠᠴᠡ ᠠᠴᠠ ᠬᠡᠳᠦᠷᠡᠳᠡᠯ᠎ᠠ ᠮᠠᠯᠵᠢᠬᠤ ᠨᠢ ᠦᠷᠬᠦᠯᠵᠢᠯᠡᠨ ᠬᠦᠭᠵᠢᠬᠦ ᠳᠤ ᠠᠰᠢᠬ ᠦᠬᠡᠢ ᠬᠡᠳᠡᠭ ᠢ ᠪᠤᠳᠠᠳᠤ ᠶᠠᠪᠤᠳᠠᠯ ᠬᠡᠷᠡᠴᠢᠯᠡᠵᠤ ᠪᠠᠶᠢᠨ᠎ᠠ᠃ ᠤᠳᠤᠬᠢᠴᠢᠯᠠᠬᠰᠠᠨ ᠮᠠᠯ ᠠᠵᠤ ᠠᠬᠤᠢ ᠲᠠᠷᠢᠶᠠᠯᠠᠩ ᠢ ᠬᠦᠭᠵᠢᠬᠦᠯᠬᠦ ᠳᠤ ᠠᠵᠤ ᠠᠬᠤᠢ ᠶᠢᠨ ᠲᠠᠩᠰᠠ ᠶᠢ ᠨᠠᠷᠢᠨ ᠪᠤᠳᠤᠬᠤ ᠬᠡᠷᠡᠭᠳᠡᠢ ᠪᠦᠬᠡᠳ ᠪᠠᠰᠠ ᠤᠷᠴᠢᠨ ᠲᠤᠭᠤᠷᠢᠨ ᠠᠮᠢ ᠠᠬᠤᠢ ᠶᠢᠨ ᠲᠠᠩᠰᠠ ᠶᠢ ᠴᠤ ᠨᠠᠷᠢᠨ ᠲᠤᠳᠤ ᠪᠤᠳᠤᠬᠤ ᠬᠡᠷᠡᠭᠳᠡᠢ ᠪᠠᠶᠢᠨ᠎ᠠ᠃ ᠦᠪᠦᠷ ᠮᠤᠩᠭᠤᠯ ᠨᠢ ᠲᠤᠬᠠᠢ ᠶᠢᠨ ᠭᠠᠵᠠᠷ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠬᠠᠨᠭ᠍ᠭᠠᠯᠭ᠎ᠠ ᠬᠡᠷᠡᠭᠴᠡᠭᠡ ᠶᠢᠨ ᠵᠦᠷᠢᠴᠡᠯ ᠢ ᠬᠦᠨᠵᠡᠬᠡᠢ ᠰᠢᠢᠳᠪᠦᠷᠢᠯᠡᠬᠦ ᠶᠢᠨ ᠲᠦᠯᠦᠬᠡ᠂ ᠪᠡᠯᠴᠢᠬᠡᠷᠯᠡᠬᠦᠯᠬᠦ ᠶᠢ ᠵᠤᠬᠰᠤᠭᠠᠬᠤ᠂ ᠪᠡᠯᠴᠢᠬᠡᠷ ᠢ ᠠᠮᠠᠷᠠᠭᠤᠯᠬᠤ᠂ ᠰᠡᠯᠬᠦᠨ ᠮᠠᠯᠵᠢᠬᠤ᠂ ᠮᠠᠯ ᠪᠡᠯᠴᠢᠬᠡᠷ ᠤᠨ ᠲᠡᠩᠴᠡᠬᠦᠷᠢ ᠶᠢ ᠪᠠᠳᠤᠯᠠᠬᠤ᠂ ᠲᠠᠯ᠎ᠠ ᠨᠤᠳᠤᠭ ᠤᠨ ᠠᠮᠢ ᠠᠬᠤᠢ ᠶᠢ ᠬᠠᠮᠠᠭᠠᠯᠠᠬᠤ ᠱᠠᠩᠨᠠᠯ ᠤᠨ ᠨᠦᠬᠦᠪᠦᠷᠢ ᠦᠭᠬᠦ ᠲᠦᠷᠦ ᠶᠢᠨ ᠪᠤᠳᠤᠯᠭ᠎ᠠ ᠵᠡᠷᠭᠡ ᠠᠯᠢ ᠤᠯᠠᠨ ᠪᠦᠲᠦᠮᠵᠢᠳᠡᠢ ᠠᠷᠭ᠎ᠠ ᠪᠠᠷᠢᠯ ᠠᠪᠬᠤ ᠪᠠᠷ ᠲᠠᠮᠵᠢᠨ᠂ ᠮᠠᠯ ᠠᠵᠤ ᠠᠬᠤᠢ ᠲᠠᠷᠢᠶᠠᠯᠠᠩ ᠢ ᠲᠠᠶᠢᠴᠢᠯᠠᠨ᠂ ︽ᠴᠢᠨᠡᠷ ᠴᠢᠨᠰᠠᠭ᠎ᠠ ᠶᠢ ᠲᠡᠭᠡᠭᠰᠢᠯᠡᠬᠦᠯᠦᠨ᠂ ᠦᠷ᠎ᠠ ᠠᠰᠢᠬ ᠢ ᠨᠡᠮᠡᠭᠳᠡᠬᠦᠯᠬᠦ︾ ᠰᠢᠨ᠎ᠠ ᠬᠡᠯᠪᠡᠷᠢ ᠶᠢᠨ ᠬᠦᠭᠵᠢᠯᠳᠡ ᠶᠢᠨ ᠵᠠᠬᠪᠤᠷ ᠢ ᠬᠡᠷᠡᠭᠵᠢᠬᠦᠯᠵᠤ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠦᠭᠰᠡᠨ ᠠᠮᠵᠢᠯᠳᠠ ᠲᠠᠢ ᠠᠷᠭ᠎ᠠ ᠬᠢᠳᠡᠯ ᠨᠢ ᠪᠢᠳᠡᠨ ᠳᠤ ᠦᠯᠡᠮᠵᠢ ᠤᠯᠠᠨ ᠠᠷᠭ᠎ᠠ ᠲᠤᠷᠰᠢᠯᠭ᠎ᠠ ᠬᠠᠨᠭ᠍ᠭᠠᠵᠤ ᠦᠭᠬᠦᠭᠰᠡᠨ ᠪᠦᠬᠡᠳ ᠮᠠᠨ ᠤ ᠠᠵᠢᠯ ᠳᠤ ᠮᠠᠰᠢ ᠰᠠᠶᠢᠨ ᠵᠢᠯᠤᠭᠤᠳᠤᠯᠭ᠎ᠠ ᠪᠤᠯᠵᠠᠢ ᠬᠡᠪᠡ᠃
            ᠰᠢᠯᠢᠩᠬᠤᠳᠠ ᠶᠢᠨ ᠶᠢᠤ ᠷᠠᠨ ᠮᠠᠯ ᠠᠵᠦ ᠠᠬᠤᠢ ᠶᠢᠨ ᠬᠢᠵᠠᠭᠠᠷᠳᠦ ᠺᠤᠮᠫᠠᠨᠢ ᠶᠢᠨ ᠶᠢᠤ ᠷᠠᠨ ᠮᠠᠯ ᠠᠵᠦ ᠠᠬᠤᠢ ᠶᠢᠨ ᠬᠤᠶᠠᠳᠤᠭᠠᠷ ᠮᠠᠯᠵᠢᠯ ᠤᠨ ᠳᠠᠯᠠᠪᠠᠢ ᠳᠤ ᠬᠦᠷᠴᠤ ᠳᠤᠭᠤᠷᠢᠨ ᠦᠵᠡᠵᠦ ᠰᠤᠷᠤᠯᠴᠠᠵᠦ ᠪᠠᠶᠢᠭ᠎ᠠ ᠨᠢ᠃      ᠰᠢᠯᠢᠩᠬᠤᠳᠠ ᠶᠢᠨ ᠶᠢᠦ ᠷᠠᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠨᠢ ᠬᠠᠷᠢᠶᠠᠨ ᠳᠠᠭᠠᠨ 2 ᠮᠠᠯᠵᠢᠯ ᠤᠨ ᠲᠠᠯᠠᠪᠠᠢ ᠲᠠᠢ᠃ ᠪᠤᠯᠪᠠᠰᠤᠷᠠᠯ ᠳᠤ ᠤᠷᠤᠯᠴᠠᠬᠰᠠᠨ ᠰᠤᠷᠤᠯᠭᠠᠳᠠᠳ ᠲᠡᠭᠦᠨ ᠤ ᠲᠤᠳᠤᠷᠠᠬᠢ ᠨᠢᠭᠡ ᠪᠤᠯᠬᠤ ᠶᠢᠦ ᠷᠠᠨ ᠮᠠᠯ ᠠᠵᠤ ᠠᠬᠤᠢ ᠶᠢᠨ ᠬᠤᠶᠠᠳᠤᠭᠠᠷ ᠮᠠᠯᠵᠢᠯ ᠤᠨ ᠲᠠᠯᠠᠪᠠᠢ ᠳᠤ ᠬᠦᠷᠴᠦ᠂ ᠲᠤᠭᠤᠷᠢᠨ ᠦᠵᠡᠵᠦ ᠰᠤᠷᠤᠯᠴᠠᠵᠤ ᠰᠢᠨᠵᠢᠯᠡᠨ ᠪᠠᠶᠢᠴᠠᠭᠠᠪᠠ᠃ ᠲᠤᠰ ᠮᠠᠯᠵᠢᠯ ᠤᠨ ᠲᠠᠯᠠᠪᠠᠢ ᠶᠢᠨ ᠪᠦᠳᠦᠭᠡᠨ ᠪᠠᠶᠢᠭᠤᠯᠤᠯᠳᠠ ᠶᠢᠨ ᠬᠡᠪᠴᠢᠶ᠎ᠡ ᠨᠢ 1200 ᠮᠦ ᠭᠠᠵᠠᠷ ᠡᠵᠡᠯᠡᠵᠦ᠂ ᠬᠠᠰᠢᠶᠠᠯᠠᠵᠤ ᠲᠡᠵᠢᠭᠡᠵᠦ ᠪᠠᠶᠢᠭ᠎ᠠ ᠰᠠᠭᠠᠯᠢ ᠶᠢᠨ ᠦᠨᠢᠶ᠎ᠡ ᠨᠢ 5000 ᠲᠤᠯᠤᠭᠠᠢ ᠳᠤ ᠬᠦᠷᠴᠦ᠂ ᠶᠡᠷᠦᠩᠬᠡᠢ ᠪᠡᠯᠡ ᠤᠷᠤᠭᠤᠯᠤᠯᠳᠠ ᠨᠢ 1.66 ᠳ᠋ᠦᠩᠰᠢᠭᠤᠷ ᠲᠦᠭᠦᠷᠢᠭ ᠲᠤ ᠬᠦᠷᠴᠦ᠂ 2018 ᠤᠨ ᠤ ᠮᠡᠷᠭᠡᠵᠢᠯ ᠤᠨ ᠰᠢᠨᠡᠴᠢᠯᠡᠯᠳᠡ ᠶᠢᠨ ᠲᠦᠷᠦᠯ ᠵᠦᠢᠯ ᠤᠨ ᠪᠡᠯᠡ ᠤᠷᠤᠭᠤᠯᠤᠯᠳᠠ ᠨᠢ 800 ᠲᠦᠮᠡᠨ ᠲᠦᠭᠦᠷᠢᠭ ᠲᠤ ᠬᠦᠷᠴᠡᠢ᠃ ᠲᠦᠷᠦᠯ ᠵᠦᠢᠯ ᠨᠢ 2017 ᠤᠨ ᠤ 9 ᠰᠠᠷ᠎ᠡ ᠠᠴᠠ ᠤᠳᠤ ᠪᠤᠯᠳᠠᠯ᠎ᠠ ᠵᠧᠷᠰᠸᠢ ᠦᠨᠢᠶ᠎ᠡ ᠶᠢ 3500 ᠲᠤᠯᠤᠭᠠᠢ ᠤᠷᠤᠭᠤᠯᠤᠨ ᠠᠪᠴᠢᠷᠠᠵᠠᠢ ᠭᠡᠵᠦ ᠲᠤᠰ ᠮᠠᠯᠵᠢᠯ ᠤᠨ ᠲᠠᠯᠠᠪᠠᠢ ᠶᠢᠨ ᠬᠠᠷᠢᠭᠤᠴᠠᠯᠭᠠᠳᠠᠨ ᠠᠴᠠ ᠰᠤᠷᠤᠯᠭᠠᠳᠠᠳ ᠲᠤ ᠲᠠᠨᠢᠯᠴᠠᠭᠤᠯᠵᠤ ᠭᠠᠷᠤᠯ᠎ᠠ᠃ ᠲᠠᠨᠢᠯᠴᠠᠭᠤᠯᠤᠭᠰᠠᠨ ᠢ ᠦᠨᠳᠦᠰᠦᠯᠡᠪᠡᠯ᠂ ᠵᠧᠷᠰᠸᠢ ᠦᠨᠢᠶ᠎ᠡ ᠨᠢ ᠠᠩᠭ᠍ᠯᠢ ᠬᠤᠭᠤᠯᠠᠢ ᠶᠢᠨ ᠵᠧᠷᠰᠸᠢ ᠠᠷᠠᠯ ᠠᠴᠠ ᠭᠠᠷᠤᠯ ᠲᠠᠢ᠃ ᠵᠧᠷᠰᠸᠢ ᠦᠨᠢᠶ᠎ᠡ ᠶᠢᠨ ᠦᠭᠡᠭᠦᠨ ᠤ ᠤᠭᠤᠷᠠᠭ ᠤᠨ ᠬᠡᠮᠵᠢᠶ᠎ᠡ ᠨᠢ ᠦᠨᠳᠦᠷ᠂ ᠰᠦ ᠶᠢᠨ ᠶᠠᠰᠤ ᠴᠢᠨᠠᠷ ᠨᠢ ᠤᠬᠢ ᠰᠠᠶᠢᠨ ᠪᠦᠭᠡᠳ ᠦᠨ᠎ᠡ ᠬᠠᠩᠰᠢ ᠨᠢ ᠦᠨᠳᠦᠷ ᠪᠠᠶᠢᠵᠤ᠂ ᠰᠠᠭᠠᠯᠢ ᠶᠢᠨ ᠦᠨᠢᠶ᠎ᠡ ᠶᠢᠨ ᠨᠡᠷᠡᠳᠦ ᠲᠦᠷᠦᠯ ᠲᠡᠮᠳᠡᠭ ᠪᠤᠯᠤᠨ᠎ᠠ᠃ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠨᠠᠮ ᠤᠨ ᠬᠤᠷᠢᠶ᠎ᠠ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠤᠳᠤᠷᠢᠳᠬᠤ ᠠᠯᠪᠠᠨ ᠬᠡᠷ ᠤᠨ ᠮᠠᠯ ᠠᠵᠤ ᠠᠬᠤᠢ ᠲᠠᠷᠢᠶᠠᠯᠠᠩ ᠤᠨ ᠰᠠᠯᠠᠭ᠎ᠠ ᠶᠢᠨ ᠲᠦᠪᠡᠳ ᠦᠨᠳᠤᠰᠤᠳᠠᠨ ᠤ ᠰᠠᠯᠠᠭᠠᠨ ᠲᠠᠷᠤᠭ᠎ᠠ ᠵᠧ ᠸᠧᠨ ᠶᠤᠸᠠᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠄ ︽ᠰᠢᠯᠢ ᠶᠢᠨ ᠭᠤᠤᠯ ᠠᠶᠢᠮᠠᠬ ᠤᠨ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠡ ᠶᠢᠨ ᠡᠬᠢᠯᠡᠯᠳᠡ ᠨᠢ ᠡᠷᠳᠡ᠂ ᠮᠠᠯᠴᠢᠳ ᠤᠨ ᠠᠮᠢ ᠠᠬᠤᠢ ᠪᠠᠨ ᠬᠠᠮᠠᠭᠠᠯᠠᠬᠤ ᠤᠬᠠᠮᠰᠠᠷ ᠴᠢᠩᠭ᠎ᠠ᠂ ᠲᠡᠳᠡ ᠤᠬᠠᠮᠰᠠᠷ ᠠᠴᠠ ᠪᠠᠨ ᠮᠠᠯ ᠲᠡᠵᠢᠬᠡᠪᠦᠷᠢ ᠶᠢᠨ ᠲᠤᠭ᠎ᠠ ᠶᠢ ᠪᠠᠭᠠᠰᠬᠠᠵᠤ ᠴᠢᠨᠠᠷ ᠢ ᠲᠡᠭᠡᠭᠰᠢᠯᠡᠬᠦᠯᠦᠨ᠂ ᠪᠡᠯᠴᠢᠬᠡᠷ ᠡᠪᠡᠰᠦ ᠶᠢᠨ ᠰᠠᠶᠢᠵᠢᠷᠠᠯᠳᠠ ᠪᠠ ᠨᠤᠳᠤᠭ ᠪᠡᠯᠴᠢᠬᠡᠷ ᠢ ᠬᠠᠮᠠᠭᠠᠯᠠᠬᠤ ᠳᠤ ᠴᠢᠬᠤᠯᠠ ᠦᠢᠯᠡᠳᠦᠯ ᠦᠵᠡᠬᠦᠯᠪᠡ᠃ ᠠᠳᠡᠬᠢ ᠲᠡᠵᠢᠬᠡᠵᠤ ᠦᠷᠡᠵᠢᠬᠦᠯᠬᠦ ᠦᠢᠯᠡᠰ ᠤᠨ ᠤᠳᠤᠬᠢᠴᠢᠯᠠᠬᠰᠠᠨ ᠬᠢᠷᠢ ᠲᠦᠪᠰᠢᠨ ᠦᠨᠳᠤᠷ᠂ ᠲᠡᠵᠢᠬᠡᠵᠤ ᠦᠷᠡᠵᠢᠬᠦᠯᠬᠦ ᠡᠷᠦᠬᠡ ᠪᠤᠯᠤᠨ ᠲᠡᠵᠢᠬᠡᠵᠤ ᠦᠷᠡᠵᠢᠬᠦᠯᠬᠦ ᠠᠵᠤ ᠠᠬᠤᠢᠢᠯᠠᠯ ᠤᠨ ᠤᠷᠤᠭᠤᠯᠤᠯᠳᠠ ᠶᠡᠭᠡ ᠪᠠᠶᠢᠵᠤ᠂ ᠵᠠᠷᠢᠮ ᠲᠡᠵᠢᠬᠡᠵᠤ ᠦᠷᠡᠵᠢᠬᠦᠯᠬᠦ ᠡᠷᠦᠬᠡ ᠨᠢ ᠵᠠᠰᠠᠭ ᠤᠨ ᠤᠷᠳᠤᠨ ᠤ ᠲᠡᠮᠵᠢᠯᠬᠡ ᠶᠢ ᠬᠦᠷᠳᠡᠭᠰᠡᠨ ᠦᠬᠡᠢ ᠪᠠᠶᠢᠳᠠᠯ ᠲᠤᠤᠷ᠎ᠠ ᠦᠨᠳᠤᠷ ᠡᠬᠢᠯᠡᠯᠳᠡ ᠠᠴᠠ ᠤᠬᠠᠭᠠᠯᠠᠨ ᠲᠦᠰᠦᠪᠯᠡᠵᠤ᠂ ᠦᠷᠬᠡᠨ ᠬᠡᠪᠴᠢᠶ᠎ᠠ ᠪᠠᠷ ᠪᠦᠲᠦᠬᠡᠨ ᠪᠠᠶᠢᠭᠤᠯᠵᠤ᠂ ᠬᠤᠷᠰᠢᠶᠠᠵᠢᠯᠳᠡ ᠶᠢᠨ ᠮᠠᠶ᠋ᠢᠬ ᠢᠶᠠᠷ ᠬᠦᠭᠵᠢᠬᠦᠯᠦᠨ᠂ ᠤᠳᠤᠬᠢᠴᠢᠯᠠᠯᠳᠠ ᠶᠢᠨ ᠠᠷᠭ᠎ᠠ ᠪᠠᠷ ᠦᠢᠯᠡᠳᠪᠦᠷᠢᠯᠡᠵᠤ᠂ ᠦᠨᠡᠨ ᠰᠡᠳᠬᠢᠯ ᠭᠠᠭᠴᠠ ᠵᠤᠷᠢᠬ ᠢᠶᠠᠷ ᠮᠠᠯᠴᠢᠳ ᠤᠨ ᠲᠠᠭᠠᠭᠤᠯᠤᠬᠴᠢ ᠠᠵᠤ ᠠᠬᠤᠢᠢᠯᠠᠯ ᠪᠤᠯᠤᠬᠰᠠᠨ ᠪᠠᠶᠢᠨ᠎ᠠ᠃ ᠲᠡᠬᠡᠳᠦ ᠬᠢᠷᠢ ᠲᠦᠪᠰᠢᠨ ᠪᠦᠬᠦᠢ ᠲᠡᠵᠢᠬᠡᠵᠤ ᠦᠷᠡᠵᠢᠬᠦᠯᠬᠦ ᠶᠢ ᠴᠢᠬᠤᠯᠠᠴᠢᠯᠠᠨ᠂ ᠲᠡᠵᠢᠬᠡᠵᠤ ᠦᠷᠡᠵᠢᠬᠦᠯᠬᠦ ᠡᠬᠦᠯᠳᠡᠷ ᠢ ᠰᠤᠩᠭᠤᠵᠤ ᠪᠤᠶᠢᠵᠢᠭᠤᠯᠬᠤ ᠠᠴᠠ ᠭᠠᠷᠳᠠᠨ᠂ ᠶᠠᠫᠤᠨ ᠤ ᠡᡁᠧ ᠨᠢᠦ ᠦᠨᠢᠶ᠎ᠡ᠂ ᠠᠩᠭ᠍ᠯᠢ ᠬᠤᠭᠤᠯᠠᠢ ᠶᠢᠨ ᠵᠧᠷᠰᠸᠢ ᠦᠨᠢᠶ᠎ᠡ ᠵᠡᠷᠭᠡ ᠡᠬᠦᠯᠳᠡᠷ ᠢ ᠤᠷᠤᠭᠤᠯᠤᠨ ᠠᠪᠴᠢᠷᠠᠵᠤ᠂ ᠰᠢᠨᠵᠢᠯᠡᠬᠦ ᠤᠬᠠᠭᠠᠨᠴᠢ ᠪᠠᠷ ᠲᠡᠵᠢᠬᠡᠵᠤ ᠦᠷᠡᠵᠢᠬᠦᠯᠦᠨ᠂ ᠬᠠᠰᠢᠶᠠᠯᠠᠨ ᠲᠡᠵᠢᠬᠡᠬᠦ ᠪᠠ ᠰᠤᠯᠠ ᠪᠡᠯᠴᠢᠬᠡᠷᠯᠡᠬᠦᠯᠬᠦ ᠶᠢ ᠤᠶᠠᠯᠳᠤᠭᠤᠯᠤᠬᠰᠠᠨ ᠬᠠᠭᠠᠰ ᠬᠠᠰᠢᠶᠠᠯᠠᠨ ᠲᠡᠵᠢᠬᠡᠬᠦ ᠠᠷᠭ᠎ᠠ ᠵᠢᠴᠢ ᠰᠢᠨᠵᠢᠯᠡᠬᠦ ᠤᠬᠠᠭᠠᠨᠴᠢ ᠪᠠᠷ ᠨᠠᠶᠢᠷᠡᠭᠤᠯᠤᠬᠰᠠᠨ ᠲᠡᠵᠢᠬᠡᠯ ᠪᠤᠷᠳᠤᠭ᠎ᠠ ᠪᠠᠷ ᠲᠡᠵᠢᠬᠡᠵᠤ᠂ ᠮᠢᠬᠠᠨ ᠤ ᠴᠢᠨᠠᠷ ᠢ ᠪᠠᠳᠤᠯᠠᠬᠰᠠᠨ ᠪᠦᠬᠡᠳ ᠪᠠᠰᠠ ᠺᠧᠲ᠋ᠤᠨ ᠪᠡᠶ᠎ᠠ ᠶᠢ ᠲᠦᠷᠦᠯ ᠬᠤᠪᠢᠶᠠᠨ ᠡᠳ᠋ᠰᠢᠬᠦᠯᠦᠨ ᠪᠤᠯᠪᠠᠰᠤᠷᠠᠭᠤᠯᠵᠤ᠂ ᠪᠦᠲᠦᠭᠡᠭᠳᠡᠬᠦᠨ ᠤ ᠨᠡᠮᠡᠯᠳᠡ ᠦᠷᠳᠡᠭ ᠢ ᠶᠡᠬᠡᠪᠡᠷ ᠲᠡᠭᠡᠭᠰᠢᠯᠡᠬᠦᠯᠵᠤ᠂ ᠲᠡᠵᠢᠬᠡᠵᠤ ᠦᠷᠡᠵᠢᠬᠦᠯᠬᠦ ᠦᠢᠯᠡᠰ ᠨᠢ ᠵᠤᠬᠢᠶᠠᠨ ᠪᠠᠶᠢᠭᠤᠯᠤᠯᠳᠠ ᠲᠠᠢ᠂ ᠰᠢᠨᠵᠢᠯᠡᠬᠦ ᠤᠬᠠᠭᠠᠨᠴᠢ᠂ ᠤᠳᠤᠬᠢᠴᠢᠯᠠᠬᠰᠠᠨ ᠲᠡᠬᠡᠳᠦ ᠬᠢᠷᠢ ᠲᠦᠪᠰᠢᠨ ᠪᠦᠬᠦᠢ ᠵᠠᠮ ᠢᠶᠠᠷ ᠵᠠᠮᠨᠠᠵᠤ ᠴᠢᠳᠠᠬᠰᠠᠨ ᠪᠠᠶᠢᠨ᠎ᠠ᠃ ᠡᠬᠦᠨ ᠳᠤ ᠠᠵᠢᠯᠯᠠᠭᠠᠨ ᠤ ᠵᠠᠬᠪᠤᠷ ᠪᠤᠯᠤᠨ ᠬᠠᠮᠢᠶᠠᠷᠤᠯᠳᠠ ᠶᠢᠨ ᠵᠠᠬᠪᠤᠷ ᠨᠢ ᠠᠳᠠᠯᠢ ᠪᠤᠰᠤ ᠪᠠᠶᠢᠵᠤ᠂ ᠠᠮᠢᠳᠤᠯᠢᠬ ᠪᠦᠬᠡᠳ ᠰᠢᠨᠵᠢᠯᠡᠬᠦ ᠤᠬᠠᠭᠠᠨᠴᠢ ᠪᠤᠯᠵᠤ ᠴᠢᠳᠠᠵᠠᠢ᠂ ᠺᠤᠮᠫᠠᠨᠢ ᠪᠤᠯᠤᠨ ᠬᠤᠷᠰᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠴᠦᠨ ᠴᠢᠩᠭ᠎ᠠ ᠪᠠᠶᠢᠳᠠᠬ᠃ ᠲᠠᠬᠢᠭᠠᠳ ᠬᠡᠯᠡᠪᠡᠯ ᠰᠠᠶᠢᠨ ᠡᠬᠦᠯᠳᠡᠷᠵᠢᠭᠰᠡᠨ ᠬᠢᠷᠢ ᠲᠦᠪᠰᠢᠨ ᠦᠨᠳᠤᠷ᠂ ᠲᠦᠷᠦᠯ ᠲᠡᠮᠳᠡᠭ ᠤᠨ ᠲᠠᠪᠠᠭᠤᠯᠢᠬ ᠢ ᠲᠤᠪᠤᠶᠢᠯᠭᠠᠨ᠂ ᠲᠡᠬᠡᠳᠦ ᠬᠢᠷᠢ ᠲᠦᠪᠰᠢᠨ ᠪᠦᠬᠦᠢ ᠪᠦᠲᠦᠬᠡᠭᠳᠡᠬᠦᠨ ᠢ ᠬᠦᠴᠦ ᠲᠠᠯᠪᠢᠨ ᠴᠤᠬᠴᠠᠯᠠᠵᠤ᠂ ᠤᠯᠠᠮᠵᠢᠯᠠᠯᠳᠤ ᠲᠠᠪᠠᠭᠤᠯᠢᠬ ᠠᠵᠤ ᠦᠢᠯᠡᠰ᠂ ᠤᠨᠴᠠᠯᠢᠬᠳᠤ ᠲᠠᠪᠠᠭᠤᠯᠢᠬ ᠠᠵᠤ ᠦᠢᠯᠡᠰ ᠤᠨ ᠤᠯᠠᠨ ᠡᠰᠢᠵᠢᠭᠰᠡᠨ ᠬᠦᠭᠵᠢᠯᠳᠡ ᠶᠢᠨ ᠠᠵᠤ ᠦᠢᠯᠡᠰ ᠤᠨ ᠪᠦᠲᠦᠴᠡ ᠶᠢ ᠢᠳᠡᠭ ᠢᠳᠡᠭ ᠢᠶᠠᠷ ᠴᠤᠬᠴᠠᠯᠠᠵᠤ ᠴᠢᠳᠠᠵᠠᠢ ᠬᠡᠪᠡ᠃      ᠰᠢᠯᠢ ᠶᠢᠨ ᠭᠤᠤᠯ ᠠᠶᠢᠮᠠᠬ ᠤᠨ ᠮᠸᠡᠭ ᡁᠢ ᠶᠤᠸᠠᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠨᠢ 2012 ᠤᠨ ᠳᠤ ᠰᠢᠯᠢᠩᠬᠤᠳᠠ ᠳᠤ ᠪᠠᠶᠢᠭᠤᠯᠤᠭᠳᠠᠵᠤ᠂ ᠬᠠᠷᠢᠶᠠᠨ ᠳᠠᠭᠠᠨ ᠪᠠᠶᠠᠨᠰᠢᠯᠢ ᠤᠷᠭᠠᠨᠢᠭ ᠠᠵᠦ ᠦᠢᠯᠡᠰ ᠤᠨ ᠰᠠᠭᠤᠷᠢᠨ ᠪᠤᠯᠤᠨ ᠪᠡᠭᠡᠵᠢᠩ ᠤᠨ ᠪᠤᠷᠤᠯᠠᠭᠤᠯᠬᠤ ᠺᠤᠮᠫᠠᠨᠢ ᠭᠡᠵᠦ ᠲᠤᠰ ᠲᠤᠰ ᠭᠠᠷᠭᠠᠵᠠᠢ᠃ ᠺᠤᠮᠫᠠᠨᠢ ᠨᠢ ᠲᠡᠭᠡᠳᠦ ᠬᠢᠷᠢ ᠲᠦᠪᠰᠢᠨ ᠲᠠᠢ ᠤᠷᠭᠠᠨᠢᠭ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠦᠭᠡᠭᠳᠡᠭᠦᠨ ᠢ ᠨᠡᠭᠡᠭᠡᠨ ᠠᠰᠢᠬᠯᠠᠬᠤ ᠭᠤᠤᠯᠯᠠᠬᠤ ᠮᠡᠷᠭᠡᠵᠢᠯ ᠲᠠᠢ ᠪᠠᠶᠢᠵᠤ᠂ ᠭᠠᠳᠠᠭᠠᠳᠤ ᠳᠤ ᠰᠤᠷᠤᠯᠴᠠᠭᠠᠳ ᠬᠠᠷᠢᠵᠤ ᠢᠷᠡᠭᠰᠡᠨ ᠨᠡᠷᠡᠳᠦ ᠮᠡᠷᠭᠡᠵᠢᠯ ᠤᠨ ᠲᠤᠰᠬᠠᠢ ᠮᠡᠷᠭᠡᠵᠢᠯᠳᠡᠨ 5 ᠪᠤᠢ᠂ ᠤᠳᠤᠬᠠᠨ ᠳᠤ ᠬᠠᠮᠢᠶᠠᠷᠤᠯᠳᠠ ᠶᠢᠨ ᠠᠵᠢᠯᠳᠠᠨ 10 ᠬᠦᠮᠦᠨ ᠪᠠᠶᠢᠵᠤ᠂ ᠲᠡᠭᠦᠨ ᠤ ᠲᠤᠳᠤᠷ᠎ᠠ ᠳ᠋ᠤᠺᠲ᠋ᠤᠷ 2᠂ ᠠᠰᠫᠢᠷᠠᠨᠲ 4᠂ ᠵᠢᠩᠬᠢᠨᠢ ᠠᠩᠬᠢ ᠶᠢᠨ ᠰᠤᠷᠤᠭᠴᠢ 4 ᠪᠤᠢ᠃ ᠺᠤᠮᠫᠠᠨᠢ ᠶᠢᠨ ᠭᠤᠤᠯᠯᠠᠬᠤ ᠪᠦᠳᠦᠭᠡᠭᠳᠡᠭᠦᠨ ︽ᡁᠢ ᠮᠦ︾ ᠲᠡᠮᠳᠡᠭᠳᠦ ᠤᠷᠭᠠᠨᠢᠭ ᠬᠤᠨᠢᠨ ᠮᠢᠬ᠎ᠠ ᠪᠤᠯᠤᠨ ᠤᠷᠭᠠᠨᠢᠭ ᠬᠤᠨᠢᠨ ᠤ ᠲᠡᠵᠢᠭᠡᠯ ᠡᠪᠡᠰᠦ ᠨᠢ 2013 ᠤᠨ ᠠᠴᠠ 2017 ᠤᠨ ᠪᠤᠯᠳᠠᠯ᠎ᠠ 5 ᠵᠢᠯ ᠲᠠᠷᠠᠭᠠᠯᠠᠨ ᠤᠷᠭᠠᠨᠢᠭ ᠢ ᠭᠡᠷᠡᠴᠢᠯᠡᠬᠦ ᠡᠷᠭᠡ ᠬᠦᠨᠳᠦᠳᠦ ᠨᠢᠭᠡᠴᠢ ︽ᠵᠦᠩ ᠯᠢᠤᠢ ᠬᠤᠸᠠ ᠰᠢᠶᠠ ᠤᠷᠭᠠᠨᠢᠭ ᠢᠳᠡᠭᠡᠨ ᠢ ᠭᠡᠷᠡᠴᠢᠯᠡᠬᠦ ᠲᠦᠪ︾᠎ ᠤᠨ ᠤᠷᠭᠠᠨᠢᠭ ᠤᠨ ᠭᠡᠷᠡᠴᠢᠯᠡᠯ ᠤᠨ ᠦᠨᠡᠮᠯᠡᠯ ᠢ ᠬᠦᠷᠳᠡᠪᠡ᠃ ᠺᠤᠮᠫᠠᠨᠢ ᠨᠢ 13 ᠲᠦᠮᠡᠨ ᠮᠦ ᠪᠠᠶᠢᠭᠠᠯᠢ ᠶᠢᠨ ᠪᠡᠯᠴᠢᠭᠡᠷ ᠤᠨ ᠤᠷᠭᠠᠨᠢᠭ ᠦᠢᠯᠡᠳᠪᠦᠷᠢᠯᠡᠯ ᠤᠨ ᠭᠤᠤᠯᠯᠠᠬᠤ ᠲᠤᠭᠤᠷᠢᠭ ᠲᠠᠢ ᠪᠠᠶᠢᠵᠤ᠂ ᠵᠢᠯ ᠳᠤ ᠲᠠᠯ᠎ᠠ ᠨᠤᠳᠤᠭ ᠤᠨ ᠠᠮᠢ ᠠᠬᠤᠢ ᠶᠢᠨ ᠪᠡᠯᠴᠢᠭᠡᠷᠯᠡᠭᠦᠯᠦᠭᠰᠡᠨ ᠬᠤᠷᠠᠭ᠎ᠠ ᠶᠢ 2 ᠲᠦᠮᠡ ᠭᠠᠷᠤᠢ ᠪᠤᠷᠤᠯᠠᠭᠤᠯᠵᠤ᠂ ᠲᠡᠭᠦᠨ ᠤ ᠲᠤᠳᠤᠷ᠎ᠡ ᠤᠷᠭᠠᠨᠢᠭ ᠬᠤᠷᠠᠭ᠎ᠠ 7500 ᠤᠷᠴᠢᠮ ᠪᠠᠶᠢᠳᠠᠭ᠃ ᠺᠤᠮᠫᠠᠨᠢ ᠨᠢ ᠬᠡᠷᠡᠭᠯᠡᠭᠡᠨ ᠤ ᠤᠷᠭᠠᠨᠢᠭ ᠲᠠᠷᠢᠵᠤ ᠲᠡᠵᠢᠭᠡᠬᠦ ᠰᠢᠨ᠎ᠡ ᠠᠷᠭ᠎ᠠ ᠲᠠᠢ ᠪᠠᠶᠢᠵᠤ᠂ ᠪᠦᠳᠦᠭᠡᠭᠳᠡᠭᠦᠨ ᠢ ᠦᠢᠯᠡᠳᠪᠦᠷᠢᠯᠡᠬᠦ ᠪᠠᠷᠢᠮᠵᠢᠶ᠎ᠠ ᠶᠢ ᠴᠢᠩᠭ᠎ᠠ ᠨᠢᠮᠪᠠᠢ ᠬᠡᠷᠡᠭᠵᠢᠭᠦᠯᠵᠦ᠂ ᠨᠢᠭᠡᠳᠦᠯᠳᠡᠢ ᠬᠠᠷᠢᠭᠤᠯᠬᠤ᠂ ᠨᠢᠳᠦᠯᠬᠤ᠂ ᠡᠳ᠋ᠰᠢᠭᠦᠯᠬᠦ ᠪᠤᠯᠤᠨ ᠬᠦᠷᠭᠡᠬᠦ ᠶᠢ ᠨᠢᠭᠡ ᠦᠷᠳᠡᠭᠡᠴᠢᠯᠡᠭᠰᠡᠨ ᠡᠵᠡᠩᠨᠡᠯᠳᠡ ᠶᠢᠨ ᠵᠠᠬᠪᠤᠷ ᠢ ᠬᠡᠷᠡᠭᠵᠢᠭᠦᠯᠵᠦ ᠪᠠᠶᠢᠨ᠎ᠠ᠃ ᠺᠤᠮᠫᠠᠨᠢ ᠨᠢ ᠨᠢᠭᠡᠨᠳᠡ ︽ᠢᠨᠲ᠋ᠧᠷ ᠰᠦᠯᠵᠢᠶ᠎ᠡ +︾ ᠴᠠᠭ ᠦᠶ᠎ᠡ ᠶᠢᠨ ᠰᠢᠨ᠎ᠡ ᠬᠦᠴᠦᠨ ᠪᠤᠯᠪᠠ᠃ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠲᠠᠭᠠᠭᠤᠯᠤᠬᠴᠢ ᠠᠵᠤ ᠠᠬᠤᠢᠢᠯᠠᠯ ᠤᠨ ᠬᠠᠷᠢᠭᠤᠴᠠᠯᠭᠠᠳᠠᠨ ᠶᠤᠸᠠᠨ ᠢᠤᠢ ᠴᠢᠨ ᠠᠴᠠ ᠮᠸᠡᠭ ᡁᠢ ᠶᠤᠸᠠᠨ ᠮᠠᠯ ᠠᠵᠤ ᠠᠬᠤᠢ ᠶᠢᠨ ᠬᠢᠵᠠᠭᠠᠷᠳᠤ ᠺᠤᠮᠫᠠᠨᠢ ᠪᠠᠷ ᠲᠤᠭᠤᠷᠢᠨ ᠦᠵᠡᠬᠡᠳ ᠪᠢᠰᠢᠷᠡᠨ ᠪᠠᠭ᠋ᠠᠳᠤᠬᠰᠠᠨ ᠰᠡᠳᠬᠢᠯᠬᠡ ᠪᠠᠷ᠄ ︽ᠨᠠᠳᠠᠳᠤ ᠦᠭᠬᠦᠭᠰᠡᠨ ᠬᠠᠮᠤᠭ ᠤᠨ ᠶᠡᠭᠡ ᠰᠡᠩᠭᠡᠷᠡᠬᠦᠯᠤᠯ ᠪᠤᠯ ᠦᠪᠦᠷ ᠮᠤᠩᠭᠤᠯ ᠤᠨ ᠮᠠᠯ ᠠᠵᠤ ᠠᠬᠤᠢ ᠶᠢᠨ ᠲᠠᠭᠠᠭᠤᠯᠤᠬᠴᠢ ᠠᠵᠤ ᠠᠬᠤᠢᠢᠯᠠᠯ ᠤᠨ ᠤᠳᠤᠬᠢᠴᠢᠯᠠᠬᠰᠠᠨ ᠬᠢᠷᠢ ᠲᠦᠪᠰᠢᠨ ᠮᠠᠰᠢ ᠦᠨᠳᠤᠷ ᠪᠠᠶᠢᠵᠤ᠂ ᠪᠦᠬᠦ ᠤᠯᠤᠰ ᠲᠤ ᠲᠡᠷᠢᠬᠦᠨ ᠤ ᠪᠠᠶᠢᠷᠢᠨ ᠳᠤ ᠤᠷᠤᠰᠢᠵᠤ ᠪᠠᠶᠢᠨ᠎ᠠ᠃ ᠪᠢ ᠦᠨᠡᠬᠡᠷ ᠪᠢᠰᠢᠷᠡᠵᠤ ᠪᠠᠶᠢᠨ᠎ᠠ︾ ᠬᠡᠵᠡᠢ᠃      ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠲᠡᠳ᠋ ᠨᠠᠷᠢᠨ ᠪᠢᠴᠢᠭ ᠤᠨ ᠲᠠᠷᠤᠭ᠎ᠠ᠂ ᠲᠦᠷᠦ ᠶᠢᠨ ᠪᠤᠳᠤᠯᠭ᠎ᠠ ᠰᠤᠳᠤᠯᠬᠤ ᠲᠠᠰᠤᠭ ᠤᠨ ᠡᠷᠬᠢᠯᠡᠭᠴᠢ᠂ ᠵᠸᠦ ᠶᠢᠨ ᠬᠦᠳᠡᠭᠡ ᠲᠤᠰᠬᠤᠨ ᠮᠠᠯᠵᠢᠬᠤ ᠤᠷᠤᠨ ᠤ ᠠᠵᠢᠯ ᠤᠨ ᠤᠳᠤᠷᠢᠳᠬᠤ ᠠᠯᠪᠠᠨ ᠬᠡᠷ ᠤᠨ ᠡᠷᠬᠢᠯᠡᠭᠴᠢ ᠵᠠᠩ ᠴᠢ ᠰᠤᠷᠪᠤᠯᠵᠢᠯᠠᠭ᠎ᠠ ᠬᠦᠯᠢᠶᠠᠬᠦ ᠳᠡᠭᠡᠨ ᠬᠡᠯᠡᠭᠰᠡᠨ ᠨᠢ᠄ ᠨᠢᠳᠤᠨᠤᠨ ᠤ 10 ᠰᠠᠷ᠎ᠠ ᠳᠤ ᠮᠠᠨ ᠤ ᠵᠸᠦ ᠶᠢᠨ ᠲᠤᠰᠬᠠᠢ ᠬᠤᠷᠰᠢᠶ᠎ᠠ ᠪᠤᠯᠤᠨ ᠬᠡᠷ ᠪᠦᠯᠢ ᠶᠢᠨ ᠮᠠᠯ ᠠᠵᠤ ᠠᠬᠤᠢ ᠲᠠᠷᠢᠶᠠᠯᠠᠩ ᠤᠨ ᠲᠠᠯᠠᠪᠠᠢ ᠶᠢᠨ ᠬᠠᠷᠢᠭᠤᠴᠠᠯᠭᠠᠳᠠᠨ ᠨᠡᠶᠢᠳᠡ 37 ᠬᠦᠮᠦᠨ ᠢᠷᠡᠵᠤ ᠪᠤᠯᠪᠠᠰᠤᠷᠠᠯ ᠳᠤ ᠤᠷᠤᠯᠴᠠᠬᠰᠠᠨ ᠪᠠᠶᠢᠨ᠎ᠠ᠃ ᠡᠨᠡ ᠵᠢᠯ ᠪᠤᠯ ᠬᠤᠶᠠᠳᠠᠬᠢ ᠤᠳᠠᠭ᠎ᠠ ᠪᠠᠨ ᠡᠷᠬᠢᠯᠡᠵᠤ ᠪᠠᠶᠢᠨ᠎ᠠ᠃ ᠤᠷᠤᠯᠴᠠᠬᠰᠠᠨ ᠬᠦᠮᠦᠨ ᠪᠦᠬᠦᠳᠡ ᠤᠯᠵᠠ ᠤᠮᠤᠬ ᠲᠦᠬᠦᠷᠡᠩ ᠰᠢᠦ ᠬᠡᠪᠡ᠃ ᠵᠠᠩ ᠴᠢ ᠶᠢᠨ ᠬᠡᠯᠡᠬᠦ ᠪᠠᠷ ᠦᠪᠦᠷ ᠮᠤᠩᠭᠤᠯ ᠤᠨ ᠲᠠᠯ᠎ᠠ ᠨᠤᠳᠤᠭ ᠤᠨ ᠲᠠᠯᠠᠪᠠᠢ ᠶᠡᠭᠡ ᠪᠠᠶᠢᠵᠤ᠂ ᠪᠦᠬᠦ ᠤᠯᠤᠰ ᠤᠨ ᠲᠠᠪᠤᠨ ᠲᠤᠮᠤ ᠮᠠᠯᠵᠢᠬᠤ ᠤᠷᠤᠨ ᠤ ᠲᠡᠷᠢᠬᠦᠨ ᠪᠠᠶᠢᠷᠢᠨ ᠳᠤ ᠪᠠᠶᠢᠨ᠎ᠠ᠃ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠪᠤᠯ ᠬᠦᠬᠡᠨᠠᠭᠤᠷ ᠮᠤᠵᠢ ᠶᠢᠨ ᠬᠠᠮᠤᠭ ᠤᠨ ᠲᠤᠮᠤ ᠮᠠᠯ ᠠᠵᠤ ᠠᠬᠤᠢ ᠶᠢᠨ ᠵᠸᠦ ᠪᠤᠯᠤᠨ᠎ᠠ᠃ ᠮᠠᠨ ᠤ ᠬᠤᠶᠠᠷ ᠭᠠᠵᠠᠷ ᠪᠦᠷ ᠴᠦᠬᠡᠨ ᠲᠤᠭᠠᠳᠤ ᠦᠨᠳᠤᠰᠤᠳᠠᠨ ᠤ ᠭᠠᠵᠠᠷ ᠤᠷᠤᠨ ᠪᠦᠬᠡᠳ ᠴᠢᠨᠡᠬᠡᠯᠢᠭ ᠨᠡᠶᠢᠬᠡᠮ ᠤᠨ ᠰᠢᠢᠳᠪᠦᠷᠢᠳᠦ ᠢᠯᠡᠯᠳᠡ ᠶᠢ ᠪᠦᠬᠦ ᠲᠠᠯ᠎ᠠ ᠪᠠᠷ ᠤᠯᠬᠤ ᠶᠢᠨ ᠬᠦᠨᠳᠤ ᠡᠬᠦᠷᠬᠡ ᠶᠢ ᠡᠬᠦᠷᠬᠡᠯᠡᠵᠤ ᠪᠠᠶᠢᠳᠠᠬ᠃ ᠬᠤᠶᠠᠷ ᠭᠠᠵᠠᠷ ᠤᠨ ᠡᠬᠢ ᠪᠠᠶᠠᠯᠢᠬ ᠤᠢᠢᠷᠠᠯᠴᠠᠭ᠎ᠠ᠂ ᠰᠤᠶᠤᠯ ᠢᠷᠭᠡᠨᠰᠢᠯ ᠪᠤᠯᠤᠨ ᠭᠠᠵᠠᠷ ᠵᠦᠢ ᠶᠢᠨ ᠪᠠᠶᠢᠴᠠ ᠲᠦᠰᠦᠬᠡᠳᠡᠢ᠂ ᠬᠦᠭᠵᠢᠯᠳᠡ ᠶᠢᠨ ᠬᠠᠨᠳᠤᠰᠢ ᠠᠳᠠᠯᠢᠪᠳᠤᠷ ᠪᠠᠶᠢᠳᠠᠬ᠃ ᠤᠤᠯ ᠨᠢ ᠪᠦᠷ ᠯᠡ ᠪᠡᠯᠴᠢᠬᠡᠷ ᠤᠨ ᠳᠠᠭᠠᠭᠠᠴᠠ ᠠᠴᠠ ᠬᠡᠳᠦᠷᠡᠳᠡᠯ᠎ᠠ ᠮᠠᠯᠵᠢᠵᠤ ᠨᠤᠳᠤᠭ ᠪᠠᠯᠴᠢᠬᠡᠷ ᠮᠠᠭᠤᠳᠠᠵᠤ᠂ ᠠᠵᠤ ᠠᠬᠤᠢ ᠳ᠋ᠠᠩ ᠴᠤᠯᠭᠤᠢ᠂ ᠤᠯᠠᠨ ᠲᠦᠮᠡᠨ ᠤ ᠤᠷᠤᠯᠭ᠎ᠠ ᠶᠢᠨ ᠨᠡᠮᠡᠭᠳᠡᠯ ᠤᠳᠠᠭᠠᠰᠢᠷᠠᠬᠰᠠᠨ ᠵᠡᠷᠭᠡ ᠠᠰᠠᠭᠤᠳᠠᠯ ᠤᠷᠤᠰᠢᠵᠤ ᠪᠠᠶᠢᠪᠠ᠃ ᠠᠯᠢ ᠬᠡᠳᠦ᠋ᠢᠨᠠᠢ ᠠᠴᠠ ᠮᠠᠯ ᠠᠵᠤ ᠠᠬᠤᠢ ᠨᠢ ᠦᠪᠦᠷ ᠮᠤᠩᠭᠤᠯ ᠤᠨ ᠤᠨᠴᠠᠯᠢᠬ ᠲᠠᠢ ᠲᠠᠪᠠᠭᠤᠯᠢᠬ ᠠᠵᠤ ᠦᠢᠯᠡᠰ ᠪᠤᠯᠵᠤ᠂ ᠪᠦᠬᠦ ᠤᠷᠤᠨ ᠤ ᠨᠡᠶᠢᠬᠡᠮ ᠠᠵᠤ ᠠᠬᠤᠢ ᠶᠢᠨ ᠬᠦᠭᠵᠢᠯᠳᠡ ᠳᠤ ᠴᠢᠬᠤᠯᠠ ᠦᠢᠯᠡᠳᠦᠯ ᠦᠵᠡᠬᠦᠯᠦᠭᠰᠡᠬᠡᠷ ᠢᠷᠡᠵᠡᠢ᠃ ᠤᠢᠢᠷ᠎ᠠ ᠶᠢᠨ ᠵᠢᠯ ᠳᠤ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠡᠬᠢ ᠪᠠᠶᠠᠯᠢᠬ ᠤᠨ ᠲᠠᠪᠠᠭᠤᠯᠢᠬ ᠲᠠᠭᠠᠨ ᠰᠠᠭᠤᠷᠢᠯᠠᠵᠤ᠂ ᠠᠵᠤ ᠦᠢᠯᠡᠰ ᠤᠨ ᠬᠡᠯᠬᠢᠶᠠᠵᠢᠯ ᠤᠨ ᠲᠤᠭᠤᠷᠢᠨ ᠳᠤ ᠨᠤᠳᠤᠭ ᠪᠡᠯᠴᠢᠬᠡᠷ ᠢ ᠬᠠᠮᠠᠭᠠᠯᠠᠬᠤ ᠰᠠᠭᠤᠷᠢᠨ ᠲᠡᠬᠡᠷ᠎ᠠ ᠰᠢᠨᠵᠢᠯᠡᠬᠦ ᠤᠬᠠᠭᠠᠨᠴᠢ ᠡᠮᠬᠢ ᠲᠢᠭᠯᠢᠮ ᠲᠠᠢ ᠪᠠᠷ ᠮᠠᠯ ᠠᠵᠤ ᠠᠬᠤᠢ ᠶᠢ ᠬᠦᠭᠵᠢᠬᠦᠯᠵᠤ᠂ ᠲᠠᠯ᠎ᠠ ᠨᠤᠳᠤᠭ ᠤᠨ ᠤᠨᠴᠠᠯᠢᠬ ᠪᠦᠬᠦᠢ ᠤᠳᠤ ᠦᠶ᠎ᠠ ᠶᠢᠨ ᠮᠠᠯ ᠠᠵᠤ ᠠᠬᠤᠢ ᠶᠢᠨ ᠬᠦᠭᠵᠢᠯᠳᠡ ᠶᠢᠨ ᠵᠠᠮ ᠢ ᠢᠳᠡᠪᠬᠢᠳᠡᠢ ᠪᠠᠷ ᠬᠠᠶᠢᠨ ᠰᠦᠪᠡᠭᠴᠢᠯᠡᠵᠤ᠂ ᠦᠷᠬᠡᠨ ᠤᠯᠠᠨ ᠮᠠᠯᠴᠢᠨ ᠲᠠᠷᠢᠶᠠᠴᠢᠨ ᠢ ᠲᠠᠶᠢᠴᠢᠯᠠᠵᠤ᠂ ᠤᠷᠤᠯᠭ᠎ᠠ ᠶᠢ ᠨᠢ ᠨᠡᠮᠡᠭᠳᠡᠬᠦᠯᠦᠨ ᠪᠠᠶᠠᠵᠢᠯ ᠤᠨ ᠵᠠᠮ ᠢᠶᠠᠷ ᠵᠠᠮᠨᠠᠭᠤᠯᠵᠤ ᠪᠠᠶᠢᠨ᠎ᠠ ᠬᠡᠪᠡ᠃      ᠵᠠᠩ ᠴᠢ ᠪᠠᠰᠠ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠪᠠᠶᠢᠳᠠᠯ ᠢᠶᠠᠨ ᠰᠤᠷᠪᠤᠯᠵᠢᠯᠠᠬᠴᠢ ᠳᠤ ᠲᠠᠨᠢᠯᠴᠠᠭᠤᠯᠬᠤ ᠳᠠᠭᠠᠨ᠄ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠠᠵᠤ ᠠᠬᠤᠢ ᠶᠢᠨ ᠴᠢᠨᠠᠷ ᠴᠢᠨᠰᠠᠭ᠎ᠠ ᠶᠢ ᠦᠷᠬᠦᠯᠵᠢᠯᠡᠨ ᠰᠢᠯᠢᠳᠡᠭᠵᠢᠬᠦᠯᠵᠤ ᠲᠡᠭᠡᠭᠰᠢᠯᠡᠬᠦᠯᠬᠦ ᠶᠠᠪᠤᠴᠠ ᠲᠤᠮᠳᠠ ᠪᠠᠨ ᠰᠢᠨ᠎ᠠ ᠶᠢ ᠡᠬᠦᠳᠭᠦ ᠬᠦᠭᠵᠢᠯᠳᠡ᠂ ᠡᠶ᠎ᠡ ᠵᠤᠬᠢᠴᠠᠩᠭᠤᠢ ᠬᠦᠭᠵᠢᠯᠳᠠ᠂ ᠪᠤᠬᠢᠷᠳᠤᠯ ᠦᠬᠡᠢ ᠬᠦᠭᠵᠢᠯᠳᠠ᠂ ᠨᠡᠬᠡᠬᠡᠯᠳᠡᠳᠤ ᠬᠦᠭᠵᠢᠯᠳᠠ᠂ ᠬᠠᠮᠳᠤ ᠪᠠᠷ ᠡᠳ᠋ᠯᠡᠬᠦ ᠬᠦᠭᠵᠢᠯᠳᠡ ᠶᠢᠨ ᠤᠢᠢᠯᠠᠭᠠᠬᠳᠠᠬᠤᠨ ᠢ ᠪᠠᠳᠤᠳᠠᠢ ᠪᠤᠢ ᠪᠤᠯᠭᠠᠵᠤ ᠦᠨᠡᠨ ᠬᠦ ᠨᠠᠶᠢᠳᠠᠪᠤᠷᠢᠵᠢᠭᠤᠯᠵᠤ᠂ ᠭᠤᠷᠪᠠᠨ ᠶᠡᠭᠡ ᠰᠠᠭᠤᠷᠢᠨ᠂ ᠭᠤᠷᠪᠠᠨ ᠶᠡᠭᠡ ᠰᠢᠰᠲ᠋ᠧᠮ ᠢ ᠪᠦᠲᠦᠬᠡᠨ ᠪᠠᠶᠢᠭᠤᠯᠵᠤ᠂ ᠨᠢᠬᠡᠨ ᠲᠦᠬᠦᠷ  ᠪᠠᠷᠢᠮᠵᠢᠶ᠎ᠠ᠂ ᠨᠢᠬᠡᠨ ᠲᠦᠬᠦᠷ ᠲᠤᠬᠳᠠᠴᠠ ᠶᠢᠨ ︽3311︾ ᠢᠨᠵᠧᠨᠧᠷᠢᠩ  ᠢ ᠰᠠᠶᠢᠳᠤᠷ  ᠲᠤᠭᠳᠠᠭᠠᠵᠤ ᠂ ᠭᠠᠵᠠᠷ ᠵᠦᠢ᠂ ᠤᠷᠴᠢᠨ ᠲᠤᠭᠤᠷᠢᠨ᠂ ᠮᠠᠯ ᠠᠵᠤ ᠠᠬᠤᠢ ᠶᠢᠨ ᠡᠬᠢ ᠪᠠᠶᠠᠯᠢᠬ ᠤᠨ ᠲᠠᠪᠠᠭᠤᠯᠢᠬ ᠢ ᠲᠤᠪᠤᠶᠢᠯᠭᠠᠨ᠂ ᠤᠳᠤ ᠦᠶ᠎ᠠ ᠶᠢᠨ ᠠᠮᠢ ᠠᠬᠤᠢ ᠶᠢᠨ ᠮᠠᠯ ᠠᠵᠤ ᠠᠬᠤᠢ ᠶᠢ ᠬᠦᠭᠵᠢᠬᠦᠯᠦᠨ᠂ ᠮᠠᠯ ᠠᠵᠤ ᠠᠬᠤᠢ ᠶᠢᠨ ᠲᠤᠮᠤ ᠵᠸᠦ ᠶᠢ ᠲᠠᠬᠢᠨ ᠴᠤᠬᠴᠠᠯᠠᠬᠤ ᠲᠡᠮᠡᠴᠡᠬᠦ ᠬᠠᠷᠠᠯᠳᠠ ᠶᠢ ᠲᠤᠷᠠᠳᠤᠨ ᠭᠠᠷᠭᠠᠵᠤ᠂ ᠬᠦᠷᠢᠶᠠᠯᠠᠩ ᠲᠤᠭᠤᠷᠢᠬ ᠢᠶᠠᠷ ᠲᠤᠯᠭᠠᠭᠤᠷᠢᠯᠠᠯ ᠪᠤᠯᠭᠠᠵᠤ᠂ ᠲᠠᠭᠠᠭᠤᠯᠤᠬᠴᠢ ᠠᠵᠤ ᠠᠬᠤᠢᠢᠯᠠᠯ ᠢᠶᠠᠷ ᠬᠦᠳᠦᠴᠢ ᠪᠤᠯᠭᠠᠵᠤ᠂ ᠬᠤᠷᠰᠢᠶ᠎ᠠ ᠪᠠᠷ ᠬᠤᠯᠪᠤᠭᠠᠰᠤ ᠪᠤᠯᠭᠠᠵᠤ᠂ ᠰᠠᠭᠤᠷᠢᠨ ᠢᠶᠠᠷ ᠰᠠᠭᠤᠷᠢ ᠪᠤᠯᠭᠠᠵᠤ᠂ ᠮᠠᠯᠵᠢᠬᠤ ᠲᠠᠷᠢᠶᠠᠯᠠᠬᠤ ᠡᠷᠦᠬᠡ ᠪᠠᠷ ᠭᠤᠤᠯ ᠴᠤᠬᠴᠠ ᠪᠤᠯᠭᠠᠬᠰᠠᠨ ᠰᠠᠷᠯᠤᠬ ᠦᠬᠡᠷ᠂ ᠲᠦᠪᠡᠳ ᠬᠤᠨᠢ ᠶᠢᠨ ᠠᠵᠤ ᠦᠢᠯᠡᠰ ᠤᠨ ᠵᠢᠱᠢᠶ᠎ᠠ ᠦᠵᠡᠬᠦᠯᠬᠦ ᠲᠤᠭᠤᠷᠢᠬ ᠢ ᠪᠦᠲᠦᠬᠡᠨ ᠪᠠᠶᠢᠭᠤᠯᠵᠤ᠂ ᠰᠠᠷᠯᠤᠬ ᠦᠬᠡᠷ᠂ ᠲᠦᠪᠡᠳ ᠬᠤᠨᠢ ᠶᠢᠨ ᠠᠵᠤ ᠦᠢᠯᠡᠰ ᠤᠨ ᠲᠡᠵᠢᠬᠡᠯ ᠪᠤᠷᠳᠤᠭ᠎ᠠ ᠶᠢᠨ ᠰᠢᠰᠲ᠋ᠧᠮ᠂ ᠲᠡᠵᠢᠬᠡᠵᠤ ᠠᠷᠠᠴᠢᠯᠠᠬᠤ ᠰᠢᠰᠲ᠋ᠧᠮ᠂ ᠡᠳ᠋ᠰᠢᠬᠦᠯᠦᠨ ᠪᠤᠯᠪᠠᠰᠤᠷᠠᠭᠤᠯᠬᠤ ᠰᠢᠰᠲ᠋ᠧᠮ᠂ ᠦᠷᠡᠵᠢᠬᠦᠯᠦᠨ ᠪᠤᠶᠢᠵᠢᠭᠤᠯᠬᠤ ᠰᠢᠰᠲ᠋ᠧᠮ᠂ ᠮᠡᠷᠭᠡᠵᠢᠯ ᠤᠨ ᠰᠢᠰᠲ᠋ᠧᠮ ᠪᠤᠯᠤᠨ ᠲᠦᠷᠦᠯ ᠲᠡᠮᠳᠡᠭ ᠪᠤᠷᠤᠯᠠᠭᠤᠯᠭ᠎ᠠ ᠵᠡᠷᠭᠡ ᠶᠢᠨ ᠪᠦᠲᠦᠬᠡᠨ ᠪᠠᠶᠢᠭᠤᠯᠤᠯᠳᠠ ᠶᠢ ᠲᠦᠷᠬᠡᠳᠭᠡᠵᠤ᠂ ᠲᠡᠵᠢᠬᠡᠵᠤ ᠠᠷᠠᠴᠢᠯᠠᠬᠤ ᠨᠢ ᠲᠦᠷᠢᠮᠵᠢᠭᠰᠡᠨ᠂ ᠡᠳ᠋ᠰᠢᠬᠦᠯᠦᠨ ᠪᠤᠯᠪᠠᠰᠤᠷᠠᠭᠤᠯᠬᠤ ᠨᠢ ᠪᠠᠷᠢᠮᠵᠢᠶᠠᠵᠢᠬᠰᠠᠨ᠂ ᠪᠤᠷᠤᠯᠠᠭᠤᠯᠭ᠎ᠠ ᠨᠢ ᠰᠦᠯᠵᠢᠶᠡᠵᠢᠭᠰᠡᠨ᠂ ᠪᠤᠳᠠᠰ ᠤᠨ ᠬᠦᠢᠯᠬᠡᠬᠡ ᠨᠢ ᠤᠳᠤᠬᠢᠴᠢᠯᠠᠬᠰᠠᠨ ᠤᠳᠤ ᠦᠶ᠎ᠠ ᠶᠢᠨ ᠮᠠᠯ ᠠᠵᠤ ᠠᠬᠤᠢ ᠶᠢᠨ ᠠᠵᠤ ᠦᠢᠯᠡᠰ ᠤᠨ ᠦᠢᠯᠡᠳᠪᠦᠷᠢᠯᠡᠯ ᠪᠤᠷᠤᠯᠠᠭᠤᠯᠭ᠎ᠠ ᠶᠢᠨ ᠰᠢᠰᠲ᠋ᠧᠮ ᠢ ᠪᠡᠶᠡᠯᠡᠬᠦᠯᠵᠤ᠂ ᠰᠠᠷᠯᠤᠬ ᠦᠬᠡᠷ᠂ ᠲᠦᠪᠡᠳ ᠬᠤᠨᠢ ᠶᠢᠨ ᠠᠵᠤ ᠦᠢᠯᠡᠰ ᠤᠨ ᠬᠤᠯᠪᠤᠭᠠᠯᠠᠯ ᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠤᠯᠤᠨ ᠮᠠᠯᠴᠢᠨ ᠲᠠᠷᠢᠶᠠᠴᠢᠨ ᠤ ᠶᠠᠳᠠᠭᠤ ᠠᠴᠠ ᠠᠩᠬᠢᠵᠢᠷᠠᠵᠤ ᠴᠢᠨᠡᠭᠡᠯᠢᠭᠵᠢᠬᠦ ᠶᠢᠨ ᠴᠢᠬᠤᠯᠠ ᠠᠴᠢᠶᠠᠯᠠᠪᠤᠷᠢ ᠪᠤᠯᠭᠠᠵᠤ᠂ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠪᠠᠨ ᠬᠦᠬᠡᠨᠠᠭᠤᠷ ᠮᠤᠵᠢ ᠶᠢᠨ ᠬᠠᠮᠤᠭ ᠤᠨ ᠴᠢᠬᠤᠯᠠ ᠰᠠᠷᠯᠤᠬ ᠦᠬᠡᠷ᠂ ᠲᠦᠪᠡᠳ ᠬᠤᠨᠢ ᠶᠢᠨ ᠭᠠᠷᠤᠯᠳᠠ ᠶᠢᠨ ᠤᠷᠤᠨ ᠪᠠ ᠭᠤᠤᠯ ᠲᠡᠵᠢᠬᠡᠵᠤ ᠠᠷᠠᠴᠢᠯᠠᠬᠤ ᠤᠷᠤᠨ ᠪᠤᠯᠭᠠᠨ᠎ᠠ ᠬᠡᠪᠡ᠃      ᠯᠠᠪᠳᠠᠭᠤᠨ ᠬᠢᠨᠠᠮᠠᠭᠠᠢ ᠵᠠᠩ ᠲᠠᠢ᠂ ᠰᠤᠳᠤᠯᠭᠠᠳᠠᠨ ᠤ ᠲᠦᠷᠢ ᠪᠠᠶᠢᠳᠠᠯ ᠲᠠᠢ᠂ ᠦᠷᠭᠡᠨ ᠮᠡᠳᠡᠯᠭᠡ ᠦᠯᠡᠮᠵᠢ ᠲᠤᠷᠰᠢᠯᠭ᠎ᠠ ᠲᠠᠢ ᠵᠠᠩ ᠴᠢ ᠲᠤᠰ ᠤᠳᠠᠭ᠎ᠠ ᠶᠢᠨ ᠪᠤᠯᠪᠠᠰᠤᠷᠠᠯ ᠤᠨ ᠲᠤᠬᠠᠢ ᠦᠪᠡᠷ ᠤᠨ ᠦᠵᠡᠯᠳᠡ ᠲᠦᠷᠦᠭᠳᠡᠯ ᠢᠶᠠᠨ ᠰᠤᠷᠪᠤᠯᠵᠢᠯᠠᠭᠴᠢ ᠳᠤ ᠶᠠᠷᠢᠪᠠ᠄ ᠬᠦᠬᠡᠨᠠᠭᠤᠷ ᠪᠤᠯᠤᠨ ᠦᠪᠦᠷ ᠮᠤᠩᠭᠤᠯ ᠬᠤᠶᠠᠷ ᠭᠠᠵᠠᠷ ᠤᠨ ᠬᠦᠭᠵᠢᠯᠳᠡ ᠶᠢᠨ ᠨᠦᠬᠦᠴᠡᠯ ᠠᠳᠠᠯᠢ ᠪᠤᠶᠤ ᠠᠳᠠᠯᠢᠪᠳᠤᠷ ᠪᠠᠶᠢᠭ᠎ᠠ ᠶᠡᠭᠡ ᠠᠷᠤ ᠦᠵᠡᠭᠳᠡᠯ ᠲᠤᠤᠷ᠎ᠠ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠰᠢᠨᠵᠢᠯᠡᠬᠦ ᠤᠬᠠᠭᠠᠨᠴᠢ ᠪᠠᠷ ᠠᠷᠠᠴᠢᠯᠠᠵᠤ ᠲᠡᠵᠢᠬᠡᠬᠦ᠂ ᠬᠡᠪᠴᠢᠶᠠᠵᠢᠬᠦᠯᠦᠨ ᠡᠵᠡᠩᠨᠡᠬᠦ ᠲᠠᠯ᠎ᠠ ᠪᠠᠷ ᠬᠢ ᠬᠡᠳᠦ ᠶᠢᠨ ᠤᠢᠢᠯᠠᠭᠠᠬᠳᠠᠬᠤᠨ ᠪᠤᠯᠤᠨ ᠲᠡᠷᠢᠬᠦᠨ ᠤ ᠬᠠᠮᠢᠶᠠᠷᠤᠯᠳᠠ ᠶᠢᠨ ᠠᠷᠭ᠎ᠠ᠂ ᠪᠤᠯᠪᠠᠰᠤᠷᠠᠩᠭᠤᠢ ᠮᠡᠷᠭᠡᠵᠢᠯ ᠨᠢ ᠪᠢᠳᠡᠨ ᠤ ᠰᠤᠷᠤᠯᠴᠠᠵᠤ ᠲᠤᠯᠢ ᠪᠤᠯᠭᠠᠬᠤ ᠠᠷᠭ᠎ᠠ ᠲᠤᠷᠰᠢᠯᠭ᠎ᠠ ᠪᠤᠯᠤᠨ᠎ᠠ᠃ ᠪᠢᠳᠡ ᠲᠤᠰ ᠤᠳᠠᠭ᠎ᠠ ᠶᠢᠨ ᠰᠤᠷᠤᠯᠴᠠᠯᠭ᠎ᠠ ᠪᠤᠯᠤᠨ ᠪᠤᠯᠪᠠᠰᠤᠷᠠᠯ ᠢᠶᠠᠷ ᠲᠡᠮᠵᠢᠨ᠂ ᠦᠪᠡᠷ ᠤᠨ ᠵᠦᠷᠢᠶ᠎ᠠ ᠪᠠᠨ ᠲᠠᠨᠢᠵᠤ᠂ ᠬᠦᠢᠴᠡᠳ ᠦᠬᠡᠢ ᠲᠠᠯ᠎ᠠ ᠪᠠᠨ ᠨᠦᠬᠦᠪᠦᠷᠢᠯᠡᠬᠦ ᠪᠦᠬᠡᠳ ᠬᠤᠯᠠ ᠶᠢᠨ ᠵᠠᠮ ᠬᠡᠳᠦ ᠶᠢᠨ ᠬᠠᠷᠠᠯᠳᠠ ᠪᠠᠨ ᠲᠤᠭᠳᠠᠭᠠᠨ᠂ ᠠᠵᠢᠯ ᠤᠨ ᠰᠡᠳᠬᠢᠴᠡ ᠪᠠᠨ ᠲᠤᠳᠤᠷᠬᠠᠢᠢᠯᠠᠨ᠂ ᠨᠡᠩ ᠠᠮᠢᠳᠤᠯᠢᠬ ᠪᠤᠳᠠᠳᠠᠢ ᠠᠵᠢᠯᠯᠠᠨ᠂ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠤᠳᠤ ᠦᠶ᠎ᠠ ᠶᠢᠨ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠳᠤ ᠨᠡᠩ ᠶᠡᠭᠡ ᠬᠤᠪᠢ ᠨᠡᠮᠡᠷᠢ ᠦᠵᠡᠬᠦᠯᠦᠨ᠎ᠠ᠃ ᠴᠠᠰᠤᠳᠤ ᠶᠢᠨ ᠦᠨᠳᠦᠷᠯᠢᠭ ᠬᠦᠬᠡᠨᠡᠭᠤᠷ ᠠᠴᠠ ᠦᠪᠦᠷ ᠮᠤᠩᠭᠤᠯ ᠤᠨ ᠲᠠᠯ᠎ᠠ ᠨᠤᠳᠤᠭ ᠲᠤ ᠢᠷᠡᠵᠤ᠂ ᠵᠠᠯᠠᠵᠤ ᠤᠯᠤᠬᠰᠠᠨ ᠨᠤᠮ ᠢᠶᠠᠨ ᠪᠤᠳᠠᠳᠠᠢ ᠳᠤ ᠨᠠᠶᠢᠳᠠᠪᠤᠷᠢᠵᠢᠭᠤᠯᠤᠨ᠂ ᠬᠠᠶᠢᠨᠠᠨ ᠤ ᠲᠦᠪᠡᠳ ᠦᠨᠳᠤᠰᠤᠳᠠᠨ ᠤ ᠦᠪᠡᠷᠳᠡᠬᠡᠨ ᠵᠠᠰᠠᠬᠤ ᠵᠸᠦ ᠶᠢᠨ ᠪᠦᠬᠦ ᠮᠠᠯᠴᠢᠨ ᠲᠠᠷᠢᠶᠠᠴᠢᠨ ᠢᠶᠠᠨ ᠲᠠᠭᠠᠭᠤᠯᠤᠨ᠂ ᠪᠠᠶᠠᠵᠢᠯ ᠤᠨ ᠵᠠᠮ ᠢᠶᠠᠷ ᠵᠠᠮᠨᠠᠬᠤ ᠪᠤᠯ ᠪᠢᠳᠡᠨ ᠤ ᠬᠠᠮᠤᠭ ᠤᠨ ᠶᠡᠭᠡ ᠬᠠᠷᠢᠭᠤᠴᠠᠯᠭ᠎ᠠ ᠪᠠ ᠬᠠᠷᠠᠯᠳᠠ ᠶᠤᠮ ᠬᠡᠪᠡ᠃
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号