ᠨᠡᠷᠡᠳᠤ ᠬᠦᠮᠦᠰ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠦᠭᠵᠢᠯᠳᠠ ᠳᠤ ᠠᠷᠭ᠎ᠠ ᠤᠬᠠᠭᠠᠨ ᠰᠤᠪᠢᠯ᠎ᠠ
2018-02-26 17:38:35
ᠵᠣᠬᠢᠶᠠᠭᠴᠢ᠄ 
ᠨᠠᠪᠴᠢ
ᠣᠩᠰᠢᠭᠰᠠᠨ ᠣᠳᠠᠭ᠎ᠠ᠄ 
★★★☆☆
      ᠨᠠᠶᠢᠷᠠᠭᠤᠯᠤᠭᠴᠢ ᠶᠢᠨ ᠦᠬᠡ᠄ ᠦᠪᠡᠷᠳᠡᠬᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠡᠰ 1 ᠰᠠᠷ᠎ᠠ ᠶᠢᠨ 5᠎ ᠤ ᠡᠳᠦᠷ᠂ ᠪᠡᠭᠡᠵᠢᠩ ᠳᠤ ᠪᠠᠶᠢᠭ᠎ᠠ ᠦᠪᠦᠷ ᠮᠤᠩᠭᠤᠯ ᠨᠤᠲᠤᠭᠳᠡᠢ ᠬᠡᠰᠡᠭ ᠰᠤᠶᠤᠯ ᠤᠷᠠᠯᠢᠭ ᠤᠨ ᠨᠡᠷᠡᠳᠦ ᠬᠦᠮᠦᠰ ᠢ ᠤᠷᠢᠵᠦ ᠶᠠᠷᠢᠯᠴᠠᠬᠤ ᠬᠤᠷᠠᠯ ᠬᠢᠵᠦ᠂ ᠲᠠᠯ᠎ᠠ ᠨᠤᠳᠤᠭ ᠤᠨ ᠰᠤᠶᠤᠯ ᠤᠷᠠᠯᠢᠭ ᠤᠨ ᠳᠠᠮᠵᠢᠭᠤᠯᠬᠤ ᠬᠦᠴᠦᠨ᠂ ᠨᠦᠯᠦᠭᠡᠯᠡᠬᠦ ᠬᠦᠴᠦᠨ ᠢ ᠬᠡᠷᠬᠢᠨ ᠴᠢᠩᠭᠠᠳᠬᠠᠬᠤ᠂ ᠬᠡᠷᠬᠢᠨ ᠨᠡᠩ ᠤᠯᠠᠨ ᠰᠢᠯᠢᠳᠡᠭ ᠪᠦᠲᠦᠭᠡᠯ ᠢ ᠵᠤᠬᠢᠶᠠᠨ ᠪᠦᠲᠦᠭᠡᠬᠦ ᠲᠤᠬᠠᠢ ᠰᠠᠨᠠᠯ ᠰᠠᠨᠠᠭᠤᠯᠭ᠎ᠠ ᠶᠢ ᠰᠤᠨᠤᠰᠴᠤ᠂ ᠳᠠᠯ᠎ᠠ ᠨᠤᠳᠤᠭ ᠤᠨ ᠰᠤᠶᠤᠯ ᠤᠷᠠᠯᠢᠭ᠂ ᠦᠪᠦᠷ ᠮᠤᠩᠭᠤᠯ ᠤᠨ ᠰᠤᠶᠤᠯ ᠤᠷᠠᠯᠢᠭ ᠤᠨ ᠪᠠᠳᠠᠷᠠᠯ ᠬᠦᠭᠵᠢᠯ ᠤᠨ ᠲᠤᠬᠠᠢ ᠬᠠᠮᠳᠤᠪᠡᠷ ᠵᠦᠪᠳᠡᠯᠴᠡᠨ ᠬᠦᠭᠵᠢᠶᠡᠨ ᠲᠠᠢ ᠶᠠᠷᠢᠯᠴᠠᠭᠰᠠᠨ ᠪᠠᠶᠢᠯ᠎ᠠ᠃      ᠪᠡᠬᠡᠵᠢᠩ ᠳᠤ ᠰᠠᠭᠤᠭ᠎ᠠ ᠮᠠᠨ ᠤ ᠤᠷᠤᠨ ᠤ ᠠᠬᠠᠮᠠᠳ ᠤᠷᠠᠯᠢᠭᠴᠢᠳ ᠳᠠᠯ᠎ᠠ ᠨᠤᠳᠤᠭ ᠤᠨ ᠰᠤᠶᠤᠯ ᠤᠷᠠᠯᠢᠭ ᠢ ᠬᠦᠭᠵᠢᠬᠦᠯᠦᠨ ᠮᠠᠨᠳᠤᠭᠤᠯᠬᠤ᠂ ᠳᠠᠯ᠎ᠠ ᠨᠤᠳᠤᠭ ᠤᠨ ᠰᠤᠶᠤᠯ ᠤᠷᠠᠯᠢᠭ ᠤᠨ ︽ᠭᠠᠷᠴᠤ ᠶᠠᠪᠤᠬᠤ︾᠂ ᠤᠯᠤᠰ ᠤᠨ ᠳᠤᠳᠤᠭᠠᠳᠤ ᠪᠠ ᠳᠡᠯᠡᠬᠡᠢ ᠳ᠋ᠡᠬᠢᠨ ᠳᠤ ᠤᠯᠠᠮᠵᠢᠯᠠᠨ ᠳᠡᠯᠬᠡᠷᠡᠬᠦᠯᠬᠦ ᠳᠤ ᠴᠦᠮ ᠦᠪᠡᠷᠮᠢᠴᠡ ᠬᠤᠪᠢ ᠨᠡᠮᠡᠷᠢ ᠪᠠᠨ ᠦᠵᠡᠬᠦᠯᠦᠭᠰᠡᠨ ᠶᠤᠮ᠃ ᠰᠢᠨ᠎ᠠ ᠴᠠᠭ ᠦᠶ᠎ᠠ ᠨᠢ ᠰᠤᠶᠤᠯ ᠤᠷᠠᠯᠢᠭ ᠤᠨ ᠠᠵᠢᠯ ᠳᠤ ᠰᠢᠨ᠎ᠡ ᠱᠠᠭᠠᠷᠳᠠᠯᠭ᠎ᠠ ᠳᠤᠷᠠᠳᠴᠤ᠂ ᠠᠷᠠᠳ ᠲᠦᠮᠡᠨ ᠤ ᠰᠤᠶᠤᠯ ᠤᠨ ᠠᠮᠢᠳᠤᠷᠡᠯ ᠤᠨ ᠲᠤᠬᠠᠢ ᠰᠠᠶᠢᠨ ᠰᠠᠶᠢᠬᠠᠨ ᠬᠦᠰᠡᠯ ᠬᠦᠬᠡᠬᠡᠴᠡᠯᠳᠦᠯ ᠡᠳᠦᠷ ᠠᠴᠠ ᠡᠳᠦᠷ ᠦᠨᠳᠦᠷᠵᠢᠵᠦ ᠪᠠᠶᠢᠭ᠎ᠠ ᠶᠤᠮ᠃ ᠡᠶᠢᠨᠬᠦ᠂ ᠪᠡᠭᠡᠵᠢᠩ ᠳᠤ ᠪᠠᠶᠢᠭ᠎ᠠ ᠦᠪᠦᠷ ᠮᠤᠩᠭᠤᠯ ᠤᠨ ᠰᠤᠶᠤᠯ ᠤᠷᠠᠯᠢᠭ ᠤᠨ ᠨᠡᠷᠡᠳᠤ ᠬᠦᠮᠦᠰ ᠠᠴᠠ ᠳᠠᠯ᠎ᠠ ᠨᠤᠳᠤᠭ ᠤᠨ ᠰᠤᠶᠤᠯ᠂ ᠦᠪᠦᠷ ᠮᠤᠩᠭᠤᠯ ᠤᠨ ᠰᠤᠶᠤᠯ ᠢ ᠤᠯᠠᠮᠵᠢᠯᠠᠨ ᠬᠦᠭᠵᠢᠬᠦᠯᠬᠦ ᠳᠤᠬᠠᠢ ᠦᠪᠡᠷ ᠦᠪᠡᠷ ᠤᠨ ᠨᠠᠨᠳᠢᠨ ᠰᠠᠨᠠᠯ ᠢᠶᠠᠨ ᠢᠳᠡᠪᠬᠢᠳᠡᠢ ᠳᠡᠪᠰᠢᠬᠦᠯᠵᠡᠬᠡᠭᠰᠡᠨ ᠪᠠᠶᠢᠨ᠎ᠠ᠃ ︽ᠠᠯᠳᠠᠨ ᠵᠤᠤᠵᠠᠢ︾ ᠲᠤᠰ ᠳ᠋ᠤᠭᠠᠷ ᠲᠤ ᠶᠠᠷᠢᠯᠴᠠᠬᠤ ᠬᠤᠷᠠᠯ ᠳᠤ ᠤᠷᠤᠯᠴᠠᠬᠰᠠᠨ ᠬᠡᠰᠡᠭ ᠬᠦᠮᠦᠰ ᠤᠨ ᠶᠠᠷᠢᠶ᠎ᠠ ᠶᠢ ᠨᠠᠶᠢᠳᠠᠯᠠᠯ᠎ᠠ᠂ ᠲᠠᠭᠠᠰᠢᠶᠠᠨ ᠤᠩᠰᠢᠮᠤ︕            ᠬᠤᠤ ᠱᠢ ᠶᠤᠸᠠᠨ ᠄ ︵ᠲᠤᠮᠳᠠᠳᠤ ᠤᠯᠤᠰ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠠᠯᠡᠩ ᠤᠨ ᠡᠷᠳᠡᠮ ᠰᠢᠨᠵᠢᠯᠡᠬᠡᠨ ᠤ ᠬᠡᠯᠳᠡᠰ ᠤᠨ ᠬᠡᠰᠢᠬᠦᠨ︶ ᠴᠦᠬᠡᠨ ᠳᠤᠭᠠᠳᠤ ᠦᠨᠳᠦᠰᠦᠳᠡᠨ ᠤ ᠤᠶᠤᠨ ᠰᠠᠨᠠᠭᠠᠨ ᠤ ᠬᠡᠷ ᠤᠷᠤᠨ ᠢ ᠰᠠᠶᠢᠳᠤᠷ ᠰᠠᠬᠢᠬᠤ ᠬᠡᠷᠡᠭᠳᠡᠢ      ᠰᠤᠶᠤᠯ ᠤᠨ ᠪᠠᠶᠢᠭᠤᠯᠤᠯᠲᠠ᠂ ᠤᠷᠠᠯᠢᠭ ᠤᠨ ᠬᠦᠭᠵᠢᠬᠦᠯᠦᠯᠳᠡ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠳᠤᠷᠠᠳᠤᠭᠰᠠᠨ ᠰᠢᠨ᠎ᠠ ᠴᠠᠭ ‍ᠦᠶ᠎ᠡ ᠶᠢᠨ ᠱᠠᠭᠠᠷᠳᠠᠯᠭ᠎ᠠ ᠪᠤᠯᠤᠨ᠎ᠠ᠃ ᠦᠪᠦᠷ ᠮᠤᠩᠭᠤᠯ ᠤᠯᠠᠮᠵᠢᠯᠠᠯᠳᠤ ᠦᠨᠳᠦᠰᠦᠲᠡᠨ ᠤ ᠰᠤᠶᠤᠯ ᠢᠶᠠᠨ ᠪᠠᠳᠠᠷᠠᠭᠤᠯᠤᠭᠰᠠᠨ ᠵᠢᠱᠢᠶᠡᠴᠢ ᠦᠪᠡᠷᠲᠡᠭᠡᠨ ᠵᠠᠰᠠᠬᠤ ᠤᠷᠤᠨ ᠪᠤᠯᠤᠨ᠎ᠠ᠃ ᠦᠪᠦᠷ ᠮᠤᠩᠭᠤᠯ ᠨᠢ ᠨᠡᠶᠢᠬᠡᠮ ᠵᠢᠷᠤᠮ ᠤᠨ ᠭᠤᠤᠯᠯᠠᠬᠴᠢ ᠦᠷᠳᠡᠭ ᠤᠨ ᠦᠵᠡᠯᠳᠡ ᠶᠢ ᠪᠤᠢ ᠪᠤᠯᠭᠠᠵᠤ᠂ ᠳᠤᠮᠳᠠᠳᠤ ᠶᠢᠨ ᠰᠤᠶᠤᠯ ᠢ ᠬᠦᠭᠵᠢᠬᠦᠯᠬᠦ᠂ ᠦᠨᠳᠦᠰᠦᠳᠡᠨ ᠤ ᠰᠤᠶᠤᠯ᠂ ᠤᠷᠤᠨ ᠨᠤᠳᠤᠭ ᠤᠨ ᠰᠤᠶᠤᠯ ᠢ ᠪᠠᠳᠠᠷᠠᠭᠤᠯᠬᠤ ᠳᠠᠯ᠎ᠠ ᠪᠠᠷ ᠡᠬᠡ ᠤᠯᠤᠰ ᠤᠨ ᠡᠮᠦᠨ᠎ᠡ ᠡᠩᠨᠡᠬᠡᠨ ᠳᠤ ᠬᠤᠰᠢᠭᠤᠷᠠᠵᠤ ᠶᠠᠪᠤᠭ᠎ᠠ ᠶᠤᠮ᠃ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠳᠠᠭᠠᠨ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠬᠦᠯᠡᠩᠳᠤ ᠰᠠᠶᠢᠬᠠᠨ ᠦᠵᠡᠮᠵᠢ ᠶᠢᠨ ᠤᠷᠤᠨ ᠢ ᠪᠦᠳᠦᠬᠡᠨ ᠪᠠᠶᠢᠭᠤᠯᠬᠤ ᠳᠤᠬᠠᠢ ᠱᠠᠭᠠᠷᠳᠠᠯᠭ᠎ᠠ ᠳᠤᠷᠠᠳᠤᠭᠰᠠᠨ ᠶᠤᠮ᠃ ᠤᠮᠠᠷᠠᠳᠤ ᠬᠢᠯᠢ ᠶᠢᠨ ᠦᠵᠡᠮᠵᠢ ᠶᠢᠨ ᠤᠷᠤᠨ ᠬᠡᠳᠡᠭ ᠨᠢ ᠠᠮᠢ ᠠᠬᠤᠢ ᠶᠢᠨ ᠦᠵᠡᠮᠵᠢ ᠶᠢᠨ ᠤᠷᠤᠨ ᠪᠠ ᠰᠤᠶᠤᠯ ᠢᠷᠬᠡᠨᠰᠢᠯ ᠤᠨ ᠦᠵᠡᠮᠵᠢ ᠶᠢ ᠵᠢᠭᠠᠵᠤ ᠪᠠᠶᠢᠭ᠎ᠠ ᠶᠤᠮ᠃ ᠠᠮᠢ ᠠᠬᠤᠢ ᠶᠢᠨ ᠦᠵᠡᠮᠵᠢ ᠶᠢᠨ ᠤᠷᠤᠨ ᠬᠡᠵᠤ ᠴᠠᠭ ᠤᠯᠠᠷᠢᠯ ᠤᠨ ᠬᠢᠵᠠᠭᠠᠷᠳᠠᠮᠠᠯ ᠴᠢᠨᠠᠷ ᠲᠠᠢ᠃ ᠬᠠᠷᠢᠨ ᠰᠤᠶᠤᠯ ᠢᠷᠬᠡᠨᠰᠢᠯ ᠤᠨ ᠦᠵᠡᠮᠵᠢ ᠪᠤᠯ ᠲᠦᠷᠪᠡᠨ ᠤᠯᠠᠷᠢᠯ ᠳᠤ ᠪᠠᠶᠢᠳᠠᠭ ᠦᠵᠡᠮᠵᠢ ᠪᠠᠶᠢᠵᠤ᠂ ᠮᠠᠰᠢ ᠶᠡᠭᠡ ᠠᠮᠢᠵᠢᠷᠠᠯ ᠤᠨ ᠬᠦᠴᠦᠨ ᠲᠠᠢ ᠪᠠᠶᠢᠳᠠᠭ᠃ ᠳᠡᠬᠡᠪᠡᠯ ᠪᠢᠳᠡ ᠰᠤᠶᠤᠯ ᠢᠷᠬᠡᠨᠰᠢᠯ ᠤᠨ ᠡᠬᠦᠳᠡᠨ ᠠᠴᠠ ᠤᠷᠳᠤ ᠤᠳᠠᠭᠠᠨ ᠳᠡᠦᠬᠡ ᠲᠠᠢ ᠳᠠᠯ᠎ᠠ ᠨᠤᠳᠤᠭ ᠤᠨ ᠰᠤᠶᠤᠯ᠂ ᠤᠷᠤᠨ ᠨᠤᠳᠤᠭ ᠤᠨ ᠰᠤᠶᠤᠯ ᠤᠨ ᠡᠬᠢ ᠪᠠᠶᠠᠯᠢᠭ ᠢᠶᠠᠨ ᠬᠡᠷᠬᠢᠨ ᠪᠦᠳᠦᠮᠵᠢᠳᠡᠢ ᠠᠭᠤᠳᠠᠯᠵᠤ᠂ ᠨᠡᠬᠡᠬᠡᠯᠳᠡ ᠲᠠᠢ ᠬᠦᠭᠵᠢᠯᠳᠠ ᠲᠠᠢ ᠤᠳᠤ ᠦᠶ᠎ᠠ ᠶᠢᠨ ᠰᠤᠶᠤᠯ ᠪᠤᠯᠭᠠᠨ ᠬᠤᠪᠢᠷᠠᠭᠤᠯᠬᠤ ᠪᠤᠢ︖ ᠬᠡᠬᠦ ᠶᠠᠪᠤᠳᠠᠯ ᠳᠤ ᠤᠯᠠᠨ ᠳᠠᠯ᠎ᠠ ᠶᠢᠨ ᠠᠰᠠᠭᠤᠳᠠᠯ ᠢ ᠴᠢᠬᠤᠯᠠᠴᠢᠯᠠᠬᠤ ᠬᠡᠷᠡᠭᠳᠡᠢ ᠶᠤᠮ᠃       ᠨᠢᠬᠡ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠳᠤ ᠳᠤᠮᠳᠠᠳᠤ ᠶᠢᠨ ᠰᠢᠯᠢᠳᠡᠭ ᠰᠤᠶᠤᠯ ᠤᠨ ᠡᠬᠦᠳᠦᠨ ᠪᠦᠳᠦᠬᠡᠯᠴᠢ ᠴᠢᠨᠠᠷ ᠢ ᠠᠬᠢᠭᠤᠯᠬᠤ ᠪᠠ ᠬᠤᠪᠢᠷᠠᠭᠤᠯᠬᠤ ᠳᠤᠬᠠᠢ ᠳᠤᠷᠠᠳᠤᠭᠰᠠᠨ ᠪᠠᠶᠢᠳᠠᠭ᠃ ᠪᠢᠳᠡᠨ ᠳᠤ ᠮᠠᠰᠢ ᠡᠯᠪᠡᠭ ᠪᠠᠶᠠᠯᠢᠭ ᠳᠡᠦᠬᠡ ᠰᠤᠶᠤᠯ ᠤᠨ ᠡᠬᠢ ᠪᠠᠶᠠᠯᠢᠭ ᠲᠠᠢ᠃ ᠡᠬᠦᠨ ᠢ ᠤᠳᠤ ᠦᠶ᠎ᠠ ᠶᠢᠨ ᠤᠷᠠᠯᠢᠭ ᠤᠨ ᠬᠡᠯᠪᠡᠷᠢ ᠪᠠᠷ ᠢᠯᠡᠷᠡᠬᠦᠯᠵᠦ᠂ ᠳᠡᠬᠦᠨ ᠤ ᠦᠨ᠎ᠡ ᠦᠷᠳᠡᠭ ᠢ ᠨᠢ ᠪᠠᠳᠠᠷᠠᠭᠤᠯᠬᠤ ᠶᠢᠨ ᠵᠡᠷᠬᠡᠪᠡᠷ ᠤᠤᠷ ᠦᠨᠦᠷ ᠠᠮᠳᠠ ᠶᠢ ᠴᠤ ᠬᠠᠳᠠᠭᠠᠯᠠᠬᠤ ᠬᠡᠷᠡᠭᠳᠡᠢ᠃ ᠡᠨᠡ ᠪᠤᠯ ᠤᠯᠠᠮᠵᠢᠯᠠᠨ ᠬᠦᠭᠵᠢᠬᠦᠯᠬᠦ ᠲᠠᠯ᠎ᠠ ᠲᠡᠭᠡᠷᠡᠬᠢ ᠠᠰᠠᠭᠤᠳᠠᠯ ᠪᠤᠯᠤᠨ᠎ᠠ᠃       ᠬᠤᠶᠠᠷ᠂ ᠦᠪᠦᠷ ᠮᠤᠩᠭᠤᠯ ᠤᠨ ᠴᠦᠬᠡᠨ ᠳᠤᠭᠠᠳᠤ ᠦᠨᠳᠦᠰᠦᠳᠡᠨ ᠤ ᠤᠶᠤᠨ ᠰᠠᠨᠠᠭᠠᠨ ᠤ ᠬᠡᠷ ᠤᠷᠤᠨ ᠢ ᠰᠠᠶᠢᠳᠤᠷ ᠰᠠᠬᠢᠬᠤ ᠬᠡᠷᠡᠭᠳᠡᠢ᠃ ᠡᠬᠦᠨ ᠢ ᠦᠪᠡᠷᠳᠡᠬᠡᠨ ᠵᠠᠰᠬᠠᠤ ᠤᠷᠤᠨ ᠠᠴᠠ ᠭᠤᠤᠯᠯᠠᠨ ᠠᠳᠬᠤᠬᠤ ᠴᠢᠬᠤᠯᠠ ᠲᠠᠢ᠃ ᠡᠬᠦᠨ ᠳᠤ᠂ ᠦᠪᠦᠷ ᠮᠤᠩᠭᠤᠯ ᠤᠨ ᠮᠤᠩᠭᠤᠯ ᠦᠨᠳᠦᠰᠦᠳᠡᠨ᠂ ᠬᠦᠮᠦᠨ ᠠᠮᠠ ᠪᠠᠷ ᠴᠦᠬᠡᠪᠳᠦᠷ ᠭᠤᠷᠪᠠᠨ ᠴᠦᠬᠡᠨ ᠲᠤᠭᠠᠳᠤ ᠦᠨᠳᠦᠰᠦᠳᠡᠨ ᠢᠶᠠᠷ ᠲᠦᠯᠦᠬᠡᠯᠡᠬᠦᠯᠦᠭᠰᠡᠨ ᠴᠦᠬᠡᠨ ᠳᠤᠭᠠᠳᠤ ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠤᠳᠤ ᠦᠶ᠎ᠡ ᠶᠢᠨ ᠢᠯᠡᠷᠡᠬᠦᠯᠬᠦ ᠬᠡᠯᠪᠡᠷᠢ ᠪᠤᠯᠬᠤ ᠰᠢᠯᠢᠳᠡᠭ ᠤᠷᠠᠯᠢᠭ ᠤᠨ ᠵᠤᠬᠢᠶᠠᠨ ᠪᠦᠳᠦᠬᠡᠯᠬᠡ᠂ ᠤᠷᠤᠨ ᠨᠤᠳᠤᠭ ᠤᠨ ᠰᠤᠶᠤᠯ ᠪᠤᠯ ᠴᠦᠮ ᠤᠶᠤᠨ ᠰᠠᠨᠠᠭᠠᠨ ᠤ ᠬᠡᠷ ᠤᠷᠤᠨ ᠤ ᠴᠢᠬᠤᠯᠠ ᠠᠭᠤᠯᠭ᠎ᠠ ᠪᠤᠯᠤᠨ᠎ᠠ᠃       ᠭᠤᠷᠪᠠ᠂ ︽ᠨᠢᠬᠡ ᠪᠦᠰᠡ ᠨᠢᠬᠡ ᠵᠠᠮ︾᠂ ᠤᠮᠠᠷᠠᠰᠢ ᠨᠡᠬᠡᠬᠡᠯᠳᠡ ᠬᠢᠬᠦ᠂ ᠳᠤᠮᠳᠠᠳᠤ ᠮᠤᠩᠭᠤᠯ ᠤᠷᠤᠰ ᠤᠨ ᠠᠵᠤ ᠠᠬᠤᠢ ᠶᠢᠨ ᠬᠤᠩᠬᠢᠯ ᠤᠨ ᠪᠦᠳᠦᠬᠡᠨ ᠪᠠᠶᠢᠭᠤᠯᠤᠯᠳᠠ ᠶᠢᠨ ᠳᠤᠮᠤ ᠤᠷᠴᠢᠨ ᠤ ᠱᠠᠭᠠᠷᠳᠠᠯᠭ᠎ᠠ ᠳᠤ᠂ ᠪᠢᠳᠡ ᠰᠤᠶᠤᠯ ᠤᠷᠠᠯᠢᠭ ᠤᠨ ᠳᠠᠯ᠎ᠠ ᠪᠠᠷ ᠪᠤᠰᠤᠳ ᠤᠨ ᠰᠢᠯᠢᠳᠡᠭ ᠵᠦᠢᠯᠡᠰ ᠢ ᠰᠢᠩᠬᠡᠬᠡᠨ ᠠᠪᠴᠤ ᠳᠤᠯᠢ ᠪᠤᠯᠭᠠᠬᠤ ᠶᠢᠨ ᠵᠡᠷᠬᠡᠪᠡᠷ ᠪᠤᠰᠤᠳ ᠲᠠᠢ ᠦᠷᠢᠰᠦᠯᠳᠦᠬᠦ ᠴᠢᠳᠠᠪᠤᠷᠢ ᠪᠠᠨ ᠳᠡᠬᠡᠭᠰᠢᠯᠡᠬᠦᠯᠬᠦ ᠬᠡᠷᠡᠭᠳᠡᠢ᠃ ᠮᠤᠩᠭᠤᠯ ᠤᠯᠤᠰ ᠢᠶᠠᠷ ᠵᠢᠱᠢᠶᠡᠯᠡᠬᠦ ᠳᠤ᠂ ᠳᠠᠭᠤᠤ ᠬᠦᠭᠵᠢᠮ᠂ ᠮᠤᠳᠧᠯ ᠬᠡᠬᠦ ᠮᠡᠳᠤ ᠶᠢᠨ ᠳᠠᠯ᠎ᠠ ᠪᠠᠷ ᠤᠷᠠᠯᠢᠭ ᠤᠨ ᠬᠢᠷᠢ ᠲᠦᠪᠰᠢᠨ ᠮᠠᠰᠢ ᠦᠨᠳᠦᠷ᠂ ᠪᠢᠳᠡ ᠪᠤᠰᠤᠳ ᠠᠴᠠ ᠰᠤᠷᠤᠯᠴᠠᠬᠤ ᠶᠢᠨ ᠵᠡᠷᠬᠡᠪᠡᠷ ᠨᠦᠯᠦᠬᠡᠯᠡᠬᠦ ᠬᠦᠴᠦᠨ ᠢᠶᠠᠨ ᠳᠡᠬᠡᠭᠰᠢᠯᠡᠬᠦᠯᠬᠦ ᠬᠡᠷᠡᠭᠳᠡᠢ᠃ ᠠᠷᠠᠳ ᠤᠨ ᠰᠡᠳᠬᠢᠯ ᠨᠡᠪᠳᠡᠷᠡᠯᠴᠡᠬᠦ ᠳᠤ ᠰᠤᠶᠤᠯ ᠳᠤ ᠲᠦᠰᠢᠭᠯᠡᠳᠡᠭ᠂ ᠡᠶᠢᠮᠦ ᠠᠴᠠ ᠳᠡᠦᠬᠡ᠂ ᠰᠤᠶᠤᠯ ᠤᠨ ᠡᠬᠢ ᠪᠠᠶᠠᠯᠢᠭ ᠢᠶᠠᠨ ᠬᠡᠷᠬᠢᠨ ᠬᠠᠮᠳᠤᠪᠡᠷ ᠠᠰᠢᠬᠯᠠᠬᠤ ᠳᠤᠬᠠᠢ ᠪᠤᠳᠤᠯᠬᠢᠯᠠᠬᠤ ᠪᠤᠯ ᠲᠤᠭᠤᠷᠢᠵᠤ ᠭᠠᠷᠴᠤ ᠪᠤᠯᠤᠰᠢ ᠦᠬᠡᠢ ᠠᠰᠠᠭᠤᠳᠠᠯ ᠶᠤᠮ᠃       ᠲᠦᠷᠪᠡ᠂ ᠦᠪᠦᠷ ᠮᠤᠩᠭᠤᠯ ᠤᠨ ᠦᠪᠡᠷᠮᠢᠴᠡ ᠰᠤᠶᠤᠯ ᠤᠨ ᠳᠠᠮᠵᠢᠭᠤᠯᠬᠤ ᠬᠦ᠋ᠴᠦᠨ᠂ ᠦᠪᠡᠷ ᠤᠨ ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠴᠢᠬᠤᠯᠠ ᠲᠠᠢ᠃ ᠡᠬᠦᠨ ᠳᠤ᠂ ᠲᠠᠯ᠎ᠠ ᠨᠤᠳᠤᠭ ᠤᠨ ᠰᠤᠶᠤᠯ ᠵᠢᠴᠢ ᠭᠠᠵᠠᠷ ᠤᠷᠤᠨ ᠤ ᠰᠤᠶᠤᠯ ᠤᠨ ᠬᠦᠭᠵᠢᠯᠲᠡ ᠵᠠᠪᠡᠯ ᠦᠪᠡᠷ ᠤᠨ ᠭᠠᠵᠠᠷ ᠤᠷᠤᠨ ᠤ ᠤᠨᠴᠠᠯᠢᠭ ᠪᠠ ᠲᠤᠮᠳᠠᠳᠤ ᠶᠢᠨ ᠤᠨᠴᠠᠯᠢᠭ ᠢ ᠢᠯᠡᠷᠡᠭᠦᠯᠦᠭᠰᠡᠨ ᠪᠠᠶᠢᠬᠤ ᠬᠡᠷᠡᠭᠲᠠᠢ᠃      ᠪᠠᠢ ᠶᠠᠨ ᠰᠦᠩ᠄ ︵ᠨᠡᠷᠡᠳᠤ ᠬᠦᠳᠦᠯᠦᠭᠴᠢ︶ ᠳᠠᠯ᠎ᠠ ᠨᠤᠳᠤᠭ ᠤᠨ ᠰᠤᠶᠤᠯ ᠤᠨ ᠤᠳᠤᠬᠢᠴᠢ ᠴᠢᠨᠠᠷ ᠢ ᠴᠢᠬᠤᠯᠠᠴᠢᠯᠠᠬᠤ ᠬᠡᠷᠡᠭᠳᠡᠢ      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠪᠤᠯᠳᠠᠯ᠎ᠠ᠂ ᠰᠤᠶᠤᠯ ᠢ ᠬᠡᠷᠬᠢᠨ ᠬᠦᠭᠵᠢᠬᠦᠯᠬᠦ ᠳᠤᠬᠠᠢ ᠴᠢᠭᠯᠡᠯ ᠢ ᠨᠢᠬᠡᠨᠳᠡ ᠳᠤᠳᠤᠷᠬᠠᠢ ᠵᠢᠭᠠᠨ ᠭᠠᠷᠭᠠᠭᠰᠠᠨ ᠪᠠᠶᠢᠨ᠎ᠠ᠃ ᠡᠶᠢᠮᠦ ᠠᠴᠠ ᠰᠤᠶᠤᠯ ᠢᠶᠠᠨ ᠬᠡᠷᠬᠢᠨ ᠬᠦᠭᠵᠢᠬᠦᠯᠬᠦ ᠠᠷᠭ᠎ᠠ ᠵᠠᠮ᠂ ᠪᠠᠶᠢᠷᠢ ᠳᠤᠭᠳᠠᠭᠠᠯᠳᠠ ᠶᠢᠨ ᠳᠤᠬᠠᠢ ᠪᠤᠳᠤᠯᠬᠢᠯᠠᠬᠤ ᠪᠤᠯ ᠤᠳᠤᠬᠠᠨ ᠤ ᠴᠢᠬᠤᠯᠠ ᠠᠰᠠᠭᠤᠳᠠᠯ ᠪᠤᠯᠤᠨ᠎ᠠ᠃ ᠦᠪᠦᠷ ᠮᠤᠩᠭᠤᠯ ᠤᠨ ᠰᠤᠶᠤᠯ ᠨᠢ ᠪᠤᠰᠤᠭ᠎ᠠ ᠴᠤᠭᠴᠠᠳᠤ ᠴᠢᠨᠠᠷᠳᠠᠢ ᠪᠠᠶᠢᠵᠤ᠂ ᠭᠤᠴᠤᠯᠠᠯ ᠳᠠᠭᠤᠤ᠂ ᠨᠠᠶᠢᠷᠠᠯ ᠳᠠᠭᠤᠤ᠂ ᠤᠷᠳᠤ ᠶᠢᠨ ᠳᠠᠭᠤᠤ᠂ ᠷᠤᠺ ᠳᠠᠭᠤᠤ᠂ ᠪᠦᠵᠢᠭ ᠠᠯᠢ ᠨᠢᠬᠡ ᠳᠠᠯ᠎ᠠ ᠪᠠᠷ ᠠᠪᠴᠤ ᠬᠡᠯᠡᠭᠰᠡᠨ ᠴᠤ ᠪᠦᠬᠦ ᠤᠯᠤᠰ ᠤᠨ ᠡᠮᠦᠨ᠎ᠡ ᠡᠩᠨᠡᠬᠡᠨ ᠳᠤ ᠬᠤᠰᠢᠭᠤᠷᠠᠵᠤ ᠪᠠᠶᠢᠭ᠎ᠠ ᠶᠤᠮ᠃ ᠳᠡᠬᠡᠪᠡᠯ᠂ ᠳᠠᠯ᠎ᠠ ᠨᠤᠳᠤᠭ ᠤᠨ ᠰᠤᠶᠤᠯ ᠢᠶᠠᠨ ᠬᠦᠭᠵᠢᠬᠦᠯᠵᠦ᠂ ᠬᠡᠷᠬᠢᠨ ᠨᠦᠯᠦᠬᠡᠯᠡᠬᠦ ᠬᠦᠴᠦᠨ ᠢᠶᠠᠨ ᠴᠢᠩᠭᠠᠳᠬᠠᠬᠤ ᠳᠠᠯ᠎ᠠ ᠪᠠᠷ ᠪᠢ ᠦᠪᠡᠷ ᠤᠨ ᠪᠤᠳᠤᠯ ᠢᠶᠠᠨ ᠳᠤᠤᠷᠠᠬᠢ ᠬᠡᠳᠦᠨ ᠳᠠᠯ᠎ᠠ ᠠᠴᠠ ᠶᠠᠷᠢᠶ᠎ᠠ᠄      ᠨᠢᠬᠡ᠂ ᠦᠪᠦᠷ ᠮᠤᠩᠭᠤᠯ ᠲᠦᠷᠬᠡᠨ ᠤ ᠳᠡᠮᠦᠷ ᠵᠠᠮ ᠨᠡᠪᠳᠡᠷᠡᠬᠦ ᠳᠤ ᠲᠦᠰᠢᠭᠯᠡᠨ᠂ ᠪᠡᠬᠡᠵᠢᠩ ᠲᠢᠶᠠᠨᠵᠢᠨ ᠡᠾᠧᠪᠧᠢ ᠶᠢᠨ ᠨᠢᠬᠡ ᠴᠤᠭᠴᠠᠵᠢᠭᠤᠯᠤᠯᠳᠠ ᠶᠢᠨ ᠬᠦᠭᠵᠢᠯᠳᠡ ᠳᠤ ᠴᠢᠭᠯᠡᠬᠦᠯᠦᠨ᠂ ᠪᠡᠬᠡᠵᠢᠩ ᠢᠶᠠᠷ ᠲᠦᠪ ᠪᠤᠯᠭᠠᠨ᠂ ᠲᠠᠯ᠎ᠠ ᠨᠤᠳᠤᠭ ᠤᠨ ᠰᠤᠶᠤᠯ ᠢᠶᠠᠨ ᠬᠡᠷᠬᠢᠨ ᠬᠦᠭᠵᠢᠬᠦᠯᠬᠦ ᠳᠤᠬᠠᠢ ᠪᠤᠳᠤᠯᠬᠢᠯᠠᠬᠤ ᠬᠡᠷᠡᠭᠳᠡᠢ᠃ ᠲᠦᠷᠬᠡᠨ ᠤ ᠭᠠᠯᠳᠤ ᠳᠡᠷᠬᠡ ᠨᠡᠪᠳᠡᠷᠡᠬᠦ ᠨᠢ ᠦᠪᠦᠷ ᠮᠤᠩᠭᠤᠯ ᠳᠤ ᠮᠠᠰᠢ ᠶᠡᠭᠡ ᠠᠵᠠ ᠵᠠᠪᠰᠢᠶᠠᠨ ᠤᠯᠭᠤᠬᠤ ᠪᠤᠯᠤᠨ᠎ᠠ᠃ ᠡᠶᠢᠮᠦ ᠠᠴᠠ ᠰᠤᠶᠤᠯ ᠵᠤᠭᠠᠴᠠᠯ ᠢ ᠬᠡᠷᠬᠢᠨ ᠠᠭᠤᠰᠤᠯᠴᠠᠭᠤᠯᠤᠨ ᠬᠦᠭᠵᠢᠬᠦᠯᠬᠦ ᠳᠠᠯ᠎ᠠ ᠪᠠᠷ ᠭᠠᠷᠳᠠᠨ ᠪᠡᠯᠡᠳᠬᠡᠯ ᠬᠢᠬᠦ ᠬᠡᠷᠡᠭᠳᠡᠢ᠃ ᠪᠡᠬᠡᠵᠢᠩ ᠬᠦᠷᠬᠦ ᠲᠦᠷᠬᠡᠨ ᠤ ᠭᠠᠯᠳᠤ ᠳᠡᠷᠬᠡᠨ ᠳᠡᠬᠡᠷ᠎ᠡ᠂ ᠳᠠᠯ᠎ᠠ ᠨᠤᠳᠤᠭ ᠤᠨ ᠰᠤᠶᠤᠯ ᠤᠨ ᠡᠯᠧᠮᠧᠨ᠋ᠲ ᠢ ᠢᠯᠡᠷᠡᠬᠦᠯᠵᠦ ᠪᠤᠯᠤᠨ᠎ᠠ᠂ ᠳᠠᠯ᠎ᠠ ᠨᠤᠳᠤᠭ ᠤᠨ ᠰᠤᠶᠤᠯ ᠤᠨ ︽ᠭᠠᠷᠴᠤ ᠶᠠᠪᠤᠬᠤ︾᠎ ᠳᠤ ᠪᠡᠬᠡᠵᠢᠩ ᠢᠶᠠᠷ ᠲᠦᠪ ᠪᠤᠯᠭᠠᠬᠤ ᠪᠤᠯ ᠴᠢᠬᠤᠯᠠ᠂ ᠪᠡᠬᠡᠵᠢᠩ ᠳᠠᠬᠢ ᠨᠡᠷ᠎ᠡ ᠨᠦᠯᠦᠬᠡ ᠪᠠᠨ ᠦᠷᠬᠡᠳᠬᠡᠬᠦ ᠨᠢ ᠲᠤᠩ ᠴᠢᠬᠤᠯᠠ᠃      ᠬᠤᠶᠠᠷ᠂ ᠪᠠᠶᠢᠷᠢ ᠳᠤᠭᠳᠠᠭᠠᠯᠳᠠ ᠶᠢᠨ ᠬᠤᠪᠢ ᠳᠤ ᠰᠤᠶᠤᠯ ᠤᠨ ᠤᠳᠤᠬᠢᠴᠢ ᠴᠢᠨᠠᠷ ᠤᠨ ᠠᠰᠠᠭᠤᠳᠠᠯ ᠢ ᠴᠢᠬᠤᠯᠠᠴᠢᠯᠠᠬᠤ ᠬᠡᠷᠡᠭᠳᠡᠢ᠃ ᠦᠪᠦᠷ ᠮᠤᠩᠭᠤᠯ ᠤᠨ ᠬᠠᠮᠤᠭ ᠤᠨ ᠳᠤᠮᠤ ᠦᠷᠢᠰᠦᠯᠳᠦᠬᠡᠨ ᠪᠤᠯ ᠰᠤᠶᠤᠯ ᠤᠨ  ᠤᠳᠤᠬᠢᠴᠢ ᠴᠢᠨᠠᠷ ᠤᠨ ᠠᠰᠠᠭᠤᠳᠠᠯ ᠪᠤᠯᠤᠨ᠎ᠠ᠃ ᠦᠪᠦᠷ ᠮᠤᠩᠭᠤᠯ ᠤᠨ ᠳᠠᠯ᠎ᠠ ᠨᠤᠳᠤᠭ ᠪᠤᠯ ᠳᠤᠮᠳᠠᠳᠤ ᠶᠢᠨ  ᠰᠤᠶᠤᠯ ᠎ ᠤᠨ  ᠡᠬᠢ ᠡᠬᠦᠰᠦᠯ ᠤᠨ ᠭᠠᠵᠠᠷ ᠤᠨ ᠨᠢᠬᠡ ᠪᠤᠯᠤᠨ᠎ᠠ᠂ ᠬᠦᠮᠦᠰ ᠳᠠᠯ᠎ᠠ ᠨᠤᠳᠤᠭ ᠲᠤ ᠤᠴᠢᠪᠠᠯ ᠬᠡᠷ ᠲᠡᠭᠡᠨ ᠬᠠᠷᠢᠭᠰᠠᠨ ᠰᠢᠭ᠋ ᠲᠦᠷᠦᠭᠳᠡᠯ ᠤᠯᠭᠤᠪᠠᠯ᠂ ᠳᠠᠯ᠎ᠠ ᠨᠤᠳᠤᠭ ᠤᠨ ᠰᠤᠶᠤᠯ ᠰᠠᠶᠢ ᠬᠦᠮᠦᠰ ᠤᠨ ᠰᠡᠳᠬᠢᠯ ᠳᠤ ᠬᠦᠷᠴᠦ ᠴᠢᠳᠠᠨ᠎ᠠ᠃      ᠭᠤᠷᠪᠠ᠂ ᠳᠠᠯ᠎ᠠ ᠨᠤᠳᠤᠭ ᠤᠨ ᠰᠤᠶᠤᠯ ᠢ ᠤᠳᠤᠬᠢᠴᠢᠯᠠᠬᠤ ᠬᠡᠷᠡᠭᠳᠡᠢ᠃ ᠳᠠᠯ᠎ᠠ ᠨᠤᠳᠤᠭ ᠤᠨ ᠳᠠᠭᠤᠤ ᠪᠠᠷ ᠠᠪᠴᠤ ᠶᠠᠷᠢᠬᠤ ᠳᠤ ᠨᠢᠬᠡᠳᠦᠬᠡᠷ ᠦᠶ᠎ᠠ ᠶᠢᠨ ᠳᠠᠯ᠎ᠠ ᠨᠤᠳᠤᠭ ᠤᠨ ᠳᠠᠭᠤᠤ ︽ᠳᠠᠯ᠎ᠠ ᠨᠤᠳᠤᠭ ᠤᠨ ᠦᠷᠯᠦᠬᠡ ᠶᠢᠨ ᠤᠶᠠᠩᠭ᠎ᠠ︾᠂ ︽ᠮᠠᠭᠳᠠᠭᠠᠯ ᠳᠠᠭᠤᠤ︾ ᠬᠡᠬᠦ ᠮᠡᠳᠤ ᠶᠢᠨ ᠳᠠᠭᠤᠤ ᠨᠢ ᠳᠠᠯ᠎ᠠ ᠨᠤᠳᠤᠭ ᠤᠨ ᠦᠵᠡᠮᠵᠢ᠂ ᠳᠠᠯ᠎ᠠ ᠨᠤᠳᠤᠭ ᠤᠨ ᠰᠡᠳᠬᠢᠯᠬᠡ ᠪᠠᠨ ᠮᠠᠭᠳᠠᠨ ᠳᠠᠭᠤᠯᠠᠵᠤ ᠪᠠᠶᠢᠭᠰᠠᠨ ᠪᠤᠯ᠂ ᠬᠤᠶᠠᠳᠤᠭᠠᠷ ᠦᠶ᠎ᠠ ᠶᠢᠨ ︽ᠠᠪᠤ ᠡᠵᠢ ᠶᠢᠨ ᠨᠤᠳᠤᠭ ᠤᠰᠤ︾᠂ ︽ᠪᠢ ᠳᠠᠯ᠎ᠠ ᠨᠤᠳᠤᠭ ᠲᠠᠢ ᠪᠤᠯᠵᠤᠭ᠎ᠠ ᠲᠠᠢ︾ ᠬᠡᠬᠦ ᠮᠡᠳᠤ ᠶᠢᠨ ᠳᠠᠭᠤᠤ ᠨᠢ ᠤᠳᠤ ᠦᠶ᠎ᠠ ᠶᠢᠨ ᠬᠦᠮᠦᠰ ᠤᠨ ᠰᠡᠳᠬᠢᠯ ᠢ ᠬᠦᠨᠳᠡᠭᠰᠡᠨ ᠪᠠᠶᠢᠨ᠎ᠠ᠃ ᠭᠤᠷᠪᠠᠳᠤᠭᠠᠷ ᠦᠶ᠎ᠡ ᠶᠢᠨ ᠳᠠᠯ᠎ᠠ ᠨᠤᠳᠤᠭ ᠤᠨ ᠰᠤᠩᠭᠤᠳᠠᠭ ᠳᠠᠭᠤᠤ ᠵᠤᠬᠢᠶᠠᠨ ᠪᠦᠳᠦᠬᠡᠭᠳᠡᠵᠦ ᠴᠢᠳᠠᠭ᠎ᠠ ᠦᠬᠡᠢ᠂ ᠭᠤᠷᠪᠠᠳᠤᠭᠠᠷ ᠦᠶ᠎ᠡ ᠶᠢᠨ ᠳᠠᠯ᠎ᠠ ᠨᠤᠳᠤᠭ ᠤᠨ ᠰᠤᠩᠭᠤᠳᠠᠭ ᠳᠠᠭᠤᠤ ᠶᠢ ᠵᠤᠬᠢᠶᠠᠨ ᠪᠦᠳᠦᠬᠡᠬᠦ ᠳᠤ ᠤᠳᠤ ᠦᠶ᠎ᠠ ᠶᠢᠨ ᠬᠦᠮᠦᠰ ᠤᠨ ᠰᠡᠳᠬᠢᠯ ᠪᠠ ᠲᠦᠬᠡᠷᠢᠭᠳᠡᠯ ᠳᠤ ᠴᠢᠭᠯᠡᠬᠦᠯᠦᠭᠰᠡᠨ ᠪᠦᠳᠦᠬᠡᠯ ᠢ ᠵᠤᠬᠢᠶᠠᠨ ᠪᠦᠳᠦᠬᠡᠬᠦ ᠬᠡᠷᠡᠭᠳᠡᠢ᠃ ᠬᠡᠬᠦ ᠳᠡᠭᠡᠨ᠂ ᠳᠠᠯ᠎ᠠ ᠨᠤᠳᠤᠭ ᠲᠤ ᠰᠠᠭᠤᠷᠢᠯᠠᠨ᠂ ᠤᠳᠤ ᠦᠶ᠎ᠠ ᠶᠢᠨ ᠰᠡᠳᠬᠢᠯᠬᠡ ᠶᠢ ᠢᠯᠡᠷᠡᠬᠦᠯᠦᠭᠰᠡᠨ ᠪᠠᠶᠢᠬᠤ ᠬᠡᠷᠡᠭᠳᠡᠢ᠃      ᠲᠦᠷᠪᠡ᠂ ᠳᠠᠯ᠎ᠠ ᠨᠤᠳᠤᠭ ᠤᠨ ᠰᠤᠶᠤᠯ ᠤᠷᠠᠯᠢᠭ ᠢ ᠬᠦᠭᠵᠢᠬᠦᠯᠬᠦ ᠳᠤ ︽ᠤᠷᠢᠵᠤ ᠠᠪᠴᠢᠷᠠᠨ︾᠂ ︽ᠭᠠᠷᠴᠤ ᠶᠠᠪᠤᠬᠤ︾ ᠬᠡᠷᠡᠭᠳᠡᠢ᠃ ᠶᠡᠷᠦᠩᠬᠡᠢ ᠱᠦᠵᠢ ᠰᠢ ᠶᠢᠨ ᠫᠢᠩ ᠤᠨ ᠤᠯᠠᠭᠠᠨᠮᠦ᠋ᠴᠢᠷ ᠤᠨ ᠬᠡᠰᠢᠬᠦᠳ ᠲᠤ ᠴᠢᠬᠤᠯᠠ ᠵᠢᠭᠠᠪᠤᠷᠢ ᠦᠭᠬᠦᠭᠰᠡᠨ ᠪᠦᠬᠡᠳ ᠰᠢᠨ᠎ᠠ ᠵᠢᠯ ᠤᠨ ᠪᠠᠶᠠᠷ ᠤᠨ ᠦᠬᠡᠨ ᠳᠡᠭᠡᠨ ᠤᠯᠠᠭᠠᠨᠮᠦ᠋ᠴᠢᠷ ᠤᠨ ᠳᠤᠬᠠᠢ ᠳᠠᠬᠢᠨᠳᠠ ᠴᠢᠬᠤᠯᠠᠴᠢᠯᠠᠭᠰᠠᠨ ᠪᠠᠶᠢᠨ᠎ᠠ᠃ ᠤᠯᠠᠭᠠᠨᠮᠦ᠋ᠴᠢᠷ ᠨᠢ ᠦᠩᠬᠡᠷᠡᠭᠰᠡᠨ ᠳᠤ ᠵᠠᠮ ᠬᠠᠷᠢᠯᠴᠠᠭ᠎ᠠ ᠲᠦᠬᠦᠮ ᠦᠬᠡᠢ ᠪᠤᠶᠢᠳᠠ ᠪᠦᠭᠯᠡᠬᠦᠤ ᠮᠠᠯᠵᠢᠬᠤ ᠳᠠᠷᠢᠶᠠᠯᠠᠬᠤ ᠤᠷᠤᠨ ᠳᠤ ︽ᠤᠳᠬ᠎ᠠ ᠤᠷᠠᠯᠢᠭ ᠢ ᠬᠦᠳᠡᠭᠡ ᠬᠦᠷᠬᠡᠵᠦ︾᠂ ᠦᠨᠳᠦᠰᠦᠨ ᠱᠠᠳᠤᠨ ᠳᠤ ᠦᠢᠯᠡᠴᠢᠯᠡᠵᠦ ᠪᠠᠶᠢᠭᠰᠠᠨ ᠶᠤᠮ᠃ ᠳᠡᠬᠡᠪᠡᠯ᠂ ᠤᠳᠤᠬᠠᠨ ᠳᠤ ᠤᠯᠠᠭᠠᠨᠮᠦ᠋ᠴᠢᠷ ᠨᠢ ᠰᠤᠶᠤᠯ ᠤᠨ ᠤᠳᠤᠬᠢᠴᠢ ᠴᠢᠨᠠᠷ ᠲᠠᠢ ᠪᠠᠶᠢᠬᠤ ᠴᠢᠬᠤᠯᠠᠳᠠᠢ ᠤᠤ︖ ᠤᠯᠠᠭᠠᠨᠮᠦ᠋ᠴᠢᠷ ᠬᠠᠮᠢᠭᠠᠰᠢ ᠪᠠᠨ ᠬᠦᠭᠵᠢᠬᠦ ᠪᠤᠢ︖ ᠦᠨᠳᠦᠰᠦᠨ ᠱᠠᠳᠤᠨ ᠳᠠᠭᠠᠨ ᠦᠢᠯᠡᠴᠢᠯᠡᠬᠦ ᠶᠤᠮ ᠤᠤ ᠡᠰᠡᠬᠦᠯ᠎ᠡ ᠰᠢᠯᠢᠳᠡᠭ ᠰᠤᠶᠤᠯ ᠢᠶᠠᠨ ᠭᠠᠳᠠᠭᠰᠢ ᠤᠬᠠᠭᠤᠯᠬᠤ ᠶᠤᠮ ᠤᠤ︖ ᠡᠨᠡ ᠳᠤᠬᠠᠢ ᠪᠤᠳᠤᠯᠬᠢᠯᠠᠬᠤ ᠴᠢᠬᠤᠯᠠ ᠲᠠᠢ᠃ ᠰᠤᠶᠤᠯ ᠤᠨ ︽ᠭᠠᠷᠴᠤ ᠶᠠᠪᠤᠬᠤ︾ ᠳᠠᠯ᠎ᠠ ᠪᠠᠷ᠂ ᠦᠪᠦᠷ ᠮᠤᠩᠭᠤᠯ ᠨᠢ ᠪᠡᠬᠡᠵᠢᠩ ᠳᠤ ᠳᠤᠭᠳᠠᠭᠰᠠᠨ ᠳᠠᠯᠠᠪᠠᠢ ᠭᠠᠷᠭᠠᠵᠤ᠂ ᠦᠪᠦᠷ ᠮᠤᠩᠭᠤᠯ ᠤᠨ ᠰᠤᠶᠤᠯ ᠢᠶᠠᠨ ᠳᠤᠭᠳᠠᠮᠠᠯ ᠬᠤᠭᠤᠴᠠᠭ᠎ᠠ ᠲᠠᠢ ᠪᠠᠷ ᠤᠬᠠᠭᠤᠯᠵᠤ ᠪᠤᠯᠤᠨ᠎ᠠ᠂ ᠡᠨᠡ ᠪᠤᠯ ︽ᠭᠠᠷᠴᠤ ᠶᠠᠪᠤᠬᠤ︾ ᠴᠢᠬᠤᠯᠠ ᠠᠷᠭ᠎ᠠ ᠬᠡᠮᠵᠢᠶ᠎ᠠ ᠪᠤᠯᠤᠨ᠎ᠠ᠃ ᠳᠠᠯ᠎ᠠ ᠨᠤᠳᠤᠭ ᠪᠤᠯ ᠲᠡᠷᠡ ᠪᠠᠶ᠎ᠠ ᠪᠠᠷ ᠢᠶᠠᠨ ᠬᠠᠮᠤᠭ ᠤᠨ ᠬᠦᠴᠦᠨ ᠲᠠᠢ ᠤᠷᠢᠯᠭ᠎ᠠ ᠶᠢᠨ ᠪᠢᠴᠢᠭ ᠪᠤᠯᠤᠬᠰᠠᠨ ᠤ ᠬᠤᠪᠢ ᠳᠤ᠂ ︽ᠤᠷᠢᠵᠤ ᠠᠪᠴᠢᠷᠠᠬᠤ︾ ᠳᠠᠯ᠎ᠠ ᠪᠠᠷ᠂ ᠳᠠᠯ᠎ᠠ ᠨᠤᠳᠤᠭ ᠤᠨ ᠬᠠᠮᠤᠭ ᠤᠨ ᠰᠠᠶᠢᠬᠠᠨ ᠤᠯᠠᠷᠢᠯ ᠳᠤ ᠳᠠᠯ᠎ᠠ ᠨᠤᠳᠤᠭ ᠤᠨ ᠳᠠᠭᠤᠤ ᠬᠦᠭᠵᠢᠮ ᠤᠨ ᠤᠯᠠᠨ ᠵᠦᠢᠯ ᠤᠨ ᠦᠳᠡᠰᠢᠯᠡᠭᠡ ᠳᠤᠬᠢᠷᠠᠭᠤᠯᠵᠤ ᠪᠤᠯᠤᠨ᠎ᠠ᠃ ᠦᠪᠦᠷ ᠮᠤᠩᠭᠤᠯ ᠨᠢ ᠲᠠᠭᠤᠤ ᠬᠦᠭᠵᠢᠮ ᠤᠨ ᠦᠪᠡᠷ ᠤᠨ ᠨᠡᠷᠡᠳᠤ ᠲᠦᠷᠦᠯ ᠳᠡᠮᠳᠡᠭ ᠢ ᠡᠬᠦᠳᠴᠦ᠂ ᠳᠠᠭᠤᠤ ᠬᠦᠭᠵᠢᠮ ᠤᠨ ᠦᠳᠡᠰᠢᠯᠡᠭᠡ ᠡᠷᠬᠢᠯᠡᠬᠦ ᠬᠡᠯᠪᠡᠷᠢ ᠪᠠᠷ᠂ ︽ᠳᠠᠯ᠎ᠠ ᠨᠤᠳᠤᠭ ᠤᠨ ᠳᠠᠭᠤᠤ ᠶᠢ ᠳᠠᠭᠤᠯᠠᠭᠤᠯᠬᠤ︾ ᠲᠧᠯᠧᠢᠰ ᠤᠷᠤᠯᠳᠤᠭᠠᠨ᠂ ︽ᠨᠠᠶᠢᠷᠠᠯ ᠳᠠᠭᠤᠤ︾᠎ ᠶᠢᠨ ᠲᠧᠯᠧᠢᠰ ᠤᠷᠤᠯᠳᠤᠭᠠᠨ ᠡᠷᠬᠢᠯᠡᠬᠦ ᠬᠡᠬᠦ ᠮᠡᠳᠤ ᠶᠢᠨ ᠠᠷᠭ᠎ᠠ ᠪᠠᠷ ᠳᠠᠯ᠎ᠠ ᠨᠤᠳᠤᠭ ᠤᠨ ᠰᠤᠶᠤᠯ ᠤᠨ ᠨᠦᠯᠦᠬᠡᠯᠡᠬᠦ ᠬᠦᠴᠦᠨ ᠢᠶᠠᠨ ᠦᠷᠬᠡᠳᠬᠡᠵᠦ ᠪᠤᠯᠤᠨ᠎ᠠ᠃      ᠳᠡᠳᠮ᠎ᠡ᠄ ︵ᠠᠯᠳᠠᠷᠳᠤ ᠲᠠᠭᠤᠴᠢᠨ︶ ᠦᠨᠳᠦᠰᠦᠳᠡᠨ ᠤ ᠰᠢᠯᠢᠳᠡᠭ ᠤᠷᠠᠯᠢᠭ ᠢ ᠤᠯᠠᠮᠵᠢᠯᠠᠨ ᠵᠠᠯᠭᠠᠮᠵᠢᠯᠠᠬᠤ ᠶᠢ ᠴᠢᠩᠭᠠᠳᠬᠠᠬᠤ ᠬᠡᠷᠡᠭᠳᠡᠢ      ᠨᠢᠬᠡ᠂ ᠮᠢᠨᠦ ᠡᠷᠬᠢᠯᠡᠵᠦ ᠪᠠᠶᠢᠭ᠎ᠠ ᠤᠷᠠᠯᠢᠭ ᠤᠨ ᠰᠤᠷᠭᠠᠭᠤᠯᠢ ᠶᠢᠨ ᠪᠠᠶᠢᠳᠠᠯ ᠢᠶᠠᠷ ᠦᠵᠡᠬᠦ ᠳᠤ᠂ ᠤᠳᠤ ᠤᠯᠠᠮᠵᠢᠯᠠᠯᠳᠤ ᠰᠢᠯᠢᠳᠡᠭ ᠤᠷᠠᠯᠢᠭ ᠢ ᠰᠤᠷᠤᠯᠴᠠᠬᠤ ᠳᠤᠷ᠎ᠠ ᠰᠤᠨᠢᠷᠬᠠᠯ ᠲᠠᠢ ᠰᠤᠷᠤᠭᠴᠢ ᠴᠦᠬᠡᠷᠡᠵᠦ ᠪᠠᠶᠢᠨ᠎ᠠ᠃ ᠡᠶᠢᠮᠦ ᠠᠴᠠ᠂ ᠤᠷᠳᠤ ᠶᠢᠨ ᠳᠠᠭᠤᠤ ᠶᠢ ᠰᠤᠷᠭᠠᠵᠤ ᠬᠦᠮᠦᠵᠢᠬᠦᠯᠬᠦ ᠳᠠᠯ᠎ᠠ ᠪᠠᠷ ᠴᠢᠬᠤᠯᠠᠴᠢᠯᠠᠨ ᠠᠳᠬᠤᠬᠤ ᠬᠡᠷᠡᠭᠳᠡᠢ᠃ ᠵᠠᠯᠠᠭᠤ ᠬᠦᠮᠦᠰ ᠲᠤ ᠠᠷᠠᠳ ᠤᠨ ᠳᠠᠭᠤᠤ ᠶᠢᠨ ᠰᠢᠯᠢᠳᠡᠭ ᠵᠦᠢᠯᠡᠰ ᠢ ᠮᠡᠳᠡᠬᠦᠯᠵᠦ ᠳᠠᠨᠢᠭᠤᠯᠬᠤ ᠬᠡᠷᠡᠭᠳᠡᠢ᠃ ᠤᠳᠤᠬᠠᠨ ᠳᠤ᠂ ᠠᠷᠠᠳ ᠤᠨ ᠤᠷᠳᠤ ᠶᠢᠨ ᠳᠠᠭᠤᠤ ᠶᠢ ᠰᠠᠶᠢᠬᠠᠨ ᠳᠠᠭᠤᠯᠠᠬᠤ ᠬᠦᠮᠦᠰ ᠴᠦᠬᠡᠷᠡᠵᠦ ᠪᠠᠶᠢᠨ᠎ᠠ᠃ ᠮᠠᠨᠠᠶᠢᠬᠢᠳ ᠳᠠᠭᠤᠤ᠂ ᠪᠦᠵᠢᠭ ᠬᠡᠬᠦᠴᠢᠯᠡᠨ ᠤᠯᠠᠨ ᠨᠡᠶᠢᠬᠡᠮᠯᠢᠭ ᠲᠠᠢ ᠪᠠᠶᠢᠬᠤ ᠪᠤᠯᠪᠠᠴᠤ ᠲᠡᠳᠡᠨ ᠤ ᠦᠢᠯᠡᠳᠦᠯ ᠴᠢᠳᠡᠪᠬᠢ ᠶᠢ ᠬᠦᠢᠴᠡᠳ ᠪᠠᠳᠠᠷᠠᠭᠤᠯᠵᠤ ᠴᠢᠳᠠᠬᠤ ᠦᠬᠡᠢ ᠪᠠᠶᠢᠨ᠎ᠠ᠃ ᠡᠶᠢᠮᠦ ᠠᠴᠠ᠂ ᠤᠯᠠᠮᠵᠢᠯᠠᠯᠳᠤ ᠰᠤᠶᠤᠯ ᠢᠶᠠᠨ ᠤᠯᠠᠮᠵᠢᠯᠠᠨ ᠬᠦᠭᠵᠢᠬᠦᠯᠬᠦ ᠳᠤᠬᠠᠢ ᠨᠢᠬᠡᠨ ᠬᠠᠮᠢᠶᠠᠷᠤᠯᠳᠠ ᠶᠢᠨ ᠪᠦᠯᠬᠦᠮ ᠨᠢᠬᠡᠴᠡ ᠶᠢ ᠪᠠᠶᠢᠭᠤᠯᠵᠤ᠂ ᠡᠨᠡ ᠳᠤᠬᠠᠢ ᠨᠠᠷᠢᠨ ᠪᠠᠶᠢᠴᠠᠭᠠᠯᠳᠠ ᠬᠢᠵᠦ᠂ ᠰᠢᠯᠢᠳᠡᠭ ᠰᠤᠶᠤᠯ ᠢᠶᠠᠨ ᠤᠯᠠᠮᠵᠢᠯᠠᠨ ᠬᠦᠭᠵᠢᠬᠦᠯᠵᠦ ᠬᠠᠮᠠᠭᠠᠯᠠᠬᠤ ᠳᠠᠯ᠎ᠠ ᠪᠠᠷ ᠬᠦᠨᠳᠦᠳᠬᠡᠨ ᠴᠢᠬᠤᠯᠠᠴᠢᠯᠠᠪᠠᠯ ᠵᠤᠬᠢᠨ᠎ᠠ᠃      ᠬᠤᠶᠠᠷ᠂ ᠦᠪᠦᠷ ᠮᠤᠩᠭᠤᠯ ᠤᠨ ᠨᠠᠶᠢᠷᠠᠯ ᠳᠠᠭᠤᠤ ᠶᠢ ᠴᠢᠬᠤᠯᠠᠴᠢᠯᠨᠨ ᠠᠳᠬᠤᠬᠤ ᠬᠡᠷᠡᠭᠳᠡᠢ᠃ ᠦᠩᠬᠡᠷᠡᠭᠰᠡᠨ ᠳᠤ ᠦᠪᠦᠷ ᠮᠤᠩᠭᠤᠯ ᠤᠨ ᠨᠠᠶᠢᠷᠠᠯ ᠳᠠᠭᠤᠤ ᠨᠢ ᠳᠡᠯᠡᠬᠡᠢ ᠶᠢᠨ ᠲᠦᠪᠰᠢᠨ ᠳᠤ ᠦᠷᠢᠰᠦᠯᠳᠦᠵᠦ᠂ ᠤᠯᠠᠨ ᠠᠷᠪᠢᠨ ᠱᠠᠩᠨᠠᠯ ᠳᠤᠰᠴᠤ ᠪᠠᠶᠢᠭᠰᠠᠨ᠂ ᠬᠡᠪᠡᠴᠦ ᠤᠢᠢᠷ᠎ᠠ ᠶᠢᠨ ᠵᠢᠯ ᠳᠤ ᠨᠠᠶᠢᠷᠠᠯ ᠳᠠᠭᠤᠤ ᠶᠢᠨ ᠲᠦᠪᠰᠢᠨ ᠵᠤᠬᠰᠤᠩᠭᠤᠢᠢᠷᠠᠬᠰᠠᠨ ᠪᠠᠶᠢᠳᠠᠯ ᠲᠠᠢ᠃ ᠤᠯᠤᠰ ᠪᠠ ᠲᠡᠯᠡᠬᠡᠢ ᠶᠢᠨ ᠲᠡᠰ ᠤᠨ ᠳᠤᠮᠤ ᠱᠠᠩᠨᠠᠯ ᠬᠠᠷᠠᠬᠳᠠᠬᠤ ᠦᠬᠡᠢ ᠪᠤᠯᠤᠬᠰᠠᠨ᠃ ᠡᠶᠢᠮᠦ ᠠᠴᠠ ᠡᠨᠡ ᠳᠠᠯ᠎ᠠ ᠪᠠᠷ ᠠᠩᠬᠠᠷᠤᠯ ᠳᠠᠭᠠᠨ ᠠᠪᠴᠤ ᠨᠡᠩ ᠴᠢᠬᠤᠯᠠᠴᠢᠯᠠᠪᠠᠯ ᠵᠤᠬᠢᠨ᠎ᠠ᠃      ᠭᠤᠷᠪᠠ᠂ ᠵᠠᠯᠠᠭᠤᠴᠤᠳ ᠢ ᠭᠠᠳᠠᠭᠰᠢ ᠭᠠᠷᠭᠠᠵᠤ ᠰᠤᠷᠤᠯᠴᠠᠭᠤᠯᠬᠤ ᠬᠡᠷᠡᠭᠳᠡᠢ᠃ ᠮᠤᠩᠭᠤᠯ ᠤᠯᠤᠰ ᠤᠨ 3 ᠡᠷᠡᠭᠳᠡᠢ ᠳᠠᠭᠤᠴᠢᠨ ᠳᠡᠯᠡᠬᠡᠢ ᠶᠢᠨ ᠲᠡᠰ ᠤᠨ ᠲᠤᠮᠤ ᠱᠠᠩᠨᠠᠯ ᠳᠤᠰᠤᠭᠰᠠᠨ᠂ ᠬᠡᠪᠡᠴᠦ᠂ ᠮᠠᠨᠠᠶᠢᠬᠢᠨ ᠪᠤᠶᠠᠨᠳᠡᠯᠬᠡᠷ ᠪᠠᠭᠰᠢ ᠠᠴᠠ ᠬᠤᠶᠢᠰᠢ᠂ ᠬᠦᠨᠳᠤ ᠶᠢᠨ ᠵᠢᠩ ᠲᠠᠢ ᠳᠡᠯᠡᠬᠡᠢ ᠶᠢᠨ ᠲᠤᠮᠤ ᠱᠠᠩᠨᠠᠯ ᠢ ᠤᠯᠵᠤ ᠳᠤᠰᠤᠭ᠎ᠠ ᠦᠬᠡᠢ᠃ ᠡᠶᠢᠮᠦ ᠠᠴᠠ ᠵᠠᠯᠠᠭᠤᠴᠤᠳ ᠢ ᠭᠠᠳᠠᠭᠰᠢ ᠭᠠᠷᠭᠠᠵᠤ ᠰᠤᠷᠤᠯᠴᠠᠭᠤᠯᠬᠤ ᠶᠢ ᠵᠤᠷᠢᠭᠵᠢᠭᠤᠯᠵᠤ᠂ ᠳᠡᠳᠡᠨ ᠤ ᠤᠷᠠᠯᠢᠭ ᠤᠨ ᠤᠷᠮᠠᠰ ᠢ ᠳᠠᠶᠢᠴᠢᠯᠠᠵᠤ᠂ ᠤᠷᠠᠯᠢᠭ ᠤᠨ ᠲᠦᠪᠰᠢᠨ ᠢ ᠨᠢ ᠲᠡᠬᠡᠭᠰᠢᠯᠡᠬᠦᠯᠬᠦ ᠬᠡᠷᠡᠭᠳᠡᠢ᠃      ᠺᠧ ᠮᠢᠩ᠄ ︵ᠠᠯᠳᠠᠷᠳᠤ ᠲᠠᠭᠤᠤ ᠶᠢᠨ ᠦᠬᠡ ᠵᠤᠬᠢᠶᠠᠬᠴᠢ︶ ᠳᠠᠯ᠎ᠠ ᠨᠤᠳᠤᠭ ᠤᠨ ᠳᠠᠭᠤᠤ ᠬᠦᠭᠵᠢᠮ ᠤᠨ ᠵᠤᠬᠢᠶᠠᠨ ᠪᠦᠳᠦᠬᠡᠯᠬᠡ ᠬᠦᠭᠵᠢᠯᠳᠠ ᠶᠢᠨ ᠰᠢᠨ᠎ᠠ ᠦᠷᠨᠢᠯᠳᠠ ᠶᠢ ᠱᠠᠭᠠᠷᠳᠠᠵᠤ ᠪᠤᠢ       ᠳᠠᠯ᠎ᠠ ᠨᠤᠳᠤᠭ ᠤᠨ ᠳᠠᠭᠤᠤ ᠶᠢ ᠬᠦᠮᠦᠰ ᠳᠠᠭᠤᠯᠠᠬᠤ ᠳᠤᠷᠠᠳᠠᠢ᠃ ᠲᠡᠷᠡ ᠨᠢ ᠳᠤᠮᠳᠠᠳᠤ ᠶᠢᠨ ᠰᠤᠶᠤᠯ ᠤᠨ ᠲᠤᠮᠤ ᠬᠡᠷ ᠪᠦᠯᠢ ᠳᠤ ᠤᠷᠤᠯᠠᠭᠤᠯᠵᠤ ᠪᠤᠯᠤᠰᠢ ᠦᠬᠡᠢ ᠦᠪᠡᠷᠮᠢᠴᠡ ᠤᠨᠴᠠᠯᠢᠭ ᠲᠠᠢ ᠪᠠᠶᠢᠳᠠᠭ᠃ ᠳᠠᠯ᠎ᠠ ᠨᠤᠳᠤᠭ ᠤᠨ ᠳᠠᠭᠤᠤ ᠨᠢ ᠡᠯ᠎ᠠ ᠳᠠᠪᠬᠤᠷᠭ᠎ᠠ ᠶᠢᠨ ᠬᠦᠮᠦᠰ ᠤᠨ ᠰᠡᠳᠬᠢᠯ ᠳᠤ ᠪᠦᠷ ᠬᠦᠷᠴᠦ ᠴᠢᠳᠠᠨ᠎ᠠ᠂ ᠳᠡᠬᠡᠳᠤ ᠳᠡᠰ ᠤᠨ ᠤᠷᠠᠯᠢᠭᠴᠢᠨ ᠪᠠ ᠡᠩ ᠤᠨ ᠠᠷᠠᠳ ᠢᠷᠬᠡᠳ ᠬᠦᠷᠳᠡᠯ᠎ᠡ ᠴᠦᠮ ᠳᠠᠯ᠎ᠠ ᠨᠤᠳᠤᠭ ᠤᠨ ᠳᠠᠭᠤᠤ ᠶᠢ ᠳᠠᠭᠤᠯᠠᠬᠤ ᠳᠤᠷᠠᠳᠠᠢ᠂ ᠰᠤᠨᠤᠰᠬᠤ ᠳᠤᠷᠠᠳᠠᠢ ᠪᠠᠶᠢᠳᠠᠭ᠃ ᠨᠢᠬᠡᠳᠦᠬᠡᠷ ᠦᠶ᠎ᠡ ᠶᠢᠨ ᠤᠷᠠᠯᠢᠭᠴᠢᠨ ᠮᠧᠯᠴᠢᠭ ᠪᠠᠭᠰᠢ ᠶᠢᠨ ︽ᠳᠠᠯ᠎ᠠ ᠨᠤᠳᠤᠭ ᠲᠤ ᠮᠦᠩᠬᠡ ᠶᠢᠨ ᠨᠠᠷᠠᠨ ᠰᠠᠴᠤᠷᠠᠨ ᠮᠠᠨᠳᠤᠯ᠎ᠠ︾ ᠬᠡᠬᠦ ᠳᠠᠭᠤᠤ ᠠᠴᠠ ᠡᠬᠢᠯᠡᠬᠡᠳ᠂ ᠯᠾᠠᠰᠦ᠋ᠷᠦᠩ ᠪᠠᠭᠰᠢ᠂ ᠳᠡᠳᠮ᠎ᠡ ᠪᠠᠭᠰᠢ ᠵᠡᠷᠬᠡ ᠠᠬᠠᠮᠠᠳ ᠨᠢᠬᠡ ᠦᠶ᠎ᠡ ᠶᠢᠨ ᠬᠦᠮᠦᠰ ᠤᠨ ᠰᠢᠷᠭᠠᠭᠤ ᠴᠢᠷᠮᠠᠶᠢᠯᠭ᠎ᠠ ᠪᠠᠷ ᠳᠠᠭᠤᠯᠠᠭᠳᠠᠨ ᠳᠠᠷᠬᠠᠭᠳᠠᠭᠰᠠᠨ ᠳᠠᠯ᠎ᠠ ᠨᠤᠳᠤᠭ ᠤᠨ ᠳᠠᠭᠤᠤ ᠨᠢ ᠬᠦᠮᠦᠰ ᠤᠨ ᠰᠡᠳᠬᠢᠯ ᠳᠤ ᠬᠦᠨ ᠰᠠᠭᠤᠬᠳᠠᠯ ᠦᠯᠡᠳᠡᠭᠡᠭᠰᠡᠨ ᠶᠤᠮ᠃ ᠬᠡᠪᠡᠴᠦ᠂ ᠰᠢᠨ᠎ᠠ ᠵᠠᠭᠤᠨ ᠳᠤ ᠤᠷᠤᠬᠰᠠᠨ ᠤ ᠲᠠᠷᠠᠭ᠎ᠠ ᠰᠢᠨ᠎ᠡ ᠳᠠᠭᠤᠤ ᠴᠦᠬᠡᠨ᠂ ᠬᠦᠮᠦᠨ ᠪᠤᠯᠭᠠᠨ ᠳᠤ ᠳᠠᠮᠵᠢᠭᠳᠠᠨ  ᠳᠠᠭᠤᠯᠠᠭᠳᠠᠬᠤ  ᠰᠤᠩᠭᠤᠳᠠᠭ  ᠳᠠᠭᠤᠤ ᠴᠦᠬᠡᠨ ᠪᠤᠯᠤᠭᠰᠠᠨ᠃ ᠡᠨᠡ ᠳᠤᠬᠠᠢ ᠪᠢ ᠴᠤ ᠰᠡᠳᠬᠢᠨ  ᠪᠤᠳᠤᠯᠬᠢᠯᠠᠵᠤ᠂ ᠦᠪᠡᠷ ᠎ ᠢ ᠎ ᠪᠠᠨ  ᠰᠢᠬᠦᠮᠵᠢᠯᠡᠵᠦ᠂ ᠦᠪᠡᠷ ᠎ ᠤᠨ ᠵᠤᠬᠢᠶᠠᠨ ᠪᠦᠳᠦᠬᠡᠯᠬᠡ ᠶᠢᠨ ᠬᠦᠷᠦᠯᠴᠡᠬᠦ ᠦᠬᠡᠢ ᠳᠠᠯ᠎ᠠ ᠪᠠᠨ ᠡᠷᠢᠯᠬᠢᠯᠡᠭᠰᠡᠬᠡᠷ᠃ ᠡᠬᠦᠨ ᠳᠤ᠂ ᠵᠤᠬᠢᠶᠠᠨ ᠪᠦᠳᠦᠬᠡᠭᠴᠢᠳ ᠤᠨ ᠦᠨᠳᠦᠰᠦᠨ ᠱᠠᠳᠤᠨ ᠳᠤ ᠬᠦᠨᠵᠡᠬᠡᠶᠢᠷᠡᠵᠤ᠂ ᠮᠠᠯᠴᠢᠨ ᠲᠦᠮᠡᠨ ᠲᠠᠢ ᠪᠠᠨ ᠤᠢᠢᠷᠠᠳᠤᠬᠤ᠂ ᠠᠮᠢᠳᠦᠷᠠᠯ ᠳᠤ ᠤᠢᠢᠷᠠᠳᠤᠬᠤ ᠶᠢ ᠨᠠᠩ ᠱᠠᠭᠠᠷᠳᠠᠵᠤ ᠪᠠᠶᠢᠨ᠎ᠠ᠃ ᠪᠤᠳᠠᠳᠠᠢ ᠪᠠᠷ ᠶᠠᠷᠢᠪᠠᠯ᠄       ᠨᠢᠬᠡ᠂ ᠤᠷᠠᠯᠢᠭᠴᠢᠳ ᠠᠮᠢᠳᠤᠷᠠᠯ ᠲᠠᠢ ᠤᠢᠢᠷᠠᠳᠤᠬᠤ ᠬᠡᠷᠡᠭᠳᠡᠢ᠃ ᠤᠷᠠᠯᠢᠭᠴᠢᠳ ᠬᠦᠳᠡᠭᠡ ᠪᠠᠭᠤᠵᠤ᠂ 3 ᠰᠠᠷ᠎ᠠ ᠠᠴᠠ 6 ᠰᠠᠷ᠎ᠠ ᠶᠢᠨ ᠬᠤᠭᠤᠴᠠᠭ᠎ᠠ ᠲᠠᠢ ᠪᠠᠷ ᠮᠠᠯᠵᠢᠬᠤ ᠤᠷᠤᠨ᠂ ᠰᠢᠭᠤᠢᠢᠳᠤ ᠤᠷᠤᠨ᠂ ᠬᠢᠯᠢ ᠬᠢᠵᠠᠭᠠᠷ ᠤᠷᠤᠨ ᠢᠶᠠᠷ ᠤᠴᠢᠵᠤ᠂ ᠠᠷᠠᠳ ᠤᠨ ᠳᠠᠭᠤᠤ ᠠᠴᠠ ᠰᠤᠷᠤᠯᠴᠠᠵᠤ᠂ ᠮᠠᠯᠴᠢᠨ ᠲᠦᠮᠡᠨ᠂ ᠠᠩᠴᠢᠨ᠂ ᠬᠢᠯᠢ ᠬᠢᠵᠠᠭᠠᠷ ᠤᠨ ᠪᠠᠶᠢᠯᠳᠤᠭᠴᠢ ᠠᠴᠠ ᠰᠤᠷᠤᠯᠴᠠᠵᠤ᠂ ᠦᠪᠡᠷ ᠤᠨ ᠮᠡᠳᠡᠯᠬᠡ ᠮᠡᠳᠡᠴᠡ ᠬᠠᠷᠠᠭ᠎ᠠ ᠪᠠᠨ ᠦᠷᠬᠡᠳᠬᠡᠪᠡᠯ ᠰᠠᠶᠢ ᠰᠢᠯᠢᠳᠡᠭ ᠰᠠᠶᠢᠨ ᠪᠦᠳᠦᠬᠡᠯ ᠢ ᠵᠤᠬᠢᠶᠠᠨ ᠪᠦᠳᠦᠬᠡᠵᠦ ᠪᠤᠯᠤᠨ᠎ᠠ᠃       ᠬᠤᠶᠠᠷ᠂ ᠤᠳᠬ᠎ᠠ ᠤᠷᠠᠯᠢᠭ ᠤᠨ ᠶᠠᠪᠤᠯᠴᠠᠭ᠎ᠠ ᠰᠤᠯᠢᠯᠴᠠᠭ᠎ᠠ ᠪᠠᠨ ᠨᠢᠬᠳᠠᠷᠠᠭᠤᠯᠬᠤ ᠬᠡᠷᠡᠭᠳᠡᠢ᠃ ᠤᠳᠤᠬᠠᠨ ᠤ ᠤᠷᠠᠯᠢᠭ ᠤᠨ ᠳᠤᠭᠯᠠᠯᠳᠠ ᠪᠠᠷ ᠵᠢᠱᠢᠶᠡᠯᠡᠪᠡᠯ᠂ ᠭᠠᠵᠠᠷ ᠤᠷᠤᠨ ᠤ ᠤᠷᠠᠯᠢᠭ ᠢ ᠤᠷᠤᠨ ᠨᠤᠳᠤᠭ ᠤᠨ ᠬᠦᠮᠦᠰ ᠯᠡ ᠤᠢᠢᠯᠠᠭᠠᠬᠤ ᠠᠴᠠ ᠪᠢᠰᠢ᠂ ᠪᠤᠰᠤᠳ ᠨᠤᠳᠤᠭ ᠤᠨ ᠬᠦᠮᠦᠰ ᠤᠢᠢᠯᠠᠭᠠᠬᠤ ᠦᠬᠡᠢ ᠪᠠᠶᠢᠳᠠᠭ᠃ ᠡᠨᠡ ᠨᠢ ᠦᠪᠦᠷ ᠮᠤᠩᠭᠤᠯ ᠤᠷᠤᠨ ᠤ ᠳᠤᠳᠤᠷ᠎ᠠ ᠪᠠᠨ ᠴᠤ ᠬᠠᠷᠢᠯᠴᠨᠨ ᠰᠤᠯᠢᠯᠴᠠᠵᠤ ᠬᠠᠷᠢᠯᠴᠠᠨ ᠨᠡᠪᠳᠡᠷᠡᠯᠴᠡᠬᠦ ᠲᠠᠯ᠎ᠠ ᠪᠠᠷ ᠬᠦᠷᠦᠯᠴᠡᠬᠦ ᠦᠬᠡᠢ ᠪᠠᠶᠢᠭ᠎ᠠ ᠶᠢ ᠬᠠᠷᠠᠭᠤᠯᠵᠤ ᠪᠤᠢ᠃ ᠡᠯ᠎ᠠ ᠠᠶᠢᠮᠠᠭ ᠬᠤᠳᠠ ᠶᠢᠨ ᠤᠯᠠᠭᠠᠨᠮᠦ᠋ᠴᠢᠷ ᠳᠠᠯ᠎ᠡ ᠨᠤᠳᠤᠭ ᠤᠨ ᠠᠭᠳᠠ ᠬᠦᠯᠦᠭ ᠰᠢᠭ ᠬᠦᠯᠦᠨ ᠪᠤᠶᠢᠷ ᠤᠨ ᠳᠠᠯ᠎ᠠ ᠨᠤᠳᠤᠭ ᠠᠴᠠ ᠦᠩ ᠦᠷᠬᠡᠨ ᠠᠯᠠᠱᠠ ᠬᠦᠷᠳᠡᠯ᠎ᠡ᠂ ᠭᠠᠵᠠᠷ ᠤᠷᠤᠨ ᠤ ᠤᠨᠴᠠᠯᠢᠭᠳᠤ ᠰᠤᠶᠤᠯ ᠳᠠᠭᠠᠨ ᠰᠠᠭᠤᠷᠢᠯᠠᠭᠰᠠᠨ ᠤᠳᠬ᠎ᠠ ᠤᠷᠠᠯᠢᠭ ᠤᠨ ᠳᠤᠬᠠᠢ ᠬᠠᠷᠢᠯᠴᠠᠨ ᠰᠤᠯᠢᠯᠴᠠᠭ᠎ᠠ ᠬᠢᠵᠦ᠂ ᠬᠠᠷᠢᠯᠴᠠᠨ ᠰᠤᠷᠤᠯᠴᠠᠬᠤ ᠳᠤ ᠬᠦᠷᠪᠡᠯ᠂ ᠯᠠᠪᠳᠠᠢ ᠨᠡᠩ ᠤᠯᠠᠨ ᠰᠢᠯᠢᠳᠡᠭ ᠪᠦᠳᠦᠬᠡᠯ ᠢ ᠵᠤᠬᠢᠶᠠᠨ ᠪᠦᠳᠦᠬᠡᠵᠤ ᠴᠢᠳᠡᠨ᠎ᠡ᠃       ᠭᠤᠷᠪᠠ᠂ ᠮᠤᠩᠭᠤᠯ ᠦᠨᠳᠦᠰᠦᠳᠡᠨ ᠤ ᠰᠤᠶᠤᠯ ᠤᠷᠠᠯᠢᠭ ᠳᠠᠯ᠎ᠠ ᠨᠤᠳᠤᠭ ᠠᠴᠠ ︽ᠭᠠᠷᠴᠤ ᠶᠠᠪᠤᠬᠤ︾ ᠬᠡᠷᠡᠭᠳᠡᠢ᠃ ᠪᠢᠳᠡ ᠭᠤᠸᠠᠩᠰᠢ ᠳᠤ ᠬᠦᠷᠴᠦ ᠳᠤᠭᠯᠠᠯᠳᠠ ᠭᠠᠷᠭᠠᠬᠤ ᠳᠤ᠂ ᠮᠤᠩᠭᠤᠯ ᠳᠠᠭᠤᠤ ᠪᠦᠵᠢᠭ ᠡᠮᠦᠨᠡᠳᠤ ᠤᠷᠤᠨ ᠤ ᠦᠵᠡᠭᠴᠢᠳ ᠤᠨ ᠬᠠᠯᠠᠭᠤᠨ ᠬᠦᠷᠢᠶᠠᠯᠠᠯ ᠢ ᠤᠯᠵᠤ ᠪᠠᠶᠢᠬᠰᠠᠨ᠃ ᠡᠶᠢᠮᠦ ᠠᠴᠠ ᠪᠢᠳᠡ ᠮᠠᠨ ᠤ ᠤᠷᠤᠨ ᠤ ᠦᠪᠡᠷ ᠤᠨ ᠤᠨᠴᠠᠯᠢᠭ ᠲᠠᠢ ᠤᠯᠠᠭᠠᠨᠮᠦ᠋ᠴᠢᠷ ᠠᠴᠠ ᠰᠤᠩᠭᠤᠵᠤ ᠨᠡᠩ ᠲᠤᠮᠤ ᠬᠡᠪᠴᠢᠶᠠᠨ ᠤ ᠤᠯᠠᠭᠠᠨᠮᠦ᠋ᠴᠢᠷ ᠤᠨ ᠪᠦᠯᠬᠦᠮ ᠢ ᠪᠠᠶᠢᠭᠤᠯᠵᠤ᠂ ᠳᠤᠮᠳᠠᠳᠤ ᠤᠷᠤᠨ᠂ ᠳᠠᠯᠠᠢ ᠳᠠᠭᠠᠤ ᠤᠷᠤᠨ᠂ ᠪᠤᠰᠤᠳ ᠴᠦᠬᠡᠨ ᠳᠤᠭᠠᠳᠤ ᠦᠨᠳᠦᠰᠦᠳᠡᠨ ᠤ ᠤᠷᠤᠨ ᠢᠶᠠᠷ ᠶᠠᠪᠤᠵᠤ ᠳᠤᠭᠯᠠᠯᠳᠠ ᠭᠠᠷᠭᠠᠨ᠂ ᠦᠪᠡᠷ ᠤᠨ ᠦᠨᠳᠦᠰᠦᠳᠡᠨ ᠤ ᠰᠤᠶᠤᠯ ᠢᠶᠠᠨ ᠲᠦᠯᠦᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠤᠬᠠᠭᠤᠯᠬᠤ ᠶᠢᠨ ᠬᠠᠮᠳᠤ ᠳᠤᠭᠤᠷᠢᠨ ᠰᠤᠷᠤᠯᠴᠠᠵᠤ᠂ ᠵᠤᠬᠢᠶᠠᠨ ᠪᠦᠳᠦᠬᠡᠯᠬᠡ ᠶᠢᠨ ᠲᠦᠪᠰᠢᠨ ᠢᠶᠠᠨ ᠳᠡᠬᠡᠭᠰᠢᠯᠡᠬᠦᠯᠵᠦ ᠪᠤᠯᠤᠨ᠎ᠠ᠃       ᠨᠠᠮᠤᠷ᠄ ︵ᠲᠦᠪ ᠤᠨ ᠳᠠᠭᠤᠤ ᠬᠦᠭᠵᠢᠮ ᠤᠨ ᠳᠡᠬᠡᠳᠤ ᠰᠤᠷᠭᠠᠭᠤᠯᠢ ᠶᠢᠨ ᠬᠠᠷᠢᠶᠠᠳᠤ ᠲᠤᠮᠳᠠᠳᠤ ᠰᠤᠷᠭᠠᠭᠤᠯᠢ ᠶᠢᠨ ᠵᠠᠬᠢᠷᠤᠯ︶ ᠴᠦᠬᠡᠨ ᠳᠤᠭᠠᠳᠤ ᠦᠨᠳᠦᠰᠦᠳᠡᠨ ᠤ ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠬᠦ ᠶᠢ ᠴᠢᠬᠤᠯᠠᠴᠢᠯᠠᠬᠤ ᠬᠡᠷᠡᠭᠳᠡᠢ       1982 ᠤᠨ ᠳᠤ ᠲᠦᠪ ᠤᠨ ᠳᠠᠭᠤᠤ ᠬᠦᠭᠵᠢᠮ ᠤᠨ ᠳᠡᠬᠡᠳᠤ ᠰᠤᠷᠭᠠᠭᠤᠯᠢ ᠪᠠ ᠦᠪᠦᠷ ᠮᠤᠩᠭᠤᠯ ᠤᠨ ᠰᠤᠶᠤᠯ ᠤᠨ ᠲᠢᠩᠬᠢᠮ ᠵᠦᠪᠳᠡᠯᠴᠡᠬᠡᠷ ᠳᠤᠭᠳᠠᠵᠤ᠂ ᠦᠪᠦᠷ ᠮᠤᠩᠭᠤᠯ ᠳᠤ ᠴᠦᠬᠡᠨ ᠳᠤᠭᠠᠳᠤ ᠦᠨᠳᠦᠰᠦᠳᠡᠨ ᠤ ᠳᠠᠭᠤᠤ ᠬᠦᠭᠵᠢᠮ ᠤᠨ ᠴᠢᠳᠠᠪᠤᠷᠢᠳᠠᠨ ᠢ ᠬᠦᠮᠦᠵᠢᠬᠦᠯᠬᠦ ᠪᠠᠷ ᠪᠤᠯᠵᠠᠢ᠃ ᠳᠡᠷᠡ ᠵᠢᠯ ᠪᠢ ᠦᠪᠦᠷ ᠮᠤᠩᠭᠤᠯ ᠤᠨ ᠠᠩᠬᠢ ᠶᠢᠨ ᠰᠤᠷᠤᠭᠴᠢ ᠪᠠᠷ ᠡᠯᠰᠡᠭᠳᠡᠭᠰᠡᠨ ᠶᠤᠮ᠃ ᠡᠨᠡ ᠨᠢ ᠲᠦᠪ ᠤᠨ ᠳᠠᠭᠤᠤ ᠬᠦᠭᠵᠢᠮ ᠤᠨ ᠳᠡᠬᠡᠳᠤ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠠᠩᠬ᠎ᠠ ᠤᠳᠠᠭ᠎ᠠ ᠪᠦᠬᠡᠳ ᠴᠤᠷ ᠤᠨ ᠭᠠᠭᠴᠠ ᠤᠳᠠᠭ᠎ᠠ ᠦᠪᠦᠷ ᠮᠤᠩᠭᠤᠯ ᠠᠴᠠ ᠰᠤᠷᠤᠭᠴᠢ ᠡᠯᠰᠡᠭᠰᠡᠨ ᠶᠠᠪᠤᠳᠠᠯ ᠪᠤᠯᠤᠨ᠎ᠠ᠃ ᠳᠤᠬᠠᠢ ᠶᠢᠨ ᠦᠶ᠎ᠡ ᠳᠤ 500 ᠭᠠᠷᠤᠢ ᠰᠤᠷᠤᠭᠴᠢ ᠶᠢᠨ ᠳᠤᠮᠳᠠ ᠠᠴᠠ 30 ᠰᠤᠷᠤᠭᠴᠢ ᠡᠯᠰᠡᠵᠡᠢ᠃ ᠪᠢ ᠬᠠᠨ ᠯᠧᠢ ᠲᠠᠢ ᠬᠠᠮᠳᠤ ᠰᠤᠷᠤᠭᠴᠢ᠂ 9 ᠨᠠᠰᠤᠳᠠᠢ ᠰᠢᠯᠭᠠᠵᠤ ᠤᠷᠤᠭᠰᠠᠨ ᠶᠤᠮ᠃ ᠡᠬᠦᠨ ᠳᠤ᠂ ᠰᠡᠴᠡᠨᠳᠤᠶᠠᠭ᠎ᠠ ᠰᠢᠩᠭᠠᠪᠤᠷ ᠲᠤ ᠨᠡᠷᠡᠳᠤ ᠳᠤᠭᠯᠠᠭᠴᠢ ᠪᠠᠷ ᠠᠵᠢᠯᠯᠠᠵᠤ ᠪᠠᠶᠢᠬᠤ ᠶᠢ ᠭᠠᠷᠭᠠᠪᠠᠯ ᠤᠯᠠᠩᠬᠢ ᠰᠤᠷᠤᠭᠴᠢ ᠨᠢ ᠦᠪᠦᠷ ᠮᠤᠩᠭᠤᠯ ᠳᠠᠭᠠᠨ ᠬᠠᠷᠢᠵᠤ ᠳᠠᠭᠤᠤ ᠬᠦᠭᠵᠢᠮ ᠤᠨ ᠪᠦᠯᠬᠦᠮ ᠤᠨ ᠭᠤᠤᠯᠯᠠᠭᠴᠢ ᠤᠷᠠᠯᠢᠭᠴᠢᠨ ᠢᠶᠠᠷ ᠠᠵᠢᠯᠯᠠᠵᠤ ᠪᠠᠶᠢᠨ᠎ᠠ᠃ ᠳᠡᠬᠦᠨ ᠠᠴᠠ ᠬᠤᠶᠢᠰᠢ᠂ ᠢᠩᠬᠢᠵᠤ ᠰᠤᠷᠤᠭᠴᠢ ᠬᠦᠮᠦᠵᠢᠬᠦᠯᠵᠦ ᠦᠩᠬᠡᠷᠡᠭᠰᠡᠨ ᠦᠬᠡᠢ᠃ ᠮᠢᠨᠦ ᠪᠠᠷ᠂ 1988 ᠤᠨ ᠳᠤ ᠲᠦᠪ ᠤᠨ ᠳᠠᠭᠤᠤ ᠬᠦᠭᠵᠢᠮ ᠤᠨ ᠳᠡᠬᠡᠳᠤ ᠰᠤᠷᠭᠠᠭᠤᠯᠢ ᠳᠤ ᠪᠠᠳᠤᠯᠠᠭᠳᠠᠨ ᠬᠦᠷᠬᠡᠭᠳᠡᠵᠦ᠂ 1992 ᠤᠨ ᠳᠤ ᠰᠢᠯᠢᠳᠡᠭ ᠰᠤᠷᠤᠭᠴᠢ ᠪᠠᠷ ᠳᠡᠬᠦᠰᠴᠦ᠂ ᠰᠡᠬᠦᠯᠡᠷ ᠨᠢ ᠲᠦᠪ ᠤᠨ ᠳᠠᠭᠤᠤ ᠬᠦᠭᠵᠢᠮ ᠤᠨ ᠳᠡᠬᠡᠳᠤ ᠰᠤᠷᠭᠠᠭᠤᠯᠢ ᠶᠢᠨ ᠬᠠᠷᠢᠶᠠᠳᠤ ᠳᠤᠮᠳᠠᠳᠤ ᠰᠤᠷᠭᠠᠭᠤᠯᠢ ᠳᠤ ᠦᠯᠡᠳᠡᠨ ᠪᠠᠭᠰᠢᠯᠠᠵᠤ᠂ ᠤᠳᠤ ᠳᠤᠰ ᠰᠤᠷᠭᠠᠭᠤᠯᠢ ᠶᠢᠨ ᠵᠠᠬᠢᠷᠤᠯ ᠢᠶᠠᠷ ᠠᠵᠢᠯᠯᠠᠵᠤ ᠪᠠᠶᠢᠨ᠎ᠠ᠂ ᠦᠪᠡᠷ ᠤᠨ ᠤᠷᠠᠯᠢᠭ ᠤᠨ ᠴᠢᠳᠠᠪᠤᠷᠢᠳᠠᠨ ᠪᠤᠯᠵᠤ ᠬᠦᠮᠦᠵᠢᠭᠳᠡᠭᠰᠡᠨ ᠦᠯᠢᠬᠡᠷ ᠢᠶᠠᠨ ᠶᠠᠷᠢᠵᠤ ᠪᠠᠶᠢᠬᠤ ᠨᠢ ᠴᠦᠬᠡᠨ ᠳᠤᠭᠠᠳᠤ ᠦᠨᠳᠦᠰᠦᠳᠡᠨ ᠤ ᠤᠷᠠᠯᠢᠭ ᠤᠨ ᠴᠢᠳᠠᠪᠤᠷᠢᠳᠠᠨ ᠢ ᠴᠢᠬᠤᠯᠠᠴᠢᠯᠠᠨ ᠬᠦᠮᠦᠵᠢᠬᠦᠯᠬᠦ ᠬᠡᠷᠡᠭᠳᠡᠢ ᠬᠡᠬᠦ ᠰᠠᠨᠠᠭ᠎ᠠ ᠪᠠᠨ ᠳᠤᠪᠤᠶᠢᠯᠭᠠᠬᠤ ᠶᠢᠨ ᠲᠦᠯᠦᠬᠡ ᠶᠤᠮ᠃       ᠰᠤᠷᠭᠠᠭᠤᠯᠢ ᠡᠷᠬᠢᠯᠡᠵᠦ᠂ ᠤᠷᠠᠯᠢᠭ ᠤᠨ ᠴᠢᠳᠠᠪᠤᠷᠢᠳᠠᠨ ᠬᠦᠮᠦᠵᠢᠬᠦᠯᠬᠦ ᠶᠢᠨ ᠲᠠᠭᠠᠤ᠂ ᠦᠨᠳᠦᠰᠦᠳᠡᠨ ᠤ ᠤᠨᠴᠠᠯᠢᠭ ᠲᠠᠢ᠂ ᠳᠡᠯᠡᠬᠡᠢ ᠳᠤ ᠤᠢᠢᠷᠠᠳᠤᠬᠰᠠᠨ ᠳᠠᠭᠤᠤ ᠬᠦᠭᠵᠢᠮ ᠤᠨ ᠦᠳᠡᠰᠢᠯᠡᠭᠡ ᠨᠠᠶᠢᠷ ᠢ ᠡᠷᠬᠢᠯᠡᠬᠦ᠂ ᠮᠤᠩᠭᠤᠯ ᠤᠨᠴᠠᠯᠢᠭ ᠲᠠᠢ ᠵᠦᠴᠦᠬᠡ ᠨᠠᠶᠢᠷᠠᠭᠤᠯᠵᠤ ᠲᠤᠭᠯᠠᠬᠤ ᠵᠡᠷᠬᠡ ᠤᠯᠠᠨ ᠠᠷᠭ᠎ᠠ ᠵᠠᠮ ᠢᠶᠠᠷ᠂ ᠰᠤᠶᠤᠯ ᠤᠷᠠᠯᠢᠭ ᠢᠶᠠᠨ ᠭᠠᠳᠠᠬᠰᠢ ᠤᠬᠠᠭᠤᠯᠬᠤ ᠬᠡᠷᠡᠭᠳᠡᠢ᠃ ᠵᠢᠱᠢᠶᠡᠯᠡᠪᠡᠯ᠂ ᠳᠠᠯ᠎ᠠ ᠨᠤᠳᠤᠭ ᠤᠨ ᠪᠠᠭᠠᠳᠤᠷᠯᠢᠭ ᠬᠦᠮᠦᠰ ᠤᠨ ᠦᠯᠢᠬᠡᠷ ᠢᠶᠠᠨ ︽ᠬᠡᠦᠬᠡᠳ ᠤᠨ ᠵᠦᠴᠦᠬᠡ︾᠂ ᠳᠠᠭᠤᠤ ᠬᠦᠭᠵᠢᠮ ᠤᠨ ᠵᠦᠴᠦᠬᠡ ᠪᠤᠯᠭᠠᠨ ᠳᠤᠭᠯᠠᠵᠤ᠂ ᠦᠪᠦᠷ ᠮᠤᠩᠭᠤᠯ ᠤᠨ ᠤᠨᠴᠠᠯᠢᠭᠳᠤ ᠰᠤᠶᠤᠯ ᠪᠤᠯᠭᠠᠨ ᠳᠡᠯᠬᠡᠷᠡᠬᠦᠯᠵᠦ ᠪᠤᠯᠤᠨ᠎ᠠ᠃      ᠴᠢ ᠹᠧᠩ᠄ ︵ᠠᠯᠳᠠᠷᠳᠤ ᠲᠠᠭᠤᠴᠢᠨ︶ ᠳᠠᠯ᠎ᠠ ᠨᠤᠳᠤᠭ ᠤᠨ ᠳᠠᠭᠤᠤ ᠶᠢᠨ ᠨᠦᠯᠦᠬᠡᠯᠡᠬᠦ ᠬᠦᠴᠦᠨ ᠢ ᠬᠦᠢᠴᠡᠳ ᠪᠠᠳᠠᠷᠠᠭᠤᠯᠬᠤ ᠬᠡᠷᠡᠭᠳᠡᠢ       ᠨᠢᠬᠡ᠂ ᠦᠪᠦᠷ ᠮᠤᠩᠭᠤᠯ ᠬᠦᠨ ᠵᠤᠵᠠᠭᠠᠨ ᠰᠤᠶᠤᠯ ᠤᠨ ᠬᠦᠷᠦᠰᠦ ᠲᠠᠢ᠂ ᠮᠠᠰᠢ ᠶᠡᠭᠡ ᠨᠦᠯᠦᠬᠡᠯᠡᠬᠦ ᠬᠦᠴᠦᠨ ᠲᠠᠢ᠃ ᠡᠶᠢᠮᠦ ᠠᠴᠠ᠂ ᠳᠠᠯ᠎ᠠ ᠨᠤᠳᠤᠭ ᠤᠨ ᠰᠤᠶᠤᠯ ᠰᠠᠨᠠᠭᠠᠴᠢᠯᠠᠭ᠎ᠠ ᠲᠠᠢ ᠪᠠᠷ ︽ᠭᠠᠷᠴᠤ ᠶᠠᠪᠤᠬᠤ︾ ᠤᠬᠠᠮᠰᠠᠷ ᠲᠠᠢ ᠪᠠᠶᠢᠬᠤ ᠬᠡᠷᠡᠭᠳᠡᠢ᠃      ᠬᠤᠶᠠᠷ᠂ ᠦᠪᠡᠷᠳᠡᠬᠡᠨ ᠵᠠᠰᠬᠠᠤ ᠤᠷᠤᠨ ᠤ ᠰᠤᠶᠤᠯ ᠤᠨ ᠭᠤᠤᠯ ᠪᠤᠯᠬᠤ ᠰᠠᠯᠠᠭ᠎ᠠ ᠮᠦᠴᠢᠷ᠂ ᠳᠠᠯ᠎ᠠ ᠨᠤᠳᠤᠭ ᠤᠨ ᠰᠤᠶᠤᠯ ᠢ ᠴᠢᠨᠠᠷ ᠴᠢᠨᠰᠠᠭ᠎ᠠ ᠲᠠᠢ᠂ ᠬᠦᠭᠵᠢᠬᠦᠯᠬᠦ ᠴᠢᠭᠯᠡᠯ ᠢ ᠡᠵᠡᠮᠳᠡᠬᠦ ᠤᠬᠠᠮᠰᠠᠷ ᠲᠠᠢ ᠪᠠᠶᠢᠬᠤ ᠬᠡᠷᠡᠭᠳᠡᠢ᠃ ᠦᠩᠬᠡᠷᠡᠭᠰᠡᠨ ᠬᠡᠳᠦᠨ ᠵᠢᠯ ᠳᠠᠯ᠎ᠠ ᠨᠤᠳᠤᠭ ᠤᠨ ᠳᠠᠭᠤᠤ᠂ ᠳᠠᠭᠤᠴᠢᠨ ᠠᠷᠤ ᠠᠷᠤ ᠠᠴᠠ ᠪᠠᠨ ᠴᠤᠯᠭᠤᠷᠠᠵᠤ ᠪᠠᠶᠢᠭᠰᠠᠨ ᠴᠤ ᠤᠢᠢᠷ᠎ᠠ ᠶᠢᠨ ᠬᠡᠳᠦᠨ ᠵᠢᠯ ᠤᠳᠠᠭᠠᠰᠢᠷᠠᠬᠤ ᠬᠠᠨᠳᠤᠰᠢ ᠲᠠᠢ ᠪᠤᠯᠵᠠᠢ᠃      ᠭᠤᠷᠪᠠ᠂ ᠳᠠᠯ᠎ᠠ ᠨᠤᠳᠤᠭ ᠤᠨ ᠳᠠᠭᠤᠤ ᠶᠢᠨ ᠨᠦᠯᠦᠬᠡᠯᠡᠬᠦ ᠬᠦᠴᠦᠨ ᠢ ᠬᠦᠢᠴᠡᠳ ᠪᠠᠳᠠᠷᠠᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠰᠤᠶᠤᠯ ᠤᠨ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠨᠢ ᠳᠠᠯ᠎ᠠ ᠨᠤᠳᠤᠭ ᠤᠨ ᠰᠢᠯᠢᠳᠡᠭ ᠳᠠᠭᠤᠤ᠂ ᠰᠢᠯᠢᠳᠡᠭ ᠪᠦᠳᠦᠬᠡᠯ ᠢ ᠲᠦᠯᠦᠪᠯᠡᠭᠡ ᠲᠠᠢ ᠪᠠᠷ᠂ ᠠᠯᠬᠤᠮ ᠳᠠᠷᠠᠭ᠎ᠠ ᠲᠠᠢ ᠪᠠᠷ ᠭᠠᠳᠠᠭᠰᠢ ᠤᠬᠠᠭᠤᠯᠬᠤ ᠠᠷᠭ᠎ᠠ ᠵᠠᠮ ᠢ ᠬᠦᠴᠦᠯᠡᠨ ᠰᠤᠪᠢᠵᠤ᠂ ᠰᠢᠯᠢᠳᠡᠭ ᠪᠦᠳᠦᠬᠡᠯ ᠤᠨ ᠨᠦᠯᠦᠬᠡᠯᠡᠬᠦ ᠬᠦᠴᠦᠨ᠂ ᠢᠳᠡᠪᠬᠢ ᠬᠦᠴᠦᠨ ᠢ ᠬᠦᠢᠴᠡᠳ ᠪᠠᠳᠠᠷᠠᠭᠤᠯᠪᠠᠯ ᠵᠤᠬᠢᠨ᠎ᠠ᠃ ᠤᠳᠤᠬᠠᠨ ᠳᠤ᠂ ᠤᠯᠠᠩᠬᠢ ᠳᠠᠯ᠎ᠠ ᠨᠤᠳᠤᠭ ᠤᠨ ᠳᠠᠭᠤᠤ ᠨᠢ ᠬᠤᠪᠢ ᠬᠦᠮᠦᠨ ᠤ ᠴᠢᠳᠠᠪᠤᠷᠢ ᠳᠤ ᠲᠦᠰᠢᠭᠯᠡᠨ ᠤᠯᠠᠮᠵᠢᠯᠠᠭᠳᠠᠨ ᠳᠡᠯᠬᠡᠷᠡᠵᠦ ᠪᠠᠶᠢᠨ᠎ᠠ᠃ ᠪᠤᠳᠠᠳᠠᠢ ᠪᠠᠷ ᠶᠠᠷᠢᠪᠠᠯ᠂ ︽ᠬᠦᠯᠦᠨ ᠪᠤᠶᠢᠷ ᠤᠨ ᠳᠠᠯ᠎ᠠ ᠨᠤᠳᠤᠭ︾ ᠬᠡᠬᠦ ᠳᠠᠭᠤᠤ ᠨᠢ ᠳᠤᠰ ᠭᠠᠵᠠᠷ ᠤᠷᠤᠨ ᠢ ᠮᠠᠰᠢ ᠰᠠᠶᠢᠬᠠᠨ ᠭᠠᠳᠠᠭᠰᠢ ᠤᠬᠠᠭᠤᠯᠵᠤ᠂ ᠭᠠᠵᠠᠷ ᠤᠷᠤᠨ ᠤ ᠠᠵᠤ ᠠᠬᠤᠢ ᠶᠢᠨ ᠬᠦᠭᠵᠢᠯᠳᠡ᠂ ᠪᠤᠰᠤᠳ ᠡᠯ᠎ᠡ ᠳᠠᠯ᠎ᠠ ᠶᠢᠨ ᠬᠦᠭᠵᠢᠯᠳᠡ ᠳᠤ ᠴᠢᠬᠤᠯᠠ ᠠᠬᠢᠭᠤᠯᠬᠤ ᠦᠢᠯᠡᠳᠦᠯ ᠦᠵᠡᠬᠦᠯᠦᠭᠰᠡᠨ ᠪᠠᠶᠢᠨ᠎ᠠ᠃ ︽ᠬᠤᠨ ᠭᠠᠯᠠᠭᠤ︾ ᠬᠡᠬᠦ ᠳᠠᠭᠤᠤ ᠪᠠᠷ ᠵᠢᠱᠢᠶᠡᠯᠡᠬᠦ ᠳᠤ᠂ ︽ᠳᠤᠷᠤᠨᠠᠰᠢ ᠪᠤᠴᠠᠭᠰᠠᠨ ᠪᠠᠭᠠᠳᠤᠷᠴᠤᠳ︾ ᠬᠡᠬᠦ ᠦᠷᠬᠦᠯᠵᠢᠯᠡᠭᠰᠡᠨ ᠲᠧᠯᠧᠢᠰ ᠵᠦᠴᠦᠬᠡ ᠶᠢᠨ ᠭᠤᠤᠯ ᠰᠡᠳᠦᠪᠳᠤ ᠳᠠᠭᠤᠤ ᠪᠠᠷ ᠳᠠᠮᠵᠢᠨ᠂ ᠪᠦᠬᠦ ᠤᠯᠤᠰ ᠲᠤ ᠤᠯᠠᠮᠵᠢᠯᠠᠬᠳᠠᠨ ᠳᠡᠯᠬᠡᠷᠡᠭᠰᠡᠨ ᠪᠠᠶᠢᠨ᠎ᠠ᠂ ᠡᠨᠡ ᠨᠢ ᠲᠤᠰ ᠺᠢᠨᠣ᠋ ᠲᠧᠯᠧᠢᠰ ᠢ ᠦᠨᠳᠦᠷ ᠠᠮᠵᠢᠯᠳᠠ ᠳᠤ ᠬᠦᠷᠭᠡᠭᠰᠡᠨ ᠢᠶᠠᠷ ᠪᠠᠷᠠᠬᠤ ᠦᠬᠡᠢ ᠭᠠᠵᠠᠷ ᠤᠷᠤᠨ ᠤ ᠠᠷᠠᠳ ᠤᠨ ᠳᠠᠭᠤᠤ ᠪᠠᠨ ᠴᠤ ᠪᠦᠬᠦ ᠤᠯᠤᠰ ᠲᠤ ᠤᠬᠠᠭᠤᠯᠵᠤ ᠳᠡᠯᠬᠡᠷᠡᠬᠦᠯᠦᠭᠰᠡᠨ ᠠᠮᠵᠢᠯᠳᠠ ᠲᠠᠢ ᠵᠢᠱᠢᠶ᠎ᠠ ᠪᠤᠯᠤᠨ᠎ᠠ᠃ ᠡᠶᠢᠮᠦ ᠠᠴᠠ᠂ ᠳᠠᠯ᠎ᠠ ᠨᠤᠳᠤᠭ ᠤᠨ ᠳᠠᠭᠤᠤ ᠶᠢᠨ ᠨᠦᠯᠦᠬᠡᠯᠡᠬᠦ ᠬᠦᠴᠦᠨ ᠢ ᠬᠦᠢᠴᠡᠳ ᠪᠠᠳᠠᠷᠠᠭᠤᠯᠬᠤ ᠨᠢ ᠳᠤᠰ ᠭᠠᠵᠠᠷ ᠤᠷᠤᠨ ᠳᠤ ᠮᠠᠰᠢ ᠶᠡᠭᠡ ᠨᠡᠮᠡᠯᠳᠡ ᠦᠷᠳᠡᠭ ᠠᠪᠴᠢᠷᠠᠵᠤ ᠦᠭᠬᠦ ᠪᠤᠯᠤᠨ᠎ᠠ ᠬᠡᠳᠡᠭ ᠢ ᠬᠡᠷᠡᠴᠢᠯᠠᠵᠤ ᠪᠤᠢ᠃ ᠤᠢᠢᠷ᠎ᠠ ᠶᠢᠨ ᠬᠡᠳᠦᠨ ᠵᠢᠯ ᠵᠦᠴᠦᠬᠡ ᠶᠢᠨ ᠵᠤᠬᠢᠶᠠᠨ ᠪᠦᠳᠦᠬᠡᠯᠳᠡ ᠶᠢ ᠮᠠᠰᠢ ᠶᠡᠭᠡ ᠬᠦᠨᠳᠦᠳᠬᠡᠵᠦ ᠢᠷᠡᠭᠰᠡᠨ ᠪᠤᠯᠪᠠᠴᠤ ᠳᠠᠯ᠎ᠠ ᠨᠤᠳᠤᠭ ᠤᠨ ᠳᠠᠭᠤᠤ ᠶᠢ ᠬᠦᠭᠵᠢᠬᠦᠯᠬᠦ ᠳᠠᠯ᠎ᠠ ᠪᠠᠷ ᠬᠦᠷᠦᠯᠴᠡᠬᠦ ᠦᠬᠡᠢ ᠰᠢᠭ ᠪᠠᠶᠢᠨ᠎ᠠ᠂ ᠬᠤᠶᠢᠰᠢᠳᠠ ᠡᠨᠡ ᠲᠠᠯ᠎ᠠ ᠪᠠᠷ ᠴᠢᠬᠤᠯᠠᠴᠢᠯᠠᠪᠠᠯ ᠵᠤᠬᠢᠨ᠎ᠠ᠃      ᠨᠢᠩ ᠼᠠᠢ᠄ ︵ᠨᠡᠷᠡᠳᠤ ᠤᠳᠤᠷᠢᠳᠤᠭᠠᠴᠢ︶ ᠤᠷᠠᠨ ᠵᠤᠬᠢᠶᠠᠯ ᠪᠤᠯ ᠦᠨᠳᠦᠰᠦᠳᠡᠨ ᠤ ᠤᠷᠠᠯᠢᠭ ᠤᠨ ᠬᠦᠭᠵᠢᠨ ᠮᠠᠨᠳᠤᠬᠤ ᠶᠢᠨ ᠰᠠᠭᠤᠷᠢ ᠴᠢᠯᠠᠭᠤ       ᠡᠩ ᠳᠡᠷᠢᠬᠦᠨ ᠳᠤ᠂ ᠤᠷᠠᠯᠢᠭᠴᠢᠳ ᠪᠤᠳᠠᠳᠤ ᠪᠠᠶᠢᠳᠠᠯ ᠳᠤ ᠬᠠᠨᠳᠤᠨ ᠪᠤᠳᠠᠳᠤ ᠪᠠᠶᠢᠳᠠᠯ ᠢ ᠤᠯᠵᠤ ᠬᠠᠷᠠᠬᠤ ᠬᠡᠷᠡᠭᠳᠡᠢ᠂ ᠬᠠᠷᠢᠨ ᠳᠡᠬᠦᠨ ᠠᠴᠠ ᠵᠠᠶᠢᠯᠠᠰᠬᠢᠵᠤ ᠪᠤᠯᠬᠤ ᠦᠬᠡᠢ᠂ ᠤᠳᠤᠬᠠᠨ ᠳᠤ ᠪᠢᠴᠢᠭ ᠰᠤᠶᠤᠯ ᠬᠦᠷᠳᠡᠭᠰᠡᠨ ᠵᠠᠯᠠᠭᠤ ᠨᠢᠬᠡ ᠦᠶ᠎ᠡ ᠶᠢᠨ ᠬᠢᠨ ᠬᠤᠳᠠᠴᠢᠯᠠᠯᠳᠠ ᠶᠢᠨ ᠤᠷᠤᠰᠬᠠᠯ ᠠᠴᠠ ᠪᠤᠯᠵᠤ ᠨᠤᠳᠤᠭ ᠤᠰᠤ ᠤᠤᠭᠠᠯ ᠰᠤᠶᠤᠯ ᠢᠶᠠᠨ ᠤᠯᠠᠮᠵᠢᠯᠠᠨ ᠬᠠᠮᠠᠭᠠᠯᠠᠵᠤ ᠶᠠᠪᠤᠬᠤ ᠵᠠᠯᠠᠭᠤᠴᠤᠳ ᠴᠦᠬᠡᠷᠡᠵᠦ ᠪᠤᠢ᠂ ᠡᠶᠢᠨᠬᠦ ᠤᠷᠳᠤ ᠶᠢᠨ ᠲᠠᠭᠤᠤ ᠮᠡᠳᠤ ᠶᠢᠨ ᠳᠠᠯ᠎ᠠ ᠨᠤᠳᠤᠭ ᠤᠨ ᠦᠪ ᠰᠤᠶᠤᠯ ᠵᠠᠷᠢᠮ ᠲᠠᠯ᠎ᠠ ᠪᠠᠷ ᠠᠯᠳᠠᠭᠳᠠᠨ ᠬᠡᠬᠡᠭᠳᠡᠵᠤ ᠮᠡᠳᠡᠨ᠎ᠡ᠃ ᠠᠬᠢᠭᠠᠳ ᠬᠡᠳᠦᠨ ᠠᠷᠪᠠᠨ ᠵᠢᠯ ᠤᠨ ᠳᠠᠷᠠᠭ᠎ᠠ᠂ ᠪᠢᠳᠡ ᠳᠠᠯ᠎ᠠ ᠨᠤᠳᠤᠭ ᠢᠶᠠᠷ ᠮᠠᠯᠴᠢᠨ ᠠᠷᠠᠳ ᠤᠨ ᠢᠶᠠᠨ ᠲᠠᠭᠤᠯᠠᠬᠤ ᠤᠷᠳᠤ ᠶᠢᠨ ᠳᠠᠭᠤᠤ ᠶᠢ ᠤᠯᠵᠤ ᠰᠤᠨᠤᠰᠬᠤ ᠳᠤ ᠬᠦᠴᠢᠷ ᠪᠤᠯᠵᠤ ᠮᠠᠭᠠᠳ᠃ ᠪᠢᠳᠡ ᠦᠨᠦᠳᠦᠷ ᠤᠨ ᠡᠶᠢᠮᠦᠷᠬᠦ ᠪᠤᠳᠠᠳᠤ ᠠᠬᠤᠢ ᠳᠤ ᠠᠩᠬᠠᠷᠤᠯ ᠢᠶᠠᠨ ᠬᠠᠨᠳᠤᠭᠤᠯᠵᠤ ᠳᠠᠯ᠎ᠠ ᠨᠤᠳᠤᠭ ᠤᠨ ᠰᠤᠶᠤᠯ᠂ ᠦᠨᠳᠦᠰᠦᠳᠡᠨ ᠤ ᠰᠤᠶᠤᠯ ᠤᠨ ᠢᠶᠠᠨ ᠬᠡᠷᠡᠯ ᠬᠢᠯᠪᠠᠭ᠎ᠠ ᠶᠢ ᠬᠠᠳᠠᠭᠠᠯᠠᠵᠤ ᠬᠠᠮᠠᠭᠠᠯᠠᠬᠤ ᠴᠢᠬᠤᠯᠠᠳᠠᠢ ᠶᠤᠮ᠃ ᠡᠬᠦᠨ ᠳᠤ ᠶᠠᠭᠤᠨ ᠤ ᠡᠮᠦᠨ᠎ᠠ᠂ ᠤᠷᠠᠨ ᠵᠤᠬᠢᠶᠠᠯ ᠪᠤᠯ ᠦᠨᠳᠦᠰᠦᠳᠡᠨ ᠤ ᠤᠷᠠᠯᠢᠭ ᠤᠨ ᠬᠦᠭᠵᠢᠨ ᠮᠠᠨᠳᠤᠬᠤ ᠶᠢᠨ ᠡᠬᠢ ᠪᠤᠯᠠᠭ ᠪᠤᠯᠤᠬᠰᠠᠨ ᠤ ᠬᠤᠪᠢ ᠳᠤ᠂ ᠦᠨᠳᠦᠰᠦᠳᠡᠨ ᠤ ᠤᠷᠠᠨ ᠵᠤᠬᠢᠶᠠᠯ ᠢ ᠵᠤᠬᠢᠶᠠᠨ ᠪᠦᠳᠦᠬᠡᠬᠦ ᠶᠢ ᠬᠦᠨᠳᠦᠳᠬᠡᠨ ᠴᠢᠬᠤᠯᠠᠴᠢᠯᠠᠬᠤ ᠬᠡᠷᠡᠭᠳᠡᠢ᠃ ᠦᠨᠳᠦᠰᠦᠳᠡᠨ ᠤ ᠤᠷᠠᠨ ᠵᠤᠬᠢᠶᠠᠯ ᠨᠢ ᠦᠷᠨᠢᠯ ᠬᠦᠭᠵᠢᠯᠳᠡ ᠪᠠᠨ ᠠᠯᠳᠠᠪᠠᠯ᠂ ᠡᠬᠦᠨ ᠤ ᠰᠠᠭᠤᠷᠢᠨ ᠳᠡᠬᠡᠷ᠎ᠡ ᠨᠡᠩ ᠤᠯᠠᠨ ᠤᠷᠠᠯᠢᠭ ᠤᠨ ᠪᠦᠳᠦᠬᠡᠯ ᠳᠡᠯᠬᠡᠷᠡᠨ ᠬᠦᠭᠵᠢᠨ᠎ᠡ ᠬᠡᠳᠡᠭ ᠪᠤᠯ ᠪᠡᠷᠭᠡ ᠶᠠᠪᠤᠳᠠᠯ᠃ ᠤᠴᠢᠷ ᠨᠢ ᠤᠯᠠᠨ ᠵᠦᠢᠯ ᠤᠨ ᠤᠷᠠᠯᠢᠭ ᠤᠨ ᠪᠦᠳᠦᠬᠡᠯ ᠨᠢ ᠤᠷᠠᠨ ᠵᠤᠬᠢᠶᠠᠯ ᠠᠴᠠ ᠢᠷᠡᠯᠳᠡᠢ᠃ ᠦᠨᠳᠦᠰᠦᠳᠡᠨ ᠤ ᠤᠷᠠᠨ ᠵᠤᠬᠢᠶᠠᠯ ᠨᠢ ᠡᠯ᠎ᠡ ᠬᠦᠷᠢᠶ᠎ᠠ ᠬᠡᠪᠴᠢᠶᠠᠨ ᠳᠠᠬᠢ ᠪᠦᠬᠦ ᠤᠷᠠᠯᠢᠭᠴᠢᠳ ᠲᠤ ᠤᠶᠤᠨ ᠰᠠᠨᠠᠭᠠᠨ ᠤ ᠰᠢᠮ᠎ᠡ ᠬᠦᠷᠳᠡᠬᠡᠵᠤ᠂ ᠰᠦᠭ ᠰᠦᠨᠡᠰᠦᠨ ᠳᠤᠨᠢ ᠲᠤᠯᠭᠠᠭᠤᠷᠢ ᠬᠦᠴᠦᠨ ᠤᠯᠭᠤᠵᠤ᠂ ᠮᠤᠩᠭᠤᠯᠴᠤᠳ ᠤᠨ ᠤᠶᠤᠨ ᠰᠠᠨᠠᠭ᠎ᠠ ᠶᠢ ᠰᠢᠮᠡᠵᠢᠬᠦᠯᠦᠨ ᠦᠨᠳᠦᠰᠦᠲᠡᠨ ᠤ ᠵᠤᠷᠢᠭ ᠰᠠᠨᠠᠭ᠎ᠠ ᠶᠢ ᠬᠦᠮᠦᠵᠢᠭᠦᠯᠬᠦ ᠳᠤ ᠦᠢᠯᠡᠴᠢᠯᠡᠵᠦ ᠪᠠᠶᠢᠳᠠᠭ᠃ ᠪᠢᠳᠡ ᠦᠨᠳᠦᠰᠦᠳᠡᠨ ᠤ ᠤᠷᠠᠨ ᠵᠤᠬᠢᠶᠠᠯ ᠢᠶᠠᠨ ᠬᠦᠭᠵᠢᠬᠦᠯᠪᠡᠯ ᠰᠠᠶᠢ ᠮᠠᠨ ᠤ ᠬᠤᠶᠢᠴᠢ ᠦᠶ᠎ᠠ ᠶᠢᠨ ᠬᠢᠨ ᠰᠢᠯᠢᠳᠡᠭ ᠰᠠᠶᠢᠨ ᠤᠶᠤᠨ ᠰᠠᠨᠠᠭᠠᠨ ᠤ ᠪᠠᠭᠤᠴᠠ ᠲᠠᠢ ᠪᠤᠯᠵᠤ᠂ ᠮᠠᠨ ᠤ ᠰᠤᠶᠤᠯ ᠤᠨ ᠢᠳᠡᠬᠡᠯ ᠨᠡᠩ ᠪᠠᠳᠤᠵᠢᠵᠤ ᠴᠢᠳᠠᠨ᠎ᠠ᠃       ᠳᠠᠷᠠᠭ᠎ᠠ ᠨᠢ᠂ ᠪᠢᠳᠡ ᠪᠦᠬᠦᠨ ᠠᠯᠥᠰ ᠤᠨ ᠬᠠᠷᠠᠯᠲᠠ ᠲᠠᠢ ᠪᠠᠶᠢᠵᠤ᠂ ᠬᠤᠵᠢᠮ ᠤᠨ ᠭᠠᠴᠢᠭᠳᠠᠯ ᠲᠦᠪᠡᠭ ᠢ ᠤᠯᠵᠤ ᠦᠵᠡᠵᠦ᠂ ᠨᠡᠩ ᠢᠯᠠᠩᠭᠤᠶ᠎ᠠ ᠳᠡᠯᠡᠬᠡᠢ ᠶᠢᠨ ᠰᠤᠶᠤᠯ ᠤᠨ ᠬᠡᠴᠡᠬᠦᠦ ᠳᠦᠷᠢᠯᠲᠡ ᠳᠤ ᠢᠮᠠᠬᠳᠠ ᠰᠠᠨᠠᠭᠠᠰᠢᠷᠠᠬᠤ ᠤᠬᠠᠮᠰᠠᠷ ᠲᠠᠢ ᠪᠠᠶᠢᠬᠤ ᠬᠡᠷᠡᠭᠲᠡᠢ᠃ ᠪᠢᠳᠡ ᠦᠨᠳᠦᠰᠦᠳᠡᠨ ᠤ ᠰᠤᠶᠤᠯ ᠢᠶᠠᠨ ᠭᠠᠳᠠᠭᠰᠢ ᠤᠬᠠᠭᠤᠯᠤᠨ ︽ᠭᠠᠷᠴᠤ ᠶᠠᠪᠤᠬᠤ︾᠎ ᠶᠢᠨ ᠳᠠᠭᠠᠤ ᠳᠤ ᠪᠠᠰᠠ ᠮᠠᠨ ᠤ ᠦᠨᠳᠦᠰᠦ ᠲᠠᠯ᠎ᠠ ᠨᠤᠳᠤᠭ ᠲᠤ ᠪᠠᠶᠢᠨ᠎ᠠ ᠬᠡᠳᠡᠭ ᠢᠶᠠᠨ ᠮᠠᠷᠳᠠᠵᠤ ᠪᠤᠯᠬᠤ ᠦᠬᠡᠢ᠃ ᠡᠰᠡ ᠳᠡᠬᠡᠪᠡᠯ᠂ ᠬᠠᠷᠢᠨ ᠦᠨᠳᠦᠰᠦ ᠦᠬᠡᠢ ᠬᠠᠮᠬᠤᠤᠯ ᠰᠢᠭ᠋ ᠪᠤᠯᠤᠨ᠎ᠡ᠃ ᠤᠳᠤ ᠦᠪᠦᠷ ᠮᠤᠩᠭᠤᠯ ᠤᠨ ᠮᠤᠩᠭᠤᠯᠴᠤᠳ ᠢᠶᠠᠷ ᠠᠪᠴᠤ ᠬᠡᠯᠡᠪᠡᠯ ᠮᠤᠩᠭᠤᠯ ᠤᠯᠤᠰ ᠤᠨ ᠳᠠᠭᠤᠤ ᠶᠢ ᠳᠠᠭᠤᠯᠠᠬᠤ ᠨᠢ ᠤᠯᠠᠰᠢᠷᠠᠵᠤ ᠪᠤᠢ᠃ ᠨᠡᠳᠡ ᠶᠢ ᠰᠢᠯᠢ ᠶᠢᠨ ᠭᠤᠤᠯ ᠳᠤ ᠪᠠᠶᠢᠬᠤ ᠳᠤ ᠵᠠᠷᠢᠮ ᠮᠠᠯᠴᠢᠳ ᠨᠠᠳᠠ ᠳᠤ᠂ ᠳᠠ ᠤᠯᠠᠭᠠᠨᠲᠤᠭ ᠪᠠᠭᠰᠢ ᠶᠢ ᠳᠠᠨᠢᠳᠠᠭ ᠤᠤ︖ ᠳᠠᠨᠢᠬᠤ ᠳᠤ ᠬᠦᠷᠪᠡᠯ ᠮᠠᠨ ᠳᠤ ᠢᠯᠡᠬᠦᠬᠡᠨ ᠰᠢᠭ ᠮᠤᠩᠭᠤᠯ ᠳᠠᠭᠤᠤ ᠵᠤᠬᠢᠶᠠᠭᠠᠳ ᠠᠯᠢ ᠬᠡᠵᠦ ᠳᠠᠮᠵᠢᠭᠤᠯᠤᠭᠠᠳ ᠦᠭᠬᠦᠨ᠎ᠡ ᠤᠤ ᠬᠡᠵᠦ ᠶᠠᠷᠢᠵᠤ ᠪᠠᠶᠢᠭᠰᠠᠨ᠂ ᠡᠨᠡ ᠨᠢ ᠳᠠᠷᠤᠢ ᠡᠬᠡ ᠨᠤᠳᠤᠭ ᠲᠤ ᠴᠢᠨᠢ ᠨᠢᠬᠡ ᠪᠦᠯᠦᠭ ᠬᠦᠮᠦᠰ ᠳᠠᠨ ᠤ ᠪᠦᠳᠦᠬᠡᠯ ᠢ ᠬᠦᠰᠡᠨ ᠬᠦᠯᠢᠶᠡᠵᠦ ᠪᠤᠢ ᠬᠡᠰᠡᠨ ᠶᠠᠪᠤᠳᠠᠯ ᠪᠤᠯᠤᠨ᠎ᠠ᠃ ᠡᠶᠢᠮᠦ ᠠᠴᠠ ᠪᠢᠳᠡ ᠭᠠᠳᠠᠭᠰᠢ ︽ᠭᠠᠷᠴᠤ ᠶᠠᠪᠤᠬᠤ︾᠎ ᠶᠢᠨ ᠳᠠᠭᠠᠤ ᠳᠤ ᠡᠬᠡ ᠨᠤᠳᠤᠭ ᠢᠶᠠᠨ ︽ᠡᠷᠬᠢᠨ ᠬᠠᠷᠠᠬᠤ︾ ᠴᠢᠬᠤᠯᠠ ᠲᠠᠢ᠃       ᠲᠠᠬᠢᠪᠠᠯ᠂ ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠬᠦ ᠶᠢ ᠴᠢᠬᠤᠯᠠᠴᠢᠯᠠᠬᠤ ᠬᠡᠷᠡᠭᠳᠡᠢ᠃ ᠦᠨᠳᠦᠰᠦᠳᠡᠨ ᠤ ᠰᠤᠶᠤᠯ ᠤᠷᠠᠯᠢᠭ ᠢᠶᠠᠨ ᠬᠦᠭᠵᠢᠬᠦᠯᠬᠦ ᠳᠤ ᠦᠨᠳᠦᠰᠦᠳᠡᠨ ᠤ ᠰᠤᠶᠤᠯ ᠤᠨ ᠴᠢᠳᠠᠪᠤᠷᠢᠳᠠᠨ ᠳᠤ ᠲᠦᠰᠢᠭᠯᠡᠬᠦ ᠬᠡᠷᠡᠭᠳᠡᠢ᠃ ᠤᠴᠢᠷ ᠨᠢ᠂ ᠵᠦᠪᠬᠡᠨ ᠦᠨᠳᠦᠰᠦᠳᠡᠨ ᠤ ᠬᠢ ᠪᠤᠯ ᠰᠠᠶᠢ ᠲᠡᠯᠡᠬᠡᠢ ᠶᠢᠨ ᠬᠢ᠂ ᠵᠦᠪᠬᠡᠨ ᠦᠨᠳᠦᠰᠦᠲᠡᠨ ᠤ ᠬᠠᠶᠢᠷ᠎ᠠ ᠰᠡᠳᠬᠢᠯᠭᠡ᠂ ᠦᠨᠳᠦᠰᠦᠲᠡᠨ ᠤ ᠦᠨᠳᠦᠰᠦ ᠰᠤᠷᠪᠤᠯᠵᠢ ᠲᠠᠢ᠂ ᠦᠨᠳᠦᠰᠦᠲᠡᠨ ᠤ ᠬᠦᠷᠦᠰᠦ ᠰᠢᠷᠤᠢ ᠳᠡᠭᠡᠷ᠎ᠡ ᠦᠰᠦᠨ ᠪᠤᠶᠢᠵᠢᠭᠰᠠᠨ ᠬᠦᠮᠦᠨ ᠰᠠᠶᠢ ᠦᠪᠡᠷ ᠤᠨ ᠦᠨᠳᠦᠰᠦᠳᠡᠨ ᠢᠶᠠᠨ ᠤᠢᠢᠯᠠᠭᠠᠵᠤ᠂ ᠦᠨᠳᠦᠰᠦᠳᠡᠨ ᠤ ᠰᠤᠶᠤᠯ ᠢᠶᠠᠨ ᠲᠡᠷᠡ ᠦᠨᠦᠷ ᠠᠮᠳᠠ ᠪᠠᠷ ᠨᠢ ᠢᠯᠡᠷᠡᠬᠦᠯᠵᠦ ᠴᠢᠳᠠᠨ᠎ᠠ᠃ ᠮᠠᠨ ᠤ ᠬᠢᠨ ᠤ ᠭᠠᠳᠠᠨ᠎ᠠ ᠠᠴᠠ ᠤᠷᠢᠵᠤ ᠳᠤᠭᠯᠠᠭᠤᠯᠵᠤ ᠪᠠᠶᠢᠭ᠎ᠠ ᠳᠤᠭᠯᠠᠭᠴᠢ ᠨᠠᠷ ᠪᠤᠯ ᠦᠨᠳᠦᠰᠦᠳᠡᠨ ᠤ ᠰᠤᠶᠤᠯ ᠢ ᠤᠢᠢᠯᠠᠭᠠᠭᠴᠢ ᠠᠴᠠ ᠪᠢᠰᠢ᠂ ᠦᠨᠳᠦᠰᠦᠳᠡᠨ ᠤ ᠰᠤᠶᠤᠯ ᠢ ᠡᠵᠡᠮᠰᠢᠭᠴᠢ ᠪᠢᠰᠢ᠂ ᠡᠶᠢᠮᠦ ᠠᠴᠠ ᠦᠨᠳᠦᠰᠦᠳᠡᠨ ᠤ ᠤᠷᠠᠯᠢᠭ ᠤᠨ ᠵᠠᠯᠠᠭᠤ ᠴᠢᠳᠠᠪᠤᠷᠢᠳᠠᠨ ᠢ ᠬᠦᠮᠦᠵᠢᠬᠦᠯᠦᠨ ᠪᠤᠶᠢᠵᠢᠭᠤᠯᠬᠤ ᠶᠢ ᠪᠠᠴᠢᠮ ᠱᠠᠭᠠᠷᠳᠠᠵᠤ ᠪᠤᠢ᠃ ᠲᠦᠷᠦᠬᠦᠦ ᠬᠡᠳᠦᠨ ᠵᠢᠯ ᠪᠢᠳᠡ ᠱᠠᠩᠬᠠᠢ ᠶᠢᠨ ᠰᠢ ᠵᠦᠴᠦᠬᠡ ᠶᠢᠨ ᠳᠡᠬᠡᠳᠤ ᠰᠤᠷᠭᠠᠭᠤᠯᠢ ᠳᠤ ᠰᠤᠷᠤᠭᠴᠢ ᠬᠦᠮᠦᠵᠢᠬᠦᠯᠦᠨ ᠦᠭᠴᠤ᠂ ᠬᠦᠮᠦᠵᠢᠬᠦᠯᠦᠨ ᠦᠭᠬᠦᠭᠰᠡᠨ ᠵᠠᠷᠢᠮ ᠰᠤᠷᠤᠭᠴᠢ ᠨᠢ ᠦᠪᠦᠷ ᠮᠤᠩᠭᠤᠯ ᠤᠨ ᠦᠨᠳᠦᠰᠦᠳᠡᠨ ᠤ ᠤᠷᠠᠯᠢᠭ ᠵᠦᠴᠦᠬᠡ ᠶᠢᠨ ᠬᠦᠷᠢᠶᠡᠯᠡᠩ ᠳᠤ ᠪᠤᠴᠠᠵᠤ ᠢᠷᠡᠭᠰᠡᠨ ᠶᠤᠮ᠃ ᠮᠢᠨᠦ ᠦᠵᠡᠬᠦ ᠪᠠᠷ ᠡᠨᠡ ᠨᠢ ᠲᠤᠩ ᠰᠠᠶᠢᠨ ᠲᠤᠷᠰᠢᠴᠠ ᠪᠤᠯᠬᠤ ᠶᠤᠮ᠃ ᠪᠢᠳᠡ ᠦᠨᠳᠦᠰᠦᠳᠡᠨ ᠤ ᠤᠷᠠᠯᠢᠭ ᠤᠨ ᠴᠢᠳᠠᠪᠤᠷᠢᠳᠠᠨ ᠢ ᠬᠦᠮᠦᠵᠢᠬᠦᠯᠦᠨ ᠬᠡᠷᠡᠭᠯᠡᠬᠦ ᠠᠰᠠᠭᠤᠳᠠᠯ ᠢ ᠬᠦᠩᠬᠡᠪᠴᠢᠯᠡᠵᠦ ᠪᠤᠯᠬᠤ ᠦᠬᠡᠢ᠃       ᠬᠠᠰᠴᠢᠯᠠᠭᠤ᠄ ︵ᠨᠡᠷᠡᠳᠤ ᠤᠳᠤᠷᠢᠳᠤᠭᠠᠴᠢ︶ ᠴᠦᠬᠡᠨ ᠳᠤᠭᠠᠳᠤ ᠦᠨᠳᠦᠰᠦᠳᠡᠨ ᠤ ᠺᠢᠨᠣ᠋ ᠶᠢ ᠬᠢᠨᠠᠨ ᠪᠠᠶᠢᠴᠠᠭᠠᠬᠤ ᠳᠤᠬᠠᠢ ᠴᠢᠯᠦᠬᠡᠳᠡᠢ ᠪᠠᠶᠢᠯᠭᠠᠪᠠᠯ ᠴᠤᠬᠢᠨ᠎ᠠ       ᠨᠢᠬᠡ᠂ ᠮᠠᠶᠢᠯᠠᠰᠤ ᠤᠳᠤᠷᠢᠳᠤᠭᠠᠴᠢ᠂ ᠺᠠᠩ ᠬᠤᠩ ᠯᠧᠢ ᠤᠳᠤᠷᠢᠳᠤᠭᠠᠴᠢ ᠴᠦᠮ ᠴᠦᠬᠡᠨ ᠳᠤᠭᠠᠳᠤ ᠦᠨᠳᠦᠰᠦᠳᠡᠨ ᠤ ᠺᠢᠨᠣ᠋ ᠲᠧᠯᠧᠢᠰ ᠢ ᠬᠢᠨᠠᠨ ᠪᠠᠶᠢᠴᠠᠭᠠᠬᠤ ᠠᠰᠠᠭᠤᠳᠠᠯ ᠤᠨ ᠳᠤᠬᠠᠢ ᠳᠤᠷᠠᠳᠴᠤ ᠦᠩᠬᠡᠷᠡᠭᠰᠡᠨ ᠶᠤᠮ᠃ ᠴᠦᠬᠡᠨ ᠳᠤᠭᠠᠳᠤ ᠦᠨᠳᠦᠰᠦᠳᠡᠨ ᠤ ᠺᠢᠨᠣ᠋ ᠲᠧᠯᠧᠢᠰ ᠵᠦᠴᠦᠬᠡ ᠶᠢ ᠰᠡᠬᠦᠳᠡᠷᠯᠡᠬᠦ ᠳᠤ ᠬᠦᠮᠦᠰ ᠲᠦᠷᠦ ᠶᠢᠨ ᠪᠤᠳᠤᠯᠭ᠎ᠠ ᠶᠢᠨ ᠬᠢᠨᠠᠨ ᠪᠠᠶᠢᠴᠠᠭᠠᠯᠳᠠ ᠶᠢ ᠦᠩᠬᠡᠷᠡᠬᠦ ᠡᠰᠡᠬᠦ ᠳᠤᠬᠠᠢ ᠪᠠᠳᠤᠯᠠᠭ᠎ᠠ ᠦᠬᠡᠢ ᠪᠠᠶᠢᠳᠠᠭ ᠨᠢ ᠵᠤᠬᠢᠬᠤ ᠬᠡᠮᠵᠢᠶᠠᠨ ᠲᠡᠭᠡᠷ᠎ᠡ ᠬᠦᠮᠦᠰ ᠤᠨ ᠦᠨᠳᠦᠰᠦᠳᠡᠨ ᠤ ᠰᠡᠳᠦᠪᠳᠤ ᠺᠢᠨᠣ᠋ ᠵᠦᠴᠦᠬᠡ ᠶᠢ ᠡᠬᠦᠳᠦᠨ ᠪᠦᠳᠦᠬᠡᠬᠦ ᠢᠳᠡᠪᠬᠢᠵᠢᠯ ᠢ ᠨᠦᠯᠦᠬᠡᠯᠡᠨ᠎ᠡ᠃ ᠺᠢᠨᠣ᠋ ᠲᠧᠯᠧᠢᠰ ᠤᠨ ᠰᠢᠨ᠎ᠡ ᠶᠢ ᠡᠬᠦᠳᠬᠦ᠂ ᠰᠢᠨ᠎ᠡ ᠰᠢᠪᠳᠤᠯᠤᠯᠳᠠ ᠭᠠᠷᠭᠠᠬᠤ᠂ ᠨᠡᠬᠡᠬᠡᠯᠳᠡ ᠬᠢᠬᠦ ᠬᠡᠪᠡᠯ᠂ ᠬᠤᠷᠢᠭ᠎ᠠ ᠱᠤᠭᠤᠮ ᠢ ᠡᠪᠳᠡᠬᠦ ᠦᠬᠡᠢ ᠪᠠᠶᠢᠳᠠᠯ ᠳᠤ ᠪᠢᠳᠡ ᠦᠪᠡᠷ ᠤᠨ ᠬᠢᠨᠠᠨ ᠪᠠᠶᠢᠴᠠᠭᠠᠬᠤ ᠦᠵᠡᠯ ᠤᠬᠠᠮᠰᠠᠷ ᠢᠶᠠᠨ ᠳᠡᠬᠡᠭᠰᠢᠯᠡᠬᠦᠯᠵᠦ᠂ ᠡᠨᠡ ᠳᠠᠯ᠎ᠠ ᠪᠠᠷ ᠬᠢ ᠬᠢᠨᠠᠨ ᠪᠠᠶᠢᠴᠠᠭᠠᠯᠳᠠ ᠶᠢᠨ ᠪᠠᠷᠢᠮᠵᠢᠶ᠎ᠠ ᠶᠢ ᠵᠢᠭᠠᠬᠠᠨ ᠴᠢᠯᠦᠬᠡᠳᠡᠢ ᠪᠤᠯᠭᠠᠪᠠᠯ ᠵᠤᠬᠢᠨ᠎ᠠ᠃ ᠦᠪᠡᠷᠳᠡᠬᠡᠨ ᠵᠠᠰᠬᠠᠤ ᠤᠷᠤᠨ ᠠᠴᠠ ᠡᠨᠡ ᠳᠤᠬᠠᠢ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠳᠤᠭᠳᠠᠭᠠᠪᠠᠯ ᠵᠤᠬᠢᠨ᠎ᠠ᠃ ᠡᠰᠡ ᠳᠡᠬᠡᠪᠡᠯ᠂ ᠡᠨᠡᠬᠦ ᠶᠠᠪᠤᠴᠠ ᠨᠢ ᠴᠦᠬᠡᠨ ᠳᠤᠭᠠᠳᠤ ᠦᠨᠳᠦᠰᠦᠳᠡᠨ ᠤ ᠺᠢᠨᠣ᠋ ᠵᠦᠴᠦᠬᠡ ᠶᠢᠨ ᠬᠦᠭᠵᠢᠯᠳᠡ ᠶᠢ ᠬᠦᠯᠢᠶᠡᠰᠦᠯᠡᠬᠦ ᠡᠯᠧᠮᠧᠨ᠋ᠲ ᠪᠤᠯᠵᠤ᠂ ᠰᠢᠨ᠎ᠡ ᠶᠢ ᠡᠬᠦᠳᠬᠦ ᠳᠤ ᠬᠦᠴᠢᠷ ᠪᠤᠯᠤᠨ᠎ᠠ᠃      ᠬᠤᠶᠠᠷ᠂ ᠺᠢᠨᠣ᠋ ᠲᠧᠯᠧᠢᠰ ᠢ ᠰᠢᠩᠬᠡᠬᠡᠨ ᠦᠢᠯᠡᠳᠬᠦ ᠳᠤ ᠲᠦᠷᠦ ᠶᠢᠨ ᠪᠤᠳᠤᠯᠭ᠎ᠠ ᠶᠢᠨ ᠳᠠᠯ᠎ᠠ ᠪᠠᠷ ᠳᠡᠮᠵᠢᠯᠬᠡ ᠦᠵᠡᠬᠦᠯᠬᠦ ᠪᠤᠶᠤ ᠲᠦᠬᠦᠮ ᠦᠵᠡᠬᠦᠯᠪᠡᠯ ᠵᠤᠬᠢᠨ᠎ᠠ᠂ ᠲᠦᠷᠦ ᠶᠢᠨ ᠪᠤᠳᠤᠯᠭ᠎ᠠ ᠶᠢᠨ ᠳᠠᠯ᠎ᠠ ᠪᠠᠷ ᠳᠡᠬᠦᠯᠳᠡᠷᠵᠢᠪᠡᠯ ᠪᠤᠰᠤᠳ ᠠᠰᠠᠭᠤᠳᠠᠯ ᠢ ᠰᠢᠢᠳᠪᠦᠷᠢᠯᠡᠬᠦ ᠳᠤ ᠴᠦᠮ ᠠᠮᠠᠷᠬᠠᠨ ᠪᠤᠯᠤᠨ᠎ᠠ᠃ ᠵᠠᠰᠠᠭ ᠤᠨ ᠤᠷᠳᠤᠨ ᠠᠴᠠ ᠪᠠᠰᠠ ᠡᠯ᠎ᠠ ᠰᠠᠯᠠᠭ᠎ᠠ ᠮᠦᠴᠢᠷ ᠲᠠᠢ ᠵᠤᠬᠢᠴᠠᠭᠤᠯᠬᠤ ᠠᠵᠢᠯ ᠢ ᠬᠦᠨᠳᠦᠳᠬᠡᠵᠦ ᠪᠠᠶᠢᠪᠠᠯ ᠵᠤᠬᠢᠨ᠎ᠠ᠃       ᠭᠤᠷᠪᠠ᠂ ᠺᠢᠨᠣ᠋ ᠲᠧᠯᠸᠢᠰ ᠤᠨ ᠦᠢᠯᠡᠰ ᠢ ᠬᠦᠭᠵᠢᠭᠦᠯᠬᠦ ᠳᠤ ᠪᠢᠳᠡ ᠤᠷᠢᠳᠠᠪᠠᠷ ᠵᠠᠬ᠎ᠠ ᠳᠡᠯᠭᠡᠭᠦᠷ ᠢ ᠬᠦᠨᠳᠦᠳᠬᠡᠵᠦ᠂ ᠵᠠᠬ᠎ᠠ ᠳᠡᠯᠭᠡᠭᠦᠷ ᠢ ᠰᠤᠳᠤᠯᠵᠤ᠂ ᠳᠠᠷᠠᠭ᠎ᠠ ᠨᠢ ᠵᠠᠬ᠎ᠠ ᠳᠡᠯᠭᠡᠭᠦᠷ ᠲᠤ ᠤᠷᠤᠬᠤ ᠬᠡᠷᠡᠭᠳᠡᠢ᠃ ᠪᠢᠳᠡ ᠠᠯᠢᠪᠠ ᠵᠦᠢᠯ ᠳᠤ ᠴᠦᠮ ᠵᠠᠰᠠᠭ ᠤᠨ ᠤᠷᠳᠤᠨ ᠤ ᠲᠤᠰᠠ ᠳᠡᠮᠵᠢᠯᠭᠡ ᠳᠤ ᠲᠦᠰᠢᠭᠯᠡᠵᠦ ᠪᠤᠯᠬᠤ ᠦᠭᠡᠢ᠂ ᠵᠠᠬ᠎ᠠ ᠳᠡᠯᠭᠡᠭᠦᠷ ᠤᠨ ᠵᠢᠮ᠎ᠡ ᠶᠤᠰᠤ ᠪᠠᠷ ᠵᠠᠬ᠎ᠠ ᠳᠡᠯᠭᠡᠭᠦᠷ ᠲᠤ ᠵᠤᠬᠢᠴᠠᠬᠤ ᠪᠦᠲᠦᠭᠡᠯ ᠭᠠᠷᠭᠠᠵᠤ᠂ ᠵᠠᠬ᠎ᠠ ᠳᠡᠯᠭᠡᠭᠦᠷ ᠲᠠᠢ ᠵᠤᠬᠢᠴᠠᠯᠳᠤᠪᠠᠯ ᠵᠤᠬᠢᠨ᠎ᠠ᠃ ᠨᠦᠬᠦᠬᠡ ᠲᠠᠯ᠎ᠠ ᠪᠠᠷ᠂ ᠵᠤᠬᠢᠶᠠᠨ ᠪᠦᠲᠦᠭᠡᠯᠬᠡ ᠳᠤ ᠭᠠᠭᠴᠠ ᠬᠦ ᠲᠤᠭ᠎ᠠ ᠶᠢ ᠬᠦᠭᠡᠭᠡᠴᠡᠯᠳᠦᠵᠦ ᠪᠤᠯᠬᠤ ᠦᠭᠡᠢ᠂ ᠨᠡᠩ ᠴᠢᠬᠤᠯᠠ ᠨᠢ ᠴᠢᠨᠠᠷ ᠴᠢᠨᠰᠠᠭ᠎ᠠ ᠶᠢ ᠴᠢᠬᠤᠯᠠᠴᠢᠯᠠᠬᠤ ᠬᠡᠷᠡᠭᠲᠡᠢ᠃ ᠢᠩᠭᠢᠪᠡᠯ ᠰᠠᠶᠢ ᠺᠢᠨᠣ᠋ ᠲᠧᠯᠸᠢᠰ ᠤᠨ ᠦᠢᠯᠡᠰ ᠰᠢᠯᠢᠳᠡᠭ ᠰᠠᠶᠢᠨ ᠤᠷᠴᠢᠯ ᠡᠷᠬᠢᠯᠲᠡ ᠲᠠᠢ ᠪᠤᠯᠵᠤ ᠴᠢᠳᠠᠨ᠎ᠠ᠃
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号