ᠮᠠᠯᠴᠢᠨ ᠪᠦᠰᠡᠬᠦᠢ ᠶᠢᠨ ᠤᠶᠢᠯᠡᠰ ᠤᠨ ᠮᠦᠷ
2018-05-04 16:16:02
ᠵᠣᠬᠢᠶᠠᠭᠴᠢ᠄ 
ᠪᠤᠷᠤᠨᠤᠳ ᠵᠢ᠊ · ᠠᠯᠲᠠᠡᠰᠠᠩ
ᠣᠩᠰᠢᠭᠰᠠᠨ ᠣᠳᠠᠭ᠎ᠠ᠄ 
★★★☆☆
      ᠰᠠᠷᠠᠭᠤᠯ ᠬᠡᠭᠴᠢ ᠮᠠᠯᠴᠢᠨ ᠪᠦᠰᠡᠬᠦᠢ᠃ ᠮᠠᠯᠴᠢᠨ ᠪᠠᠶᠢᠭᠰᠠᠨ ᠠᠴᠠ ᠪᠠᠨ ᠮᠠᠶᠢᠮᠠᠶᠢᠴᠢᠨ ᠪᠤᠯᠤᠭᠰᠠᠨ ᠬᠦᠮᠦᠨ ᠯᠠ ᠳ᠋ᠠ᠃      1983 ᠤᠨ ᠳᠤ ᠠᠷᠤ ᠬᠤᠷᠴᠢᠨ ᠬᠤᠰᠢᠭᠤᠨ ᠤ ᠬᠤᠨᠲᠦ ᠪᠠᠯᠭᠠᠰᠤ ᠶᠢᠨ ᠠᠷᠤᠪᠤᠯᠠᠭ ᠭᠠᠴᠠᠭ᠎ᠠ ᠶᠢᠨ ᠲᠦᠬᠦᠷᠢᠭ ᠲᠤᠭᠤᠶᠢᠯᠠᠩ ᠤᠨ ᠮᠠᠯᠴᠢᠨ ᠪᠠᠳᠠᠷᠠᠬᠤ᠂ ᠬᠦᠥᠳᠠᠭᠤᠯ ᠤᠨ ᠬᠤᠶᠠᠳᠤᠭᠠᠷ ᠬᠡᠥᠬᠡᠨ ᠪᠤᠯᠵᠦ ᠵᠠᠶᠠᠭᠠᠵᠦ᠂ ᠠᠶᠢᠯ ᠭᠤᠥᠯ ᠳᠠᠭᠠᠨ ᠨᠡᠷ᠎ᠡ ᠬᠦᠡᠲᠦᠲᠡᠢ᠂ ᠬᠤᠷᠢᠮ ᠨᠠᠶᠢᠷ ᠤᠨ ᠲᠠᠭᠠᠭᠠᠮᠠᠯ᠂ ᠲᠤᠭᠤᠭᠠᠴᠢ ᠪᠠᠷ ᠦᠷᠬᠦᠯᠵᠢ ᠵᠠᠯᠠᠭᠳᠠᠳᠠᠭ ᠠᠪᠤ ᠪᠤᠯᠤᠨ ᠠᠵᠢᠯᠴᠢ ᠬᠦᠳᠡᠯᠮᠦᠷᠢᠴᠢ᠂ ᠦᠨᠳᠦᠰᠦᠲᠡᠨ ᠤ ᠤᠶᠢᠯᠡ ᠤᠶᠤᠳᠠᠯ ᠳᠤ ᠮᠠᠰᠢ ᠤᠷᠠᠨ ᠡᠵᠢ ᠠᠴᠠ ᠪᠠᠨ ᠬᠡᠷ ᠪᠦᠯᠢ ᠶᠢᠨ ᠤᠯᠠᠮᠵᠢᠯᠠᠯᠲᠦ ᠰᠤᠷᠭᠠᠯ ᠢ ᠬᠦᠷᠲᠡᠵᠦ ᠶᠠᠪᠤᠭᠰᠠᠨ ᠲᠡᠷᠡ ᠬᠠᠷᠬᠠᠨ ᠪᠠᠭ᠎ᠠ ᠠᠴᠠ ᠪᠠᠨ ᠰᠡᠴᠡᠨ ᠰᠡᠷᠭᠦᠯᠡᠩ᠂ ᠬᠢᠴᠢᠶᠡᠯ ᠰᠤᠷᠤᠯᠭ᠎ᠠ ᠳᠠᠭᠠᠨ ᠰᠠᠶᠢᠨ ᠪᠠᠶᠢᠭᠰᠠᠨ ᠪᠤᠯᠪᠠᠴᠦ ᠠᠷᠤ ᠬᠡᠷ ᠤᠨ ᠠᠮᠢᠳᠤᠷᠠᠯ ᠤᠨ ᠰᠢᠯᠲᠠᠭᠠᠨ ᠠᠴᠠ ᠪᠤᠯᠵᠦ ᠪᠠᠭ᠎ᠠ ᠰᠤᠷᠭᠠᠭᠤᠯᠢ ᠪᠠᠨ ᠠᠷᠠᠶᠢᠬᠠᠨ ᠲᠡᠬᠦᠰᠬᠡᠬᠡᠳ ᠮᠠᠯᠴᠢᠨ ᠵᠠᠶᠠᠭ᠎ᠠ ᠡᠯᠬᠦᠵᠦ᠂ ᠠᠷᠪᠠᠨ ᠲᠦᠷᠪᠡᠨ ᠨᠠᠰᠤᠨ ᠠᠴᠠ ᠪᠠᠨ ᠦᠪᠡᠷ ᠤᠨ ᠬᠤᠨᠢ ᠮᠠᠯ ᠢᠶᠠᠨ ᠬᠠᠷᠢᠭᠤᠯᠬᠤ ᠶᠢᠨ ᠲᠠᠭᠠᠥ ᠪᠤᠰᠤᠳ ᠤᠨ ᠬᠤᠨᠢ ᠮᠠᠯ ᠢ ᠴᠦ ᠬᠠᠷᠢᠭᠤᠯᠤᠨ ᠵᠤᠭᠤᠰ ᠮᠦᠩᠬᠦ ᠤᠯᠵᠦ ᠠᠵᠦ ᠠᠮᠢᠳᠤᠷᠠᠯ ᠢᠶᠠᠨ ᠲᠡᠭᠡᠭᠰᠢ ᠲᠡᠲᠡᠵᠦ ᠶᠠᠪᠤᠭᠰᠠᠨ ᠦᠩᠬᠡᠷᠡᠯᠲᠡ ᠲᠠᠢ ᠰᠠᠨ᠃      ᠨᠠᠷᠠ ᠰᠠᠷᠠ ᠡᠬᠡᠯᠵᠢᠯᠡᠨ᠂ ᠨᠠᠰᠤ ᠵᠢᠯ ᠨᠡᠮᠡᠭᠳᠡᠬᠦ ᠶᠢ ᠲᠠᠭᠠᠯᠳᠤᠨ ᠬᠤᠷᠸ᠎ᠠ ᠶᠢᠷᠲᠢᠡᠴᠦ ᠶᠢᠨ ᠵᠢᠮ᠎ᠡ ᠪᠠᠷ ᠰᠠᠷᠠᠭᠤᠯ 2002 ᠤᠨ ᠳᠤ ᠱᠤᠥᠬᠢᠨ ᠪᠠᠯᠭᠠᠰᠤ ᠶᠢᠨ ᠮᠠᠯᠴᠢᠨ ᠵᠠᠯᠠᠭᠤ ᠦᠨᠳᠦᠰᠦ ᠲᠠᠢ ᠤᠷᠤᠭᠯᠠᠨ ᠬᠡᠷ ᠪᠦᠯᠢ ᠪᠠᠶᠢᠭᠤᠯᠵᠦ᠂ ᠮᠠᠯ ᠲᠠᠷᠢᠶᠠᠯᠠᠩ ᠢ ᠤᠶᠠᠯᠳᠤᠭᠤᠯᠤᠨ ᠡᠵᠠᠩᠨᠠᠵᠦ ᠠᠮᠢᠳᠤᠷᠠᠭᠠᠳ᠂ 2014 ᠤᠨ ᠪᠤᠯᠬᠤ ᠳᠤ ᠦᠷ᠎ᠡ ᠬᠡᠥᠬᠡᠳ ᠢᠶᠠᠨ ᠪᠢᠴᠢᠭ ᠰᠤᠶᠤᠯ ᠲᠠᠢ ᠬᠦᠮᠦᠨ ᠪᠤᠯᠭᠠᠨ ᠬᠦᠮᠦᠵᠢᠬᠦᠯᠬᠦ ᠶᠢᠨ ᠲᠦᠯᠦᠬᠡ ᠬᠤᠰᠢᠭᠤᠨ ᠲᠦᠪ ᠴᠢᠪᠠᠭ᠎ᠠ ᠪᠠᠯᠭᠠᠰᠤᠨ ᠳᠤ ᠨᠡᠬᠦᠭᠰᠡᠨ ᠪᠠᠶᠢᠨ᠎ᠠ᠃ ᠬᠡᠯᠡᠬᠦ ᠳᠤ ᠬᠤᠲᠠ ᠭᠠᠵᠠᠷ ᠠᠮᠢᠳᠤᠷᠠᠬᠤ ᠰᠠᠶᠢᠬᠠᠨ ᠬᠡᠳᠡᠭ ᠪᠤᠯᠪᠠᠴᠦ ᠵᠠᠷᠤᠳᠠᠯ ᠪᠠᠷᠢᠲᠠᠯ ᠨᠢ ᠬᠡᠴᠡᠬᠦᠳᠡᠭᠰᠡᠨ ᠠᠴᠠ ᠰᠠᠷᠠᠭᠤᠯ ᠬᠦᠯᠦᠰᠦᠨ ᠠᠵᠢᠯ ᠬᠢᠬᠦ ᠬᠡᠵᠦ ᠡᠷᠢᠭᠰᠡᠨ ᠪᠤᠯᠪᠠᠴᠦ ᠬᠡᠥᠬᠡᠳ ᠤᠨ ᠰᠤᠷᠭᠠᠭᠤᠯᠢ ᠳᠤᠨᠢ ᠬᠦᠷᠬᠡᠬᠦ ᠲᠤᠯᠠ ᠠᠵᠢᠯ ᠤᠨ ᠴᠠᠭ ᠢ ᠨᠢ ᠪᠠᠷᠢᠮᠲᠡᠯᠡᠵᠦ ᠲᠡᠶᠢᠯᠬᠦ ᠦᠭᠡᠢ ᠠᠴᠠ ᠲᠤᠬᠢᠷᠠᠮᠵᠢᠲᠠᠢ ᠠᠵᠢᠯ ᠤᠯᠤᠭᠰᠠᠨ ᠦᠭᠡᠢ᠃      ᠰᠠᠷᠠᠭᠤᠯ ᠬᠡᠳᠦᠢ ᠪᠤᠳᠤᠵᠤ ᠦᠵᠡᠭᠰᠡᠨ ᠴᠦ ᠠᠵᠢᠯ ᠤᠯᠵᠦ ᠬᠢᠬᠦ ᠦᠭᠡᠢ ᠪᠤᠯ ᠵᠠᠷᠤᠯᠭ᠎ᠠ ᠠᠷᠪᠢᠳᠤᠭᠠᠳ ᠠᠵᠦ ᠠᠮᠢᠳᠤᠷᠠᠯ ᠢᠶᠠᠨ ᠦᠬᠡᠲᠡ ᠲᠠᠲᠠᠬᠤ ᠪᠠᠶᠢᠳᠤᠭᠠᠢ ᠦᠷ᠎ᠡ ᠬᠡᠥᠬᠡᠳ ᠢᠶᠠᠨ ᠴᠦ ᠰᠤᠷᠭᠠᠭᠤᠯᠢ ᠳᠤ ᠪᠢᠴᠢᠭ ᠦᠵᠡᠬᠦᠯᠬᠦ ᠲᠡᠶᠢᠯᠬᠦ ᠦᠭᠡᠢ ᠬᠡᠮᠵᠢᠶᠡᠨ ᠳᠤ ᠴᠦ ᠬᠦᠷᠴᠦ ᠮᠡᠳᠡᠨ᠎ᠡ ᠬᠡᠵᠦ ᠰᠠᠡᠳᠤᠷᠴᠦ ᠪᠠᠶᠢᠲᠠᠯ᠎ᠠ᠂ ᠲᠦᠷᠬᠦᠮ ᠤᠨ ᠡᠬᠡᠴᠢ ᠰᠠᠷᠠᠩᠭᠤᠸ᠎ᠠ ᠨᠢ ᠦᠪᠡᠷ ᠤᠨ ᠡᠵᠠᠩᠨᠠᠵᠦ ᠪᠠᠶᠢᠭᠰᠠᠨ ᠴᠠᠭᠠᠨ ᠢᠳᠡᠬᠡᠨ ᠤ ᠲᠡᠯᠬᠡᠬᠦᠷ ᠢᠶᠠᠨ ᠲᠤᠬᠢᠷᠠᠮᠵᠢᠲᠠᠢ ᠪᠠᠷ ᠰᠢᠯᠵᠢᠬᠦᠯᠦᠨ ᠦᠭᠬᠦᠭᠰᠡᠨ ᠠᠴᠠ ︽ᠤᠷᠢᠬᠠᠨ ᠴᠠᠭᠠᠨ ᠢᠳᠡᠭᠡᠨ ᠤ ᠲᠡᠯᠬᠡᠬᠦᠷ︾ ᠨᠡᠬᠡᠬᠡᠵᠤ᠂ ᠠᠷᠤ ᠬᠤᠷᠴᠢᠨ ᠬᠤᠰᠢᠭᠤᠨ ᠤ ᠡᠯ᠎ᠡ ᠰᠤᠮᠤ ᠪᠤᠯᠤᠨ ᠵᠠᠷᠤᠳ ᠬᠤᠰᠢᠭᠤ ᠶᠢᠨ ᠡᠯ᠎ᠡ ᠰᠤᠮᠤ ᠶᠢᠨ ᠬᠤᠳᠠᠯᠳᠤᠨ ᠠᠪᠤᠭᠴᠢᠳ ᠲᠤ ᠪᠤᠷᠤᠯᠠᠭᠤᠯᠬᠤ ᠠᠵᠢᠯ ᠬᠢᠬᠡᠳ ᠵᠤᠬᠢᠬᠤ ᠠᠰᠢᠭ ᠤᠷᠤᠯᠭ᠎ᠠ ᠤᠯᠵᠦ ᠶᠠᠪᠤᠭᠰᠠᠨ ᠶᠤᠮ᠃ ᠬᠡᠬᠦ ᠳᠡᠭᠡᠨ ᠰᠠᠨᠠᠮᠰᠠᠷ ᠦᠭᠡᠢ 2014 ᠤᠨ ᠳᠤ ᠲᠡᠬᠦᠨ ᠤ ᠴᠠᠭᠠᠨ ᠢᠳᠡᠬᠡᠨ ᠨᠢ ᠠᠷᠤ ᠬᠤᠷᠴᠢᠨ ᠬᠤᠰᠢᠭᠤᠨ ᠤ ᠠᠩᠬᠠᠳᠤᠭᠠᠷ ᠤᠳᠠᠭ᠎ᠠ ᠶᠢᠨ ᠦᠨᠳᠦᠰᠦᠲᠡᠨ ᠤ ᠭᠠᠷ ᠤᠷᠠᠯᠠᠯ ᠤᠨ ᠴᠢᠳᠠᠪᠤᠷᠢ ᠶᠢᠨ ᠤᠷᠤᠯᠳᠤᠭᠠᠨ ᠵᠢᠴᠢ ᠭᠤᠷᠪᠠᠳᠤᠭᠠᠷ ᠤᠳᠠᠭᠠᠨ ᠤ ᠦᠨᠳᠦᠰᠦᠲᠡᠨ ᠤ ᠬᠤᠪᠴᠠᠰᠦ ᠵᠠᠰᠠᠯ ᠭᠠᠷ ᠤᠷᠠᠯᠠᠯ ᠤᠨ ᠪᠦᠲᠦᠬᠡᠭᠳᠡᠬᠦᠨ ᠤ ᠲᠡᠯᠬᠡᠨ ᠦᠵᠡᠬᠦᠯᠦᠯᠬᠡ ᠳᠤ ᠤᠯᠠᠮᠵᠢᠯᠠᠯᠲᠦ ᠦᠨᠦᠷ ᠠᠮᠲᠠ ᠲᠠᠢ ᠠᠴᠠ ᠬᠤᠶᠠᠳᠤᠭᠠᠷ ᠲᠡᠰ ᠲᠤ ᠲᠤᠲᠤᠷᠠᠭᠰᠠᠨ ᠠᠴᠠ ᠢᠲᠡᠬᠡᠯ ᠵᠤᠷᠢᠭ ᠨᠢ ᠨᠡᠮᠡᠭᠳᠡᠵᠦ᠂ ᠤᠯᠠᠮ ᠴᠢᠷᠮᠠᠶᠢᠨ ᠠᠵᠢᠯᠯᠠᠭᠰᠠᠨ ᠶᠤᠮ᠃      ᠲᠡᠰᠪᠤᠷᠢ ᠲᠠᠭᠠᠭᠠᠴᠢᠲᠠᠢ ᠰᠢᠷᠭᠠᠭᠤ ᠴᠢᠷᠮᠠᠶᠢᠯᠭ᠎ᠠ ᠨᠢ ᠰᠢᠯᠢᠳᠡᠭ ᠠᠮᠵᠢᠯᠲᠠ ᠳᠤ ᠬᠦᠷᠳᠡᠭ ᠰᠠᠡᠵᠢ᠃ 2016 ᠤᠨ ᠳᠤ ᠰᠠᠷᠠᠭᠤᠯ ︽ᠤᠷᠢᠬᠠᠨ ᠴᠠᠭᠠᠨ ᠢᠳᠡᠭᠡᠨ ᠤ ᠲᠡᠯᠬᠡᠬᠦᠷ︾᠎ ᠢᠶᠠᠨ ᠦᠷᠭᠡᠳᠬᠡᠨ ᠠᠷᠠᠯᠵᠢᠶ᠎ᠠ ᠪᠠᠨ ᠡᠷᠬᠢᠯᠡᠬᠦ ᠶᠢᠨ ᠲᠠᠭᠠᠤ ᠤᠯᠠᠮᠵᠢᠯᠠᠯᠲᠦ ᠮᠠᠶ᠋ᠢᠭ ᠤᠨ ᠪᠤᠭᠤᠷᠰᠠᠭ᠂ ᠴᠠᠭᠠᠨ ᠭᠤᠯᠢᠷ ᠤᠨ ᠮᠠᠡᠳ᠋ᠸᠥ ᠵᠡᠷᠬᠡ ᠶᠢ ᠬᠢᠵᠦ ᠪᠤᠷᠤᠯᠠᠭᠤᠯᠤᠭᠰᠠᠨ ᠪᠦᠬᠡᠳ ᠠᠷᠤ ᠬᠤᠷᠴᠢᠨ ᠬᠤᠰᠢᠭᠤᠨ ᠤ ᠲᠠᠬᠢᠨ ᠠᠵᠢᠯ ᠤᠯᠭᠤᠬᠤ ᠲᠤᠪᠴᠢᠶ᠎ᠠ ᠶᠢᠨ ᠡᠷᠬᠢᠯᠡᠭᠰᠡᠨ ᠠᠵᠦ ᠠᠬᠤᠶᠢᠯᠠᠯ ᠡᠵᠡᠩᠨᠡᠬᠦ ᠪᠤᠯᠪᠠᠰᠤᠷᠠᠯ ᠤᠨ ᠠᠩᠬᠢ ᠳᠤ ᠰᠤᠷᠤᠯᠴᠠᠵᠦ᠂ ᠠᠵᠢᠯ ᠤᠶᠢᠯᠡᠰ ᠡᠷᠬᠢᠯᠡᠬᠦ ᠮᠡᠳᠡᠯᠬᠡ ᠮᠡᠳᠡᠴᠡ ᠪᠠᠨ ᠲᠡᠭᠡᠭᠰᠢᠯᠡᠬᠦᠯᠬᠦ ᠶᠢᠨ ᠲᠠᠭᠠᠤ ᠤᠶᠢᠯᠡᠰ ᠪᠦᠲᠦᠬᠡᠬᠦ ᠤᠷᠮ᠎ᠠ ᠵᠤᠷᠢᠭ ᠨᠢ ᠤᠯᠠᠮ ᠬᠦᠪᠴᠢᠯᠡᠭᠳᠡᠨ ᠡᠵᠡᠩᠨᠡᠯᠲᠡ ᠪᠠᠨ ᠤᠯᠠᠮ ᠰᠠᠶᠢᠵᠢᠷᠠᠭᠤᠯᠤᠭᠰᠠᠨ ᠠᠴᠠ ᠵᠢᠯ ᠤᠨ ᠤᠷᠤᠯᠭ᠎ᠠ 8 ᠲᠦᠮᠡᠨ ᠲᠦᠬᠦᠷᠢᠭ ᠢ ᠲᠠᠪᠠᠭᠰᠠᠨ ᠪᠠᠶᠢᠨ᠎ᠠ᠃
ᠨᠠᠶᠢᠷᠠᠭᠤᠯᠤᠭᠴᠢ᠄
ᠴᠡᠯᠮᠡᠭ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号