ᠦᠨᠳᠦᠰᠦ ᠬᠦᠨ ᠨᠠᠪᠴᠢ ᠰᠠᠬᠤᠯᠢᠭ ᠬᠤᠷᠰᠢᠭᠰᠠᠨ ᠡᠮ ᠡᠮᠨᠡᠯᠭᠡ ᠶᠢᠨ ᠦᠢᠯᠡᠰ
2018-08-29 12:01:26
ᠵᠣᠬᠢᠶᠠᠭᠴᠢ᠄ 
ᠲᠠᠳᠤᠯᠭ᠎ᠠ ᠶᠢᠨ ᠰᠤᠷᠪᠤᠯᠵᠢᠯᠠᠭᠴᠢ ᠮᠦᠡᠭᠭᠦᠨᠬᠤᠸᠠᠷ᠂ ᠰᠤᠷᠪᠤᠯᠵᠢᠯᠠᠭᠴᠢ ᠬᠡᠰᠢᠭᠪᠦᠶᠠᠨ ᠪᠣᠣ ᠴᠢᠩ ᠱᠧᠩ
ᠣᠩᠰᠢᠭᠰᠠᠨ ᠣᠳᠠᠭ᠎ᠠ᠄ 
★★★☆☆
                  — ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮ                      ᠡᠮᠨᠡᠯᠭᠡ ᠶᠢᠨ ᠲᠦᠷᠢᠮ ᠤᠨ ᠠᠰᠢᠭ ᠲᠤᠰᠠ ᠪᠠ ᠠᠰᠠᠭᠤᠳᠠᠯ ᠤᠨ ᠲᠤᠬᠠᠢ ᠰᠢᠷᠪᠢᠯᠳᠡ       ︽ᠪᠢ ᠲᠦᠷᠦᠭᠦᠦ ᠤᠳᠠᠭ᠎ᠠ ᠶᠢᠨ ᠮᠡᠰᠡ ᠵᠠᠰᠠᠯ ᠬᠢᠯᠭᠡᠬᠦ ᠳᠤ 17 ᠲᠦᠮᠡᠡ ᠲᠦᠭᠦᠷᠢᠭ ᠵᠠᠷᠤᠴᠠᠭᠤᠯᠤᠭᠰᠠᠨ ᠳᠤ᠂ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠤ ᠰᠠᠶᠢᠨ ᠢᠶᠠᠷ 15 ᠲᠦᠮᠡ ᠭᠠᠷᠤᠢ ᠡᠮᠨᠡᠯᠭᠡ ᠶᠢᠨ ᠵᠠᠷᠤᠳᠠᠯ ᠢ ᠲᠠᠩᠰᠠᠨ ᠠᠴᠠ ᠲᠠᠶᠢᠯᠵᠦ ᠦᠭᠬᠦᠭᠰᠡᠨ ᠰᠢᠦ︾ ᠭᠡᠵᠦ ᠵᠠᠯᠠᠶᠢᠳ ᠬᠤᠰᠢᠭᠤᠨ ᠤ ᠪᠠᠳᠠᠷᠠᠬᠤ ᠰᠤᠮᠤᠨ ᠤ ᠪᠠᠳᠠᠷᠠᠬᠤ ᠭᠠᠴᠠᠭ᠎ᠠ ᠶᠢᠨ ᠲᠠᠷᠢᠶᠠᠴᠢᠨ ᠸᠠᠩ ᠱᠤᠸᠠᠩ ᠯᠢᠨ ᠬᠦᠭᠰᠡᠨ ᠪᠠᠶᠠᠷᠯᠠᠨ᠎ᠠ᠃ ᠲᠡᠷᠡ ᠦᠨᠦ ᠵᠢᠯ 53 ᠨᠠᠰᠤᠳᠠᠢ᠃ ᠲᠡᠷᠡ ᠲᠡᠭᠡᠷ᠎ᠡ ᠵᠢᠯ ᠤᠨ ᠰᠡᠭᠦᠯᠴᠢ ᠪᠠᠷ ᠴᠡᠬᠡᠵᠢ ᠨᠢ ᠬᠠᠯᠠᠭᠤᠨ ᠤᠷᠬᠢᠵᠦ ᠡᠪᠡᠳᠦᠭᠡᠳ ᠲᠡᠰᠬᠦ ᠥᠬᠡᠢ ᠪᠤᠯᠬᠤᠷ ᠡᠨᠡ ᠵᠢᠯ ᠤᠨ 1 ᠰᠠᠷ᠎ᠠ ᠶᠢᠨ 17᠎ ᠤ ᠡᠳᠤᠷ ᠠᠴᠠ ᠡᠬᠢᠯᠡᠨ ᠤᠷᠢᠳ ᠬᠤᠵᠢᠳ ᠵᠠᠯᠠᠶᠢᠳ ᠬᠤᠰᠢᠭᠤᠨ ᠤ ᠡᠮᠨᠡᠯᠭᠡ ᠶᠢᠨ ᠬᠤᠷᠢᠶ᠎ᠠ᠂ ᠤᠯᠠᠭᠠᠨᠬᠤᠳᠠ ᠶᠢᠨ ᠡᠮᠨᠡᠯᠭᠡ ᠶᠢᠨ ᠬᠤᠷᠢᠶ᠎ᠠ᠂ ᠴᠠᠩᠴᠦ᠋ᠨ ᠤ ᠡᠮᠨᠡᠯᠭᠡ ᠶᠢᠨ ᠬᠤᠷᠢᠶ᠎ᠠ ᠳᠤ ᠬᠥᠷᠴᠤ ᠡᠪᠡᠳᠴᠢᠨ ᠢᠶᠠᠨ ᠪᠠᠶᠢᠴᠠᠭᠠᠯᠭᠠᠵᠥ᠂ ᠤᠯᠠᠭᠠᠨ ᠬᠤᠭᠤᠯᠠᠢ ᠶᠢᠨ ᠬᠡᠰᠡᠭ ᠲᠤᠨᠢ ᠭᠤᠷᠪᠠ ᠴᠤᠭᠤᠷᠠᠬᠰᠠᠨ ᠭᠡᠰᠡᠨ ᠤᠨᠤᠰᠢᠯᠠᠯᠲᠠ ᠦᠭᠴᠡᠢ᠃ ᠲᠡᠷᠡ ᠤᠷᠢᠳ ᠬᠤᠵᠢᠳ ᠬᠤᠶᠠᠷ ᠤᠳᠠᠭ᠎ᠠ ᠮᠠᠰᠠ ᠵᠠᠰᠠᠯ ᠬᠢᠯᠭᠡᠵᠦ᠂ ᠨᠡᠶᠢᠳᠠ 40 ᠭᠠᠷᠤᠢ ᠲᠥᠮᠡᠨ ᠲᠥᠬᠦᠷᠢᠭ ᠵᠠᠷᠤᠴᠠᠭᠤᠯᠵᠠᠢ᠃ ᠡᠭᠦᠨ ᠳᠤ ᠲᠥᠷᠥᠬᠦᠥ ᠤᠳᠠᠭ᠎ᠠ ᠶᠢᠨ ᠮᠠᠰᠠ ᠵᠠᠰᠠᠯ ᠳᠤ 17 ᠲᠥᠮᠡᠨ ᠲᠥᠬᠦᠷᠢᠭ ᠵᠠᠷᠤᠴᠠᠭᠤᠯᠵᠥ᠂ 15 ᠭᠠᠷᠤᠢ ᠲᠥᠮᠡᠨ ᠲᠥᠬᠦᠷᠢᠭ᠂ ᠲᠠᠷᠤᠢ 91.6%᠎ ᠪᠠᠷ ᠲᠠᠩᠰᠠᠨ ᠠᠴᠠ ᠲᠠᠶᠢᠯᠵᠦ ᠦᠭᠪᠡ᠃ ᠲᠠᠷᠡ ᠬᠤᠶᠠᠳᠤᠭᠠᠷ ᠤᠳᠠᠭ᠎ᠠ ᠶᠢᠨ ᠮᠠᠰᠠ ᠵᠠᠰᠠᠯ ᠤᠨ ᠵᠠᠷᠤᠳᠠᠯ ᠢᠶᠠᠨ ᠲᠠᠩᠰᠠᠨ ᠠᠴᠠ ᠲᠠᠶᠢᠯᠬᠤ ᠭᠠᠷ ᠬᠥᠢᠴᠡᠳᠭᠡᠯ ᠢ ᠶᠠᠬ ᠰᠠᠶ᠋ᠢᠬᠠᠨ ᠬᠢᠵᠥ ᠪᠤᠢ᠃
      ︽ᠪᠢ 2006 ᠤᠨ ᠳᠤ 10 ᠲᠥᠬᠦᠷᠢᠭ ᠤᠨ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮ ᠡᠮᠨᠡᠯᠭᠡ ᠶᠢᠨ ᠰᠦᠢᠳᠭᠡᠯ ᠲᠤᠰᠢᠶᠠᠪᠠ᠃ ᠬᠤᠵᠢᠮ ᠨᠢ 20᠂ 30 ᠲᠥᠬᠦᠷᠢᠭ ᠲᠤᠰᠢᠶᠠᠵᠥ ᠪᠠᠶᠢᠭᠰᠠᠨ ᠢᠶᠠᠨ ᠤᠳᠤ 180 ᠲᠥᠬᠦᠷᠢᠭ ᠲᠤᠰᠢᠶᠠᠵᠥ ᠪᠤᠢ᠃ ᠠᠷᠪᠠ ᠭᠠᠷᠤᠢ ᠵᠢᠯ ᠲᠤᠰᠢᠶᠠᠭᠰᠠᠨ ᠪᠦᠬᠦ ᠰᠦᠢᠳᠭᠡᠯ ᠢ ᠨᠡᠮᠡᠪᠡᠯ 2000 ᠲᠦᠭᠦᠷᠢᠭ ᠴᠤ ᠬᠦᠷᠬᠦ ᠦᠭᠡᠢ ᠰᠢᠦ ᠳ᠋ᠠ᠃ ᠬᠡᠷᠪᠡ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠤᠨ ᠲᠦᠷᠦ ᠶᠢᠨ ᠪᠤᠳᠤᠯᠭ᠎ᠠ ᠪᠠᠶᠢᠬᠰᠠᠨ ᠥᠬᠡᠢ ᠪᠤᠯ᠂ ᠪᠢ ᠬᠤᠶᠠᠳᠤᠭᠠᠷ ᠤᠳᠠᠭ᠎ᠠ ᠶᠢᠨ ᠮᠡᠰᠠ ᠵᠠᠰᠠᠯ ᠢᠶᠠᠨ ᠬᠢᠯᠭᠡᠬᠦ ᠵᠤᠭᠤᠰ ᠪᠠᠶᠢᠬᠤ ᠥᠬᠡᠢ᠂ ᠨᠡᠩ ᠴᠦ ᠭᠠᠳᠠᠷ ᠮᠤᠵᠢ ᠶᠢᠨ ᠡᠮᠨᠡᠯᠭᠡ ᠶᠢᠨ ᠬᠤᠷᠢᠶᠠᠨ ᠳᠤ ᠤᠴᠢᠵᠦ ᠡᠮᠨᠡᠭᠦᠯᠬᠦ ᠵᠤᠷᠢᠭ ᠪᠠᠶᠢᠬᠤ ᠦᠭᠡᠢ᠃ ᠡᠨᠡᠬᠦ ᠲᠦᠷᠦ ᠶᠢᠨ ᠪᠤᠳᠤᠯᠭ᠎ᠠ ᠦᠨᠡᠭᠡᠷ ᠮᠢᠨᠦ ᠠᠮᠢ ᠶᠢ ᠠᠪᠤᠷᠠᠯ᠎ᠠ︾ ᠭᠡᠵᠦ ᠸᠠᠩ ᠱᠤᠸᠠᠩ ᠯᠢᠨ ᠲᠤᠭᠳᠤᠯᠤᠨ ᠶᠠᠷᠢᠨ᠎ᠠ᠃      2017 ᠤᠨ ᠤ 9 ᠰᠠᠷ᠎ᠠ ᠳᠤ᠂ ᠮᠠᠨ ᠤ ᠤᠷᠤᠨ ᠨᠢ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠳ ᠤᠨ ᠮᠤᠵᠢ ᠠᠯᠤᠰᠯᠠᠨ ᠤᠨᠳᠤᠤ ᠭᠠᠵᠠᠷ ᠡᠮᠨᠡᠭᠦᠯᠬᠦ ᠪᠠ ᠡᠮᠨᠡᠯᠭᠡ ᠳᠤ ᠰᠠᠭᠤᠬᠤ ᠳᠤ ᠰᠢᠭᠤᠳ ᠲᠠᠩᠰᠠᠨ ᠠᠴᠠ ᠲᠠᠶᠢᠯᠬᠤ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠶᠤᠮ᠃ ᠡᠶᠢᠮᠦ ᠠᠴᠠ ᠸᠠᠩ ᠱᠤᠸᠠᠩ ᠯᠢᠨ ᠬᠡᠳᠦ᠋ᠢᠪᠡᠷ ᠭᠠᠳᠠᠷ ᠮᠤᠵᠢ ᠶᠢᠨ ᠡᠮᠨᠡᠯᠭᠡ ᠶᠢᠨ ᠬᠤᠷᠢᠶᠠᠨ ᠳᠤ ᠡᠪᠡᠳᠴᠢᠨ ᠢᠶᠠᠨ ᠦᠵᠡᠭᠦᠯᠦᠭᠰᠡᠨ ᠪᠤᠯᠪᠠᠴᠦ ᠬᠤᠰᠢᠭᠤᠨ ᠤ ᠪᠠᠨ ᠡᠮ ᠡᠮᠨᠡᠯᠭᠡ ᠶᠢᠨ ᠲᠡᠭᠠᠳᠬᠠᠯ ᠤᠨ ᠲᠤᠪᠴᠢᠶ᠎ᠡ ᠳᠤ ᠤᠴᠢᠵᠦ ᠡᠮᠨᠡᠯᠭᠡ ᠶᠢᠨ ᠵᠠᠷᠤᠳᠠᠯ ᠢᠶᠠᠨ ᠲᠠᠩᠰᠠᠨ ᠠᠴᠠ ᠲᠠᠶᠢᠯᠤᠭᠤᠯᠵᠠᠢ᠂ ᠡᠨᠡ ᠨᠢ ᠲᠡᠭᠦᠨ ᠤ ︽ᠨᠠᠭᠠᠰᠢ ᠴᠠᠭᠠᠰᠢ ᠵᠠᠮᠨᠠᠬᠤ︾ ᠠᠰᠠᠭᠤᠳᠠᠯ ᠢ ᠦᠨᠡᠡᠬᠦ ᠰᠢᠢᠳᠪᠦᠷᠢᠯᠡᠵᠡᠢ᠃
      ᠮᠠᠨ ᠤ ᠤᠷᠤᠨ ᠨᠢ ᠮᠠᠯᠵᠢᠬᠤ ᠲᠡᠷᠢᠶᠠᠯᠠᠬᠤ ᠤᠷᠤᠨ ᠤ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠡᠮᠴᠢᠯᠡᠭᠡᠨ ᠤ ᠵᠠᠷᠤᠳᠠᠯ ᠤᠨ ᠲᠠᠷᠤᠭᠠᠰᠦ ᠶᠢ ᠦᠨᠡᠨᠬᠦ ᠬᠦᠩᠭᠡᠷᠡᠬᠦᠯᠬᠦ ᠶᠢᠨ ᠲᠦᠯᠦᠭᠡ ᠤᠯᠠᠠ ᠠᠷᠪᠢᠠ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠲᠤᠭᠳᠠᠭᠠᠪᠠ᠃ ᠡᠭᠦᠨ ᠳᠤ ᠡᠷᠡᠭᠦᠯ ᠡᠩᠭᠡ ᠪᠠᠷ ᠶᠠᠳᠠᠭᠤ ᠶᠢ ᠲᠡᠳᠬᠦᠬᠦ ᠲᠠᠯ ᠎ᠠ ᠪᠠᠷ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠳᠤᠯᠠᠪᠤᠷᠢ ᠬᠦᠷᠳᠡᠵᠦ ᠪᠠᠶᠢᠭ᠎ᠠ ᠭᠡᠷ ᠪᠦᠯᠢ ᠶᠢᠨ ᠪᠦᠷᠢᠯᠳᠦᠭᠦᠨ ᠪᠠ ᠤᠨᠴᠠ ᠬᠦᠴᠢᠷᠳᠡᠯᠲᠡᠢ ᠬᠦᠮᠦᠨ ᠠᠮᠠ ᠶᠢᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮ ᠡᠮᠨᠡᠯᠭᠡ ᠶᠢᠨ ᠲᠠᠭᠠᠳᠬᠠᠯ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠦᠨᠳᠦ ᠡᠪᠡᠳᠴᠢᠨ ᠤ ᠲᠠᠭᠠᠳᠬᠠᠯ ᠵᠢᠴᠢ ᠡᠯ᠎ᠡ ᠲᠦᠷᠦᠯ ᠤᠨ ᠬᠤᠳᠠᠯᠳᠤᠭᠠᠨ ᠤ ᠨᠦᠬᠦᠪᠦᠷᠢ ᠲᠠᠭᠠᠳᠬᠠᠯ ᠵᠡᠷᠭᠡ ᠠᠴᠠ ᠲᠠᠩᠰᠠᠨ ᠠᠴᠠ ᠲᠠᠶᠢᠯᠤᠭᠰᠠᠨ ᠤ ᠲᠠᠷᠠᠭ᠎ᠠ᠂ ᠦᠯᠡᠳᠡᠭᠰᠡᠨ ᠬᠤᠪᠢ ᠬᠦᠮᠦᠨ ᠤ ᠡᠭᠦᠷᠭᠡᠯᠡᠬᠦ ᠶᠤᠰᠤᠲᠠᠢ ᠰᠦᠢᠳᠭᠡᠯ ᠢ ᠨᠢ 70%᠎ ᠠᠴᠠ ᠲᠡᠭᠡᠭᠰᠢᠬᠢ ᠬᠠᠷᠢᠴᠠᠯ ︵ᠨᠢᠭᠡ ᠵᠢᠯ ᠤᠨ ᠲᠤᠰᠠᠯᠠᠨ ᠲᠡᠮᠵᠢᠬᠦ ᠪᠠᠷᠢᠮᠵᠢᠶ᠎ᠠ ᠶᠢ ᠲᠠᠪᠠᠵᠦ ᠪᠤᠯᠬᠤ ᠦᠭᠡᠢ︶᠎ ᠢᠶᠠᠷ ᠲᠠᠩᠰᠠᠨ ᠠᠴᠠ ᠲᠠᠶᠢᠯᠬᠤ ᠲᠡᠮᠵᠢᠯᠭᠡ ᠤᠯᠭᠤᠨ᠎ᠠ ᠭᠡᠵᠦ ᠲᠤᠭᠳᠠᠭᠠᠵᠠᠢ᠃      ᠠᠯᠠᠱᠨ ᠵᠡᠭᠦᠨ ᠬᠤᠰᠢᠭᠤ ᠶᠢᠨ ᠦᠯᠵᠡᠢ ᠰᠤᠮᠤ ᠶᠢᠨ ᠱᠠᠷᠽᠠ ᠭᠠᠴᠠᠭ᠎ᠠ ᠶᠢᠨ ᠮᠠᠯᠴᠢᠨ ᠤᠳᠤᠨᠴᠢᠮᠡᠭ ᠪᠤᠯ ᠶᠠᠭ ᠡᠷᠡᠭᠦᠯ ᠡᠩᠭᠡ ᠪᠠᠷ ᠶᠠᠳᠠᠭᠤ ᠶᠢ ᠲᠡᠳᠬᠦᠬᠦ ᠲᠦᠷᠦ ᠶᠢᠨ ᠪᠤᠳᠤᠯᠭ᠎ᠠ ᠶᠢᠨ ᠠᠴᠢ ᠶᠢ ᠬᠦᠷᠳᠡᠭᠰᠡᠨ ᠡᠪᠡᠳᠴᠢᠲᠡᠨ ᠪᠤᠯᠬᠤ ᠶᠤᠮ᠃ ᠲᠡᠷᠡ 2014 ᠤᠨ ᠳᠤ ᠪᠥᠬᠡᠷ᠎ᠠ ᠶᠢᠨ ᠬᠠᠪᠤᠳᠠᠷ ᠤᠨ ᠥᠷᠪᠢᠰᠥᠯ ᠤᠨ ᠡᠪᠡᠳᠴᠢᠨ ᠳᠤ ᠨᠡᠷᠪᠡᠭᠳᠡᠵᠥ᠂ ᠨᠢᠳᠤᠨᠤᠨ ᠠᠴᠠ ᠡᠬᠢᠯᠡᠵᠦ ᠰᠢ ᠠᠨ ᠤ ᠡᠮᠨᠡᠯᠭᠡ ᠶᠢᠨ ᠬᠤᠷᠢᠶᠠᠨ ᠳᠤ ᠡᠮᠴᠢᠯᠡᠭᠦᠯᠵᠦ᠂ ᠡᠨᠡ ᠵᠢᠯ ᠤᠨ 7 ᠰᠠᠷ᠎ᠠ ᠳᠤ ᠲᠤᠲᠤᠷ᠎ᠠ ᠪᠥᠬᠡᠷ᠎ᠠ ᠪᠠᠨ ᠰᠤᠯᠢᠵᠥ᠂ ᠨᠡᠶᠢᠲᠡ 35 ᠲᠥᠮᠡᠨ ᠲᠥᠬᠦᠷᠢᠭ ᠤᠨ ᠡᠮᠨᠡᠯᠭᠡ ᠶᠢᠨ ᠰᠦᠢᠳᠭᠡᠯ ᠲᠤᠰᠢᠶᠠᠵᠠᠢ᠃ ᠡᠬᠦᠨ ᠳᠤ 15 ᠲᠥᠮᠡᠨ ᠲᠥᠬᠦᠷᠢᠭ ᠢ ᠨᠢ ᠲᠠᠩᠰᠠ ᠠᠴᠠ ᠪᠠᠨ ᠰᠢᠭᠤᠳ ᠲᠠᠶᠢᠯᠵᠥ ᠥᠭᠴᠠᠢ᠃ ᠲᠤᠰ ᠡᠷᠥᠭᠡ ᠶᠢ ᠭᠠᠴᠠᠭᠠᠨ ᠠᠴᠠ ᠨᠢ ᠡᠷᠡᠬᠦᠯ ᠡᠩᠭᠡ ᠪᠠᠷ ᠶᠠᠳᠠᠭᠤ ᠶᠢ ᠲᠡᠳᠬᠦᠬᠦ ᠡᠷᠥᠭᠡ ᠳᠤ ᠤᠷᠤᠭᠤᠯᠤᠭᠰᠠᠨ ᠠᠴᠠ᠂ ᠥᠯᠡᠳᠡᠭᠰᠡᠨ 20 ᠲᠥᠮᠡᠨ ᠲᠥᠬᠦᠷᠢᠭ ᠤᠨ ᠡᠮᠨᠡᠯᠭᠡ ᠶᠢᠨ ᠰᠦᠢᠳᠭᠡᠯ ᠠᠴᠠ 10 ᠲᠥᠮᠡᠨ ᠲᠥᠬᠦᠷᠢᠭ ᠢ ᠨᠢ ᠲᠠᠩᠰᠠᠨ ᠠᠴᠠ ᠲᠠᠶᠢᠯᠵᠥ ᠥᠭᠴᠠᠢ᠃ ︽ᠲᠠᠩᠰᠡᠨ ᠠᠴᠠ ᠲᠠᠶᠢᠯᠤᠭᠰᠠᠨ 25 ᠲᠦᠮᠡᠨ ᠲᠦᠭᠦᠷᠢᠭ ᠴᠢᠨᠢ ᠮᠠᠨ ᠤ ᠪᠦᠬᠦ ᠭᠡᠷ ᠤᠨ ᠬᠡᠳᠦᠨ ᠵᠢᠯ ᠤᠨ ᠴᠡᠪᠡᠷ ᠤᠷᠤᠯᠭ᠎ᠠ ᠲᠠᠢ ᠲᠡᠩᠴᠡᠨ᠎ᠡ ᠰᠢᠦ︕︾ ᠭᠡᠵᠦ ᠤᠳᠤᠨᠴᠢᠮᠡᠭ ᠰᠤᠷᠪᠤᠯᠵᠢᠯᠠᠭᠴᠢ ᠳᠤ ᠶᠠᠷᠢᠨ᠎ᠠ᠃       ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠨᠢ ᠮᠠᠯᠵᠢᠬᠤ ᠲᠠᠷᠢᠶᠠᠯᠠᠬᠤ ᠤᠷᠤᠨ ᠤ ᠤᠯᠠᠨ ᠲᠦᠮᠡᠨ ᠤ ᠡᠪᠡᠳᠴᠢᠨ ᠢᠶᠠᠨ ᠦᠵᠡᠭᠦᠯᠬᠦ ᠳᠤ ᠶᠡᠭᠡᠭᠡᠨ ᠲᠤᠰᠠ ᠲᠡᠮᠵᠢᠯᠭᠡ ᠪᠤᠯᠤᠭᠰᠠᠨ ᠪᠤᠯᠪᠠᠴᠦ ᠡᠨᠡ ᠬᠦ ᠲᠦᠷᠦ ᠶᠢᠨ ᠪᠤᠳᠤᠯᠭ᠎ᠠ ᠶᠢ ᠪᠦᠬᠦ ᠤᠷᠤᠨ ᠤ ᠡᠯ᠎ᠡ ᠠᠶᠢᠮᠠᠬ ᠬᠤᠳᠠ ᠬᠤᠰᠢᠭᠤ ᠰᠢᠶᠠᠨ ᠳᠤ ᠪᠤᠳᠠᠳᠠᠢ ᠬᠡᠷᠡᠭᠵᠢᠭᠦᠯᠬᠦ ᠶᠠᠪᠤᠴᠠ ᠳᠤ ᠮᠦᠨ ᠬᠦ ᠡᠳᠦᠢ ᠲᠡᠳᠦᠢ ᠠᠰᠠᠭᠤᠳᠠᠯ ᠤᠷᠤᠰᠢᠵᠦ ᠪᠠᠶᠢᠬᠤ ᠶᠤᠮ᠃       ᠨᠢᠭᠡ ᠳᠤ᠂ ᠠᠷᠠᠳ ᠤᠯᠠᠨ ᠤ ᠲᠠᠭᠠᠳᠬᠠᠯ ᠳᠤ ᠤᠷᠤᠯᠴᠠᠬᠤ ᠤᠬᠠᠮᠰᠠᠷ ᠲᠤᠤᠷ᠎ᠠ ᠪᠠᠶᠢᠨ᠎ᠠᠵᠠᠯᠠᠶᠢᠳ ᠬᠤᠰᠢᠭᠤᠨ ᠤ ᠪᠠᠳᠠᠷᠠᠬᠤ ᠪᠠᠯᠭᠠᠰᠦ ᠨᠢ ᠨᠡᠶᠢᠲᠡ 18096 ᠬᠦᠮᠦᠨ ᠠᠮᠠ ᠲᠠᠢ ᠪᠠᠶᠢᠵᠦ᠂ 2018 ᠤᠨ ᠳᠤ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠭᠰᠠᠨ ᠦᠭᠡᠢ ᠬᠦᠮᠦᠨ ᠨᠢ 4223᠎ ᠲᠤ ᠬᠦᠷᠴᠦ᠂ ᠡᠨᠡ ᠨᠢ ᠪᠦᠬᠦ ᠬᠦᠮᠦᠨ ᠠᠮᠠ ᠶᠢᠨ 23%᠎ ᠶᠢ ᠡᠵᠡᠯᠡᠭᠰᠡᠨ ᠪᠠᠶᠢᠨ᠎ᠠ᠃ ᠡᠨᠡᠬᠦ ᠬᠠᠷᠢᠴᠠᠯ ᠶᠠᠭᠠᠬᠢᠭᠠᠳ ᠡᠶᠢᠮᠦ ᠦᠨᠳᠦᠷ ᠪᠤᠯᠤᠭᠰᠠᠨ ᠰᠢᠯᠲᠠᠭᠠᠨ ᠢ ᠵᠠᠳᠠᠯᠪᠠᠯ ᠡᠩ ᠲᠡᠷᠢᠭᠦᠨ ᠳᠤ ᠡᠨᠡᠬᠦ ᠲᠦᠷᠦ ᠶᠢᠨ ᠪᠤᠳᠤᠯᠭ᠎ᠠ ᠶᠢᠨ ᠰᠤᠷᠳᠠᠯᠴᠢᠯᠠᠭ᠎ᠠ ᠤᠬᠠᠭᠤᠯᠭ᠎ᠠ ᠶᠢᠨ ᠠᠵᠢᠯ ᠢ ᠰᠠᠶᠢᠳᠤᠷ ᠬᠢᠭᠰᠡᠨ ᠦᠭᠡᠢ ᠲᠠᠢ ᠬᠤᠯᠪᠤᠭᠳᠠᠨ᠎ᠠ᠃     ᠤᠳᠤᠬᠠᠨ ᠳᠤ᠂ ᠮᠠᠯᠵᠢᠬᠤ ᠤᠷᠤᠨ ᠳᠤ ᠮᠠᠯᠵᠢᠬᠤ ᠲᠠᠷᠢᠶᠠᠯᠠᠬᠤ ᠤᠷᠤᠨ ᠤ ᠰᠢᠨ᠎ᠠ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠤᠨ ᠰᠤᠷᠳᠠᠯᠴᠢᠯᠠᠭ᠎ᠠ ᠤᠬᠠᠭᠤᠯᠭ᠎ᠠ ᠶᠢᠨ ᠠᠵᠢᠯ ᠢ ᠭᠤᠤᠯᠳᠠᠭᠤ ᠵᠢᠷᠬᠢᠶ᠎ᠠ ᠶᠢᠨ ᠴᠤᠭᠯᠠᠷᠠᠯ᠂ ᠭᠠᠴᠠᠭ᠎ᠠ ᠰᠤᠮᠤᠨ ᠤ ᠬᠤᠷᠠᠯ ᠢᠶᠠᠷ ᠮᠡᠳᠡᠭᠳᠡᠬᠦ ᠪᠤᠶᠤ ᠭᠠᠴᠠᠭᠠᠨ ᠵᠦᠪᠯᠡᠯ ᠤᠨ ᠬᠡᠰᠢᠭᠦᠳ ᠠᠶᠢᠯ ᠠᠶᠢᠯ ᠢᠶᠠᠷ ᠤᠴᠢᠵᠦ ᠤᠬᠠᠭᠤᠯᠳᠠᠭ᠂ ᠬᠡᠳᠡᠯ᠎ᠡ ᠮᠠᠯᠵᠢᠬᠤ ᠤᠷᠤᠨ ᠤ ᠰᠠᠭᠤᠷᠢᠰᠢᠯ ᠠᠶᠢᠯ ᠲᠠᠷᠠᠬᠠᠢ ᠪᠤᠳᠠᠷᠬᠠᠢ ᠪᠠᠶᠢᠳᠠᠭ ᠪᠠ ᠬᠦᠮᠦᠨ ᠤ ᠬᠦᠴᠦ ᠬᠦᠷᠦᠯᠴᠡᠭᠡ ᠦᠭᠡᠢ ᠵᠡᠷᠭᠡ ᠰᠢᠯᠲᠠᠭᠠᠨ ᠠᠴᠠ ᠪᠤᠯᠵᠦ᠂ ᠰᠤᠷᠳᠠᠯᠴᠢᠯᠠᠭ᠎ᠠ ᠤᠬᠠᠭᠤᠯᠭ᠎ᠠ ᠶᠢᠨ ᠠᠵᠢᠯ ᠢ ᠪᠦᠷᠢᠮᠦᠰᠦᠨ ᠲᠤᠭᠤᠰᠢᠯᠠᠭᠤᠯᠵᠦ ᠲᠡᠶᠢᠯᠬᠦ ᠦᠭᠡᠢ ᠪᠠᠶᠢᠨ᠎ᠠ᠃ ᠢᠡᠭᠭᠢᠬᠦ ᠪᠠᠷ ᠢᠶᠠᠨ᠂ ᠤᠯᠠᠩᠭᠢ ᠮᠠᠯᠴᠢᠨ ᠲᠠᠷᠢᠶᠠᠴᠢᠨ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠳᠤ ᠤᠷᠤᠯᠴᠠᠬᠤ ᠴᠠᠭ᠂ ᠲᠤᠰᠢᠶᠠᠬᠤ ᠮᠦᠡᠭᠭᠦ᠂ ᠲᠠᠩᠰᠠᠨ ᠠᠴᠠ ᠲᠠᠶᠢᠯᠬᠤ ᠠᠯᠬᠤᠮ ᠲᠠᠷᠠᠭ᠎ᠠ᠂ ᠬᠠᠮᠢᠶ᠎ᠠ ᠪᠦᠬᠦᠢ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠵᠡᠷᠭᠡ ᠲᠠᠯ᠎ᠠ ᠳᠤ ᠤᠢᠢᠯᠠᠭᠠᠯᠲᠠ ᠮᠠᠰᠢ ᠲᠤᠳᠠᠮᠠᠭ ᠪᠠᠶᠢᠨ᠎ᠠ᠃
      ︽ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠢ ᠠᠩᠬ᠎ᠠ ᠡᠬᠢᠯᠡᠵᠦ ᠬᠡᠷᠡᠭᠵᠢᠭᠦᠯᠬᠦ ᠦᠶᠡᠰ ᠮᠠᠨ ᠤ ᠠᠵᠢᠯᠲᠠᠨ ᠨᠠᠷ ᠢ ᠠᠷᠠᠳ ᠤᠯᠠᠨ ᠤ ᠲᠠᠭᠠᠳᠬᠠᠯ ᠳᠤ ᠤᠷᠤᠭᠰᠠᠨ ᠨᠤᠷᠮ᠎ᠠ ᠶᠢ 95%᠎ ᠳᠤ ᠬᠦᠷᠭᠡᠬᠦ ᠬᠡᠷᠡᠭᠲᠡᠢ ᠭᠡᠵᠦ ᠴᠢᠩᠭ᠎ᠠ ᠱᠠᠭᠠᠷᠳᠠᠵᠦ ᠪᠠᠶᠢᠭᠰᠠᠨ ᠶᠤᠮ᠃ ᠬᠡᠬᠦ ᠳᠤ ᠬᠦᠮᠦᠨ ᠪᠦᠷᠢ ᠶᠢᠨ ᠲᠤᠰᠢᠶᠠᠬᠤ ᠲᠠᠭᠠᠳᠬᠠᠯ ᠤᠨ ᠰᠦᠢᠳᠭᠡᠯ ᠨᠢ ᠭᠤᠴᠢᠬᠠᠨ ᠲᠦᠭᠦᠷᠢᠭ ᠪᠠᠶᠢᠭᠰᠠᠨ ᠠᠴᠠ ᠡᠨᠡᠬᠦ ᠡᠭᠦᠷᠭᠡ ᠶᠢ ᠠᠮᠠᠷᠬᠠᠨ ᠪᠡᠶᠡᠯᠡᠭᠦᠯᠵᠦ ᠪᠠᠶᠢᠭᠰᠠᠨ᠃ ᠤᠳᠤ ᠪᠤᠯ ᠮᠠᠨᠤᠰ ᠲᠤ ᠡᠶᠢᠮᠦᠷᠬᠦᠦ ᠠᠵᠢᠯ ᠤᠨ ᠨᠤᠷᠮ᠎ᠠ ᠶᠢᠨ ᠱᠠᠭᠠᠷᠳᠠᠯᠭ᠎ᠠ ᠪᠠᠶᠢᠬᠤ ᠦᠭᠡᠢ ᠮᠦᠷᠳᠡᠭᠡᠨ ᠮᠠᠯᠴᠢᠨ ᠲᠠᠷᠢᠶᠠᠴᠢᠳ ᠴᠤ ᠰᠠᠶᠢᠨ ᠲᠤᠷ᠎ᠠ ᠠᠴᠠ ᠪᠠᠨ ᠲᠠᠭᠠᠳᠬᠠᠯ ᠳᠤ ᠤᠷᠤᠬᠤ ᠪᠤᠯᠵᠠᠢ᠃ ᠲᠡᠭᠡᠷ᠎ᠡ ᠨᠢ ᠲᠠᠭᠠᠳᠬᠠᠯ ᠤᠨ ᠰᠦᠢᠳᠭᠡᠯ ᠴᠤ ᠦᠰᠦᠭᠡᠳ 180 ᠲᠦᠭᠦᠷᠢᠭ ᠪᠤᠯᠵᠠᠢ᠃ 5 ᠬᠦᠮᠦᠨ ᠠᠮᠠ ᠲᠠᠢ ᠠᠶᠢᠯ ᠢᠶᠠᠷ ᠠᠪᠴᠦ ᠬᠡᠯᠡᠪᠡᠯ᠂ ᠮᠢᠩᠭ᠎ᠠ ᠰᠢᠬᠠᠮ ᠲᠦᠭᠦᠷᠢᠭ ᠤᠨ ᠰᠦᠢᠳᠭᠡᠯ ᠲᠤᠰᠢᠶᠠᠬᠤ ᠪᠤᠯᠤᠨ᠎ᠠ᠃ ᠤᠢᠢᠷ᠎ᠠ ᠶᠢᠨ ᠬᠤᠶᠠᠷ ᠵᠢᠯ ᠳᠤ᠂ ᠮᠠᠨ ᠤ ᠠᠳᠡ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠤᠯᠵᠦ᠂ ᠮᠠᠯᠴᠢᠳ ᠤᠨ ᠤᠷᠤᠯᠭ᠎ᠠ ᠮᠠᠰᠢ ᠲᠤᠤᠷ᠎ᠠ ᠪᠤᠯᠵᠠᠢ᠃ ᠡᠶᠢᠮᠦᠷᠭᠦᠦ ᠪᠠᠶᠢᠳᠠᠯ ᠲᠤᠤᠷ᠎ᠠ 1000 ᠲᠦᠭᠦᠷᠢᠭ ᠭᠠᠷᠭᠠᠨ᠎ᠠ ᠭᠡᠳᠡᠭ ᠴᠢᠨᠢ ᠠᠮᠠᠷ ᠦᠭᠡᠢ ᠰᠢᠦ︕ ᠡᠶᠢᠮᠦ ᠠᠴᠠ ᠰᠦᠢᠳᠭᠡᠯ ᠤᠨ ᠵᠢᠯ ᠲᠠᠷᠠᠭᠠᠯᠠᠭᠰᠠᠨ ᠦᠰᠦᠯᠲᠡ ᠨᠢ ᠤᠯᠠᠨ ᠤ ᠲᠠᠭᠠᠳᠬᠠᠯ ᠳᠤ ᠤᠷᠤᠬᠤ ᠢᠳᠡᠪᠬᠢᠵᠢᠯ ᠢ ᠶᠡᠭᠡ ᠪᠠᠷ ᠪᠠᠭᠤᠷᠠᠭᠤᠯᠵᠠᠢ᠃ ᠢᠡᠭᠭᠢᠭᠰᠡᠨ ᠠᠴᠠ ᠡᠪᠡᠳᠴᠢᠨ ᠲᠠᠢ ᠨᠢ ᠲᠠᠭᠠᠳᠬᠠᠯ ᠳᠤ ᠤᠷᠤᠵᠦ᠂ ᠡᠪᠡᠳᠴᠢᠨ ᠦᠭᠡᠢ ᠨᠢ ᠵᠤᠭᠤᠰ ᠢᠶᠠᠨ ᠲᠠᠯᠠᠭᠠᠷ ᠦᠷᠦᠬᠦ ᠠᠴᠠ ᠠᠶᠤᠵᠦ ᠤᠷᠤᠯᠴᠠᠬᠤ ᠦᠭᠡᠢ᠃ ᠬᠡᠬᠦ ᠳᠤ ︿ᠡᠪᠡᠳᠴᠢᠨ ᠭᠡᠵᠦ ᠨᠢᠳᠦ ᠦᠭᠡᠢ﹀ ᠪᠠᠶᠢᠳᠠᠭ᠃ ᠵᠠᠷᠢᠮ ᠮᠠᠯᠴᠢᠳ ᠨᠢ ᠬᠡᠨᠡᠳᠲᠡ ᠬᠦᠨᠳᠦ ᠡᠪᠡᠳᠴᠢᠨ ᠲᠤᠰᠤᠭᠠᠳ ᠰᠠᠨᠳᠤᠷᠬᠤ ᠳᠠᠭᠠᠨ ᠭᠠᠴᠠᠭ᠎ᠠ ᠰᠤᠮᠤ ᠶᠢᠨ ᠬᠠᠮᠢᠶ᠎ᠠ ᠪᠦᠬᠦᠢ ᠪᠠᠶᠢᠭᠤᠯᠭ᠎ᠠ ᠶᠢ ᠡᠷᠢᠵᠦ ᠲᠠᠭᠠᠳᠬᠠᠯ ᠳᠤ ᠨᠦᠬᠦᠵᠦ ᠤᠷᠤᠬᠤ ᠶᠢ ᠭᠤᠶᠤᠴᠢᠯᠠᠭᠰᠠᠨ ᠴᠤ ᠲᠠᠭᠠᠳᠬᠠᠯ ᠤᠨ ᠰᠦᠢᠳᠭᠡᠯ ᠲᠤᠰᠢᠶᠠᠬᠤ ᠴᠠᠭ ᠠᠴᠠ ᠬᠤᠴᠤᠷᠤᠭᠰᠠᠨ ᠠᠴᠠ ᠲᠠᠩᠰᠡᠨ ᠠᠴᠠ ᠲᠠᠶᠢᠯᠵᠦ ᠲᠡᠶᠢᠯᠬᠦ ᠦᠭᠡᠢ ᠦᠵᠡᠭᠳᠡᠯ ᠤᠯᠠᠨ ᠭᠠᠷᠳᠠᠭ︾ ᠭᠡᠵᠦ ᠠᠷᠦ ᠬᠤᠷᠴᠢᠨ ᠬᠤᠰᠢᠭᠤᠨ ᠤ ᠪᠡᠶ᠋ᠬᠠᠦ᠋ᠨᠳᠦᠷ ᠰᠤᠮᠤᠨ ᠤ ᠠᠷᠦ᠋ᠬᠦ᠋ᠪ ᠭᠠᠴᠠᠭᠠᠨ ᠤ ᠨᠢᠭᠲᠠᠯᠠᠨ ᠪᠤᠳᠤᠭᠴᠢ ᠴᠤᠭᠪᠢᠯᠢᠭ᠌ ᠰᠤᠷᠪᠤᠯᠵᠢᠯᠠᠭᠴᠢ ᠳᠤ ᠶᠠᠷᠢᠨ᠎ᠠ᠃       ᠬᠤᠶᠠᠷ ᠲᠤ᠂ ᠲᠠᠩᠰᠠᠨ ᠠᠴᠠ ᠲᠠᠶᠢᠯᠬᠤ ᠬᠠᠷᠢᠴᠠᠯ ᠪᠠ ᠡᠮ ᠡᠮᠨᠡᠯᠭᠡ ᠶᠢᠨ ᠨᠦᠭᠦᠴᠡᠯ ᠤᠨ ᠬᠤᠭᠤᠷᠤᠨᠳᠤᠬᠢ ᠵᠦᠷᠢᠴᠡᠯ ᠨᠢ ᠲᠤᠪᠤᠶᠢᠮ᠎ᠠ ᠪᠤᠯᠵᠠᠢ    ᠠᠳᠠᠯᠢ ᠪᠤᠰᠤ ᠡᠮᠨᠡᠯᠭᠡ ᠶᠢᠨ ᠬᠤᠷᠢᠶᠠᠨ ᠳᠤ ᠡᠪᠡᠳᠴᠢᠨ ᠢᠶᠠᠨ ᠦᠵᠡᠭᠦᠯᠬᠦ ᠳᠤ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠬᠤ ᠬᠠᠷᠢᠴᠠᠯ ᠨᠢ ᠠᠳᠠᠯᠢ ᠪᠤᠰᠤ ᠪᠠᠶᠢᠳᠠᠭ᠃      ︽ᠲᠦᠡᠭᠯᠢᠶᠤᠤ ᠬᠤᠲᠠ ᠶᠢᠨ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ ᠦᠨᠳᠦᠰᠦᠯᠡᠪᠡᠯ᠂ ᠡᠬᠢᠯᠡᠵᠦ ᠲᠤᠰᠢᠶᠠᠬᠤ ᠡᠮᠨᠡᠯᠭᠡ ᠳᠤ ᠰᠠᠭᠤᠭᠰᠠᠨ ᠵᠠᠷᠤᠳᠠᠯ ᠤᠨ ᠪᠠᠷᠢᠮᠵᠢᠶ᠎ᠠ ᠨᠢ 3 ᠲᠦᠮᠡᠨ ᠲᠦᠭᠦᠷᠢᠭ ᠢ ᠲᠠᠪᠠᠭᠰᠠᠨ ᠪᠠᠶᠢᠪᠠᠯ᠂ ᠲᠠᠩᠰᠠᠨ ᠠᠴᠠ ᠲᠠᠶᠢᠯᠬᠤ ᠬᠠᠷᠢᠴᠠᠯ ᠨᠢ ᠲᠤᠰᠪᠤᠷᠢ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠦᠪ ᠲᠤ 95%᠂ ᠨᠢᠭᠡᠳᠦᠭᠡᠷ ᠲᠡᠰ ᠤᠨ ᠡᠮᠨᠡᠯᠭᠡ ᠶᠢᠨ ᠬᠤᠷᠢᠶ᠎ᠠ ᠳᠤ 75%᠂ ᠬᠤᠶᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠳᠤ 73%᠂ ᠭᠤᠷᠪᠠᠳᠤᠭᠠᠷ ᠲᠡᠰ ᠤᠨ ᠡᠮᠨᠡᠯᠭᠡ ᠶᠢᠨ ᠬᠤᠷᠢᠶ᠎ᠠ ᠳᠤ 71% ᠪᠤᠯᠤᠨ᠎ᠠ ᠭᠡᠵᠦ ᠲᠤᠭᠳᠠᠭᠠᠵᠠᠢ ︵ᠬᠦᠰᠦᠨᠦᠭᠲᠦ 1 ᠮᠡᠳᠦ︶᠃ 
      ᠲᠡᠭᠡᠷ᠎ᠡ ᠲᠤᠷᠠᠳᠤᠭᠰᠠᠨ ᠢ ᠦᠨᠳᠦᠰᠦᠯᠡᠪᠡᠯ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠤᠨ ᠬᠠᠷᠠᠭᠠᠯᠵᠠᠯ ᠨᠢ ᠲᠦᠷᠢᠮ ᠲᠡᠭᠡᠷ ᠎ᠡ ᠪᠠᠨ ᠰᠤᠮᠤ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ ᠨᠡᠶᠢᠭᠡᠮ ᠲᠤᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠪᠠᠶᠢᠭᠤᠯᠤᠮᠵᠢ ᠲᠡᠶᠢᠰᠢ ᠬᠡᠯᠪᠠᠶᠢᠵᠦ᠂ ᠲᠠᠭᠠᠳᠬᠠᠯ ᠳᠤ ᠤᠷᠤᠯᠴᠠᠭᠰᠠᠳ ᠤᠨ ︽ᠪᠠᠭ᠎ᠠ ᠡᠪᠡᠳᠴᠢᠨ ᠲᠠᠢ ᠨᠢ ᠨᠡᠶᠢᠭᠡᠮ ᠲᠤᠭᠤᠷᠢᠭ ᠲᠤ᠂ ᠬᠦᠨᠳᠦ ᠡᠪᠡᠳᠴᠢᠨ ᠲᠠᠢ ᠨᠢ ᠲᠤᠮᠤ ᠡᠮᠨᠡᠯᠭᠡ ᠶᠢᠨ ᠬᠤᠷᠢᠶ᠎ᠠ ᠳᠤ ᠤᠴᠢᠬᠤ︾᠎ ᠶᠢ ᠵᠤᠷᠢᠭᠵᠢᠭᠤᠯᠵᠠᠢ᠃ ᠬᠡᠳᠡᠯ᠎ᠡ ᠤᠳᠤᠬᠠᠨ ᠳᠤ ᠡᠮᠴᠢᠯᠡᠭᠡᠨ ᠤ ᠮᠡᠷᠭᠡᠵᠢᠯ ᠢᠶᠠᠷ ᠰᠢᠯᠭᠠᠷᠠᠭᠰᠠᠨ ᠡᠮᠨᠡᠯᠭᠡ ᠶᠢᠨ ᠠᠵᠢᠯᠲᠠᠨ ᠪᠠ ᠲᠠᠪᠰᠢᠭᠰᠠᠨ ᠡᠮ ᠡᠮᠨᠡᠯᠭᠡ ᠶᠢᠨ ᠲᠤᠨᠤᠭ ᠲᠦᠭᠦᠭᠡᠷᠦᠮᠵᠢ ᠨᠢ ᠬᠤᠲᠠ ᠶᠢᠨ ᠡᠮᠨᠡᠯᠭᠡ ᠶᠢᠨ ᠬᠤᠷᠢᠶᠠᠨ ᠳᠤ ᠲᠦᠪᠯᠡᠷᠡᠵᠦ ᠪᠠᠶᠢᠳᠠᠭ ᠠᠴᠠ ᠬᠦᠨᠳᠦ ᠡᠪᠡᠳᠴᠢᠲᠡᠨ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠳᠤ ᠤᠴᠢᠬᠤ ᠪᠢᠰᠢ᠂ ᠬᠠᠷᠢᠨ ᠲᠤᠮᠦ ᠬᠤᠲᠠ ᠶᠢᠨ ᠨᠡᠷᠡᠳᠡᠢ ᠡᠮᠨᠡᠯᠭᠡ ᠶᠢᠨ ᠬᠤᠷᠢᠶ᠎ᠠ ᠶᠢ ᠰᠤᠩᠭᠤᠳᠠᠭ᠃ ᠭᠡᠳᠡᠯ᠎ᠡ ᠲᠡᠰ ᠢᠶᠠᠷ ᠦᠨᠳᠦᠷ ᠲᠤᠮᠤ ᠡᠮᠨᠡᠯᠭᠡ ᠶᠢᠨ ᠬᠤᠷᠢᠶ᠎ᠠ ᠶᠢᠨ ᠲᠠᠩᠰᠠᠨ ᠠᠴᠠ ᠲᠠᠶᠢᠯᠬᠤ ᠬᠠᠷᠢᠴᠠᠯ ᠨᠢ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠠᠴᠠ ᠲᠤᠤᠷ᠎ᠠ ᠪᠠᠶᠢᠳᠠᠭ᠃ ᠡᠨᠡ ᠨᠢ ᠮᠠᠯᠵᠢᠬᠤ ᠲᠠᠷᠢᠶᠠᠯᠠᠬᠤ ᠤᠷᠤᠨ ᠤ ᠲᠤᠤᠷ ᠎ᠠ ᠤᠷᠤᠯᠭᠠᠲᠦ ᠬᠦᠮᠦᠰ ᠤᠨ ᠡᠪᠡᠳᠴᠢᠨ ᠦᠵᠡᠭᠦᠯᠬᠦ ᠲᠠᠷᠤᠭᠠᠰᠦ ᠶᠢ ᠨᠡᠮᠡᠭᠳᠡᠭᠦᠯᠵᠡᠢ᠃
      ᠭᠤᠷᠪᠠ ᠳᠤ᠂ ᠡᠮᠨᠡᠯᠭᠡ ᠶᠢᠨ ᠬᠤᠷᠢᠶ᠎ᠠ ᠰᠢᠯᠵᠢᠬᠦ ᠬᠢᠵᠠᠭᠠᠷᠯᠠᠯ ᠢ ᠦᠭᠡᠶᠢᠰᠭᠡᠬᠦ ᠲᠦᠷᠦ ᠶᠢᠨ ᠪᠤᠳᠤᠯᠭ᠎ᠠ ᠨᠢ ᠲᠤᠮᠤ ᠡᠮᠨᠡᠯᠭᠡ ᠶᠢᠨ ᠬᠤᠷᠢᠶ᠎ᠠ ᠶᠢᠨ ᠲᠠᠷᠤᠭᠠᠰᠦ ᠶᠢ ᠬᠦᠨᠳᠦᠷᠡᠭᠦᠯᠵᠡᠢ      ᠮᠠᠨ ᠤ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠳᠤ ᠡᠮᠨᠡᠯᠭᠡ ᠶᠢᠨ ᠬᠤᠷᠢᠶ᠎ᠠ ᠰᠢᠯᠵᠢᠬᠦ ᠬᠢᠵᠠᠭᠠᠷᠯᠠᠯ ᠢ ᠨᠢᠭᠡᠨᠲᠡ ᠦᠭᠡᠶᠢᠰᠭᠡᠭᠰᠡᠨ ᠪᠠᠶᠢᠨ ᠎ᠠ᠃ ᠡᠨᠡ ᠨᠢ ᠬᠦᠨᠳᠦ ᠡᠪᠡᠳᠴᠢᠲᠡᠨ ᠤ ᠤᠨᠳᠤᠤ ᠭᠠᠵᠠᠷ ᠡᠮᠨᠡᠭᠦᠯᠬᠦ ᠳᠤ ᠲᠦᠭᠦᠮ ᠪᠤᠯᠵᠠᠢ᠃ ᠬᠡᠬᠦ ᠳᠤ ᠡᠨᠡᠬᠦ ᠲᠦᠷᠢᠮ ᠤᠨ ᠦᠭᠡᠷᠡᠴᠢᠯᠡᠯᠲᠡ ᠨᠢ ᠡᠪᠡᠳᠴᠢᠨ ᠦᠵᠡᠭᠦᠯᠬᠦ ᠳᠤ ᠬᠦᠴᠢᠷ ᠠᠰᠠᠭᠤᠳᠠᠯ ᠢ ᠬᠤᠷᠴᠠᠳᠤᠭᠤᠯᠤᠭᠰᠠᠨ ᠪᠠᠶᠢᠨ᠎ᠠ᠃ ᠤᠴᠢᠷ ᠨᠢ᠂ ᠠᠷᠬᠠᠭ ᠡᠪᠡᠳᠴᠢᠨ ᠲᠠᠢ ᠡᠪᠡᠳᠴᠢᠲᠠᠨ ᠪᠠ ᠡᠩ ᠤᠨ ᠡᠪᠡᠳᠴᠢᠲᠡᠨ ᠡᠭᠦᠳᠡᠨ ᠡᠮᠨᠡᠯᠭᠡ ᠳᠤ ᠤᠴᠢᠵᠦ ᠡᠮᠨᠡᠭᠦᠯᠬᠦ ᠳᠤ ᠲᠠᠩᠰᠠᠨ ᠠᠴᠠ ᠲᠠᠶᠢᠯᠬᠤ ᠬᠠᠷᠢᠴᠠᠯ ᠲᠤᠤᠷ᠎ᠠ ᠪᠠᠶᠢᠳᠠᠭ ᠮᠦᠷᠳᠡᠭᠡᠨ ᠡᠮᠨᠡᠯᠭᠡ ᠶᠢᠨ ᠬᠤᠷᠢᠶ᠎ᠠ ᠰᠤᠯᠢᠵᠦ ᠡᠮᠨᠡᠭᠦᠯᠬᠦ ᠳᠤ ᠲᠠᠩᠰᠠᠨ ᠠᠴᠠ ᠲᠠᠶᠢᠯᠵᠦ ᠲᠡᠶᠢᠯᠳᠡᠭ᠃ ᠡᠶᠢᠮᠦ ᠠᠴᠠ ᠬᠦᠡᠭᠭᠡᠨ ᠬᠦᠨᠳᠦ ᠡᠪᠡᠳᠴᠢᠲᠡᠨ ᠭᠡᠵᠦ ᠢᠯᠭᠠᠯ ᠦᠭᠡᠢ ᠪᠠᠷ ᠲᠤᠮᠤ ᠡᠮᠨᠡᠯᠭᠡ ᠶᠢᠨ ᠬᠤᠷᠢᠶᠠᠨ ᠳᠤ ᠰᠢᠬᠠᠯᠳᠤᠵᠠᠢ᠃ ᠡᠨᠡ ᠨᠢ ᠡᠪᠡᠳᠴᠢᠳᠡᠨ ᠤ ᠤᠷᠤ ᠪᠠᠶᠢᠬᠤ ᠦᠭᠡᠢ᠂ ᠡᠪᠡᠳᠴᠢᠲᠡᠨ ᠡᠪᠡᠳᠴᠢᠨ ᠢᠶᠠᠨ ᠦᠵᠡᠭᠦᠯᠬᠦ ᠪᠠᠷ ᠤᠷᠲᠦ ᠬᠤᠭᠤᠴᠠᠭ᠎ᠠ ᠮᠦᠷᠯᠡᠬᠦ ᠵᠡᠷᠭᠡ ᠠᠰᠠᠭᠤᠳᠠᠯ ᠤᠳ ᠢ ᠬᠤᠷᠴᠠᠳᠤᠭᠤᠯᠤᠭᠰᠠᠨ ᠢᠶᠠᠷ ᠦᠯᠦ ᠪᠠᠷᠠᠨ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠬᠦᠯᠬᠦ᠂ ᠡᠮᠨᠡᠯᠭᠡ ᠳᠤ ᠰᠠᠭᠤᠬᠤ ᠨᠤᠷᠮ᠎ᠠ ᠶᠢ ᠲᠤᠷᠤᠭᠰᠢᠯᠠᠭᠤᠯᠵᠠᠢ᠃           ᠬᠦᠰᠦᠨᠦᠭᠲᠦ 2᠄ ᠲᠠᠩᠰᠠᠨ ᠠᠴᠠ ᠲᠠᠶᠢᠯᠤᠬᠰᠠᠨ ᠨᠠᠷᠢᠨ ᠪᠠᠶᠢᠲᠠᠯ
      ᠡᠭᠦᠨ ᠠᠴᠠ ᠭᠠᠳᠠᠨ᠎ᠠ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠲᠠᠭᠠᠳᠬᠠᠯ ᠢ ᠬᠡᠷᠡᠭᠵᠢᠭᠦᠯᠬᠦ ᠶᠠᠪᠤᠴᠠ ᠳᠤ ᠬᠠᠮᠢᠶᠠᠷᠤᠯᠲᠠ ᠶᠢᠨ ᠲᠠᠯ᠎ᠠ ᠳᠤ ᠤᠯᠠᠨ ᠠᠰᠠᠭᠤᠳᠠᠯ ᠤᠷᠤᠰᠢᠵᠦ ᠪᠠᠶᠢᠭ᠎ᠠ ᠶᠤᠮ᠃ ᠡᠶᠢᠮᠦ ᠠᠴᠠ᠂ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮ ᠡᠮᠨᠡᠯᠭᠡ ᠶᠢᠨ ᠲᠦᠷᠢᠮ ᠳᠤ ᠤᠷᠤᠰᠢᠵᠦ ᠪᠠᠶᠢᠭ᠎ᠠ ᠠᠰᠠᠭᠤᠳᠠᠯ ᠤᠳ ᠢ ᠨᠠᠷᠢᠯᠢᠭ ᠵᠠᠳᠠᠯᠵᠦ᠂ ᠡᠨᠡᠬᠦ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠦᠨ ᠪᠦᠷᠢᠨᠰᠢᠭᠦᠯᠪᠡᠯ ᠠᠷᠠᠳ ᠤᠯᠠᠨ ᠳᠤ ᠨᠡᠩ ᠶᠡᠭᠡ ᠪᠤᠶᠠᠨ ᠬᠡᠰᠢᠭ ᠢ ᠡᠳ᠋ᠯᠡᠭᠦᠯᠬᠦ ᠨᠢ ᠯᠠᠪᠲᠠᠢ ᠶᠤᠮ᠃
          8 ᠰᠠᠷ᠎ᠠ ᠶᠢᠨ 8᠎ ᠤ ᠡᠳᠦᠷ ᠤᠨ ᠥᠳᠡ ᠶᠢᠨ ᠬᠤᠶᠢᠨ᠎ᠠ᠂ ᠵᠠᠯᠠᠶᠢᠳ ᠬᠤᠰᠢᠭᠤ ᠶᠢᠨ ᠬᠥᠪᠡᠭᠡᠳᠤ ᠮᠠᠯᠵᠢᠯ ᠤᠨ ᠲᠠᠯᠠᠪᠠᠢ ᠶᠢᠨ ᠲᠠᠷᠢᠶᠠᠴᠢᠨ ᠸᠠᠩ ᠶᠢᠨ ᠯᠢᠶᠠᠩ ᠵᠠᠯᠠᠶᠢᠳ ᠬᠤᠰᠢᠭᠤᠨ ᠤ ᠮᠤᠩᠭᠤᠯ ᠡᠮᠨᠡᠯᠭᠡ ᠶᠢᠨ ᠬᠤᠷᠢᠶᠠᠨ ᠳᠤ ᠢᠷᠡᠵᠥ᠂ ᠡᠮᠡᠭᠳᠠᠢ ᠶᠢᠨ ᠰᠠᠯᠠᠭᠠᠨ ᠳᠤ ᠡᠪᠡᠳᠴᠢᠨ ᠢᠶᠠᠨ ᠪᠠᠶᠢᠴᠠᠭᠠᠯᠭᠠᠬᠰᠠᠨ ᠥᠬᠢᠨ ᠲᠡᠬᠦᠥ ᠪᠠᠢ ᠶᠢᠨ ᠬᠤᠸᠠ ᠶᠢᠨ ᠢᠶᠠᠨ ᠡᠮᠨᠡᠯᠭᠡ ᠳᠤ ᠰᠠᠭᠤᠬᠰᠠᠨ ᠵᠠᠷᠤᠳᠠᠯ ᠤᠨ ᠭᠠᠷ ᠬᠥᠢᠴᠡᠳᠭᠡᠯ ᠢ ᠬᠢᠵᠥ᠂ ᠭᠠᠷᠠᠬ ᠲᠤ 2000 ᠲᠥᠬᠦᠷᠢᠭ ᠤᠨ ᠡᠮᠨᠡᠯᠭᠡ ᠶᠢᠨ ᠵᠠᠷᠤᠳᠠᠯ ᠤᠨ ᠢᠶᠠᠨ 1907 ᠲᠥᠬᠦᠷᠢᠭ ᠢ ᠮᠠᠯᠵᠢᠬᠤ ᠲᠠᠷᠢᠶᠠᠯᠠᠬᠤ ᠤᠷᠤᠨ ᠤ ᠰᠢᠨ᠎ᠡ ᠮᠠᠶ᠋ᠢᠭ ᠤᠨ ᠬᠤᠷᠰᠢᠬᠰᠠᠨ ᠡᠮ ᠡᠮᠨᠡᠯᠭᠡ ᠶᠢᠨ ᠲᠠᠭᠠᠳᠬᠠᠯ ᠤᠨ ᠲᠠᠩᠰᠠᠨ ᠠᠴᠠ ᠲᠠᠶᠢᠯᠤᠬᠰᠠᠨ ᠪᠠᠶᠢᠨ᠎ᠠ᠃ 
          ᠸᠠᠩ ᠶᠢᠨ ᠯᠢᠶᠠᠩ ᠲᠠᠩᠰᠠᠨ ᠠᠴᠠ ᠲᠠᠶᠢᠯᠤᠬᠰᠠᠨ ᠵᠤᠭᠤᠰ ᠢᠶᠠᠨ ᠡᠮᠨᠡᠯᠭᠡ ᠠᠴᠠ ᠠᠪᠴᠤ ᠪᠠᠶᠢᠭ᠎ᠠ ᠨᠢ᠃                                    ᠬᠡᠷᠡᠯ ᠵᠢᠷᠤᠭ ᠢ ᠰᠤᠷᠪᠤᠯᠵᠢᠯᠠᠭᠴᠢ ᠦᠷᠭᠡᠨ ᠰᠡᠬᠦᠳᠡᠷᠯᠡᠪᠡ 
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号