ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠭᠤᠴᠢᠲᠤᠭᠠᠷ ᠬᠤᠭᠤᠴᠠᠭᠠᠨ ᠤ ᠰᠣᠨᠢᠨ ᠮᠡᠳᠡᠭᠡᠨ ᠤ ᠱᠠᠩᠨᠠᠯ ᠰᠢᠯᠭᠠᠷᠠᠭᠤᠯᠬᠤ ᠬᠤᠷᠠᠯ ᠤᠨ ᠦᠷ᠎ᠡ ᠳ᠋ᠦᠩ ᠤᠨ ᠢᠯᠡ ᠵᠠᠷᠯᠠᠯ
2018-09-12 18:28:02
ᠵᠣᠬᠢᠶᠠᠭᠴᠢ᠄ 
ᠣᠩᠰᠢᠭᠰᠠᠨ ᠣᠳᠠᠭ᠎ᠠ᠄ 
★★★☆☆
      ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠭᠤᠴᠢᠲᠤᠭᠠᠷ ᠬᠤᠭᠤᠴᠠᠭᠠᠨ ᠤ ᠰᠣᠨᠢᠨ ᠮᠡᠳᠡᠭᠡᠨ ᠤ ᠱᠠᠩᠨᠠᠯ ᠰᠢᠯᠭᠠᠷᠠᠭᠤᠯᠬᠤ ᠬᠤᠷᠠᠯ 2018 ᠣᠨ ᠤ 8 ᠰᠠᠷ᠎ᠠ ᠶᠢᠨ 17᠎ ᠠᠴᠠ 18᠎ ᠤ ᠡᠲᠦᠷ ᠪᠣᠯᠳᠠᠯ᠎ᠠ ᠯᠢᠶᠤᠤᠨᠢᠩ ᠮᠤᠵᠢ ᠶᠢᠨ ᠹᠦᠰᠢᠨ ᠮᠤᠩᠭᠤᠯ ᠦᠨᠲᠦᠰᠦᠲᠡᠨ ᠤ ᠦᠪᠡᠷᠲᠡᠭᠡᠨ ᠵᠠᠰᠠᠬᠤ ᠰᠢᠶᠠᠨ ᠳᠤ ᠶᠠᠪᠣᠭᠳᠠᠭᠰᠠᠨ ᠪᠠᠶᠢᠨ᠎ᠠ᠃ ᠬᠤᠷᠠᠯ ᠳᠤ ᠨᠡᠶᠢᠳᠡ 60 ᠪᠦᠳᠦᠬᠡᠯ ᠢ ᠰᠢᠯᠭᠠᠷᠠᠭᠤᠯᠣᠨ ᠭᠠᠷᠭᠠᠵᠠᠢ᠂ ᠡᠬᠦᠨ ᠳᠤ ᠨᠢᠬᠡᠳᠦᠬᠡᠷ ᠲᠡᠰ ᠲᠤ 10 ᠪᠦᠳᠦᠬᠡᠯ᠂ ᠬᠤᠶᠠᠳᠣᠭᠠᠷ ᠲᠡᠰ ᠲᠤ 18 ᠪᠦᠳᠦᠬᠡᠯ᠂ ᠭᠤᠷᠪᠠᠳᠣᠭᠠᠷ ᠲᠡᠰ ᠲᠤ 32 ᠪᠦᠳᠦᠬᠡᠯ ᠲᠣᠳᠣᠷᠠᠭᠰᠠᠨ ᠪᠠᠶᠢᠨ᠎ᠠ᠃      ︽ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠰᠣᠨᠢᠨ ᠮᠡᠳᠡᠭᠡᠨ ᠤ ᠱᠠᠩᠨᠠᠯ ᠰᠢᠯᠭᠠᠷᠠᠭᠤᠯᠬᠤ ᠠᠷᠭ᠎ᠠ︾ ᠎ ᠶᠢᠨ ᠲᠣᠭᠳᠠᠭᠠᠯ ᠶᠣᠰᠣᠭᠠᠷ᠂ ᠣᠳᠣ ᠰᠢᠯᠭᠠᠷᠠᠭᠤᠯᠣᠯᠳᠠ ᠳᠤ ᠰᠢᠯᠢᠭᠳᠡᠵᠤ ᠣᠷᠣᠭᠰᠠᠨ ᠪᠦᠳᠦᠬᠡᠯ ᠤᠳ ᠤᠨ ᠭᠠᠷᠴᠠᠭ ᠢ ᠲᠣᠮᠳᠠᠳᠣ ᠣᠯᠣᠰ ᠎ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ ᠲᠡᠬᠡᠷ᠎ᠡ 2018 ᠣᠨ ᠤ 9 ᠰᠠᠷ᠎ᠠ ᠶᠢᠨ 13᠎ ᠤ ᠡᠳᠦᠷ ᠤᠨ 9᠄ 00 ᠴᠠᠭ ᠠᠴᠠ 9 ᠰᠠᠷ᠎ᠠ ᠶᠢᠨ 19᠎ ᠤ ᠡᠳᠦᠷ ᠤᠨ 17᠄ 00 ᠴᠠᠭ ᠪᠣᠯᠳᠠᠯ᠎ᠠ ᠢᠯᠡ ᠵᠠᠷᠯᠠᠬᠤ ᠪᠠᠷ ᠲᠣᠭᠳᠠᠭᠰᠠᠨ ᠪᠠᠶᠢᠨ᠎ᠠ᠃ ᠨᠡᠶᠢᠬᠡᠮ ᠎ ᠤᠨ ᠡᠯ᠎ᠡ ᠡᠳᠡᠬᠡᠳ ᠤᠨ ᠬᠢᠨ ᠰᠢᠯᠭᠠᠷᠠᠭᠤᠯᠣᠯᠳᠠ ᠳᠤ ᠲᠤᠲᠤᠷᠠᠭᠰᠠᠨ ᠪᠦᠳᠦᠬᠡᠯ ᠳᠤ ᠦᠪᠡᠷ ᠤᠨ ᠰᠠᠨᠠᠯ ᠰᠠᠨᠠᠭᠤᠯᠭ᠎ᠠ ᠪᠠᠨ ᠲᠣᠷᠠᠳᠬᠤ ᠶᠢ ᠬᠦᠰᠡᠵᠣ ᠪᠠᠶᠢᠨ᠎ᠠ᠃      ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠰᠣᠨᠢᠨ ᠮᠡᠳᠡᠭᠡᠨ ᠤ ᠱᠠᠩᠨᠠᠯ ᠰᠢᠯᠭᠠᠷᠠᠭᠤᠯᠬᠤ ᠺᠤᠮᠢᠰ ᠤᠨ ᠠᠯᠪᠠᠨ ᠬᠡᠷ ᠎ ᠠᠴᠠ ᠨᠡᠶᠢᠬᠡᠮ ᠤᠨ ᠡᠯ᠎ᠡ ᠡᠳᠡᠬᠡᠳ ᠤᠨ ᠬᠢᠨ ᠤ ᠲᠣᠰᠬᠠᠭᠰᠠᠨ ᠵᠦᠢᠯ ᠳᠤ ᠨᠠᠷᠢᠨ ᠬᠢᠨᠠᠮᠠᠭᠠᠢ ᠬᠠᠨᠳᠣᠵᠣ᠂  ᠬᠠᠷᠭᠤᠭᠤᠯᠤᠨ ᠦᠵᠡᠭᠰᠡᠨ ᠤ ᠰᠠᠭᠤᠷᠢᠨ ᠲᠡᠭᠡᠷ᠎ᠡ ᠰᠢᠯᠭᠠᠷᠠᠭᠤᠯᠣᠯᠳᠠ ᠶᠢᠨ ᠺᠣᠮᠢᠰ ᠤᠨ ᠣᠳᠣᠷᠢᠳᠬᠤ ᠲᠣᠭᠤᠶᠢᠯᠠᠩ ᠳᠤ ᠲᠣᠰᠢᠶᠠᠵᠣ ᠰᠢᠢᠳᠪᠦᠷᠢᠯᠡᠬᠦ ᠪᠣᠯᠣᠨ᠎ᠠ᠃      ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠰᠣᠨᠢᠨ ᠮᠡᠳᠡᠭᠡᠨ ᠤ ᠰᠢᠯᠭᠠᠷᠠᠭᠤᠯᠣᠯᠳᠠ ᠶᠢᠨ ᠠᠯᠪᠠᠨ ᠬᠡᠷ ᠤᠨ ᠬᠠᠷᠢᠯᠴᠠᠬᠤ ᠣᠳᠠᠰᠣ᠄  0471 — 4811301       ᠬᠠᠶ᠋ᠢᠭ᠄ ᠬᠦᠬᠡᠬᠤᠳᠠ ᠶᠢᠨ ᠰᠠᠶᠢᠬᠠᠨ ᠲᠣᠭᠤᠷᠢᠭ ᠤᠨ ᠴᠡᠯᠡᠬᠡᠷ ᠲᠠᠯ᠎ᠠ ᠶᠡᠭᠡ ᠵᠡᠭᠡᠯᠢ ᠶᠢᠨ 1 ᠨᠣᠮᠧᠷ      ᠰᠢᠣᠳᠠᠨ ᠨᠣᠮᠧᠷ᠄ 010096                ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠰᠣᠨᠢᠨ ᠮᠡᠳᠡᠭᠡᠨ ᠤ ᠱᠠᠩᠨᠠᠯ ᠰᠢᠯᠭᠠᠷᠠᠭᠤᠯᠬᠤ ᠺᠤᠮᠢᠰ                                                    2018 ᠣᠨ ᠤ 9 ᠰᠠᠷ᠎ᠠ ᠶᠢᠨ 12᠎ ᠤ ᠡᠳᠦᠷ       ᠲᠠᠭᠠᠯᠳᠠ᠄  ︽ᠪᠦᠬᠦ ᠣᠯᠣᠰ ᠤᠨ ᠮᠣᠩᠭᠤᠯ ᠰᠣᠨᠢᠨ ᠰᠡᠳᠭᠦᠯ ᠤᠨ ᠰᠣᠨᠢᠨ ᠮᠡᠳᠡᠭᠡᠨ ᠤ ᠱᠠᠩᠨᠠᠯ ᠰᠢᠯᠭᠠᠷᠠᠭᠤᠯᠣᠯᠳᠠ ᠳᠤ ᠲᠤᠲᠤᠷᠠᠭᠰᠠᠨ ᠪᠦᠳᠦᠬᠡᠯ ᠤᠳ ᠤᠨ ᠭᠠᠷᠴᠠᠭ︾
ᠨᠠᠶᠢᠷᠠᠭᠤᠯᠤᠭᠴᠢ᠄
ᠵᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号