2018 ᠤᠨ ᠤ ᠰᠢᠨ᠎ᠡ ᠦᠭᠡ ᠨᠡᠷ᠎ᠡ ᠲᠤᠮᠢᠶᠠᠨ ᠤ ᠮᠤᠩᠭᠤᠯ ᠤᠷᠴᠢᠭᠤᠯᠭ᠎ᠠ ᠶᠢ ᠬᠢᠨᠠᠨ ᠲᠤᠬᠳᠠᠭᠠᠬᠤ ᠬᠤᠷᠠᠯ ᠯᠠᠨᠵᠸᠤ ᠳᠤ ᠬᠤᠷᠠᠯᠳᠤᠪᠠ
2018-09-18 16:03:42
ᠵᠣᠬᠢᠶᠠᠭᠴᠢ᠄ 
ᠬᠡᠰᠢᠭᠳᠦ
ᠣᠩᠰᠢᠭᠰᠠᠨ ᠣᠳᠠᠭ᠎ᠠ᠄ 
★★★☆☆
      ᠲᠤᠮᠳᠠᠳᠤ ᠤᠯᠤᠰ ᠤᠨ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠪᠴᠢᠶ᠎ᠠ ᠭᠤᠤᠯᠯᠠᠨ ᠡᠷᠬᠢᠯᠡᠵᠤ᠂ ᠪᠠᠷᠠᠭᠤᠨ ᠬᠤᠶᠢᠳᠤ ᠶᠢᠨ ᠦᠨᠳᠦᠰᠦᠳᠡᠨ ᠤ ᠶᠡᠭᠡ ᠰᠤᠷᠭᠠᠭᠤᠯᠢ ᠶᠢᠨ ᠬᠠᠮᠵᠢᠨ ᠡᠷᠬᠢᠯᠡᠭᠰᠡᠨ 2018 ᠤᠨ ᠤ ᠰᠢᠨ᠎ᠡ ᠦᠭᠡ ᠨᠡᠷ᠎ᠡ ᠲᠤᠮᠢᠶᠠᠨ ᠤ ᠮᠤᠩᠭᠤᠯ ᠤᠷᠴᠢᠭᠤᠯᠭ᠎ᠠ ᠶᠢ ᠬᠢᠨᠠᠨ ᠲᠤᠬᠳᠠᠭᠠᠬᠤ ᠡᠷᠳᠡᠮᠳᠡᠳ ᠤᠨ ᠬᠤᠷᠠᠯ 9 ᠰᠠᠷ᠎ᠠ ᠶᠢᠨ 13᠎ ᠠᠴᠠ 14᠎ ᠤ ᠡᠳᠦᠷ ᠪᠤᠯᠳᠠᠯ᠎ᠠ ᠯᠠᠨᠵᠸᠤ ᠳᠤ ᠬᠤᠷᠠᠯᠳᠤᠪᠠ᠃ ᠬᠠᠮᠢᠶ᠎ᠠ ᠪᠦᠬᠦᠢ ᠪᠠᠶᠢᠭᠤᠯᠭ᠎ᠠ ᠶᠢᠨ ᠤᠳᠤᠷᠢᠳᠤᠯᠭ᠎ᠠ ᠵᠢᠴᠢ ᠪᠡᠭᠡᠵᠢᠩ᠂ ᠦᠪᠦᠷ ᠮᠤᠩᠭᠤᠯ᠂ ᠭᠢᠷᠢᠨ᠂ ᠰᠢᠨᠵᠢᠶᠠᠩ᠂ ᠬᠦᠬᠡᠨᠠᠭᠤᠷ᠂ ᠯᠢᠶᠤᠤᠨᠢᠩ ᠵᠡᠷᠭᠡ ᠭᠠᠵᠠᠷ ᠠᠴᠠ ᠢᠷᠡᠭᠰᠡᠨ ᠭᠤᠴᠢ ᠭᠠᠷᠤᠢ ᠮᠤᠩᠭᠤᠯ ᠤᠷᠴᠢᠭᠤᠯᠭ᠎ᠠ ᠶᠢᠨ ᠡᠷᠳᠡᠮᠳᠡᠨ ᠬᠤᠷᠠᠯ ᠳᠤ ᠤᠷᠤᠯᠴᠠᠪᠠ᠃      ᠬᠤᠷᠠᠯ ᠲᠡᠭᠡᠷ᠎ᠡ᠂ ᠡᠷᠳᠡᠮᠳᠡᠳ 2017 ᠤᠨ ᠠᠴᠠ ᠨᠠᠭᠠᠰᠢ ᠤᠷᠴᠢᠭᠤᠯᠭ᠎ᠠ ᠶᠢᠨ ᠶᠠᠪᠤᠴᠠ ᠳᠤ ᠢᠯᠡᠷᠡᠭᠰᠡᠨ ᠤᠯᠤᠰ ᠲᠦᠷᠦ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠤᠯᠠᠨ ᠬᠦᠷᠢᠶᠡᠨ ᠳᠤ ᠬᠤᠯᠪᠤᠬᠳᠠᠬᠤ 300 ᠭᠠᠷᠤᠢ ᠰᠢᠨ᠎ᠡ ᠦᠭᠡ ᠨᠡᠷ᠎ᠡ ᠲᠤᠮᠢᠶ᠎ᠠ ᠶᠢ ᠶᠠᠷᠢᠯᠴᠠᠨ ᠨᠢᠭᠡᠳᠭᠡᠵᠤ᠂ ᠬᠢᠨᠠᠨ ᠲᠤᠬᠳᠠᠭᠠᠪᠠ᠃ ᠬᠤᠷᠠᠯ ᠳᠤ ᠤᠷᠤᠯᠴᠠᠬᠰᠠᠨ ᠡᠷᠳᠡᠮᠳᠡᠳ ᠪᠠᠰᠠ ᠰᠢᠨ᠎ᠡ ᠦᠭᠡ ᠨᠡᠷ᠎ᠡ ᠲᠤᠮᠢᠶᠠᠨ ᠤ ᠤᠷᠴᠢᠭᠤᠯᠭ᠎ᠠ ᠶᠢ ᠬᠡᠷᠬᠢᠨ ᠨᠢᠭᠡᠳᠭᠡᠵᠤ ᠵᠢᠷᠤᠮᠵᠢᠭᠤᠯᠬᠤ ᠠᠰᠠᠭᠤᠳᠠᠯ ᠤᠨ ᠲᠤᠬᠠᠢ ᠭᠦᠨᠵᠡᠭᠡᠢ ᠰᠤᠳᠤᠯᠤᠨ ᠶᠠᠷᠢᠯᠴᠠᠵᠤ᠂ ᠦᠨᠳᠦᠰᠦᠳᠡᠨ ᠤ ᠬᠡᠯᠡᠨ ᠤ ᠤᠷᠴᠢᠭᠤᠯᠭ᠎ᠠ ᠶᠢᠨ ᠲᠤᠬᠠᠢ ᠰᠠᠨᠠᠯ ᠢᠶᠠᠨ ᠰᠤᠯᠢᠯᠴᠠᠵᠠᠢ᠃      ᠬᠤᠷᠠᠯ ᠲᠡᠭᠡᠷ᠎ᠡ ᠪᠠᠰᠠ ᠬᠢᠳᠠᠳ ᠮᠤᠩᠭᠤᠯ ᠤᠷᠴᠢᠭᠤᠯᠭ᠎ᠠ ᠶᠢᠨ ᠲᠡᠭᠡᠳᠤ ᠲᠡᠰ ᠤᠨ ᠶᠠᠷᠢᠶᠠᠨ ᠤ ᠲᠠᠪᠴᠠᠩ ᠢ ᠡᠷᠬᠢᠯᠡᠵᠤ᠂ ᠬᠢᠳᠠᠳ ᠮᠤᠩᠭᠤᠯ ᠤᠷᠴᠢᠭᠤᠯᠭ᠎ᠠ ᠶᠢᠨ ᠤᠨᠤᠯ ᠪᠤᠯᠤᠨ ᠦᠢᠯᠡᠳᠤᠯᠭᠡ ᠶᠢᠨ ᠲᠤᠬᠠᠢ ᠰᠠᠨᠠᠯ ᠢᠶᠠᠨ ᠰᠤᠯᠢᠯᠴᠠᠵᠤ᠂ ᠰᠤᠳᠤᠯᠤᠨ ᠶᠠᠷᠢᠯᠴᠠᠵᠤ ᠰᠤᠷᠤᠯᠴᠠᠪᠠ᠃ ᠲᠤᠮᠳᠠᠳᠤ ᠤᠯᠤᠰ  ᠤᠨ ᠦᠨᠳᠦᠰᠦᠳᠡᠨ  ᠤ ᠬᠡᠯᠡᠨ ᠤ  ᠤᠷᠴᠢᠭᠤᠯᠭ᠎ᠠ ᠶᠢᠨ ᠲᠤᠪᠴᠢᠶ᠎ᠠ ᠠᠴᠠ ᠪᠠᠷᠠᠭᠤᠨ ᠬᠤᠶᠢᠳᠤ ᠶᠢᠨ ᠦᠨᠳᠦᠰᠦᠳᠡᠨ  ᠤ  ᠶᠡᠭᠡ  ᠰᠤᠷᠭᠠᠭᠤᠯᠢ ᠎ ᠳᠤ  ᠲᠤᠰ  ᠲᠤᠪᠴᠢᠶ᠎ᠠ ᠶᠢᠨ ᠤᠷᠴᠢᠭᠤᠯᠤᠬᠰᠠᠨ  ︽ᠬᠦᠷᠦᠩᠭᠡ ᠶᠢᠨ ᠲᠤᠬᠠᠢ︾᠂ ︽ᠰᠢ ᠶᠢᠨ ᠫᠢᠩ  ᠲᠦᠷᠦ ᠶᠢ ᠵᠠᠰᠠᠬᠤ ᠲᠤᠬᠠᠢ︾ ᠂  ︽ᠬᠢᠳᠠᠳ ᠮᠤᠩᠭᠤᠯ ᠰᠢᠨ᠎ᠡ ᠦᠭᠡᠰ ᠤᠨ ᠲᠤᠯᠢ︾ ᠵᠡᠷᠭᠡ ᠨᠤᠮ ᠢᠶᠠᠨ ᠪᠡᠯᠡᠭᠯᠡᠪᠡ᠃
ᠨᠠᠶᠢᠷᠠᠭᠤᠯᠤᠭᠴᠢ᠄
ᠠᠭᠤᠯᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号