ᠭᠠᠩᠭᠠᠩ ᠨᠤᠳᠤᠭ ᠤᠨ ᠵᠤᠭ᠎ᠠ ᠲᠠᠢ ᠠᠮᠢᠳᠤᠷᠠᠯ
2018-09-21 16:00:21
ᠵᠣᠬᠢᠶᠠᠭᠴᠢ᠄ 
ᠬᠤᠷᠴᠡ ᠪᠤᠯᠤᠷᠰᠤᠪᠤᠳ ᠪᠠᠭᠠᠨ᠎ᠠ ᠴᠥᠨ ᠭᠤᠸᠠᠩ
ᠣᠩᠰᠢᠭᠰᠠᠨ ᠣᠳᠠᠭ᠎ᠠ᠄ 
★★★☆☆
    ᠭᠠᠯᠠᠭᠤᠨ ᠵᠡᠯᠡᠯᠡᠭᠡ ᠬᠦᠪᠤᠷᠡᠵᠦ᠂ ᠭᠤᠣᠯ ᠤᠨ ᠤᠰᠤ ᠮᠡᠯᠲᠡᠭᠡᠨᠡᠨ᠂ ᠡᠪᠡᠰᠦᠨ ᠤ ᠲᠤᠯᠤᠭᠠᠢ ᠰᠢᠵᠢᠷᠳᠡᠭᠰᠡᠨ ᠠᠯᠳᠠᠨ ᠨᠠᠮᠤᠷ ᠤᠨ ᠬᠡᠰᠢᠭᠳᠡᠨ ᠨᠤᠲᠤᠭ ᠶᠠᠭᠠᠬᠢᠬᠤ ᠶᠢᠨ ᠠᠷᠭ᠎ᠠ ᠦᠭᠡᠢ ᠰᠡᠳᠬᠢᠯ ᠢ ᠰᠣᠭᠳᠤᠭᠤᠷᠠᠭᠤᠯᠤᠨ᠎ᠠ᠃ ᠡᠨᠡ ᠰᠠᠶᠢᠬᠠᠨ ᠤᠯᠠᠷᠢᠯ ᠤᠨ 9 ᠰᠠᠷ᠎ᠠ ᠶᠢᠨ 15᠎ ᠤ ᠡᠳᠤᠷ ᠪᠢᠳᠡ ᠲᠤᠰ ᠬᠤᠰᠢᠭᠤᠨ ᠤ ᠪᠠᠶᠠᠨᠴᠠᠭᠠᠨ ᠰᠤᠮᠤᠨ ᠤ ᠬᠠᠳᠠᠨᠪᠤᠯᠠᠭ ᠭᠠᠴᠠᠭᠠᠨ ᠤ ᠮᠠᠯᠴᠢᠨ ᠴᠡᠩᠭᠡᠯᠪᠠᠭᠠᠲᠤᠷ᠂ ᠤᠳᠽᠠᠷ ᠬᠤᠶᠠᠷ ᠠᠶᠢᠯ ᠳᠤ ᠬᠦᠷᠴᠦ ᠰᠤᠷᠪᠤᠯᠵᠢᠯᠠᠭ᠎ᠠ ᠠᠪᠤᠭᠰᠠᠨ ᠪᠢᠯᠡ᠃    ᠲᠡᠯᠭᠡᠭᠰᠡᠨ ᠶᠤᠮ ᠰᠢᠭ᠋ ᠨᠤᠮᠢᠨ ᠲᠠᠯ᠎ᠠ ᠶᠢᠨ ᠵᠢᠷᠤᠭᠰᠡᠨ ᠶᠤᠮ ᠰᠢᠭ᠋ ᠰᠢᠷ᠎ᠠ ᠵᠠᠮ ᠢᠶᠠᠷ ᠬᠠᠳᠠᠨᠪᠤᠯᠠᠭ ᠤᠨ ᠭᠤᠶᠢᠳᠡ ᠦᠵᠡᠮᠵᠢ ᠳᠤ ᠰᠤᠭᠳᠤᠭᠤᠷᠠᠨ ᠶᠠᠪᠤᠭᠰᠠᠭᠠᠷ ᠬᠦᠬᠡᠨ᠋ᠤᠰᠤ ᠨᠠᠭᠤᠷ ᠤᠨ ᠵᠡᠬᠦᠨ ᠡᠮᠤᠨᠡᠬᠢ ︽ᠨᠤᠮᠢᠨ ᠬᠠᠩᠭᠠᠢ︾ ᠵᠤᠭᠠᠴᠠᠯ ᠤᠨ ᠭᠠᠵᠠᠷ ᠲᠤ ᠬᠦᠷᠴᠦ ᠤᠴᠢᠪᠠ᠃ ᠡᠨᠡ ᠵᠤᠭᠠᠴᠠᠯ ᠤᠨ ᠭᠠᠵᠠᠷ ᠢ ᠡᠷᠬᠢᠯᠡᠵᠦ ᠪᠠᠶᠢᠭ᠎ᠠ ᠪᠣᠯ ᠮᠠᠯᠴᠢᠨ ᠴᠡᠩᠭᠡᠯᠪᠠᠭᠠᠳᠤᠷ᠂ ᠰᠤᠨᠢᠠᠭᠡᠷᠡᠯ ᠤᠨ ᠬᠢ ᠪᠤᠯᠤᠨ᠎ᠠ᠃ ᠡᠳᠡᠨᠠᠶᠢᠬᠢ ᠠᠩᠬᠠᠨ ᠳᠠᠭᠠᠨ ᠴᠤᠯ ᠮᠠᠯᠵᠢᠯ ᠡᠷᠬᠢᠯᠡᠵᠦ᠂ ᠭᠡᠷ ᠤᠨ ᠢᠶᠠᠨ ᠬᠠᠵᠠᠭᠤ ᠳᠤ ᠬᠤᠶᠠᠷ ᠮᠤᠩᠭᠤᠯ ᠭᠡᠷ ᠪᠠᠷᠢᠭᠠᠳ ᠰᠠᠭᠠᠯᠢ ᠬᠢᠵᠦ᠂ ᠨᠤᠲᠤᠭ ᠤᠰᠤᠨ ᠤ ᠪᠠᠨ ᠮᠠᠯᠴᠢᠳ ᠢ ᠵᠤᠴᠢᠯᠠᠳᠠᠭ ᠪᠠᠶᠢᠬᠰᠡᠨ ᠪᠣᠯ ᠥᠨᠥ ᠪᠣᠯᠬᠤ ᠳᠤ ᠠᠷᠪᠠᠭᠠᠳ ᠮᠤᠩᠭᠤᠯ ᠭᠡᠷ ᠲᠠᠢ ︽ᠨᠤᠮᠢᠨ ᠬᠠᠩᠭᠠᠢ︾ ᠵᠤᠭᠠᠴᠠᠯ ᠤᠨ ᠭᠠᠵᠠᠷ ᠢᠶᠠᠨ ᠥᠭᠡᠳᠡ ᠲᠠᠢ ᠦᠩᠭᠡ ᠲᠠᠢ ᠡᠷᠬᠢᠯᠡᠵᠦ᠂ ᠠᠯᠤᠰ ᠬᠤᠯᠠ ᠶᠢᠨ ᠠᠶᠠᠨᠴᠢᠨ ᠵᠢᠭᠤᠯᠴᠢᠨ ᠢ ᠵᠤᠴᠢᠯᠠᠨ ᠠᠰᠢᠭ ᠤᠷᠤᠯᠭ᠎ᠠ ᠪᠠᠨ ᠨᠡᠮᠡᠭᠳᠡᠬᠦᠯᠵᠦ ᠪᠠᠶᠢᠭ᠎ᠠ ᠠᠵᠢ᠃    ᠤᠶᠢᠷ᠎ᠠ ᠶᠢᠨ ᠵᠢᠯ ᠠᠴᠠ᠂ ᠭᠠᠩ ᠭᠠᠴᠢᠭ ᠠᠷᠪᠢᠳᠴᠦ᠂ ᠲᠡᠵᠢᠭᠡᠯ ᠪᠤᠷᠳᠤᠭᠠᠨ ᠤ ᠦᠨ᠎ᠡ ᠬᠠᠩᠰᠢ ᠦᠰᠦᠨ᠂ ᠮᠠᠯ ᠤᠨ ᠠᠰᠢᠭ ᠰᠢᠮ᠎ᠡ ᠶᠢᠨ ᠬᠠᠩᠰᠢ ᠪᠠᠭᠤᠷᠠᠬᠤ ᠪᠠᠷ ᠮᠠᠯᠴᠢᠨ ᠴᠡᠩᠭᠡᠯᠪᠠᠭᠠᠳᠤᠷ ᠭᠡᠷᠬᠡᠢ ᠰᠤᠨᠢᠠᠭᠡᠷᠡᠯ ᠲᠠᠢ ᠪᠠᠨ ᠨᠤᠲᠤᠭ ᠤᠰᠤᠨ ᠤ ᠦᠵᠡᠮᠵᠢ ᠳᠤ ᠲᠦᠰᠢᠭᠯᠡᠨ᠂ ᠬᠦᠬᠡᠨ᠋ᠤᠰᠤ ᠨᠠᠭᠤᠷ ᠤᠨ ᠬᠦᠪᠡᠭᠡᠨ᠎ᠡ ᠮᠠᠯᠵᠢᠯ ᠵᠤᠭᠠᠴᠠᠯ ᠢ ᠤᠶᠠᠯᠳᠤᠭᠤᠯᠤᠨ ᠡᠷᠬᠢᠯᠡᠬᠦ ᠪᠠᠷ ᠵᠣᠷᠢᠭ ᠰᠢᠢᠳᠴᠡᠢ᠃ ᠢᠩᠭᠢᠭᠡᠳ ᠨᠢᠳᠤᠨᠤᠨ ᠵᠢᠯ ᠤᠨ ᠡᠬᠢᠨ ᠢᠶᠠᠷ 10 ᠲᠦᠮᠡᠨ ᠲᠦᠭᠦᠷᠢᠭ ᠤᠨ ᠪᠡᠯᠡ ᠤᠷᠤᠭᠤᠯᠤᠨ ᠠᠷᠪᠠᠭᠠᠳ ᠮᠤᠩᠭᠤᠯ ᠭᠡᠷ ᠪᠠᠷᠢᠵᠦ᠂ ᠪᠡᠯᠡᠳᠭᠡᠯ ᠠᠵᠢᠯ ᠢᠶᠠᠨ ᠲᠠᠭᠤᠰᠬᠠᠭᠠᠳ 5 ᠰᠠᠷ᠎ᠠ ᠶᠢᠨ ᠰᠡᠭᠦᠯᠴᠢ ᠠᠴᠠ ᠵᠤᠭᠠᠴᠠᠭᠰᠡᠳ ᠢ ᠲᠤᠰᠴᠦ ᠵᠢᠩᠬᠢᠨᠢ ᠪᠠᠷ ᠵᠤᠭᠠᠴᠠᠯ ᠤᠨ ᠭᠠᠵᠠᠷ ᠢᠶᠠᠨ ᠡᠷᠬᠢᠯᠡᠪᠡ᠃ ᠲᠡᠳᠡᠨᠡᠶᠢᠬᠢᠨ ᠨᠢᠳᠤᠨᠤᠨ ᠠᠭᠤᠷ ᠠᠮᠢᠰᠬᠤᠯ ᠤᠨ ᠨᠦᠯᠦᠭᠡ ᠪᠠᠷ ᠵᠤᠭᠠᠴᠠᠯ ᠤᠨ ᠭᠠᠵᠠᠷ ᠢᠶᠠᠨ ᠭᠤᠷᠪᠠᠭ᠋ᠠᠨ ᠰᠠᠷ᠎ᠠ ᠬᠢᠷᠢᠲᠠᠢ ᠡᠷᠬᠢᠯᠡᠭᠰᠡᠨ ᠪᠤᠯᠪᠠᠴᠦ 700 ᠰᠢᠬᠠᠮ ᠵᠤᠭᠠᠴᠠᠭᠰᠡᠳ ᠢ ᠲᠤᠰᠴᠦ ᠠᠷᠪᠠᠭᠠᠳ ᠲᠦᠮᠡᠨ ᠲᠦᠭᠦᠷᠢᠭ ᠤᠨ ᠤᠷᠤᠯᠭ᠎ᠠ ᠡᠭᠦᠳᠴᠡᠢ᠃
    ᠥᠨᠦ ᠵᠢᠯ᠂ ᠴᠡᠩᠭᠡᠯᠪᠠᠭᠠᠳᠤᠷ ᠤᠨ ᠬᠢᠨ ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠠᠴᠠ ᠠᠷᠪᠠᠭᠠᠳ ᠰᠢᠨ᠎ᠡ ᠬᠢᠴᠡᠲᠡᠢ ᠮᠤᠩᠭᠤᠯ ᠭᠡᠷ ᠵᠠᠬᠢᠶᠠᠯᠠᠨ ᠡᠵᠡᠩᠨᠡᠯᠳᠡ ᠶᠢᠨ ᠬᠡᠪᠴᠢᠶ᠎ᠡ ᠪᠠᠨ ᠴᠢᠨᠠᠭᠰᠢᠳᠠ ᠦᠷᠭᠡᠳᠬᠡᠵᠦ᠂ 40 ᠲᠦᠮᠡᠨ ᠲᠦᠭᠦᠷᠢᠭ ᠵᠠᠷᠤᠴᠠᠭᠤᠯᠤᠨ ᠬᠤᠨᠤᠭ ᠪᠠᠭᠤᠳᠠᠯ᠂ ᠢᠳᠡᠭᠡᠨ ᠤᠮᠳᠠᠭᠠᠨ ᠵᠡᠷᠭᠡ ᠤᠶᠢᠯᠡᠴᠢᠯᠡᠭᠡᠨ ᠤ ᠰᠠᠭᠤᠷᠢ ᠲᠦᠭᠦᠭᠡᠷᠦᠮᠵᠢ ᠪᠠᠨ ᠪᠦᠷᠢᠳᠦᠭᠦᠯᠦᠨ᠂ ᠨᠢᠭᠡ ᠤᠳᠠᠭ᠎ᠠ ᠳᠤ 300 ᠬᠦᠮᠦᠨ ᠵᠤᠴᠢᠯᠠᠵᠦ᠂ 100 ᠬᠦᠮᠦᠨ ᠬᠤᠨᠤᠭᠯᠠᠬᠤ ᠨᠦᠬᠦᠴᠡᠯ ᠲᠠᠢ ︽ᠨᠤᠮᠢᠨ ᠬᠠᠩᠭᠠᠢ︾ ᠵᠤᠭᠠᠴᠠᠯ ᠤᠨ ᠭᠠᠵᠠᠷ ᠢ ᠪᠠᠶᠢᠭᠤᠯᠪᠠ᠃ ᠡᠳᠡᠨᠠᠶᠢᠬᠢᠨ ᠨᠤᠲᠤᠭ ᠤᠨ ᠴᠠᠭᠠᠨ ᠢᠳᠡᠭᠡ᠂ ᠤᠯᠠᠭᠠᠨ ᠢᠳᠡᠭᠡᠨ ᠢᠶᠠᠷ ᠤᠨᠴᠠᠯᠢᠭᠳᠠᠭᠰᠡᠨ ᠬᠤᠭᠤᠯᠠ ᠤᠮᠳᠠ ᠪᠠᠷ ᠢᠷᠡᠭᠰᠡᠨ ᠵᠤᠴᠢᠨ ᠢᠶᠠᠨ ᠳᠠᠶᠢᠯᠠᠵᠤ᠂ ᠢᠯᠠᠩᠭᠤᠶ᠎ᠠ ᠰᠤᠨᠢᠠᠭᠡᠷᠡᠯ ᠵᠤᠭᠠᠴᠠᠭᠰᠠᠳ ᠲᠤ ᠭᠡᠰᠢᠭᠳᠡᠨ ᠨᠤᠲᠤᠭ ᠤᠨ ᠰᠠᠭᠠᠯᠢ ᠬᠢᠬᠦ᠂ ᠴᠠᠭᠠᠨ ᠢᠳᠡᠭᠡ ᠪᠤᠯᠪᠠᠰᠤᠷᠠᠭᠤᠯᠬᠤ ᠶᠠᠪᠤᠴᠠ ᠶᠢ ᠦᠵᠡᠭᠦᠯᠵᠦ᠂ ᠨᠠᠷᠢᠯᠢᠭ ᠲᠠᠶᠢᠯᠪᠤᠷᠢᠯᠡᠨ ᠶᠠᠷᠢᠳᠠᠭ ᠨᠢ ᠬᠤᠯᠠ ᠤᠶᠢᠷ᠎ᠠ ᠶᠢᠨ ᠵᠤᠭᠠᠴᠠᠭᠰᠠᠳ ᠤᠨ ᠲᠠᠭᠠᠰᠢᠶᠠᠯ ᠢ ᠤᠯᠵᠦ᠂ ᠨᠤᠲᠤᠭ ᠤᠨ ᠴᠤᠯ ᠪᠠᠶᠢᠭᠠᠯᠢᠯᠢᠭ ᠴᠠᠭᠠᠨ ᠢᠳᠡᠭᠡᠨ ᠤ ᠪᠤᠷᠤᠯᠠᠭᠤᠯᠭ᠎ᠠ ᠶᠢ ᠦᠷᠭᠡᠳᠭᠡᠵᠦ᠂ ᠤᠶᠢᠷ᠎ᠠ ᠬᠠᠪᠢ ᠶᠢᠨ ᠮᠠᠯᠴᠢᠳ ᠤᠨ ᠤᠷᠤᠯᠭ᠎ᠠ ᠶᠢ ᠨᠡᠮᠡᠭᠳᠡᠬᠦᠯᠦᠭᠰᠡᠨ ᠪᠠᠶᠢᠨ᠎ᠠ᠃ ᠡᠳᠡᠨᠠᠶᠢᠬᠢᠨ ᠡᠨᠡ ᠵᠢᠯ ᠣᠳᠣ ᠪᠤᠯᠳᠠᠯ᠎ᠠ 1500 ᠭᠠᠷᠤᠢ ᠵᠤᠭᠠᠴᠠᠭᠰᠠᠳ ᠢ ᠵᠤᠴᠢᠯᠠᠵᠦ᠂ 40 ᠭᠠᠷᠤᠢ ᠲᠦᠮᠡᠨ ᠲᠦᠭᠦᠷᠢᠭ ᠤᠨ ᠣᠷᠣᠯᠭ᠎ᠠ ᠡᠭᠦᠳᠴᠡᠢ᠃
    ᠬᠠᠳᠠᠨᠪᠤᠯᠠᠭ ᠭᠠᠴᠠᠭᠠᠨ ᠤ ᠵᠤᠭᠠᠴᠠᠯ ᠤᠨ ᠤᠶᠢᠯᠡᠰ ᠡᠷᠬᠢᠯᠡᠵᠦ ᠪᠠᠶᠢᠭ᠎ᠠ ᠠᠶᠢᠯ ᠤᠳ ᠪᠦᠷ ᠦᠪᠡᠷ ᠦᠪᠡᠷ ᠤᠨ ᠢᠶᠠᠨ ᠤᠨᠴᠠᠯᠢᠭ ᠲᠠᠢ ᠪᠠᠶᠢᠵᠤ᠂ ᠡᠬᠦᠨ ᠤ ᠲᠤᠮᠳᠡ ︽ᠠᠯᠳᠠᠨ ᠨᠠᠮᠤᠷ ᠤᠨ ᠵᠤᠰᠠᠭᠠᠯ︾ ᠵᠤᠭᠠᠴᠡᠯ ᠤᠨ ᠭᠠᠵᠡᠷ ᠡᠷᠬᠢᠯᠡᠵᠦ ᠪᠠᠶᠢᠭ᠎ᠠ ᠮᠠᠯᠴᠢᠨ ᠤᠳᠽᠠᠷ ᠪᠣᠯ ᠨᠤᠲᠤᠭ ᠲᠠᠭᠠᠨ ᠨᠡᠯᠢᠶᠠᠳ ᠡᠷᠲᠡ ᠵᠤᠭᠠᠴᠠᠯ ᠤᠨ ᠤᠶᠢᠯᠡᠰ ᠢ ᠡᠷᠬᠢᠯᠡᠭᠰᠡᠨ ᠮᠠᠯᠴᠢᠨ ᠤ ᠨᠢᠭᠡ ᠨᠢ ᠪᠤᠯᠤᠨ᠎ᠠ᠃    ᠤᠷᠴᠢᠮ ᠤᠨ ᠬᠡᠳᠦᠨ ᠵᠢᠯ᠂ ᠭᠠᠨᠭ᠌ ᠬᠠᠭᠰᠠᠷᠠᠭᠠᠨ ᠦᠷᠭᠦᠯᠵᠢᠯᠡᠨ᠂ ᠡᠪᠡᠰᠦ ᠪᠡᠯᠴᠢᠭᠡᠷ ᠲᠠᠴᠢᠷᠰᠢᠨ᠂ ᠮᠠᠯ ᠠᠵᠦ ᠠᠬᠤᠢ ᠶᠢᠨ ᠤᠷᠤᠯᠭ᠎ᠠ ᠮᠠᠭᠤᠳᠠᠵᠦ ᠢᠷᠡᠭᠦ ᠪᠠᠷ᠂ ᠤᠳᠽᠠᠷ ᠤᠨ ᠬᠢᠨ ᠰᠤᠮᠤᠨ ᠤ ᠪᠠᠨ ᠤᠷᠢᠶᠠᠯᠠᠭ᠎ᠠ ᠶᠢ ᠲᠠᠭᠠᠨ ᠴᠤᠤᠷᠢᠶᠠᠳᠦᠵᠦ᠂ 2014 ᠤᠨ ᠳᠤ ᠪᠠᠶᠢᠭᠠᠯᠢ ᠶᠢᠨ ᠬᠡᠰᠢᠭ ᠨᠤᠳᠤᠭ ᠤᠨ ᠪᠤᠶᠠᠨ ᠢᠶᠠᠨ ᠳᠦᠰᠢᠵᠤ᠂ 6000 ᠲᠦᠭᠦᠷᠢᠭ ᠪᠡᠯᠡ ᠤᠷᠤᠭᠤᠯᠤᠨ᠂ ᠬᠤᠶᠠᠷ ᠮᠤᠩᠭᠤᠯ ᠭᠡᠷ ᠪᠤᠰᠬᠠᠨ ᠵᠤᠭᠠᠴᠡᠯ ᠤᠨ ᠭᠠᠵᠡᠷ ᠢᠶᠠᠨ ᠠᠩᠬ᠎ᠠ ᠡᠷᠬᠢᠯᠡᠵᠦ ᠡᠬᠢᠯᠡᠵᠠᠢ᠃
    ᠲᠦᠷᠪᠡᠨ ᠵᠢᠯ ᠤᠨ ᠲᠤᠷᠰᠢ᠂ ᠲᠡᠳᠡᠨᠡᠶᠢᠭᠢᠨ ᠵᠤᠭᠠᠴᠡᠯ ᠤᠨ ᠭᠠᠵᠡᠷ ᠤᠨ ᠭᠡᠪᠴᠢᠶ᠎ᠡ ᠪᠠᠨ ᠲᠠᠰᠤᠷᠠᠯᠳᠠ ᠦᠭᠡᠢ ᠦᠷᠭᠡᠳᠭᠡᠵᠦ᠂ ᠣᠳᠤ ᠨᠢᠭᠡᠨᠳᠡ ᠬᠤᠶᠠᠷ ᠳᠤᠮᠤ ᠲᠦᠷᠪᠡᠨ ᠪᠠᠭ᠎ᠠ ᠨᠡᠶᠢᠲᠡ ᠵᠢᠷᠭᠤᠭᠠᠨ ᠮᠤᠩᠭᠤᠯ ᠭᠡᠷ ᠲᠠᠢ ᠪᠤᠯᠵᠦ᠂ ᠤᠨᠴᠠᠭᠠᠶᠢᠯᠠᠨ ᠨᠢᠳᠤᠨᠤᠨ ᠵᠢᠯ 20 ᠲᠦᠮᠡᠨ ᠲᠦᠭᠦᠷᠢᠭ ᠤᠨ ᠪᠡᠯᠡ ᠤᠷᠤᠭᠤᠯᠤᠨ ᠳᠤᠰᠬᠠᠶᠢᠯᠠᠨ ᠾᠧᠨᠠᠨ ᠮᠤᠵᠢ ᠳᠤ ᠤᠴᠢᠵᠤ ᠬᠢᠯᠭᠡᠭᠰᠡᠨ 200 ᠭᠠᠷᠤᠢ ᠲᠡᠭᠰᠢ ᠲᠦᠷᠪᠡᠯᠵᠢᠨ ᠮᠧᠳ᠋ᠷ ᠪᠦᠬᠦᠢ 100 ᠬᠦᠮᠦᠨ ᠢ ᠪᠠᠭᠳᠠᠭᠠᠵᠤ ᠴᠢᠳᠠᠬᠤ ᠬᠤᠶᠠᠷ ᠳᠤᠮᠤ ᠮᠤᠩᠭᠤᠯ ᠭᠡᠷ ᠨᠢ ᠵᠤᠭᠠᠴᠠᠭᠰᠠᠳ ᠢ ᠬᠦᠯᠢᠶᠡᠨ ᠠᠪᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠠᠶᠢᠨ᠎ᠠ᠃ ᠲᠡᠳᠡᠨᠠᠶᠢᠬᠢᠨ ᠵᠤᠭᠠᠴᠠᠭᠰᠡᠳ ᠲᠤ ᠮᠤᠩᠭᠤᠯ ᠬᠡᠯᠡ ᠵᠢᠭᠠᠬᠤ᠂ ᠰᠤᠷ ᠬᠠᠷᠪᠤᠬᠤ᠂ ᠪᠦᠭᠡ ᠰᠤᠨᠢᠷᠬᠠᠬᠤ᠂ ᠵᠢᠵᠢᠭ ᠭᠠᠯᠳᠦ ᠲᠡᠷᠭᠡ ᠪᠠᠷ ᠵᠤᠭᠠᠴᠠᠬᠤ᠂ ᠳᠡᠷᠯᠢᠭ ᠡᠮᠦᠰᠦᠨ ᠵᠢᠷᠤᠭ ᠠᠪᠤᠭᠤᠯᠬᠤ᠂ ᠮᠤᠩᠭᠤᠯ ᠬᠤᠭᠤᠯᠠ ᠤᠮᠳᠠ ᠵᠡᠷᠭᠡ ᠣᠯᠠᠨ ᠵᠦᠢᠯ ᠤᠨ ᠣᠨᠴᠠᠯᠢᠭᠳᠤ ᠦᠢᠯᠡᠴᠢᠯᠡᠭᠡ ᠬᠠᠩᠭᠠᠵᠤ᠂ ᠬᠡᠰᠢᠭᠳᠡᠨ ᠨᠤᠳᠤᠭ ᠤᠨ ᠭᠤᠶᠤ ᠦᠵᠡᠮᠵᠢ ᠶᠢ ᠭᠠᠶᠢᠬᠠᠭᠤᠯᠦᠨ᠂ ᠮᠤᠩᠭᠤᠯ ᠰᠤᠶᠤᠯ ᠤᠨ ᠡᠴᠢᠨ᠎ᠡ ᠭᠠᠶᠢᠬᠠᠮᠰᠢᠭ ᠢ ᠲᠡᠯᠭᠡᠨ ᠦᠵᠡᠭᠦᠯᠵᠦ᠂ ᠤᠷᠤᠨ ᠤ ᠲᠤᠳᠦᠨ᠎ᠠ ᠭᠠᠳᠠᠨᠠᠬᠢ ᠵᠤᠭᠠᠴᠠᠭᠰᠡᠳ ᠤᠨ ᠲᠠᠭᠠᠰᠢᠶᠠᠯ ᠢ ᠶᠡᠭᠡ ᠪᠠᠷ ᠬᠦᠷᠳᠡᠵᠦ᠂ ᠳᠤᠰᠬᠠᠶᠢᠯᠠᠨ ᠢᠷᠡᠵᠦ ᠵᠤᠭᠠᠴᠠᠬᠤ ᠬᠦᠮᠦᠨ ᠵᠢᠯ ᠠᠴᠠ ᠵᠢᠯ ᠨᠡᠮᠡᠭᠳᠡᠭᠰᠡᠨ ᠪᠠᠶᠢᠨ᠎ᠠ᠃ ᠡᠨᠡ ᠵᠢᠯ ᠤᠳᠽᠠᠷ ᠤᠨ ︽ᠠᠯᠳᠠᠨ ᠨᠠᠮᠤᠷ ᠤᠨ ᠵᠤᠰᠠᠭᠠᠯ︾ ᠵᠤᠭᠠᠴᠠᠯ ᠤᠨ ᠭᠠᠵᠠᠷ ᠨᠢ 2 ᠲᠦᠮᠡ ᠭᠠᠷᠤᠢ ᠵᠤᠭᠠᠴᠠᠭᠰᠡᠳ ᠢ ᠬᠦᠯᠢᠶᠡᠨ ᠠᠪᠴᠦ ᠵᠤᠴᠢᠯᠡᠨ᠂ ᠴᠡᠪᠡᠷ ᠤᠷᠤᠯᠭ᠎ᠠ ᠨᠢ 9 ᠲᠦᠮᠡᠨ ᠲᠦᠭᠦᠷᠢᠭ ᠲᠤ ᠬᠦᠷᠴᠦ ᠪᠤᠢ᠃    ᠲᠠᠷᠠᠭᠠᠴᠢ ᠪᠠᠷ ᠲᠡᠳᠡᠨᠡᠶᠢᠭᠢᠨ ᠵᠤᠭᠠᠴᠡᠯ ᠤᠨ ᠭᠠᠵᠡᠷ ᠤᠨ ᠬᠡᠪᠴᠢᠶ᠎ᠡ ᠪᠠᠨ ᠦᠷᠭᠦᠯᠵᠢᠯᠡᠨ ᠦᠷᠭᠡᠳᠭᠡᠨ᠂ ᠤᠢᠢᠯᠡᠴᠢᠯᠡᠭᠡᠨ ᠤ ᠶᠠᠰᠦ ᠴᠢᠨᠠᠷ ᠢᠶᠠᠨ ᠲᠡᠭᠡᠭᠰᠢᠯᠡᠭᠦᠯᠵᠦ᠂ ᠨᠡᠩ ᠤᠯᠠᠨ ᠮᠠᠯᠴᠢᠨ ᠡᠷᠦᠭᠡ ᠪᠠᠨ ᠲᠠᠶᠢᠴᠢᠯᠡᠨ ᠵᠤᠭᠠᠴᠡᠯ ᠤᠨ ᠤᠢᠢᠯᠡᠰ ᠢ ᠬᠦᠭᠵᠢᠭᠦᠯᠵᠦ᠂ ᠤᠷᠤᠯᠭ᠎ᠠ ᠶᠢ ᠨᠢ ᠨᠡᠮᠡᠭᠳᠡᠭᠦᠯᠭᠦ ᠪᠠᠷ ᠲᠦᠯᠦᠪᠯᠡᠵᠦ ᠪᠠᠶᠢᠭ᠎ᠠ ᠪᠠᠨ ᠤᠳᠽᠠᠷ ᠭᠤᠸᠠᠢ ᠨᠢᠭᠤᠯᠳᠠ ᠦᠭᠡᠢ ᠶᠠᠷᠢᠵᠦ ᠪᠠᠶᠢᠯ᠎ᠠ᠃    ᠣᠶᠢᠯᠠᠭᠠᠭᠰᠠᠨ ᠢᠶᠠᠷ᠂ ᠤᠳᠦᠬᠠᠨ ᠳᠤ ᠲᠤᠰ ᠭᠠᠴᠠᠭᠠᠨ ᠤ 12 ᠮᠠᠯᠴᠢᠨ ᠡᠷᠦᠭᠡ ᠵᠤᠭᠠᠴᠡᠯ ᠤᠨ ᠭᠠᠵᠡᠷ ᠡᠷᠬᠢᠯᠡᠨ᠂ ᠵᠢᠯ ᠤᠨ ᠵᠤᠭᠠᠴᠡᠯ ᠤᠨ ᠨᠡᠶᠢᠲᠡ ᠤᠷᠤᠯᠭ᠎ᠠ ᠨᠢ 100 ᠭᠠᠷᠤᠢ ᠲᠦᠮᠡᠨ ᠲᠦᠭᠦᠷᠢᠭ ᠲᠤ ᠬᠦᠷᠴᠦ᠂ ᠪᠦᠬᠦ ᠭᠠᠴᠠᠭᠠᠨ ᠤ 60%᠎ ᠶᠢᠨ ᠮᠠᠯᠴᠢᠨ ᠡᠷᠦᠭᠡ ᠨᠢ ᠵᠤᠭᠠᠴᠡᠯ ᠤᠨ ᠭᠠᠵᠠᠷ ᠲᠤ ᠬᠦᠯᠦᠰᠦᠨ ᠠᠵᠢᠯ ᠬᠢᠵᠦ᠂ ᠪᠠᠰᠠ ᠬᠡᠰᠡᠭ ᠮᠠᠯᠴᠢᠳ ᠪᠡᠯᠴᠢᠭᠡᠷ ᠢᠶᠠᠨ ᠲᠦᠷᠢᠶᠠᠰᠦᠯᠡᠬᠦᠯᠦᠨ ᠵᠤᠭᠠᠴᠠᠯ ᠤᠨ ᠤᠢᠢᠯᠡᠰ ᠠᠴᠠ ᠠᠰᠢᠬ ᠬᠦᠷᠳᠡᠵᠦ ᠪᠠᠶᠢᠨ᠎ᠠ᠃                     ᠬᠡᠷᠡᠯ ᠵᠢᠷᠤᠭ ᠢ ᠰᠤᠷᠪᠤᠯᠵᠢᠯᠠᠭᠴᠢ ᠪᠦᠷᠢᠠᠲᠤᠭᠳᠤᠬᠤ ᠶᠤᠸᠠᠢ ᠶᠢᠨ ᠰᠢᠩ ᠴᠣᠯᠮᠤᠨ ᠰᠡᠬᠦᠳᠡᠷᠯᠡᠪᠡ
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号