ᠠᠮᠢᠯᠠᠯ ᠪᠢᠯᠬᠠᠭᠰᠠᠨ ᠰᠤᠶᠤᠯ  ᠤᠨ ᠠᠯᠳᠠᠨ ᠥᠯᠥᠭᠡᠢ
2018-09-21 16:09:47
ᠵᠣᠬᠢᠶᠠᠭᠴᠢ᠄ 
ᠲᠠᠸᠠ ᠠᠷᠪᠢᠨᠳᠠᠯ᠎ᠠ
ᠣᠩᠰᠢᠭᠰᠠᠨ ᠣᠳᠠᠭ᠎ᠠ᠄ 
★★★☆☆
      ᠬᠦᠮᠤᠨ ᠪᠤᠯᠬᠤ ᠶᠢᠨ ᠤᠨᠠᠭᠠᠨ ᠭᠠᠷᠤᠭ᠎ᠠ ᠶᠢ ᠦᠷᠲᠡᠭᠡᠯᠡᠨ ᠮᠤᠷᠲᠠᠲᠠᠭ ᠰᠤᠶᠤᠯ ᠤᠨ ᠠᠯᠲᠠᠨ ᠪᠠᠭᠤᠴᠠ — ᠤᠯᠠᠭᠠᠡᠬᠠᠲᠠ ᠬᠤᠲᠠ ᠶᠢᠨ ᠭᠡᠰᠢᠭᠲᠡᠨ ᠬᠤᠰᠢᠭᠤᠨ ᠤ ᠪᠢᠷᠠᠭᠤ ᠳᠠᠬᠢ ᠮᠤᠩᠭᠤᠯ ᠥᠨᠳᠤᠰᠤᠳᠡᠨ ᠤ ᠪᠠᠭ᠎ᠠ ᠰᠤᠷᠭᠠᠭᠤᠯᠢ ᠶᠢ ᠦᠪᠤᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠬᠤᠯᠪᠤᠭ᠎ᠠ ᠶᠢᠨ ᠰᠤᠷᠪᠤᠯᠵᠢᠯᠠᠬᠤ ᠪᠠᠭ ᠤᠨ ᠬᠢᠨ ᠵᠤᠷᠢᠨ ᠬᠦᠷᠴᠤ ᠰᠤᠷᠪᠤᠯᠵᠢᠯᠠᠭᠰᠠᠨ ᠨᠢ 9 ᠰᠠᠷ᠎ᠠ ᠶᠢᠨ 14᠎ ᠤ ᠡᠳᠤᠷ ᠪᠢᠯᠡ᠃      ᠪᠢᠷᠠᠭᠤ ᠳᠠᠬᠢ ᠮᠤᠩᠭᠤᠯ ᠥᠨᠳᠤᠰᠤᠳᠡᠨ ᠤ ᠪᠠᠭ᠎ᠠ ᠰᠤᠷᠭᠠᠭᠤᠯᠢ ᠲᠠᠢ ᠲᠠᠨᠢᠯᠴᠠᠬᠤᠢ      ᠪᠦᠬᠦᠯᠢ ᠵᠠᠭᠤᠨ ᠢ ᠡᠯᠡᠬᠡᠭᠰᠡᠨ ᠡᠨᠡ ᠰᠤᠷᠭᠠᠭᠤᠯᠢ ᠨᠢ ᠠᠩᠬ᠎ᠠ 1915 ᠤᠨ ᠳᠤ ᠽᠦᠢ ᠶᠢᠩ ᠬᠡᠬᠦ ᠨᠠᠷ᠎ᠠ ᠪᠠᠷ ᠪᠠᠶᠢᠭᠤᠯᠤᠭᠲᠠᠨ᠂ ᠨᠣᠲᠤᠭ ᠤᠨ ᠢᠶᠠᠨ ᠪᠣᠭᠤᠷᠣᠯ ᠬᠦᠷᠣᠰᠣᠨ ᠳᠤ ᠦᠨᠲᠣᠰᠣ ᠪᠠᠨ ᠬᠦᠨ ᠬᠠᠳᠬᠤᠵᠣ᠂ ᠰᠣᠶᠣᠯ ᠤᠨ ᠠᠯᠲᠠᠨ ᠭᠤᠯᠣᠮᠲᠠ ᠪᠠᠨ ᠪᠠᠲᠣ ᠰᠠᠬᠢᠨ᠂ ᠡᠨᠡ ᠨᠤᠲᠤᠭ ᠤᠨ ᠰᠤᠶᠤᠯ ᠭᠡᠭᠡᠷᠡᠯ ᠤᠨ ᠦᠨᠢᠲᠡ ᠶᠢᠨ ᠬᠡᠬᠡᠨ ᠬᠦᠰᠢᠶ᠎ᠠ ᠪᠤᠯᠤᠨ ᠰᠡᠬᠦ᠋ᠢᠵᠡᠢ᠃      ᠪᠢᠷᠠᠭᠤ ᠳᠠᠬᠢ ᠮᠤᠩᠭᠤᠯ ᠥᠨᠳᠤᠰᠤᠳᠡᠨ ᠤ ᠪᠠᠭ᠎ᠠ ᠰᠤᠷᠭᠠᠭᠤᠯᠢ ᠨᠢ ᠤᠲᠤ ᠪᠤᠯᠬᠤ ᠳᠤ 12000 ᠬᠠᠪᠲᠠᠭᠠᠢ ᠲᠦᠷᠪᠡᠯᠵᠢᠨ ᠲᠡᠯᠡᠪᠡᠢ ᠲᠠᠢ᠂ ᠶᠠᠷᠤᠩᠬᠡᠢ ᠪᠠᠷᠢᠯᠭ᠎ᠠ ᠶᠢᠨ ᠲᠡᠯᠡᠪᠡᠢ ᠨᠢ 6645 ᠬᠠᠪᠲᠠᠭᠠᠢ ᠲᠦᠷᠪᠡᠯᠵᠢᠨ ᠮᠧ᠊ᠲ᠊‍ᠷ ᠢ ᠡᠵᠡᠯᠡᠵᠤ᠂ 19 ᠠᠩᠬᠢ ᠶᠢᠨ 425 ᠰᠤᠷᠤᠭᠴᠢ ᠲᠠᠢ᠂ 77 ᠪᠠᠭᠰᠢ ᠠᠵᠢᠯᠳᠠᠨ ᠲᠠᠢ᠃ ᠡᠬᠦᠨ ᠳᠤ ᠬᠤᠲᠠ ᠶᠢᠨ ᠲᠠᠰ ᠠᠴᠠ ᠲᠡᠭᠡᠭᠰᠢ ᠭᠤᠤᠯᠯᠠᠭᠴᠢ ᠪᠠᠭᠰᠢ 20 ᠪᠤᠯᠵᠤ᠂ ᠮᠤᠷᠠᠯ ᠡᠷᠲᠡᠮ ᠬᠤᠤᠰᠯᠠᠭᠰᠠᠨ᠂ ᠰᠠᠨᠠᠭ᠎ᠠ ᠵᠤᠷᠢᠯᠭ᠎ᠠ ᠨᠢᠬᠡᠲᠦᠭᠰᠡᠨ ᠵᠤᠯᠪᠤᠭ᠎ᠠ ᠲᠡᠬᠦᠯᠲᠡᠷ ᠪᠠᠭᠰᠢ ᠶᠢᠨ ᠡᠩᠨᠡᠭᠡ ᠲᠠᠢ ᠪᠤᠯᠵᠤ ᠪᠤᠵᠠᠭᠠᠶᠢᠷᠠᠵᠠᠢ᠃      ᠲᠤᠰ ᠰᠤᠷᠭᠠᠭᠤᠯᠢ ᠨᠢ ᠤᠷᠢᠳ ᠬᠤᠵᠢᠳ ᠬᠤᠳᠠ ᠶᠢᠨ ᠴᠠᠭᠢᠯᠭᠠᠨᠵᠢᠭᠰᠠᠨ ᠰᠢᠯᠢᠳᠡᠭ ᠰᠤᠷᠭᠠᠭᠤᠯᠢ᠂ ᠬᠤᠳᠠ ᠶᠢᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠥᠷᠢᠮᠵᠢᠭᠰᠡᠨ ᠰᠤᠷᠭᠠᠭᠤᠯᠢ᠂ ᠬᠤᠳᠠ ᠶᠢᠨ ᠬᠠᠯᠠᠮᠵᠢ ᠬᠠᠶᠢᠷ᠎ᠠ ᠶᠢᠨ ᠲᠡᠷᠢᠭᠦᠨ ᠤ ᠨᠢᠬᠡᠴᠢ᠂ ᠬᠤᠳᠠ ᠶᠢᠨ ᠠᠳᠡᠯ ᠬᠤᠭᠢᠷᠠᠯ ᠢ ᠰᠡᠷᠭᠡᠶᠢᠯᠡᠭᠦ ᠬᠠᠮᠢᠶᠠᠷᠤᠯᠳᠠ ᠶᠢᠨ ᠠᠵᠢᠯ ᠤᠨ ᠲᠡᠷᠢᠭᠦᠨ ᠤ ᠨᠢᠬᠡᠴᠢ ᠵᠡᠷᠭᠡ ᠢᠷᠠᠭᠤ ᠠᠯᠳᠠᠷ ᠢ ᠬᠥᠷᠳᠡᠵᠥ᠂ ᠥᠨᠳᠥᠰᠤᠳᠡᠨ ᠤ ᠰᠤᠷᠭᠠᠨ ᠬᠥᠮᠥᠵᠢᠯ ᠤᠨ ᠥᠢᠯᠡᠰ ᠲᠤ ᠥᠵᠡᠭᠦᠯᠥᠭᠰᠡᠨ ᠭᠠᠪᠢᠶ᠎ᠠ ᠵᠢᠳᠭᠦᠯ ᠢᠶᠠᠷ ᠢᠶᠠᠨ ᠨᠡᠶᠢᠬᠡᠮ ᠨᠡᠶᠢᠳᠡ ᠶᠢᠨ ᠬᠦᠨ ᠬᠦᠷᠢᠶᠡᠯᠡᠯ ᠢ ᠤᠯᠤᠭᠰᠠᠨ ᠪᠠᠶᠢᠨ᠎ᠠ᠃      ᠤᠨᠴᠠᠯᠢᠭᠲᠤ ᠰᠤᠷᠭᠠᠨ ᠬᠦᠮᠤᠵᠢᠯ ᠤᠨ ᠲᠤᠬᠠᠢ ᠤᠴᠢᠷᠯᠠᠬᠤᠢ      ᠪᠢᠷᠠᠭᠤ ᠳᠠᠬᠢ ᠮᠤᠩᠭᠤᠯ ᠥᠨᠳᠤᠰᠤᠳᠡᠨ ᠤ ᠪᠠᠭ᠎ᠠ ᠰᠤᠷᠭᠠᠭᠤᠯᠢ ᠨᠢ ᠬᠡᠪ ᠴᠢᠨᠠᠷ ᠤᠨ ᠰᠣᠷᠭᠠᠨ ᠬᠦᠮᠣᠵᠢᠯ ᠢ ᠲᠦᠯᠬᠢᠨ ᠠᠬᠢᠭᠤᠯᠵᠣ᠂ ᠪᠠᠭᠰᠢ ᠰᠣᠷᠣᠭᠴᠢ ᠪᠠᠷ ᠦᠨᠲᠣᠰᠣ ᠪᠣᠯᠭᠠᠨ᠂ ᠬᠢᠴᠢᠶᠠᠯ ᠬᠦᠮᠣᠵᠢᠯ ᠤᠨ ᠦᠬᠡᠷᠡᠴᠢᠯᠡᠯᠲᠠ ᠶᠢ ᠵᠣᠷᠢᠬᠲᠡᠢ ᠬᠢᠵᠣ᠂ ᠰᠤᠷᠭᠠᠭᠤᠯᠢ ᠡᠷᠭᠢᠯᠡᠭᠦ ᠰᠡᠳᠭᠢᠮᠵᠢ ᠪᠠᠨ ᠲᠠᠰᠤᠷᠠᠯᠳᠠ ᠥᠭᠡᠢ ᠰᠢᠨᠡᠴᠢᠯᠡᠨ᠂ ᠵᠢᠭᠠᠨ ᠰᠤᠷᠭᠠᠵᠤ ᠬᠥᠮᠥᠵᠢᠭᠦᠯᠭᠦ ᠠᠵᠢᠯ ᠢᠶᠠᠷ ᠭᠤᠤᠯ ᠪᠤᠯᠭᠠᠨ᠂ ᠥᠨᠳᠥᠰᠤᠨ ᠪᠥᠳᠥᠭᠡᠨ ᠪᠠᠶᠢᠭᠤᠯᠤᠯᠳᠠ᠂ ᠰᠤᠷᠭᠠᠭᠤᠯᠢ ᠶᠢᠨ ᠬᠥᠷᠢᠶᠡᠨ ᠤ ᠰᠤᠶᠤᠯ ᠤᠨ ᠪᠥᠳᠥᠭᠡᠨ ᠪᠠᠶᠢᠭᠤᠯᠤᠯᠳᠠ ᠪᠠᠨ ᠴᠢᠩᠭᠠᠳᠬᠠᠭᠰᠠᠭᠠᠷ ᠢᠷᠡᠵᠡᠢ᠃ ᠮᠦᠨᠴᠤ ᠲᠤᠰ ᠰᠤᠷᠭᠠᠭᠤᠯᠢ ᠨᠢ ᠥᠨᠳᠥᠰᠥᠳᠡᠨ ᠤ ᠥᠪᠡᠷᠮᠢᠴᠡ ᠤᠨᠴᠠᠯᠢᠭ ᠢ ᠬᠠᠷᠠᠭᠤᠯᠤᠭᠰᠠᠨ ᠡᠷᠳᠡᠨ ᠤ ᠤᠯᠠᠮᠵᠢᠯᠠᠯᠳᠥ ᠲᠡᠤᠭᠡ ᠰᠤᠶᠤᠯ᠂ ᠨᠠᠭᠠᠳᠤᠮ ᠲᠤᠭᠯᠠᠭᠠᠮ ᠤᠨ ᠵᠥᠢᠯᠡᠰ ᠤᠳ ᠢᠶᠠᠷ ᠪᠠᠭᠠᠴᠤᠳ ᠬᠡᠤᠬᠡᠳ ᠤᠨ ᠤᠬᠠᠭᠠᠨ ᠪᠤᠳᠤᠯᠭ᠎ᠠ ᠶᠢ ᠰᠢᠯᠭᠠᠵᠥ᠂ ᠤᠢ ᠪᠢᠯᠢᠭ ᠢ ᠨᠡᠬᠡᠬᠡᠭᠳᠡᠭᠦᠯᠥᠨ᠂ ᠤᠷᠠᠯᠢᠭ ᠰᠡᠳᠭᠢᠭᠦᠢ ᠶᠢ ᠬᠤᠷᠴᠠᠳᠬᠠᠵᠤ᠂ ᠬᠡᠤᠬᠡᠳ ᠪᠠᠭᠠᠴᠤᠳ ᠤᠨ ᠰᠤᠶᠤᠯ ᠤᠨ ᠠᠮᠢᠳᠤᠷᠠᠯ ᠢ ᠪᠠᠶᠠᠯᠢᠭᠵᠢᠭᠤᠯᠤᠨ᠂ ᠵᠢᠭᠠᠨ ᠰᠤᠷᠭᠠᠯᠳᠠ ᠶᠢᠨ ᠠᠵᠢᠯ ᠳᠠᠭᠠᠨ ᠰᠢᠨᠵᠢᠯᠡᠭᠦ ᠤᠬᠠᠭᠠᠨᠴᠢ ᠪᠠᠷ ᠦᠢᠯᠡᠴᠢᠯᠡᠬᠦᠯᠬᠦ ᠡᠭᠦᠳᠡᠨ ᠠᠴᠠ 2015 ᠤᠨ ᠠᠴᠠ ᠡᠬᠢᠯᠡᠨ ᠲᠠᠭᠤᠤ᠂ ᠪᠥᠵᠢᠭ᠂ ᠮᠤᠩᠭᠤᠯ ᠰᠢᠳᠠᠷ᠎ᠠ᠂ ᠪᠥᠭᠡ᠂ ᠬᠥᠯ ᠪᠥᠮᠪᠦᠭᠡ᠂ ᠤᠷᠠᠨ ᠵᠢᠷᠤᠭ᠂ ᠥᠰᠥᠨ ᠪᠢᠷ᠂ ᠭᠠᠷ ᠤᠷᠠᠯᠠᠯ ᠵᠡᠷᠭᠡ 12 ᠲᠤᠷ᠎ᠠ ᠰᠤᠨᠢᠷᠬᠠᠯᠳᠥ ᠠᠩᠭᠢ ᠶᠢ ᠨᠡᠬᠡᠬᠡᠵᠡᠢ᠃ ᠲᠠᠷᠡᠪᠡᠷ ᠰᠤᠷᠤᠭᠴᠢᠳ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠤᠨ᠂ ᠰᠤᠷᠤᠭᠴᠢ ᠶᠢᠨ ᠥᠪᠡᠷ ᠤᠨ ᠭᠢᠨᠢ ᠲᠤᠷ᠎ᠠ ᠪᠠᠬ᠎ᠠ ᠶᠢ ᠥᠨᠳᠥᠰᠥᠯᠡᠨ᠂ ᠨᠠᠰᠤᠨ ᠤ ᠤᠨᠴᠠᠯᠢᠭ ᠲᠤᠨᠢ ᠵᠤᠭᠢᠴᠠᠭᠤᠯᠤᠨ᠂ ᠲᠤᠷ᠎ᠠ ᠰᠤᠨᠢᠷᠬᠠᠯᠳᠥ ᠠᠩᠬᠢ ᠶᠢᠨ ᠪᠠᠭᠰᠢ ᠨᠢ ᠰᠤᠷᠤᠭᠴᠢ ᠪᠠᠨ ᠰᠤᠩᠭᠤᠬᠤ᠂ ᠰᠤᠷᠤᠭᠴᠢ ᠨᠢ ᠥᠪᠡᠷ ᠤᠨ ᠲᠤᠷ᠎ᠠ ᠰᠤᠨᠢᠷᠬᠠᠯᠳᠠᠢ ᠮᠡᠷᠭᠡᠵᠢᠯ ᠢᠶᠠᠨ ᠰᠤᠩᠭᠤᠬᠤ ᠠᠷᠭ᠎ᠠ ᠪᠠᠷ ᠲᠤᠰᠬᠠᠢ ᠠᠩᠭᠢ ᠳᠠᠭᠠᠨ ᠰᠤᠷᠤᠭᠴᠢ ᠡᠯᠰᠡᠵᠥ᠂ ᠲᠤᠰᠬᠠᠢ ᠪᠠᠭᠰᠢ᠂ ᠲᠤᠰᠬᠠᠢ ᠬᠢᠴᠢᠶᠡᠯ ᠲᠤᠭᠢᠷᠠᠭᠤᠯᠤᠨ ᠬᠢᠴᠢᠶᠡᠯᠯᠡᠭᠰᠡᠨ ᠪᠠᠶᠢᠨ᠎ᠠ᠃
      ᠬᠡᠪ ᠴᠢᠨᠠᠷ ᠤᠨ ᠰᠤᠷᠭᠠᠨ ᠬᠦᠮᠤᠵᠢᠯ ᠢ ᠬᠠᠮᠤᠭ ᠲᠦᠬᠦᠮ ᠢᠶᠠᠷ ᠦᠢᠯᠠᠭᠠᠪᠠᠯ ᠲᠡᠷᠡ ᠪᠤᠯ ᠬᠡᠤᠬᠡᠳ ᠢ ᠬᠦᠮᠤᠨ ᠪᠤᠯᠭᠠᠬᠤ ᠰᠤᠷᠭᠠᠨ ᠬᠦᠮᠤᠵᠢᠯ᠂ ᠬᠡᠤᠬᠡᠳ ᠲᠤ ᠪᠡᠶ᠎ᠡ ᠪᠠᠨ ᠲᠠᠭᠠᠭᠠᠵᠤ ᠠᠮᠢᠲᠤᠷᠠᠬᠤ ᠶᠢ ᠰᠤᠷᠭᠠᠬᠤ ᠰᠤᠷᠭᠠᠨ ᠬᠦᠮᠤᠵᠢᠯ ᠶᠤᠮ᠃ ᠪᠠᠭᠠᠴᠣᠳ ᠬᠡᠣᠬᠡᠳ ᠢ ᠪᠣᠲᠠᠲᠣ ᠦᠢᠯᠡᠲᠣᠯᠬᠡ ᠳᠤ ᠣᠷᠣᠯᠴᠠᠭᠤᠯᠣᠨ ᠭᠠᠷ ᠲᠠᠷᠢᠬᠢ ᠪᠠᠨ ᠵᠡᠷᠭᠡ ᠪᠠᠷ ᠬᠦᠲᠡᠯᠬᠡᠨ᠂ ᠠᠵᠢᠯ ᠬᠦᠲᠡᠯᠮᠣᠷᠢ ᠳᠤ ᠲᠣᠷ᠎ᠠ ᠪᠠᠬ᠎ᠠ ᠲᠠᠢ᠂ ᠬᠦᠲᠡᠯᠮᠣᠷᠢ ᠶᠢᠨ ᠦᠷ᠎ᠡ ᠪᠦᠲᠣᠭᠡᠯ ᠢ ᠴᠢᠬᠤᠯᠠᠴᠢᠯᠠᠨ ᠬᠦᠨᠲᠣᠳᠬᠡᠬᠦ ᠬᠦᠮᠣᠵᠢᠯ ᠬᠦᠷᠲᠡᠬᠡᠵᠤ᠂ ᠦᠨᠲᠣᠰᠣᠲᠡᠨ ᠤ ᠪᠠᠨ ᠦᠪ ᠰᠣᠶᠣᠯ ᠢ ᠮᠡᠲᠡᠵᠣ ᠦᠢᠯᠠᠭᠠᠬᠤ ᠶᠢᠨ ᠣᠯᠠᠮ ᠠᠴᠠ ᠰᠣᠷᠣᠭᠴᠢ ᠶᠢᠨ ᠪᠦᠬᠦ ᠲᠠᠯ᠎ᠠ ᠶᠢᠨ ᠬᠦᠭᠵᠢᠯᠲᠠ ᠶᠢ ᠠᠬᠢᠭᠤᠯᠵᠤ᠂ ᠣᠷᠮ᠎ᠠ ᠵᠣᠷᠢᠭ᠂ ᠲᠠᠯᠲᠠ ᠬᠦᠴᠣᠨ ᠢ ᠨᠢ ᠨᠡᠬᠡᠬᠡᠵᠦ᠂ ᠰᠣᠷᠣᠯᠴᠠᠬᠤ ᠳᠤ ᠪᠠᠭ᠋ᠠᠲᠡᠢ᠂ ᠠᠮᠢᠲᠣᠷᠠᠯ ᠦᠢᠯᠡᠲᠣᠯᠬᠡ ᠳᠤ ᠢᠲᠡᠭ ᠢᠲᠡᠭ ᠢᠶᠠᠷ ᠬᠦᠨᠵᠡᠬᠡᠶᠢᠷᠡᠭᠰᠡᠨ᠂ ᠪᠡᠶ᠎ᠡ ᠪᠠᠨ ᠲᠠᠭᠠᠭᠠᠬᠤ ᠴᠢᠲᠠᠪᠣᠷᠢ ᠪᠠᠷ ᠦᠨᠳᠦᠷ ᠰᠤᠷᠤᠭᠴᠢᠳ ᠢ ᠬᠦᠮᠦᠵᠢᠬᠦᠯᠬᠦ ᠳᠤ ᠮᠠᠰᠢ ᠲᠤᠰᠠᠳᠠᠢ ᠪᠠᠶᠢᠳᠠᠭ᠃      ᠰᠤᠷᠭᠠᠨ ᠬᠦᠮᠤᠵᠢᠬᠦᠯᠬᠦ ᠶᠢᠨ ᠠᠯᠤᠰ ᠬᠡᠲᠤ ᠶᠢ ᠬᠠᠷᠠᠬᠤᠢ      ᠪᠢᠷᠠᠭᠤ ᠳᠠᠬᠢ ᠮᠤᠩᠭᠤᠯ ᠥᠨᠳᠤᠰᠤᠳᠡᠨ ᠤ ᠪᠠᠭ᠎ᠠ ᠰᠤᠷᠭᠠᠭᠤᠯᠢ ᠶᠢᠨ ᠡᠬᠦᠲᠡ ᠪᠠᠷ ᠠᠯᠬᠤᠨ ᠤᠷᠤᠬᠤ ᠳᠤ ︽ᠮᠤᠩᠭᠤᠯ ᠬᠡᠯᠡ ᠮᠤᠯᠤᠷ ᠡᠷᠲᠡᠨᠢ︾ ᠬᠡᠮᠡᠬᠦ ᠲᠤᠮᠤᠬᠠᠨ ᠪᠢᠴᠢᠬᠡᠰᠤ ᠡᠭᠴᠡᠯᠡᠨ ᠤᠭᠲᠤᠲᠠᠭ᠃ ᠡᠨᠡ ᠯᠡ ᠪᠢᠴᠢᠬᠡᠰᠤ ᠡᠨᠡ ᠰᠤᠷᠭᠠᠭᠤᠯᠢ ᠶᠢᠨ ᠬᠡᠤᠬᠡᠳ ᠤᠳ ᠢ ᠡᠲᠤᠷ ᠲᠤ ᠭᠤᠷᠪᠠ ᠤᠲᠠᠭ᠎ᠠ ᠤᠭᠲᠤᠵᠤ᠂ ᠭᠤᠷᠪᠠ ᠤᠲᠠᠭ᠎ᠠ ᠦᠳᠡᠵᠦ ᠪᠠᠶᠢᠲᠠᠭ ᠤᠨ ᠤᠴᠢᠷ ᠬᠡᠴᠢᠨᠡᠨ ᠲᠠᠯᠲᠠ ᠶᠢᠨ ᠰᠠᠨᠠᠭ᠎ᠠ ᠠᠬᠤᠢ ᠠᠭᠤᠯᠤᠭᠳᠠᠵᠤ ᠪᠠᠶᠢᠬᠤ ᠠᠵᠢ᠃ ᠰᠣᠷᠣᠭᠴᠢᠳ ᠤᠨ ᠮᠣᠩᠭᠤᠯ ᠬᠡᠯᠡ ᠪᠢᠴᠢᠭ ᠤᠨ ᠰᠠᠭᠤᠷᠢ ᠶᠢ ᠪᠠᠲᠣ ᠰᠠᠶᠢᠨ ᠲᠠᠯᠪᠢᠬᠤ ᠨᠢ ᠦᠨᠲᠤᠰᠤᠲᠡᠨ ᠤ ᠰᠤᠷᠭᠠᠨ ᠬᠦᠮᠤᠵᠢᠯ ᠤᠨ ᠭᠤᠤᠯ ᠴᠦᠮ᠎ᠡ ᠶᠤᠮ᠃ ᠲᠤᠰ ᠰᠤᠷᠭᠠᠭᠤᠯᠢ ᠶᠢᠨ ᠵᠡᠬᠢᠷᠤᠯ ᠤᠨ ᠰᠠᠨᠠᠭᠠᠴᠢᠯᠠᠭ᠎ᠠ ᠪᠠᠷ ᠡᠬᠡ ᠬᠡᠯᠡᠨ ᠤ ᠵᠢᠭᠠᠨ ᠰᠤᠷᠭᠠᠯᠲᠠ ᠶᠢ ᠴᠢᠬᠤᠯᠠᠴᠢᠯᠠᠨ ︽ᠡᠭᠡ ᠬᠡᠯᠡᠨ ᠤ ᠭᠠᠶᠢᠬᠠᠮᠰᠢᠭ︾ ᠲᠤᠷ᠎ᠠ ᠰᠤᠨᠢᠷᠬᠠᠯᠲᠤ ᠠᠩᠬᠢ ᠶᠢᠨ ᠬᠢᠴᠢᠶᠡᠯᠯᠡᠭᠡ ᠶᠢ ᠨᠡᠭᠡᠭᠡᠬᠦ ᠪᠠᠷ ᠶᠠᠭ ᠲᠦᠯᠤᠪᠯᠡᠨ ᠶᠠᠷᠢᠯᠴᠠᠬᠤ ᠱᠠᠲᠤᠨ ᠳᠠᠭᠠᠨ ᠪᠠᠶᠢᠨ᠎ᠠ᠃      ︽ᠮᠠᠨ ᠤ ᠰᠤᠷᠭᠠᠭᠤᠯᠢ ᠨᠢ ᠵᠢᠵᠢᠭᠬᠡᠨ ᠬᠥᠷᠢᠶ᠎ᠠ ᠲᠠᠢ ᠴᠤ ᠮᠤᠩᠭᠤᠯ ᠡᠭᠡ ᠶᠢᠨ ᠠᠷᠢᠭᠤᠨ ᠴᠠᠭᠠᠨ ᠰᠦ ᠶᠢ ᠰᠢᠮᠡᠵᠥ ᠥᠰᠥᠭᠰᠡᠨ ᠬᠡᠤᠬᠡᠳ ᠤᠳ ᠢᠶᠠᠨ ᠮᠤᠩᠭᠤᠯ ᠰᠤᠶᠤᠯ ᠤᠨ ᠬᠢᠨᠢ ᠠᠩᠭᠢᠷ ᠰᠢᠷ᠎ᠠ ᠤᠭᠤᠷᠠᠭ ᠢᠶᠠᠷ ᠬᠥᠭᠦᠭᠦᠯᠵᠥ ᠬᠥᠯ ᠳᠤ ᠤᠷᠤᠭᠤᠯᠤᠶ᠎ᠠ ᠬᠡᠰᠡᠨ ᠠᠯᠤᠰ ᠤᠨ ᠬᠠᠷᠠᠯᠳᠠ ᠲᠠᠢ ᠠᠵᠢᠯᠯᠠᠵᠥ ᠪᠠᠶᠢᠨ᠎ᠠ᠃ ᠪᠢᠳᠡ ᠥᠨᠳᠥᠰᠤᠳᠡᠨ ᠤ ᠤᠨᠴᠠᠯᠢᠭᠳᠤ ᠵᠢᠭᠠᠨ ᠰᠤᠷᠭᠠᠯᠳᠠ ᠶᠢ ᠠᠳᠬᠤᠬᠤ ᠶᠢ ᠴᠢᠬᠤᠯᠠᠴᠢᠯᠠᠬᠤ ᠪᠠᠷ ᠵᠢᠭᠠᠨ ᠰᠤᠷᠭᠠᠯᠳᠠ ᠶᠢᠨ ᠭᠤᠤᠯ ᠴᠥᠮ᠎ᠠ ᠪᠠᠨ ᠪᠤᠯᠭᠠᠵᠥ᠂ ᠭᠡᠷ ᠤᠨ ᠠᠬᠠᠮᠠᠳ᠂ ᠨᠡᠶᠢᠬᠡᠮ ᠲᠠᠢ ᠨᠢᠭᠲᠠ ᠬᠤᠯᠪᠣᠭᠠᠯᠠᠨ ᠬᠠᠮᠵᠢᠯᠴᠠᠵᠣ᠂ ᠦᠨᠲᠣᠰᠣᠲᠠᠨ ᠤ ᠪᠠᠨ ᠦᠪ ᠰᠣᠶᠣᠯ ᠢᠶᠠᠨ ᠣᠯᠠᠮᠵᠢᠯᠠᠨ ᠬᠦᠭᠵᠢᠬᠦᠯᠵᠦ᠂ ᠦᠨᠲᠣᠰᠣᠲᠠᠨ ᠢᠶᠠᠨ ᠬᠠᠶᠢᠷᠠᠯᠠᠬᠤ᠂ ᠡᠭᠡ ᠨᠣᠲᠤᠭ ᠢᠶᠠᠨ ᠬᠠᠶᠢᠷᠠᠯᠠᠬᠤ᠂ ᠡᠭᠡ ᠤᠯᠤᠰ ᠢᠶᠠᠨ ᠬᠠᠶᠢᠷᠠᠯᠠᠬᠤ ᠰᠡᠳᠬᠢᠯᠭᠡ ᠲᠠᠢ᠂ ᠠᠯᠤᠰ ᠬᠡᠲᠤ ᠶᠢᠨ ᠬᠦᠰᠡᠯ ᠵᠤᠷᠢᠯᠲᠠ ᠲᠠᠢ ᠬᠡᠤᠬᠡᠳ ᠤᠳ ᠢ ᠰᠤᠷᠭᠠᠨ ᠬᠦᠮᠤᠵᠢᠬᠦᠯᠬᠦ ᠶᠢ ᠵᠤᠷᠢᠵᠤ ᠶᠠᠪᠤᠭ᠎ᠠ ᠶᠤᠮ︾ ᠬᠡᠮᠡᠨ ᠪᠢᠷᠠᠭᠤ ᠳᠠᠬᠢ ᠮᠤᠩᠭᠤᠯ ᠥᠨᠳᠤᠰᠤᠳᠡᠨ ᠤ ᠪᠠᠭ᠎ᠠ ᠰᠤᠷᠭᠠᠭᠤᠯᠢ ᠶᠢᠨ ᠵᠠᠭᠢᠷᠤᠯ᠂ ᠨᠠᠮ ᠤᠨ ᠡᠭᠦᠷ ᠤᠨ ᠱᠥᠵᠢ ᠴᠤᠭᠯᠠ ᠢᠲᠡᠭᠡᠯ ᠲᠡᠬᠦᠯᠲᠡᠷ ᠶᠠᠷᠢᠨ᠎ᠠ᠃      ᠮᠤᠩᠭᠤᠯ ᠰᠢᠲᠠᠷ᠎ᠠ ᠶᠢᠨ ᠣᠷᠠᠨ ᠨᠡᠬᠦᠲᠡᠯ ᠢᠶᠠᠷ ᠤᠶᠤᠨ ᠪᠢᠯᠢᠭ ᠢᠶᠠᠨ ᠲᠡᠯᠡᠵᠤ᠂ ᠮᠤᠩᠭᠤᠯ ᠪᠦᠬᠡ ᠶᠢᠨ ᠲᠠᠭᠠᠭᠠᠮᠠᠭᠠᠢ ᠲᠡᠪᠴᠢᠶᠡᠷᠢ ᠪᠠᠷ ᠪᠡᠶ᠎ᠡ ᠤᠶᠤᠨ ᠢᠶᠠᠨ ᠬᠠᠲᠠᠭᠠᠵᠤ᠂ ᠨᠠᠷᠢᠪᠴᠢ ᠵᠡᠬᠦᠤ ᠶᠢᠨ ᠱᠠᠭᠯᠠᠭ᠎ᠠ ᠤᠶᠤᠲᠠᠯ ᠢᠶᠠᠷ ᠤᠷᠠᠨ ᠰᠠᠨᠠᠭ᠎ᠠ ᠪᠠᠨ ᠰᠠᠶᠢᠯᠵᠤ᠂ ᠬᠤᠯᠤᠰᠤᠨ ᠦᠵᠦᠭ ᠤᠨ ᠤᠷᠠᠨ ᠪᠢᠴᠢᠯᠭᠡ ᠪᠠᠷ ᠪᠡᠶ᠎ᠡ ᠰᠡᠳᠬᠢᠯ ᠢᠶᠠᠨ ᠲᠦᠪᠯᠡᠷᠡᠬᠦᠯᠵᠤ᠂ ᠬᠦᠮᠤᠨ ᠪᠤᠯᠬᠤ ᠶᠢᠨ ᠤᠨᠠᠭᠠᠨ ᠲᠦᠯᠤᠪᠰᠢᠯ ᠢ ᠬᠦᠬᠡ ᠲᠦᠯᠪᠤ ᠲᠠᠢ ᠬᠡᠤᠬᠡᠳ ᠤᠳ ᠲᠤ ᠬᠦᠨ ᠲᠠᠮᠠᠭᠠᠯᠠᠵᠤ ᠦᠭᠬᠦᠭᠰᠡᠨ ᠡᠨᠡ ᠰᠤᠷᠭᠠᠭᠤᠯᠢ ᠠᠴᠠ ᠦᠢ ᠣᠯᠠᠨ ᠬᠡᠣᠬᠡᠳ ᠤᠳ ᠡᠷᠲᠡᠮ ᠤᠨ ᠰᠢᠮ᠎ᠡ ᠶᠢ ᠬᠦᠷᠲᠡᠵᠣ ᠦᠲᠣ ᠰᠦᠲᠣ ᠨᠢ ᠪᠦᠷᠢᠲᠣᠨ ᠡᠬᠡ ᠣᠷᠣᠨ᠂ ᠡᠬᠡ ᠣᠯᠣᠰ᠂ ᠡᠬᠡ ᠲᠡᠯᠡᠬᠡᠢ ᠶᠢᠨ ᠴᠡᠩᠭᠡᠷ ᠠᠭᠠᠷ ᠲᠤ ᠲᠡᠬᠦᠯᠢᠨ ᠨᠢᠰᠦᠭᠰᠡᠭᠡᠷ ᠪᠠᠶᠢᠨ᠎ᠠ᠃                          ᠬᠡᠷᠡᠯ ᠵᠢᠷᠤᠭ ᠢ ᠰᠤᠷᠪᠤᠯᠵᠢᠯᠠᠭᠴᠢ ᠡᠷᠳᠡᠨᠢᠪᠤᠯᠠᠭ ᠪᠦᠷᠢᠨᠲᠤᠭᠳᠠᠬᠤ ᠬᠠᠩᠭᠠᠪᠠ
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号