ᠰᠤᠶᠤᠯ ᠲᠡᠤᠭᠡ ᠶᠢᠨ ᠲᠠᠷᠬᠠᠨ ᠦᠪ — ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ
2018-09-28 16:18:54
ᠵᠣᠬᠢᠶᠠᠭᠴᠢ᠄ 
ᠰᠤᠪᠤᠳ ᠪᠠᠶᠡᠰᠬᠤᠯᠠᠩ ᠪᠤᠤ ᠨᠠᠷᠠᠨᠳᠤᠶᠠᠭ᠎ᠠ ᠲᠠᠳᠤᠯᠭ᠎ᠠ ᠶᠢᠨ ᠰᠤᠷᠪᠤᠯᠵᠢᠯᠠᠭᠴᠢ ᠰᠠᠷᠭᠠᠢ
ᠣᠩᠰᠢᠭᠰᠠᠨ ᠣᠳᠠᠭ᠎ᠠ᠄ 
★★★☆☆
          ᠲᠡᠤᠭᠡ ᠰᠤᠶᠤᠯ ᠤᠨ ᠦᠪ ᠠᠴᠠ ᠦᠨᠤᠳᠤᠷ ᠤᠨ ᠵᠤᠭᠠᠴᠠᠯ ᠤᠨ ᠬᠦᠭᠵᠢᠯᠳᠠ ᠶᠢ ᠬᠠᠷᠠᠬᠤᠢ    7 ᠰᠠᠷ᠎ᠠ ᠶᠢᠨ 15᠎ ᠤ ᠡᠳᠤᠷ᠂ ᠰᠤᠷᠪᠤᠯᠵᠢᠯᠠᠭ᠎ᠠ ᠶᠢᠨ ᠲᠤᠭᠤᠢᠢᠯᠠᠩ ᠤᠨ ᠬᠢᠨ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠳᠤ ᠰᠤᠷᠪᠤᠯᠵᠢᠯᠠᠭ᠎ᠠ ᠪᠠᠷ ᠬᠦᠷᠬᠦ ᠳᠤ᠂ ᠶᠠᠬ ᠰᠠᠶ᠋ᠢᠬᠠᠨ ︽2018 ᠤᠨ ᠤ ᠦᠪᠤᠷ ᠮᠤᠩᠭᠤᠯ ᠤᠨ ᠴᠡᠴᠡᠭᠳᠤ ᠤᠯᠠᠷᠢᠯ ᠤᠨ ᠵᠤᠭᠠᠴᠠᠯ ᠤᠨ ᠠᠯᠳᠠᠩᠬᠸ᠎ᠠ ᠴᠡᠴᠡᠭ ᠤᠨ ᠨᠠᠶᠢᠷ ᠵᠢᠴᠢ ᠰᠢᠯᠢ ᠶᠢᠨ ᠭᠤᠤᠯ ᠤᠨ ᠦᠷᠳᠡᠭᠡ ᠰᠡᠯᠬᠦᠨ ᠮᠤᠷᠢᠳᠡᠢ ᠵᠤᠭᠠᠴᠠᠬᠤ ᠨᠠᠭᠠᠳᠤᠮ︾ ᠶᠠᠪᠤᠭᠳᠠᠵᠤ ᠪᠠᠶᠢᠬᠤ ᠲᠠᠢ ᠲᠠᠭᠠᠷᠠᠯᠳᠤᠨ᠂ ᠡᠨᠡ ᠰᠠᠶᠢᠬᠠᠨ ᠨᠠᠭᠠᠳᠤᠮ ᠢ ᠰᠤᠨᠢᠷᠬᠠᠵᠤ᠂ ᠶᠤᠰᠤᠳᠡᠢ ᠨᠢᠳᠤ ᠬᠤᠵᠢᠷᠯᠠᠵᠤ ᠤᠷᠮ᠎ᠠ ᠰᠡᠷᠭᠦᠭᠡᠭᠰᠡᠨ ᠡ᠃    ᠮᠠᠷᠺᠤ ᠊ ᠫᠤᠯᠣ᠋ ᠶᠢᠨ ᠵᠢᠭᠤᠯᠴᠢᠯᠡᠯ ᠤᠨ ᠲᠡᠮᠳᠡᠭᠯᠡᠯ ᠠᠴᠠ ᠦᠨᠤᠳᠤᠷ ᠤᠨ ᠰᠢᠨ᠎ᠠ ᠵᠠᠭᠤᠴᠢ ᠬᠦᠷᠳᠡᠯ᠎ᠠ ᠶᠤᠸᠠᠨ ᠤ ᠲᠡᠭᠡᠳᠤ ᠨᠡᠶᠢᠰᠯᠡᠯ ᠨᠢ ᠵᠠᠭᠤᠴᠢᠯᠠᠭᠤᠷ ᠢᠶᠠᠷ ᠲᠠᠮᠵᠢᠨ ᠤᠯᠠᠨ ᠳᠤ ᠲᠠᠨᠢᠭᠳᠠᠭᠰᠠᠨ ᠨᠢ ᠶᠠᠷᠢᠶᠡᠨ ᠦᠬᠡᠢ᠃    ᠨᠠᠶᠢᠷ ᠤᠨ ᠦᠨᠴᠦᠭ ᠪᠤᠯᠤᠩ ᠢᠶᠠᠷ᠂ ᠵᠠᠭᠤᠴᠢᠯᠠᠭᠤᠷ ᠤᠨ ᠬᠢᠨ ᠶᠠᠭᠠᠷᠠᠯᠳᠠᠢ ᠠᠵᠢᠯᠯᠠᠵᠤ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠦᠵᠡᠮᠵᠢ᠂ ᠲᠡᠤᠭᠡ ᠰᠤᠶᠤᠯ ᠢ ᠲᠡᠯᠡᠬᠡᠢ ᠲᠦᠮᠡᠨ ᠤ ᠬᠠᠷᠠᠭᠠᠨ ᠳᠤ ᠬᠦᠷᠭᠡᠵᠤ ᠪᠠᠶᠢᠯ᠎ᠠ᠃ ᠡᠨᠡ ᠤᠳᠠᠭᠠᠨ ᠤ ᠨᠠᠭᠠᠳᠤᠮ ᠳᠤ ᠴᠤ ᠰᠢᠯᠦᠭᠤᠨ ᠬᠦᠭᠡ ᠬᠤᠰᠢᠭᠤᠨ ᠠᠴᠠ 100 ᠭᠠᠷᠤᠢ ᠵᠠᠭᠤᠴᠢᠯᠠᠭᠤᠷ ᠤᠨ ᠬᠢᠨ ᠢ ᠤᠷᠢᠨ᠂ ᠤᠬᠠᠭᠤᠯᠭ᠎ᠠ ᠶᠢ ᠴᠢᠬᠤᠯᠠᠴᠢᠯᠠᠭᠰᠠᠠ ᠠᠴᠠ ᠰᠤᠶᠤᠯ ᠤᠨ ᠦᠪ ᠤᠨ ᠠᠯᠳᠠᠷ ᠢ ᠰᠤᠨᠤᠷᠳᠠᠨ ᠢᠷᠡᠬᠦ ᠭᠠᠳᠠᠭᠠᠳᠤ ᠳᠤᠳᠤᠭᠠᠳᠤ ᠶᠢᠨ ᠵᠤᠭᠠᠴᠠᠭᠰᠠᠳ ᠵᠢᠯ ᠠᠴᠠ ᠵᠢᠯ ᠤᠯᠠᠰᠢᠷᠠᠭᠰᠠᠨ ᠪᠠᠶᠢᠨ᠎ᠠ᠃    2017 ᠤᠨ ᠳᠤ᠂ ᠰᠢᠯᠤᠭᠤᠨ ᠬᠦᠭᠡ ᠬᠤᠰᠢᠭᠤ ᠤᠯᠤᠰ ᠤᠨ ᠳᠤᠳᠤᠭᠠᠳᠤ ᠭᠠᠳᠠᠭᠠᠳᠤ ᠶᠢᠨ ᠵᠤᠭᠠᠴᠠᠭᠴᠢ ᠶᠢ ᠬᠦᠯᠢᠶᠡᠨ ᠠᠪᠤᠭᠰᠠᠨ ᠲᠤᠭ᠎ᠠ 85 ᠲᠦᠮᠠᠠ ᠬᠦᠮᠦᠨ ᠤᠳᠠᠭ᠎ᠠ ᠳᠤ ᠬᠦᠷᠴᠤ᠂ ᠲᠠᠪᠤᠨ ᠵᠢᠯ ᠤᠨ ᠡᠮᠤᠨᠡᠭᠢ ᠠᠴᠠ 10 ᠲᠠᠬᠢᠨ ᠢᠶᠠᠷ ᠨᠡᠮᠡᠭᠳᠡᠵᠤ᠂ 6.5 ᠳ᠋ᠦᠩᠰᠢᠭᠤᠷ ᠲᠦᠬᠦᠷᠢᠭ ᠤᠨ ᠵᠤᠭᠠᠴᠠᠯ ᠤᠨ ᠤᠷᠤᠯᠭ᠎ᠠ ᠡᠬᠦᠳᠪᠠ᠃    ᠵᠤᠨ ᠤ ᠨᠠᠷᠠᠨ ᠵᠤᠯᠠᠢ ᠲᠦᠭᠡᠨᠡᠭᠰᠡᠨ ᠳᠤᠩᠭᠠᠯᠠᠭ ᠰᠠᠶᠢᠬᠠᠨ ᠡᠳᠤᠷ᠂ ᠮᠤᠩᠭᠤᠯ ᠭᠤᠶᠤᠯᠠᠯ ᠤᠨ ᠬᠡᠬᠡᠨᠴᠢᠷ᠂ ᠮᠤᠩᠭᠤᠯ ᠠᠳᠤᠭᠤ ᠶᠢᠨ ᠰᠦᠷ ᠵᠢᠪᠬᠤᠭ᠎ᠠ᠂ ᠮᠤᠩᠭᠤᠯ ᠢᠳᠡᠭᠡᠨ ᠤ ᠠᠮᠳᠠ ᠳᠤᠨᠢ ᠰᠡᠳᠬᠢᠯ ᠬᠤᠷᠭᠤᠳᠠᠵᠤ᠂ ᠲᠠᠩᠰᠤᠭ ᠦᠵᠡᠮᠵᠢ ᠳᠤᠨᠢ ᠰᠡᠳᠬᠢᠯ ᠢᠶᠠᠨ ᠪᠠᠶᠠᠰᠬᠠᠨ ᠶᠠᠪᠤᠬᠤ ᠶᠢᠨ ᠰᠡᠳᠬᠢᠯᠬᠡ ᠶᠢ ᠲᠦᠷᠰᠦᠯᠡᠬᠦᠶ᠎ᠠ ᠪᠡᠷᠭᠡ︕ ᠵᠠᠮ ᠤᠨ ᠬᠤᠶᠠᠷ ᠬᠠᠵᠠᠭᠤ ᠪᠠᠷ᠂ ᠲᠤᠭᠤᠢ ᠤᠨᠤᠨ ᠵᠤᠷᠴᠢᠭᠰᠠᠳ᠂ ᠦᠵᠡᠮᠵᠢ ᠶᠢᠨ ᠲᠡᠷᠭᠡᠨ ᠲᠡᠭᠡᠷ᠎ᠠ ᠰᠠᠭᠤᠭᠴᠢ᠂ ᠶᠠᠪᠠᠭᠠᠨ ᠠᠯᠬᠤᠭᠴᠢ᠂ ᠠᠯᠳᠠᠩᠬᠸ᠎ᠠ ᠴᠡᠴᠡᠭ ᠤᠨ ᠮᠦᠰᠢᠶᠡᠯ ᠳᠤ ᠰᠤᠭᠳᠤᠭᠤᠷᠠᠨ᠎ᠠ᠃
              ᠬᠤᠪᠢᠯᠠᠢ ᠬᠠᠭᠠᠨ ᠤ ᠱᠤᠭᠤᠮᠠᠯ
              ᠶᠤᠸᠠᠨ ᠤ ᠲᠡᠬᠡᠳᠤ ᠨᠡᠶᠢᠰᠯᠡᠯ ᠤᠨ ᠪᠠᠭᠤᠷᠢ ᠶᠢᠨ ᠮᠦᠽᠸᠢ
              ᠶᠤᠸᠠᠨ ᠤ ᠲᠡᠬᠡᠳᠤ ᠨᠡᠶᠢᠰᠯᠡᠯ ᠤᠨ ᠪᠠᠭᠤᠷᠢ ᠶᠢᠨ ᠬᠡᠰᠡᠭ ᠦᠵᠡᠭᠳᠡᠯ
              ᠴᠢᠯᠠᠭᠤᠨ ᠬᠦᠰᠢᠶ᠎ᠠ    ︽ᠬᠠᠭᠠᠨ ᠤ ᠵᠤᠰᠠᠵᠤ ᠪᠠᠶᠢᠭᠰᠠᠨ ᠭᠠᠵᠠᠷ ᠪᠤᠰᠤᠳ ᠭᠠᠵᠠᠷ ᠢ ᠪᠤᠳᠤᠪᠠᠯ ᠦᠩ ᠰᠢᠮᠡᠯᠢᠭ ᠪᠤᠢ᠂ ᠠᠳᠡ ᠦᠨᠢ ᠤᠳᠠᠭᠠᠨ ᠰᠤᠶᠤᠯ ᠲᠡᠤᠭᠡ ᠶᠢᠨ ᠵᠤᠭᠠᠴᠠᠯ ᠤᠨ ᠡᠬᠢ ᠪᠠᠶᠠᠯᠢᠭ ᠲᠠᠢ᠂ ᠪᠡᠭᠡᠵᠢᠩ ᠠᠴᠠ ᠬᠠᠮᠤᠭ ᠦᠢᠷ᠎ᠠ ᠪᠠᠶᠢᠭᠠᠯᠢᠯᠢᠭ ᠲᠠᠯ᠎ᠠ ᠨᠤᠳᠤᠭ ᠪᠤᠯᠬᠤᠷ ᠬᠤᠳᠠ ᠶᠢᠨ ᠬᠦᠮᠦᠰ ᠠᠳᠡ ᠢᠷᠡᠵᠤ ᠵᠤᠭᠠᠴᠠᠬᠤ ᠤᠯᠠᠰᠢᠷᠠᠵᠡᠢ︾ ᠬᠡᠵᠤ ᠪᠡᠭᠡᠵᠢᠩ ᠬᠤᠳᠠ ᠠᠴᠠ ᠢᠷᠡᠭᠰᠡᠨ ᠸᠠᠩ ᠠᠪᠤᠭᠠᠢ ᠰᠤᠷᠪᠤᠯᠵᠢᠯᠠᠭᠴᠢ ᠳᠤ ᠶᠡᠷᠢᠨ᠎ᠠ᠃    ᠰᠢᠯᠤᠭᠤᠨ ᠬᠦᠭᠡ ᠬᠤᠰᠢᠭᠤᠨ ᠤ ᠤᠬᠠᠭᠤᠯᠬᠤ ᠬᠡᠯᠳᠡᠰ ᠤᠨ ᠬᠢᠨ ᠤ ᠵᠡᠮᠴᠢᠯᠠᠭ᠎ᠠ ᠪᠠᠷ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠠᠴᠠ ᠪᠠᠷᠠᠭᠤᠨ ᠡᠮᠤᠨᠡᠰᠢ 5 ᠺᠢᠯᠦᠮᠧᠲᠷ ᠵᠠᠶᠢᠳᠠᠢ ᠤᠯᠠᠭᠠᠨᠳᠠᠢ ᠤᠪᠤᠭᠠᠨ ᠤ ᠵᠡᠬᠦᠨ ᠡᠩᠬᠡᠷ ᠲᠤ ᠪᠠᠶᠢᠷᠢᠯᠡᠵᠤ ᠪᠠᠶᠢᠭ᠎ᠠ ᠶᠤᠸᠠᠨ ᠤ ᠲᠡᠭᠡᠳᠤ ᠨᠡᠶᠢᠰᠯᠡᠯ ᠤᠨ ᠮᠦᠽᠧᠢ ᠳᠤ ᠬᠦᠷᠬᠦ ᠳᠤ ᠵᠤᠭᠠᠴᠠᠭᠰᠠᠳ ᠲᠦᠢᠯ ᠤᠨ ᠤᠯᠠᠨ ᠪᠠᠶᠢᠯ᠎ᠠ᠃ ᠬᠠᠶᠠᠭᠳᠠᠮᠠᠯ ᠠᠭᠤᠷᠬᠠᠢ ᠶᠢ ᠠᠰᠢᠬᠯᠡᠨ ᠠᠭᠤᠯᠠᠨ ᠳᠤᠳᠤᠷ᠎ᠠ ᠪᠠᠶᠢᠭᠤᠯᠤᠭᠰᠠᠨ ᠶᠤᠸᠠᠨ ᠤ ᠲᠡᠭᠡᠳᠤ ᠨᠡᠶᠢᠰᠯᠡᠯ ᠤᠨ ᠮᠦᠽᠸᠢ ᠨᠢ ᠤᠷᠴᠢᠨ ᠠᠬᠤᠢ ᠶᠢᠨ ᠪᠦᠷᠢᠨ ᠪᠦᠳᠦᠨ ᠴᠢᠨᠡᠷ ᠪᠠ ᠦᠨᠡᠨ ᠪᠤᠳᠠᠳᠤ ᠴᠢᠨᠡᠷ ᠢ ᠬᠠᠮᠠᠭᠠᠯᠠᠭᠰᠠᠨ ᠢᠶᠠᠷ ᠪᠠᠷᠠᠬᠤ ᠦᠬᠡᠢ ᠪᠠᠶᠢᠭᠠᠯᠢ ᠲᠠᠢ ᠵᠤᠬᠢᠴᠠᠭᠰᠠᠨ ᠪᠠᠰᠠ ᠨᠢᠭᠡᠨ ᠦᠵᠡᠮᠵᠢ ᠶᠢᠨ ᠴᠢᠭ᠋ ᠪᠤᠯᠵᠡᠢ᠃    ᠮᠦᠽᠧᠢ ᠪᠠᠷ ᠲᠤᠭᠤᠷᠢᠪᠠᠯ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢ ᠨᠡᠩ ᠬᠦᠨᠵᠡᠬᠡᠢ ᠦᠢᠯᠠᠭᠠᠵᠤ ᠪᠤᠯᠬᠤ ᠶᠤᠮ᠃ ᠠᠳᠡ ᠶᠤᠸᠠᠨ ᠤ ᠲᠡᠭᠡᠳᠤ ᠨᠡᠶᠢᠰᠯᠡᠯ ᠤᠨ ᠡᠬᠦᠰᠭᠡᠨ ᠪᠠᠶᠢᠭᠤᠯᠤᠯᠳᠠ᠂ ᠱᠠᠩᠳᠤ ᠬᠤᠳᠠ ᠶᠢᠨ ᠪᠠᠶᠢᠷᠢᠯᠠᠭᠤᠯᠤᠯᠳᠠ᠂ ᠤᠷᠳᠤᠨ ᠬᠠᠷᠰᠢ ᠶᠢᠨ ᠪᠠᠷᠢᠯᠭ᠎ᠠ ᠵᠢᠴᠢ ᠬᠢᠯᠠᠯᠵᠠᠭᠰᠠᠨ ᠲᠡᠤᠭᠡ ᠶᠢ ᠳᠤᠰᠬᠠᠵᠤ᠂ ᠲᠠᠷᠢᠶᠠᠯᠠᠬᠤ ᠰᠤᠶᠤᠯ ᠵᠢᠴᠢ ᠮᠠᠯᠵᠢᠬᠤ ᠰᠤᠶᠤᠯ ᠬᠤᠶᠠᠷ ᠶᠡᠭᠡ ᠪᠤᠯᠪᠠᠰᠤᠨ ᠤ ᠠᠭᠤᠰᠤᠯᠴᠠᠯ ᠢ ᠬᠠᠷᠠᠭᠤᠯᠤᠨ᠂ ᠮᠤᠩᠭᠤᠯ ᠶᠤᠸᠠᠨ ᠤ ᠪᠢᠴᠢᠭᠯᠡᠭᠰᠡᠨ ᠤᠯᠠᠨ ᠡᠰᠢᠳᠤ ᠰᠤᠶᠤᠯ ᠤᠨ ᠲᠡᠯᠡᠬᠡᠢ ᠶᠢᠨ ᠲᠡᠤᠭᠡᠨ ᠳᠠᠬᠢ ᠬᠡᠷᠡᠯ ᠰᠠᠴᠤᠷᠠᠩᠭᠤᠢ ᠠᠮᠵᠢᠯᠳᠠ ᠶᠢ ᠬᠠᠷᠠᠭᠤᠯᠵᠡᠢ᠃    ᠳᠤᠰ ᠮᠦᠽᠧᠢ ᠶᠢ 2016 ᠤᠨ ᠤ 8 ᠰᠠᠷ᠎ᠠ ᠠᠴᠠ ᠡᠬᠢᠯᠡᠨ ᠨᠡᠶᠢᠭᠡᠮ ᠨᠡᠶᠢᠳᠡ ᠳᠤ ᠰᠦᠢᠳᠭᠡᠯ ᠬᠤᠷᠢᠶᠠᠬᠤ ᠦᠬᠡᠢ ᠪᠠᠷ ᠲᠡᠯᠭᠡᠨ ᠦᠵᠡᠬᠦᠯᠦᠭᠰᠡᠨ ᠠᠴᠠ ᠨᠠᠭᠠᠰᠢ᠂ ᠶᠤᠸᠠᠨ ᠤ ᠲᠡᠭᠡᠳᠤ ᠨᠡᠶᠢᠰᠯᠡᠯ ᠤᠨ ᠮᠦᠽᠧᠢ ᠶᠢᠨ ᠨᠡᠶᠢᠭᠡᠮ ᠳᠤ ᠦᠵᠡᠬᠦᠯᠬᠦ ᠨᠦᠯᠦᠭᠡ ᠳᠤᠰᠬᠠᠯ ᠲᠠᠰᠤᠷᠠᠯᠳᠠ ᠦᠬᠡᠢ ᠲᠡᠭᠡᠭᠰᠢᠯᠡᠵᠤ᠂ ᠮᠦᠽᠧᠢ ᠶᠢᠨ ᠵᠢᠯ ᠪᠦᠷᠢ ᠶᠢᠨ ᠬᠦᠯᠢᠶᠡᠨ ᠠᠪᠬᠤ ᠤᠯᠤᠰ ᠤᠨ ᠳᠤᠳᠤᠭᠠᠳᠤ ᠭᠠᠳᠠᠭᠠᠳᠤ ᠶᠢᠨ ᠵᠤᠭᠠᠴᠠᠭᠰᠠᠳ ᠤᠯᠠᠰᠢᠷᠠᠵᠤ᠂ ᠶᠤᠸᠠᠨ ᠤ ᠲᠡᠭᠡᠳᠤ ᠨᠡᠶᠢᠰᠯᠡᠯ ᠤᠨ ᠲᠡᠯᠡᠬᠡᠢ ᠶᠢᠨ ᠰᠤᠶᠤᠯ ᠤᠨ ᠦᠪ ᠤᠨ ᠲᠦᠭᠡᠮᠡᠯ ᠦᠷᠳᠡᠭ ᠢ ᠲᠤᠪᠤᠶᠢᠯᠭᠠᠨ᠂ ᠮᠤᠩᠭᠤᠯ ᠶᠤᠸᠠᠨ ᠤ ᠲᠡᠤᠭᠡ ᠰᠤᠶᠤᠯ ᠢ ᠲᠠᠮᠵᠢᠭᠤᠯᠬᠤ ᠬᠦᠬᠦᠷᠭᠡ ᠪᠤᠯᠤᠭᠰᠠᠨ ᠪᠦᠭᠡᠳ ᠦᠨᠳᠤᠰᠦᠳᠡᠨ ᠤ ᠰᠤᠶᠤᠯ ᠤᠨ ᠠᠭᠤᠰᠤᠯᠴᠠᠯ ᠢ ᠠᠬᠢᠭᠤᠯᠬᠤ ᠲᠠᠪᠴᠠᠩ ᠪᠤᠯᠤᠭᠰᠠᠨ ᠪᠠᠶᠢᠨ᠎ᠠ᠃
    ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠨᠢ 2015 ᠤᠨ ᠤ 8 ᠰᠠᠷ᠎ᠠ ᠶᠢᠨ 14᠎ ᠤ ᠡᠳᠤᠷ᠂ ᠤᠯᠤᠰ ᠤᠨ 4A ᠲᠡᠰ ᠤᠨ ᠵᠢᠭᠤᠯᠴᠢᠯᠡᠯ ᠤᠨ ᠦᠵᠡᠮᠵᠢᠳᠤ ᠤᠷᠤᠨ ᠤ ᠠᠯᠳᠠᠷ ᠢ ᠬᠦᠷᠳᠡᠵᠤ᠂ ᠰᠢᠯᠢ ᠶᠢᠨ ᠭᠤᠤᠯ ᠠᠶᠢᠮᠠᠭ ᠤᠨ ᠵᠢᠷᠭᠤᠳᠡᠬᠢ ᠤᠯᠤᠰ ᠤᠨ ᠲᠡᠰ ᠤᠨ ᠵᠢᠭᠤᠯᠴᠢᠯᠡᠯ ᠤᠨ ᠦᠵᠡᠮᠵᠢᠳᠤ ᠤᠷᠤᠨ ᠪᠤᠯᠤᠭᠰᠠᠨ ᠪᠠᠶᠢᠨ᠎ᠠ᠃    ᠦᠨᠤᠳᠤᠷ ᠰᠢᠯᠤᠭᠤᠨ ᠬᠥᠭᠡ ᠬᠤᠰᠢᠭᠤ ᠶᠤᠸᠠᠨ ᠤ ᠲᠡᠭᠡᠳᠤ ᠨᠡᠶᠢᠰᠯᠠᠯ ᠤᠨ ᠪᠠᠭᠤᠷᠢ ᠪᠠᠷ ᠰᠤᠶᠤᠯ ᠵᠤᠭᠠᠴᠠᠯ ᠤᠨ ᠬᠥᠭᠵᠢᠯᠳᠠ ᠶᠢᠨ ᠴᠢᠮᠥᠭᠡ ᠪᠤᠯᠭᠠᠵᠤ᠂ ᠮᠤᠩᠭᠤᠯ ᠶᠤᠸᠠᠨ ᠤ ᠰᠤᠶᠤᠯ ᠪᠤᠯᠥᠨ ᠤᠨᠴᠠᠯᠢᠠᠠᠳᠤ ᠵᠤᠭᠠᠴᠠᠯ ᠤᠨ ᠬᠥᠨᠵᠡᠭᠡᠢ ᠠᠭᠤᠰᠤᠯᠴᠠᠯ ᠢ ᠤᠶᠠᠯᠳᠤᠭᠤᠯᠵᠤ᠂ ᠪᠦᠭᠦ ᠤᠷᠤᠨ ᠪᠦᠰᠠ ᠶᠢᠨ ᠵᠤᠭᠠᠴᠠᠯ ᠤᠨ ᠵᠢᠱᠢᠶ᠎ᠠ ᠥᠵᠡᠬᠦᠯᠬᠦ ᠤᠷᠤᠨ ᠢ ᠪᠠᠶᠢᠭᠤᠯᠬᠤ ᠶᠠᠪᠤᠴᠠ ᠳᠤ ᠪᠠᠶᠢᠭᠠᠯᠢ ᠶᠢᠨ ᠪᠠ ᠰᠤᠶᠤᠯ ᠵᠤᠭᠠᠴᠠᠯ ᠤᠨ ᠡᠬᠢ ᠪᠠᠶᠠᠯᠢᠭ ᠢ ᠬᠥᠢᠴᠡᠥᠨ ᠠᠭᠤᠳᠠᠯᠤᠨ᠂ ᠶᠤᠸᠠᠨ ᠤ ᠲᠡᠭᠡᠳᠤ ᠨᠡᠶᠢᠰᠯᠡᠯ ᠤᠨ ᠵᠤᠭᠠᠴᠠᠯ ᠤᠨ ᠬᠥᠭᠵᠢᠯᠳᠠ ᠶᠢᠨ ᠭᠡᠪ ᠵᠬᠠᠪᠤᠷ ᠤᠨ ᠰᠢᠨ᠎ᠠ ᠶᠢ ᠡᠬᠦᠥᠠᠴᠤ᠂ ᠶᠡᠷᠥᠩᠭᠡᠶᠢᠯᠡᠭᠰᠠᠠ ᠵᠤᠭᠠᠴᠠᠯ ᠤᠨ ᠬᠥᠭᠵᠢᠯᠳᠠ ᠶᠢᠨ ᠪᠥᠰᠠ᠂ ᠥᠨᠳᠥᠰᠥᠳᠡᠨ ᠤ ᠰᠤᠶᠤᠯ ᠵᠤᠭᠠᠴᠠᠯ ᠤᠨ ᠬᠥᠭᠵᠢᠯᠳᠠ ᠶᠢᠨ ᠪᠥᠰᠠ ᠪᠤᠯᠤᠨ ᠱᠠᠩᠳᠤ ᠰᠤᠶᠤᠯ ᠤᠨ ᠶᠡᠷᠥᠩᠭᠡᠶᠢᠯᠡᠭᠰᠠᠠ ᠵᠤᠭᠠᠴᠠᠯ ᠤᠨ ᠲᠤᠭᠤᠷᠢᠭ᠂ ᠪᠠᠭ᠎ᠠ ᠵᠢᠭᠠᠰᠤᠳᠠᠢ ᠥᠵᠡᠮᠵᠢ ᠶᠢᠨ ᠤᠷᠤᠨ᠂ ᠲᠠᠯ᠎ᠠ ᠨᠤᠳᠤᠭ ᠤᠨ ᠬᠠᠯᠠᠭᠤᠨ ᠷᠠᠰᠢᠶᠠᠨ ᠵᠤᠭᠠᠴᠠᠯ ᠤᠨ ᠭᠠᠵᠠᠷ᠂ ᠬᠤᠯᠠᠨ ᠰᠢᠷᠭ᠎ᠠ ᠲᠠᠭ᠎ᠠ ᠶᠢᠨ ᠡᠯᠡᠰᠥᠨ ᠤ ᠥᠵᠡᠮᠵᠢ ᠶᠢᠨ ᠤᠷᠤᠨ᠂ ᠲᠠᠯ᠎ᠠ ᠨᠤᠳᠤᠭ ᠤᠨ ᠥᠩᠭᠡ ᠥᠵᠡᠮᠵᠢ ᠶᠢ ᠪᠡᠶᠡᠴᠢᠯᠡᠨ ᠤᠶᠢᠯᠠᠭᠠᠬᠤ ᠲᠤᠭᠤᠷᠢᠭ ᠵᠡᠷᠭᠡ ᠲᠠᠪᠤᠨ ᠲᠤᠭᠤᠷᠢᠭ ᠢ ᠪᠤᠢ ᠪᠤᠯᠭᠠᠵᠤ᠂ ᠤᠯᠤᠰ ᠤᠨ ᠪᠦᠭᠦ ᠤᠷᠤᠨ ᠪᠦᠰᠠ ᠶᠢᠨ ᠵᠤᠭᠠᠴᠠᠯ ᠤᠨ ᠵᠢᠱᠢᠶ᠎ᠠ ᠥᠵᠡᠬᠦᠯᠬᠦ ᠤᠷᠤᠨ ᠢ ᠪᠠᠶᠢᠭᠤᠯᠬᠤ ᠪᠠᠷ ᠬᠠᠷᠠᠯᠳᠠ ᠪᠤᠯᠭᠠᠨ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢ ᠤᠯᠤᠰ ᠤᠨ 5A ᠲᠡᠰ ᠤᠨ ᠵᠤᠭᠠᠴᠠᠯ ᠤᠨ ᠦᠵᠡᠮᠵᠢᠳᠤ ᠤᠷᠤᠨ ᠪᠤᠯᠭᠠᠬᠤ ᠪᠠᠷ ᠬᠦᠴᠦᠯᠡᠵᠤ ᠴᠢᠷᠮᠠᠶᠢᠵᠤ ᠪᠤᠢ᠃        ᠲᠡᠤᠭᠡ ᠰᠤᠶᠤᠯ ᠤᠨ ᠦᠪ ᠢ ᠬᠠᠮᠠᠭᠠᠯᠠᠬᠤ ᠰᠢᠨ᠎ᠠ ᠠᠶᠡᠨ ᠢᠶᠠᠨ ᠡᠭᠢᠯᠡᠭᠦᠯᠭᠦᠢ     ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠨᠢ ᠲᠡᠯᠡᠬᠡᠢ ᠶᠢᠨ ᠰᠤᠶᠤᠯ ᠤᠨ ᠦᠪ ᠢᠶᠠᠷ ᠪᠦᠷᠢᠳᠭᠡᠬᠦᠯᠦᠭᠰᠡᠨ ᠤ ᠲᠠᠷᠠᠭ᠎ᠠ᠂ ᠵᠢᠷᠭᠤᠭᠠᠨ ᠵᠢᠯ ᠤᠨ ᠬᠠᠪᠤᠷ ᠨᠠᠮᠤᠷ ᠢ ᠦᠩᠭᠡᠷᠡᠬᠦᠯᠦᠨ ᠦᠨᠤᠳᠤᠷ ᠲᠤ ᠬᠦᠷᠴᠤ᠂ ᠠᠮᠵᠢᠯᠳᠠ ᠳᠤ ᠪᠠᠨ ᠰᠡᠳᠬᠢᠯ ᠬᠠᠨᠤᠭᠠᠳ ᠵᠤᠭᠰᠤᠩᠭᠤᠢᠢᠷᠠᠭᠰᠠᠨ ᠦᠬᠡᠢ᠂ ᠦᠷᠬᠦᠯᠵᠢᠯᠡᠨ ᠠᠪᠤᠷᠠᠨ ᠬᠠᠮᠠᠭᠠᠯᠠᠬᠤ ᠠᠵᠢᠯ ᠲᠡᠭᠡᠷ᠎ᠠ ᠬᠦᠴᠦ ᠲᠠᠯᠪᠢᠭᠰᠠᠭᠠᠷ ᠢᠷᠡᠵᠡᠢ᠃    2016 ᠤᠨ ᠤ 6 ᠰᠠᠷ᠎ᠠ ᠶᠢᠨ 15᠎ ᠤ ᠡᠳᠤᠷ ᠰᠢᠯᠢ ᠶᠢᠨ ᠭᠤᠤᠯ ᠠᠶᠢᠮᠠᠭ ᠤᠨ ᠶᠤᠸᠠᠨ ᠤ ᠲᠡᠭᠡᠳᠤ ᠨᠡᠶᠢᠰᠯᠡᠯ ᠤᠨ ᠰᠤᠶᠤᠯ ᠤᠨ ᠦᠪ ᠤᠨ ᠬᠠᠮᠢᠶᠠᠷᠤᠯᠳᠠ ᠶᠢᠨ ᠲᠤᠪᠴᠢᠶ᠎ᠠ ᠪᠠᠶᠢᠭᠤᠯᠤᠭᠳᠠᠵᠤ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠵᠤ ᠬᠠᠮᠢᠶᠠᠷᠬᠤ ᠪᠠᠷ ᠭᠤᠤᠯ ᠡᠬᠦᠷᠭᠡ ᠬᠠᠷᠢᠭᠤᠴᠠᠯᠭ᠎ᠠ ᠪᠠᠨ ᠪᠤᠯᠭᠠᠨ᠂ ᠶᠤᠸᠠᠨ ᠤ ᠲᠡᠭᠡᠳᠤ ᠨᠡᠶᠢᠰᠯᠡᠯ ᠤᠨ ᠰᠤᠶᠤᠯ ᠵᠤᠭᠠᠴᠠᠯ ᠤᠨ ᠬᠦᠳᠡᠯᠭᠡᠭᠡᠨ᠂ ᠰᠤᠶᠤᠯ ᠤᠨ ᠰᠤᠳᠤᠯᠭᠠᠨ᠂ ᠲᠡᠤᠭᠡ ᠶᠢᠨ ᠲᠤᠷᠠᠰᠬᠠᠯᠳᠤ ᠵᠦᠢᠯᠡᠰ ᠤᠨ ᠦᠵᠡᠬᠦᠯᠭᠡ ᠵᠢᠴᠢ ᠰᠤᠶᠤᠯ ᠤᠨ ᠦᠪ ᠢ ᠬᠠᠮᠠᠭᠠᠯᠠᠵᠤ ᠤᠬᠠᠭᠤᠯᠬᠤ ᠵᠡᠷᠭᠡ ᠠᠵᠢᠯ ᠢ ᠵᠤᠬᠢᠶᠠᠨ ᠪᠠᠶᠢᠭᠤᠯᠵᠤ ᠵᠤᠬᠢᠴᠠᠭᠤᠯᠵᠤ ᠪᠠᠶᠢᠵᠡᠢ᠃
    ᠰᠢᠯᠢ ᠶᠢᠨ ᠭᠤᠤᠯ ᠠᠶᠢᠮᠠᠭ ᠤᠨ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠰᠤᠶᠤᠯ ᠤᠨ ᠦᠪ ᠤᠨ ᠬᠠᠮᠢᠶᠠᠷᠤᠯᠳᠠ ᠶᠢᠨ ᠲᠤᠪᠴᠢᠶ᠎ᠠ ᠶᠢᠨ ᠲᠤᠪᠴᠢᠶᠠᠨ ᠲᠠᠷᠤᠭ᠎ᠠ ᠵᠤᠸᠠᠩ ᠶᠦᠩ ᠰᠢᠩ ᠤᠨ ᠲᠠᠨᠢᠯᠴᠠᠭᠤᠯᠬᠤ ᠪᠠᠷ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠨᠢ ︽ᠬᠠᠮᠠᠭᠠᠯᠠᠬᠤ ᠪᠠᠷ ᠭᠤᠤᠯ ᠪᠤᠯᠭᠠᠨ᠂ ᠠᠪᠤᠷᠠᠬᠤ ᠶᠢ ᠲᠦᠷᠦᠬᠦᠨ ᠳᠤ ᠲᠠᠯᠪᠢᠵᠦ᠂ ᠵᠦᠢ ᠵᠤᠬᠢᠰᠳᠠᠢ ᠠᠰᠢᠬᠯᠠᠵᠤ᠂ ᠬᠠᠮᠢᠶᠠᠷᠤᠯᠳᠠ ᠪᠠᠨ ᠴᠢᠩᠭᠠᠳᠬᠠᠬᠤ︾ ᠴᠢᠭᠯᠡᠯᠳᠠ ᠶᠢ ᠲᠤᠤᠱᠯᠠᠭᠤᠯᠵᠤ᠂ ᠪᠠᠭᠤᠷᠢ ᠶᠢᠨ ᠦᠨᠡᠨ ᠪᠤᠳᠠᠳᠤ ᠴᠢᠨᠠᠷ ᠪᠠ ᠪᠦᠷᠢᠨ ᠪᠦᠳᠦᠨ ᠴᠢᠨᠠᠷ ᠢ ᠪᠠᠳᠤᠯᠠᠨ᠂ ︽ᠠᠦ᠋ᠲ᠋ᠤᠴᠢᠯᠠᠬᠰᠡᠨ ᠬᠠᠮᠠᠭᠠᠯᠠᠯᠳᠠ + ᠬᠦᠮᠦᠨ ᠤ ᠬᠦᠴᠦᠨ ᠤ ᠬᠠᠮᠠᠭᠠᠯᠠᠯᠳᠠ︾᠎ ᠶᠢᠨ ᠵᠠᠭᠪᠤᠷ ᠢᠶᠠᠷ᠂ ᠬᠢᠨᠡᠨ ᠡᠵᠡᠮᠰᠢᠬᠦ ᠲᠤᠨᠤᠭ ᠲᠦᠬᠦᠭᠡᠷᠤᠮᠵᠢ᠂ ᠬᠢᠨᠡᠨ ᠬᠡᠮᠵᠢᠬᠦ ᠲᠤᠨᠤᠭ ᠲᠦᠬᠦᠭᠡᠷᠤᠮᠵᠢ᠂ ᠬᠦᠮᠦᠨ ᠤ ᠬᠦᠴᠦ ᠪᠠᠷ ᠬᠠᠮᠢᠶᠠᠷᠬᠤ ᠲᠦᠬᠦᠭᠡᠷᠤᠮᠵᠢ ᠶᠢ ᠲᠡᠬᠦᠯᠳᠡᠷᠵᠢᠬᠦᠯᠵᠡᠢ᠃ ᠪᠠᠰᠠ ᠡᠷᠬᠢᠨ ᠲᠤᠭᠤᠷᠢᠨ ᠤ 20 ᠭᠠᠷᠤᠢ ᠮᠠᠯᠴᠢᠨ ᠲᠠᠷᠢᠶᠠᠴᠢᠨ ᠢ ᠲᠠᠶᠢᠴᠢᠯᠡᠨ ᠲᠡᠤᠭᠡ ᠶᠢᠨ ᠳᠤᠷᠠᠰᠬᠠᠯᠳᠤ ᠵᠦᠢᠯᠡᠰ ᠤᠨ ᠬᠠᠮᠠᠭᠠᠯᠠᠭᠴᠢ᠂ ᠤᠬᠠᠭᠤᠯᠤᠭᠴᠢ᠂ ᠮᠡᠳᠡᠭᠡ ᠵᠠᠩᠬᠢ ᠶᠢᠨ ᠠᠵᠢᠯᠳᠠᠨ ᠪᠤᠯᠭᠠᠨ ᠪᠠᠭᠤᠷᠢ ᠶᠢ ᠰᠠᠬᠢᠭᠤᠯᠵᠤ᠂ ᠡᠳᠡᠭᠡᠷ ᠬᠡᠰᠢᠬᠦᠳ ᠤᠨ ᠳᠤᠳᠤᠷ᠎ᠠ᠂ ᠨᠢᠭᠡ ᠪᠦᠯᠦᠭ ᠶᠠᠳᠠᠭᠤ ᠬᠦᠴᠢᠷᠳᠡᠯᠳᠡᠢ ᠬᠦᠮᠦᠰ᠂ ᠵᠡᠮᠳᠡᠭ᠂ ᠨᠠᠰᠤᠳᠠᠶᠢᠴᠤᠳ ᠪᠠᠶᠢᠵᠤ᠂ ᠤᠶᠢᠷ᠎ᠠ ᠤᠷᠴᠢᠮ ᠤᠨ ᠤᠯᠠᠨ ᠲᠥᠮᠡᠨ ᠳᠤ ᠲᠡᠥᠭᠡ ᠶᠢᠨ ᠲᠤᠷᠠᠰᠬᠠᠯᠳᠤ ᠵᠥᠢᠯᠡᠰ ᠢ ᠬᠠᠮᠠᠭᠠᠯᠠᠬᠤ ᠴᠢᠬᠤᠯᠠ ᠴᠢᠨᠠᠷ ᠤᠨ ᠲᠠᠯ᠎ᠠ ᠪᠠᠷ ᠤᠬᠠᠭᠤᠯᠭ᠎ᠠ ᠬᠢᠳᠡᠭ ᠪᠠᠶᠢᠨ᠎ᠠ᠃    — 1800 ᠭᠠᠷᠤᠢ ᠳᠡᠭᠰᠢ ᠲᠥᠷᠪᠡᠯᠵᠢᠨ ᠺᠢᠯᠦᠮᠧᠲᠷ ᠤᠨ ᠬᠠᠮᠠᠭᠠᠯᠠᠯᠳᠠ ᠶᠢᠨ ᠲᠡᠯᠡᠪᠡᠢ ᠶᠢ ᠭᠠᠭᠴᠠ ᠬᠦ ᠬᠠᠮᠢᠶᠠᠷᠤᠯᠳᠠ ᠶᠢᠨ ᠲᠤᠪᠴᠢᠶ᠎ᠠ ᠶᠢᠨ ᠠᠵᠢᠯᠳᠠᠨ ᠳᠤ ᠲᠦᠰᠢᠭᠯᠡᠭᠡᠳ ᠪᠦᠬᠦᠨ ᠢ ᠬᠠᠮᠢᠶᠠᠷᠬᠤ ᠳᠤ ᠬᠦᠴᠢᠷ ᠶᠤᠮ᠂ ᠮᠠᠯᠴᠢᠨ ᠲᠠᠷᠢᠶᠠᠴᠢᠨ ᠢᠶᠠᠷ ᠪᠦᠷᠢᠯᠳᠦᠭᠰᠡᠨ ᠮᠤᠷᠢᠳᠠᠨ ᠠᠩᠬᠢ ᠨᠢ ᠥᠪᠡᠷᠰᠡᠥᠨ ᠤᠨ ᠤᠠᠴᠠᠯᠢᠭ ᠢᠶᠠᠨ ᠪᠠᠳᠠᠷᠠᠭᠤᠯᠵᠤ᠂ ᠲᠡᠥᠭᠡ ᠶᠢᠨ ᠲᠤᠷᠠᠰᠬᠠᠯᠳᠤ ᠵᠥᠢᠯᠡᠰ ᠤᠨ ᠬᠠᠮᠠᠭᠠᠯᠠᠯᠳᠠ ᠬᠠᠮᠢᠶᠠᠷᠤᠯᠳᠠ ᠶᠢᠨ ᠠᠵᠢᠯ ᠳᠤ ᠴᠢᠬᠤᠯᠠ ᠥᠢᠯᠡᠳᠥᠯ ᠥᠵᠡᠬᠦᠯᠵᠤ ᠪᠠᠶᠢᠨ᠎ᠠ᠃
    — ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠬᠦᠷᠢᠶ᠎ᠠ ᠬᠡᠪᠴᠢᠶ᠎ᠠ ᠶᠡᠭᠡ᠂ ᠭᠠᠵᠠᠷ ᠤᠨ ᠪᠠᠶᠢᠴᠠ ᠪᠤᠳᠤᠯᠢᠶᠠᠨᠳᠠᠢ ᠠᠴᠠ ᠮᠤᠷᠢᠳᠠᠨ ᠠᠩᠬᠢ ᠨᠢ ᠲᠡᠤᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠴᠢᠬᠤᠯᠠ ᠡᠩᠨᠡᠭᠡ ᠪᠤᠯᠵᠡᠢ᠃ ᠲᠡᠳᠡ ᠵᠤᠨ ᠳᠠᠭᠠᠨ ᠤᠯᠠᠩᠬᠢ ᠳᠠᠭᠠᠨ ᠮᠤᠲ᠋ᠤᠷ ᠢᠶᠠᠷ ᠡᠳᠤᠷ ᠤᠨ ᠬᠤᠶᠠᠷ ᠤᠳᠠᠭ᠎ᠠ ᠲᠤᠭᠤᠷᠢᠨ ᠪᠠᠶᠢᠴᠠᠭᠠᠵᠤ᠂ ᠡᠪᠤᠯ ᠳᠡᠭᠡᠨ ᠴᠠᠰᠤ ᠶᠡᠭᠡ ᠲᠠᠢ ᠪᠤᠯ ᠮᠤᠷᠢ ᠤᠨᠤᠵᠤ᠂ ᠦᠳᠡ ᠶᠢᠨ ᠡᠮᠤᠨ᠎ᠠ ᠬᠤᠶᠢᠨ᠎ᠠ 52 ᠺᠢᠯᠦᠮᠧᠲᠷ ᠭᠠᠵᠠᠷ ᠢ ᠴᠠᠭᠳᠠᠨ ᠪᠠᠶᠢᠴᠠᠭᠠᠵᠤ᠂ ᠪᠠᠭᠤᠷᠢ ᠶᠢᠨ ᠤᠢᠢᠷᠠᠯᠴᠠᠬᠢ ᠭᠠᠯ ᠰᠡᠷᠭᠡᠶᠢᠯᠡᠯᠳᠠ ᠶᠢᠨ ᠠᠮᠤᠷ ᠲᠥᠪᠰᠢᠨ ᠤ ᠪᠠᠶᠢᠳᠠᠯ ᠳᠤ ᠪᠠᠶᠢᠴᠠᠭᠠᠯᠳᠠ ᠬᠢᠬᠦ᠂ ᠬᠠᠷᠢᠭᠤᠴᠬᠠᠰᠠᠠ ᠭᠠᠵᠠᠷ ᠤᠨ ᠢᠶᠠᠨ ᠭᠡᠰᠡᠭ ᠲᠤ ᠲᠤᠭᠤᠷᠢᠨ ᠪᠠᠶᠢᠴᠠᠭᠠᠬᠤ᠂ ᠲᠤᠤᠷ ᠬᠥᠷᠢᠶᠡᠨ ᠤ ᠡᠪᠳᠡᠷᠡᠭᠰᠡᠨ ᠬᠡᠰᠡᠭ ᠢ ᠵᠠᠰᠠᠠ ᠰᠡᠯᠪᠢᠭᠦ᠂ ᠪᠠᠭᠤᠷᠢ ᠶᠢᠨ ᠭᠡᠰᠡᠭ ᠲᠤ ᠮᠠᠯ ᠤᠨᠤᠭ᠎ᠠ ᠤᠷᠤᠬᠤ ᠶᠢ ᠴᠢᠩᠭ᠎ᠠ ᠰᠡᠷᠭᠡᠶᠢᠯᠡᠵᠤ ᠬᠠᠮᠠᠭᠠᠯᠠᠳᠠᠭ᠃    — ᠤᠤᠯ ᠳᠠᠭᠠᠨ ᠮᠠᠯᠴᠢᠳ ᠲᠠᠢ ᠵᠦᠷᠢᠴᠡᠯ ᠠᠷᠪᠢᠨ ᠭᠠᠷᠳᠠᠭ᠂ ᠲᠡᠳᠡ ᠲᠤᠤᠷ ᠢ ᠲᠠᠰᠤᠯᠤᠭᠠᠳ ᠮᠠᠯ ᠢᠶᠠᠨ ᠲᠠᠯᠪᠢᠭᠠᠳ ᠤᠷᠤᠭᠤᠯᠴᠢᠬᠠᠳᠠᠭ ᠪᠠᠶᠢᠭᠰᠠᠨ ᠡ᠂ ᠬᠠᠷᠢᠨ ᠲᠡᠳᠡᠨ ᠢ ᠬᠠᠮᠠᠭᠠᠯᠠᠭᠴᠢ ᠪᠠᠷ ᠤᠷᠢᠨ ᠬᠡᠷᠡᠭᠯᠡᠵᠤ᠂ ᠡᠨᠡᠬᠦ ᠭᠡᠰᠡᠭ ᠭᠠᠵᠠᠷ ᠢ ᠲᠡᠳᠡᠨ ᠢᠶᠠᠷ ᠬᠠᠮᠢᠶᠠᠷᠠᠭᠤᠯᠤᠭᠰᠠᠨ ᠴᠢᠨᠢ ᠲᠤᠤᠷ ᠢ ᠲᠠᠰᠤᠯᠬᠤ ᠪᠠᠶᠢᠳᠤᠭᠠᠢ ᠨᠡᠩ ᠰᠠᠶᠢᠨ ᠬᠠᠮᠠᠭᠠᠯᠠᠬᠤ ᠪᠤᠯᠵᠡᠢ᠂ ᠵᠦᠷᠢᠴᠡᠯ ᠵᠢᠭᠤᠷᠠᠭᠠᠨ ᠡᠨᠡ ᠬᠤᠶᠠᠷ ᠵᠢᠯ ᠪᠦᠷᠢᠮᠤᠰᠤᠨ ᠠᠷᠢᠯᠵᠤ᠂ ᠤᠳᠤ ᠮᠠᠯᠴᠢᠳ ᠲᠠᠢ ᠲᠤᠩ ᠨᠠᠶᠢᠷᠰᠠᠭ ᠶᠠᠪᠤᠯᠴᠠᠳᠠᠭ ᠪᠤᠯᠵᠠᠢ ᠬᠡᠵᠤ ᠵᠤᠸᠠᠩ ᠶᠦᠩ ᠰᠢᠩ ᠠᠵᠢᠯ ᠤᠨ ᠦᠷ᠎ᠠ ᠪᠦᠳᠦᠮᠵᠢ ᠳᠡᠭᠡᠨ ᠬᠠᠨᠤᠮᠵᠢᠳᠠᠢ ᠪᠠᠶᠢᠯ᠎ᠠ᠃    ᠰᠢᠯᠢ ᠶᠢᠨ ᠭᠤᠤᠯ ᠠᠶᠢᠮᠠᠭ ᠤᠨ ᠶᠤᠸᠠᠨ ᠤ ᠲᠡᠭᠡᠳᠤ ᠨᠡᠶᠢᠰᠯᠡᠯ ᠤᠨ ᠰᠤᠶᠤᠯ ᠤᠨ ᠦᠪ ᠤᠨ ᠬᠠᠮᠢᠶᠠᠷᠤᠯᠳᠠ ᠶᠢᠨ ᠲᠤᠪᠴᠢᠶ᠎ᠠ ᠪᠠᠶᠢᠭᠤᠯᠤᠭᠳᠠᠭᠰᠠᠨ ᠠᠴᠠ ᠨᠠᠭᠠᠰᠢ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠬᠦᠨ ᠵᠤᠵᠠᠭᠠᠨ ᠰᠤᠶᠤᠯ ᠲᠡᠤᠭᠡ ᠪᠠ ᠲᠡᠤᠭᠡ ᠶᠢᠨ ᠲᠤᠷᠠᠰᠬᠠᠯᠳᠤ ᠵᠦᠢᠯᠡᠰ ᠤᠨ ᠡᠬᠢ ᠪᠠᠶᠠᠯᠢᠭ ᠤᠨ ᠬᠤᠷᠠᠮᠳᠤᠯᠭ᠎ᠠ ᠳᠤ ᠲᠦᠰᠢᠭᠯᠡᠵᠤ᠂ ᠤᠯᠤᠰ ᠤᠨ ᠳᠤᠳᠤᠭᠠᠳᠤ ᠶᠢᠨ ᠶᠡᠭᠡ ᠲᠡᠭᠡᠳᠤ ᠰᠤᠷᠭᠠᠭᠤᠯᠢ ᠪᠠ ᠡᠷᠳᠡᠮ ᠰᠢᠨᠵᠢᠯᠡᠭᠡᠨ ᠤ ᠪᠠᠶᠢᠭᠤᠯᠤᠮᠵᠢ ᠲᠠᠢ ᠬᠠᠮᠵᠢᠯᠴᠠᠭ᠎ᠠ ᠪᠠᠨ ᠦᠷᠭᠡᠳᠭᠡᠨ᠂ ᠴᠢᠳᠠᠪᠤᠷᠢᠳᠠᠨ ᠬᠦᠮᠦᠵᠢᠬᠦᠯᠬᠦ ᠡᠵᠢᠯ ᠤᠨ ᠡᠷᠴᠢᠮ ᠢᠶᠠᠨ ᠴᠢᠩᠭᠠᠳᠬᠠᠵᠡᠢ᠃    ︽ᠨᠤᠳᠤᠭ ᠤᠨ ᠬᠡᠤᠭᠡᠳ ᠲᠡᠤᠭᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ᠂ ᠬᠠᠭᠤᠴᠢ ᠰᠤᠳᠤᠯᠤᠯ᠂ ᠦᠨᠳᠤᠰᠦᠳᠡᠨ ᠤ ᠵᠠᠩ ᠦᠢᠯᠡ᠂ ᠲᠡᠤᠭᠡ ᠵᠡᠷᠭᠡ ᠳᠤᠰᠬᠠᠢ ᠮᠡᠷᠭᠡᠵᠢᠯ ᠢ ᠰᠤᠷᠴᠤ ᠡᠵᠡᠮᠰᠢᠨ᠂ ᠨᠤᠳᠤᠭ ᠲᠠᠭᠠᠨ ᠪᠤᠴᠠᠨ ᠢᠷᠡᠵᠤ ᠬᠦᠴᠦᠨ ᠴᠢᠳᠠᠯ ᠢᠶᠠᠨ ᠡᠷᠬᠦᠪᠡᠯ᠂ ᠡᠷᠳᠡᠮ ᠰᠤᠷᠤᠯᠭ᠎ᠠ ᠶᠢᠨ ᠵᠠᠮ ᠳᠤᠨᠢ ᠬᠠᠪᠰᠤᠷᠤᠮᠵᠢ ᠪᠤᠯᠬᠤ ᠪᠤᠯᠪᠠᠤ ᠬᠡᠵᠤ ᠰᠠᠷ᠎ᠠ ᠪᠦᠷᠢ 2000 ᠲᠦᠬᠦᠷᠢᠭ ᠤᠨ ᠨᠦᠬᠦᠪᠤᠷᠢ ᠤᠯᠭᠤᠳᠠᠭ᠃ ᠡᠬᠦᠨ ᠠᠴᠠ ᠭᠠᠳᠠᠨ᠎ᠠ᠂ ᠪᠠᠶᠢᠭᠤᠯᠭ᠎ᠠ ᠶᠢᠨ ᠠᠵᠢᠯᠳᠠᠨ ᠢ ᠲᠤᠮᠢᠯᠠᠵᠤ ᠰᠤᠷᠤᠯᠴᠠᠭᠤᠯᠬᠤ᠂ ᠲᠦᠷ ᠴᠠᠭ ᠤᠨ ᠠᠵᠢᠯᠳᠠᠨ ᠤ ᠮᠡᠷᠭᠡᠵᠢᠯ ᠤᠨ ᠴᠤᠯᠠ ᠡᠷᠡᠮᠡᠯᠵᠡᠯᠡᠬᠦ ᠶᠢ ᠢᠳᠡᠪᠬᠢᠳᠡᠢ ᠲᠡᠮᠵᠢᠨ᠂ ᠲᠦᠷ ᠴᠠᠭ ᠤᠨ ᠠᠵᠢᠯᠳᠠᠨ ᠠᠰᠫᠢᠷᠠᠨᠲ ᠰᠢᠯᠭᠠᠨ ᠤᠷᠤᠪᠠᠯ ᠰᠠᠷ᠎ᠠ ᠪᠦ᠋ᠷᠢ 2000 ᠲᠦᠬᠦᠷᠢᠭ ᠤᠨ ᠠᠮᠢᠳᠤᠷᠠᠯ ᠤᠨ ᠨᠦᠬᠦᠪᠤᠷᠢ ᠲᠠᠢ᠂ ᠨᠦᠬᠦᠴᠡᠯ ᠨᠢ ᠵᠠᠪᠠᠯ ᠨᠤᠳᠤᠭ ᠲᠤ ᠪᠠᠨ ᠪᠤᠴᠠᠨ ᠢᠷᠡᠵᠤ ᠠᠵᠢᠯᠯᠠᠭᠰᠠᠨ ᠪᠠᠶᠢᠬᠤ ᠬᠡᠷᠡᠭᠳᠡᠢ︾ ᠬᠡᠵᠤ ᠵᠤᠸᠠᠩ ᠶᠦᠩ ᠰᠢᠩ ᠰᠤᠷᠪᠤᠯᠵᠢᠯᠠᠭᠴᠢ ᠳᠤ ᠲᠠᠨᠢᠯᠴᠠᠭᠤᠯᠤᠯ᠎ᠠ᠃
    2016 ᠤᠨ ᠤ 7 ᠰᠠᠷ᠎ᠠ ᠶᠢᠨ 1᠎ ᠳᠤ ︽ᠦᠪᠤᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠵᠤᠷᠪᠤᠰ ︾᠎ ᠢ ᠨᠡᠶᠢᠳᠡᠯᠡᠵᠤ ᠬᠡᠷᠡᠭᠵᠢᠬᠦᠯᠦᠭᠰᠡᠨ ᠠᠴᠠ ᠬᠠᠮᠠᠭᠠᠯᠠᠯᠳᠠ ᠶᠢᠨ ᠬᠠᠤᠯᠢ ᠶᠢᠨ ᠬᠦᠴᠦᠨ ᠢ ᠤᠯᠠᠮ ᠨᠢᠭᠡ ᠠᠯᠬᠤᠮ ᠨᠡᠮᠡᠭᠳᠡᠬᠦᠯᠪᠡ᠃ ᠡᠬᠦᠨ ᠠᠴᠠ ᠭᠠᠳᠠᠨ᠎ᠠ᠂ ︽ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠵᠤ ᠬᠠᠮᠢᠶᠠᠷᠬᠤ ᠲᠦᠯᠦᠪᠵᠢᠬᠦᠯᠭᠡ︾ ᠶᠤᠰᠤᠭᠠᠷ᠂ ᠵᠠᠮ ᠱᠤᠭᠤᠮ᠂ ᠫᠠᠶᠢᠰᠠ ᠢᠯᠡᠷᠭᠡᠶᠢᠯᠡᠯ᠂ ᠳᠡᠷᠬᠡᠨ ᠵᠤᠭᠰᠤᠭᠠᠯ᠂ ᠵᠤᠷᠯᠤᠩ ᠵᠡᠷᠭᠡ ᠰᠠᠭᠤᠷᠢ ᠲᠦᠬᠦᠭᠡᠷᠤᠮᠵᠢ ᠶᠢᠨ ᠪᠦᠳᠦᠭᠡᠨ ᠪᠠᠶᠢᠭᠤᠯᠤᠯᠳᠠ ᠶᠢ ᠵᠤᠬᠢᠰᠳᠠᠢ ᠲᠦᠯᠦᠪᠵᠢᠬᠦᠯᠦᠨ᠂ ᠵᠤᠭᠠᠴᠠᠯ ᠤᠨ ᠦᠢᠯᠡᠴᠢᠯᠡᠭᠡ ᠶᠢᠨ ᠨᠦᠬᠦᠴᠡᠯ ᠢ ᠰᠠᠶᠢᠵᠢᠷᠠᠭᠤᠯᠵᠡᠢ᠃ ᠵᠤᠭᠠᠴᠠᠯ ᠤᠨ ᠦᠵᠡᠮᠵᠢᠳᠤ ᠤᠷᠤᠨ ᠤ ᠶᠠᠳᠠᠭᠤ ᠶᠢ ᠲᠡᠳᠬᠦᠬᠦ ᠶᠢ ᠴᠢᠩᠭᠠᠳᠬᠠᠵᠤ᠂ ᠪᠠᠭᠤᠷᠢ ᠠᠴᠠ ᠨᠡᠬᠦᠵᠤ ᠭᠠᠷᠤᠭᠰᠠᠨ 80 ᠨᠡᠰᠤᠨ ᠠᠴᠠ ᠲᠡᠭᠡᠭᠰᠢᠬᠢ ᠨᠠᠰᠤᠳᠠᠨ ᠳᠤ ᠰᠠᠷ᠎ᠠ ᠪᠦᠷᠢ 100 ᠲᠦᠬᠦᠷᠢᠭ ᠤᠨ ᠨᠦᠬᠦᠪᠤᠷᠢ ᠦᠭᠴᠤ᠂ ᠨᠡᠬᠦᠳᠡᠯ ᠠᠷᠠᠳ ᠤᠨ ᠬᠡᠤᠭᠡᠳ ᠶᠡᠭᠡ ᠰᠤᠷᠭᠠᠭᠤᠯᠢ ᠳᠤ ᠤᠷᠤᠪᠠᠯ 2000 ᠲᠦᠬᠦᠷᠢᠭ ᠤᠨ ᠤᠷᠮᠠᠰᠢᠭᠤᠯᠬᠤ ᠮᠦᠩᠬᠦ ᠤᠯᠭᠤᠳᠠᠭ ᠪᠠᠶᠢᠨ᠎ᠠ᠃    ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠠᠮᠳᠤ ᠶᠢᠨ ᠴᠢᠷᠮᠡᠶᠢᠯᠭ᠎ᠠ ᠪᠠᠷ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢᠨ ᠬᠠᠮᠠᠭᠠᠯᠠᠯᠳᠠ ᠶᠢᠨ ᠬᠦᠴᠦᠨ ᠨᠢ ᠢᠯᠡᠳᠳᠡ ᠨᠡᠮᠡᠭᠳᠡᠵᠤ᠂ ᠡᠯ᠎ᠠ ᠲᠠᠯ᠎ᠠ ᠶᠢᠨ ᠠᠵᠢᠯ ᠯᠠᠪᠳᠠᠭᠤᠨ ᠦᠷᠨᠢᠵᠤ᠂ ᠰᠢᠯᠤᠭᠤᠨ ᠬᠦᠬᠡ ᠬᠤᠰᠢᠭᠤᠨ ᠤ ᠠᠵᠤ ᠠᠬᠤᠢ ᠨᠡᠶᠢᠭᠡᠮ ᠤᠨ ᠪᠦᠬᠦ ᠲᠠᠯ᠎ᠠ ᠶᠢᠨ ᠬᠦᠭᠵᠢᠯᠳᠡ ᠶᠢ ᠠᠬᠢᠭᠤᠯᠤᠨ᠂ ᠪᠠᠶᠠᠯᠢᠭ ᠦᠷ᠎ᠠ ᠪᠦᠳᠦᠮᠵᠢ ᠶᠢ ᠤᠯᠪᠠ᠃ ᠦᠢᠷ᠎ᠠ ᠶᠢᠨ ᠬᠡᠳᠤᠨ ᠵᠢᠯ ᠤᠨ ᠲᠤᠷᠰᠢ᠂ ᠶᠤᠸᠠᠨ ᠤ ᠲᠡᠭᠡᠳᠤ ᠨᠡᠶᠢᠰᠯᠡᠯ ᠨᠢ ᠵᠠᠯᠭᠠᠭ᠎ᠠ ᠪᠠᠷ᠂ ︽ᠤᠯᠤᠰ ᠤᠨ 4A ᠲᠡᠰ ᠤᠨ ᠵᠤᠭᠠᠴᠠᠯ ᠤᠨ ᠦᠵᠡᠮᠵᠢᠳᠤ ᠤᠷᠤᠨ︾᠂ ︽ᠤᠯᠤᠰ ᠤᠨ ᠵᠤᠭᠠᠴᠠᠯ ᠦᠢᠯᠡᠴᠢᠯᠡᠭᠡ ᠶᠢᠨ ᠪᠠᠷᠢᠮᠵᠢᠶᠠᠵᠢᠭᠰᠠᠨ ᠳᠤᠷᠰᠢᠯᠳᠡ ᠶᠢᠨ ᠴᠢᠭ᠋︾᠂ ︽ᠦᠪᠡᠷᠳᠡᠭᠡᠨ ᠵᠠᠰᠠᠬᠤ ᠤᠷᠤᠨ ᠤ ᠤᠯᠤᠰ ᠢᠶᠠᠨ ᠬᠠᠶᠢᠷᠠᠯᠠᠬᠤ ᠰᠤᠷᠭᠠᠨ ᠬᠦᠮᠦᠵᠢᠯ ᠤᠨ ᠰᠠᠭᠤᠷᠢᠨ︾ ᠪᠠ ︽ᠦᠪᠡᠷᠳᠡᠭᠡᠨ ᠵᠠᠰᠠᠬᠤ ᠤᠷᠤᠨ ᠤ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢᠨ︾ ᠵᠡᠷᠭᠡ ᠪᠠᠷ ᠦᠨᠡᠯᠡᠭᠳᠡᠪᠡ᠃    ︽ᠦᠨᠤᠳᠤᠷ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠲᠡᠯᠡᠬᠡᠢ ᠲᠦᠮᠡᠨ ᠤ ᠠᠩᠬᠠᠷᠤᠯ ᠳᠤ ᠬᠦᠷᠴᠤ᠂ ᠢᠯᠡᠤᠨᠳᠠ ᠠᠮᠵᠢᠯᠳᠠ ᠤᠯᠤᠭᠰᠠᠨ ᠪᠤᠯᠪᠠᠴᠤ᠂ ᠬᠢᠬᠦ ᠴᠢᠬᠤᠯᠠᠳᠠᠢ ᠠᠵᠢᠯ ᠮᠠᠰᠢ ᠤᠯᠡᠨ ᠪᠠᠶᠢᠨ᠎ᠠ᠂ ᠪᠤᠷᠤᠭᠠᠨ᠂ ᠡᠯᠡᠰᠤᠨ ᠰᠢᠭᠤᠷᠭᠠᠨ᠂ ᠬᠤᠷᠤᠬᠠᠢ ᠶᠢᠨ ᠬᠦᠨᠦᠭᠡᠯ ᠵᠡᠷᠭᠡ ᠶᠢᠨ ᠪᠠᠭᠤᠷᠢ ᠳᠤ ᠦᠵᠡᠬᠦᠯᠬᠦ ᠨᠦᠯᠦᠭᠡ ᠶᠡᠭᠡ ᠪᠠᠶᠢᠵᠤ᠂ ᠬᠢᠨᠡᠨ ᠡᠵᠡᠮᠳᠡᠬᠦ ᠪᠦᠷᠢᠨ ᠢᠵᠢ ᠲᠦᠬᠦᠭᠡᠷᠤᠮᠵᠢ ᠱᠠᠭᠠᠷᠳᠠᠭᠳᠠᠵᠤ᠂ ᠮᠦᠽᠧᠢ ᠶᠢ ᠦᠭᠡᠷᠡᠴᠢᠯᠡᠵᠤ ᠰᠠᠶᠢᠵᠢᠷᠠᠭᠤᠯᠬᠤ ᠪᠡᠯᠡ ᠮᠦᠩᠬᠦ ᠬᠦᠷᠦᠯᠴᠡᠭᠡ ᠦᠬᠡᠢ᠂ ᠪᠠᠰᠠ ᠮᠡᠷᠭᠡᠵᠢᠯ ᠤᠨ ᠴᠢᠳᠠᠪᠤᠷᠢᠳᠡᠨ ᠳᠤᠳᠠᠭᠳᠠᠵᠤ᠂ ᠡᠷᠬᠢᠨ ᠲᠤᠭᠤᠷᠢᠨ ᠤ ᠤᠷᠴᠢᠨ ᠲᠤᠭᠤᠷᠢᠨ ᠢ ᠴᠡᠭᠴᠡᠯᠡᠨ ᠵᠠᠰᠠᠬᠤ ᠠᠵᠢᠯ ᠵᠡᠷᠭᠡ ᠲᠠᠯ᠎ᠠ ᠳᠤ ᠬᠦᠴᠢᠷᠳᠡᠯ ᠤᠷᠤᠰᠢᠵᠤ ᠪᠤᠢ︾ ᠬᠡᠵᠤ ᠵᠤᠸᠠᠩ ᠶᠦᠩ ᠰᠢᠩ ᠰᠤᠷᠪᠤᠯᠵᠢᠯᠠᠭᠴᠢ ᠳᠤ ᠶᠠᠷᠢᠨ᠎ᠠ᠃    ᠶᠤᠸᠠᠨ ᠤ ᠲᠡᠭᠡᠳᠤ ᠨᠡᠶᠢᠰᠯᠡᠯ ᠤᠨ ᠰᠤᠶᠤᠯ ᠤᠨ ᠦᠪ ᠤᠨ ᠬᠠᠮᠢᠶᠠᠷᠤᠯᠳᠠ ᠶᠢᠨ ᠳᠤᠪᠴᠢᠶ᠎ᠠ᠂ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠰᠠᠭᠤᠷᠢᠨ ᠲᠠᠭᠡᠷ᠎ᠠ᠂ ᠦᠷᠬᠦᠯᠵᠢᠯᠡᠨ ᠵᠤᠭᠠᠴᠠᠯ ᠤᠨ ᠦᠢᠯᠡᠴᠢᠯᠡᠬᠡᠨ ᠤ ᠳᠦᠪᠰᠢᠨ ᠢ ᠪᠦᠬᠦ ᠳᠠᠯ᠎ᠠ ᠪᠠᠷ ᠳᠡᠬᠡᠭᠰᠢᠯᠡᠬᠦᠯᠬᠦ ᠪᠠᠷ ᠴᠢᠷᠮᠠᠶᠢᠵᠦ᠂ ᠵᠤᠭᠠᠴᠠᠯ ᠤᠨ ᠬᠦᠯᠢᠶᠡᠨ ᠠᠪᠬᠤ ᠲᠦᠪ ᠂ ᠰᠤᠳᠤᠯᠭᠠᠨ ᠤ ᠲᠠᠰᠤᠭ᠂ ᠲᠡᠤᠭᠡ ᠶᠢᠨ ᠲᠤᠷᠠᠰᠬᠠᠯᠳᠤ ᠵᠦᠢᠯᠡᠰ ᠤᠨ ᠬᠦᠮᠦᠷᠭᠡ᠂ ᠤᠯᠠᠨ ᠴᠢᠳᠠᠪᠬᠢᠳᠤ ᠬᠤᠷᠠᠯ ᠤᠨ ᠲᠠᠩᠬᠢᠮ ᠵᠡᠷᠭᠡ ᠶᠢ ᠪᠠᠶᠢᠭᠤᠯᠬᠤ ᠪᠠᠷ ᠲᠦᠰᠦᠪᠯᠡᠵᠤ᠂ ᠤᠳᠤᠬᠠᠨ ᠳᠤ ᠦᠪᠡᠷᠳᠡᠭᠡᠨ ᠵᠠᠰᠠᠬᠤ ᠤᠷᠤᠨ ᠤ ᠲᠡᠤᠭᠡ ᠶᠢᠨ ᠲᠤᠷᠠᠰᠬᠠᠯᠳᠤ ᠵᠦᠢᠯᠡᠰ ᠤᠨ ᠲᠤᠪᠴᠢᠶ᠎ᠠ ᠶᠢᠨ ᠬᠠᠮᠢᠶ᠎ᠠ ᠪᠦᠬᠦᠢ ᠲᠠᠮᠵᠢᠯᠭᠡ ᠶᠢ ᠤᠯᠤᠭᠠᠳ ᠪᠤᠢ᠃    ᠰᠢᠷ᠎ᠠ ᠲᠠᠯ᠎ᠠ ᠶᠢᠨ ᠡᠯᠢᠭᠡᠨ ᠳᠤ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠤᠨ ᠵᠢᠯ ᠤᠨ ᠡᠯᠡᠬᠡᠯᠳᠡ ᠶᠢ ᠲᠤᠭᠤᠯᠤᠨ ᠦᠪᠡᠷ ᠤᠨ ᠲᠦᠷᠬᠦ ᠪᠠᠷ ᠢᠶᠠᠨ ᠳᠤᠳᠤᠷᠠᠵᠤ᠂ ᠬᠦᠷᠦᠭᠰᠡᠨ ᠪᠦᠬᠦᠨ ᠤ ᠨᠢᠳᠤᠨ ᠳᠤ ᠪᠢᠳᠡᠬᠦᠭᠡᠨ ᠤᠨᠢᠰᠤᠭ᠎ᠠ ᠬᠡᠪ ᠢᠶᠠᠷ ᠦᠯᠡᠳᠡᠵᠤ᠂ ᠦᠩᠭᠡᠷᠡᠭᠰᠡᠨ ᠲᠡᠤᠭᠡ ᠶᠢ ᠨᠢ ᠡᠷᠭᠡ ᠦᠭᠡᠢ ᠪᠤᠳᠤᠬᠳᠠᠭᠤᠯᠤᠨ᠎ᠠ ᠁    ᠲᠡᠷᠡ ᠪᠤᠯ ᠨᠢᠭᠡᠨ ᠲᠦᠷᠦ ᠶᠢᠨ ᠲᠤᠷᠠᠰᠤᠮᠵᠢ ᠶᠢᠨ ᠠᠴᠢᠶᠠᠯᠠᠪᠤᠷᠢ᠂ ᠪᠠᠰᠠᠴᠤ ᠰᠢᠷ᠎ᠠ ᠲᠠᠯ᠎ᠠ ᠶᠢᠨ ᠲᠡᠨᠵᠢᠨ ᠳᠤ ᠠᠮᠢᠳᠤᠷᠠᠭᠰᠠᠨ ᠮᠤᠩᠭᠤᠯᠴᠤᠳ ᠤᠨ ᠠᠤᠭ᠎ᠠ ᠲᠡᠤᠭᠡ ᠶᠢᠨ ᠲᠡᠮᠳᠡᠭᠯᠡᠯ ᠮᠦᠨ᠃
              ᠱᠠᠩᠳᠤ ᠶᠢᠨ ᠰᠢᠷ᠎ᠠ ᠲᠠᠯ᠎ᠠ ᠪᠠᠷ ᠵᠤᠭᠠᠴᠠᠭᠰᠠᠤᠨ                 ᠬᠤᠯᠪᠤᠭᠠᠰᠤ ᠨᠢᠭᠡ᠄     ᠲᠡᠯᠡᠬᠡᠢ ᠶᠢᠨ ᠰᠤᠶᠤᠯ ᠤᠨ ᠦᠪ ᠪᠤᠯᠤᠭᠰᠠᠨ ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠨᠢ ᠰᠢᠯᠣᠭᠤᠠ ᠬᠦᠭᠡ ᠬᠤᠰᠢᠭᠤᠠ ᠤ ᠱᠠᠩᠳᠦ ᠪᠠᠯᠭᠠᠰᠣᠠ ᠠᠴᠠ ᠵᠡᠬᠦᠨ ᠬᠤᠶᠢᠰᠢ 20 ᠺᠢᠯᠦᠮᠧᠳ᠋ᠷ ᠤᠨ ᠵᠠᠶᠢᠳᠠᠢ ᠰᠢᠷ᠎ᠠ ᠲᠠᠯ᠎ᠠ ᠶᠢᠨ ᠲᠠᠨᠵᠢᠨ ᠳᠤ ᠪᠠᠶᠢᠷᠢᠰᠢᠵᠤ᠂ ᠲᠡᠯᠡᠬᠡᠢ ᠶᠢᠨ ᠲᠡᠤᠭᠡᠨ ᠲᠡᠭᠡᠷᠡᠬᠢ ᠬᠠᠮᠤᠭ ᠤᠨ ᠲᠤᠮᠤ ᠬᠠᠭᠠᠨᠳᠤ ᠬᠦᠷᠦᠨ ᠪᠤᠯᠬᠤ ᠶᠤᠸᠠᠨ ᠤᠯᠤᠰ ᠤᠨ ᠨᠡᠶᠢᠰᠯᠡᠯ ᠪᠤᠯᠬᠤ ᠶᠤᠮ᠃ 1260 ᠣᠠ ᠳᠤ ᠬᠤᠪᠢᠯᠠᠢ ᠠᠳᠡ ᠶᠡᠭᠡ ᠬᠤᠷᠠᠯᠳᠠᠢ ᠶᠠᠪᠣᠭᠤᠯᠵᠦ᠂ ᠬᠠᠭᠠᠠ ᠰᠠᠭᠤᠷᠢᠠ ᠳᠤ ᠰᠠᠭᠤᠭᠰᠠᠠ ᠪᠦᠭᠡᠳ ᠵᠦᠩᠶᠣᠸᠠᠠ ᠣᠷᠣᠠ ᠤ ᠬᠠᠭᠤᠴᠢᠠ ᠪᠠᠶᠢᠭᠤᠯᠣᠯ ᠢ ᠵᠠᠯᠭᠠᠮᠵᠢᠯᠠᠠ ᠣᠯᠣᠰ ᠢᠶᠠᠨ ᠶᠣᠸᠠᠠ ᠣᠯᠣᠰ ᠬᠡᠮᠡᠭᠰᠡᠨ ᠪᠠᠶᠢᠨ᠎ᠠ᠃ ᠬᠤᠪᠢᠯᠠᠢ ᠬᠠᠭᠠᠠ ᠱᠠᠩᠳᠦ ᠪᠠᠷ ᠨᠡᠶᠢᠰᠯᠡᠯ ᠪᠣᠯᠭᠠᠵᠦ᠂ ᠶᠣᠸᠠᠠ ᠣᠯᠣᠰ ᠢ ᠪᠠᠶᠢᠭᠤᠯᠬᠤ ᠪᠠᠷ ᠳᠠᠮᠵᠢᠵᠤ ᠳᠣᠮᠳᠠᠳᠣ ᠣᠯᠣᠰ ᠢ ᠨᠢᠭᠡᠳᠭᠡᠭᠦ ᠰᠠᠭᠤᠷᠢ ᠶᠢ ᠳᠠᠯᠪᠢᠨ᠂ ᠡᠭᠦᠠ ᠠᠴᠠ ᠡᠮᠦᠨᠡᠬᠢ 300 ᠵᠢᠯ ᠤᠨ ᠲᠣᠷᠰᠢᠬᠢ ᠣᠯᠣᠰ ᠳᠦᠷᠦ ᠶᠢᠨ ᠭᠡᠰᠡᠭᠯᠡᠡ ᠵᠠᠬᠢᠷᠬᠤ ᠪᠠᠶᠢᠳᠠᠯ ᠢ ᠡᠴᠦᠰᠯᠡᠭᠦᠯᠵᠠᠢ᠃ ᠭᠤᠪᠢ ᠶᠢᠨ ᠠᠷᠣ ᠳᠤ ᠮᠣᠵᠢ ᠶᠢᠨ ᠳᠦᠷᠢᠮ᠂ ᠮᠦᠠ ᠲᠦᠪᠡᠳ ᠤᠨ ᠦᠠᠳᠦᠷᠯᠢᠭ ᠲᠤ ᠶᠠᠪᠣᠭᠤᠯᠣᠭᠰᠠᠠ ᠨᠣᠶᠠᠷᠬᠠᠯ ᠤᠨ ᠲᠦᠷᠢᠮ ᠵᠡᠷᠭᠡ ᠨᠢ ᠳᠣᠮᠳᠠᠳᠣ ᠣᠯᠣᠰ ᠤᠨ ᠬᠢᠯᠢ ᠬᠢᠵᠠᠭᠠᠷ ᠢ ᠦᠷᠭᠡᠳᠭᠡᠡ ᠣᠳᠣ ᠶᠢᠨ ᠳᠣᠮᠳᠠᠳᠣ ᠣᠯᠣᠰ ᠤᠨ ᠨᠣᠳᠤᠭ ᠲᠡᠪᠢᠰᠭᠡᠷ ᠤᠨ ᠭᠡᠪᠴᠢᠶ᠎ᠠ ᠶᠢ ᠳᠣᠭᠳᠠᠭᠠᠵᠦ ᠦᠭᠭᠦᠭᠰᠡᠡ ᠪᠠᠶᠢᠳᠠᠭ᠃ ᠶᠣᠸᠠᠠ ᠤ ᠲᠡᠭᠡᠳᠤ ᠨᠡᠶᠢᠰᠯᠡᠯ ᠤᠨ ᠪᠠᠶᠢᠭᠤᠯᠣᠭᠳᠠᠭᠰᠠᠠ ᠨᠢ ᠳᠣᠮᠳᠠᠳᠣ ᠣᠯᠣᠰ ᠤᠨ ᠲᠡᠦᠭᠡᠡ ᠳᠡᠭᠡᠷ᠎ᠠ ᠣᠯᠠᠠ ᠦᠠᠳᠦᠰᠦᠳᠡᠡ ᠲᠠᠢ ᠣᠯᠣᠰ ᠪᠦᠷᠢᠯᠳᠦᠠ ᠲᠤᠭᠳᠠᠨᠢᠬᠤ ᠰᠠᠭᠤᠷᠢ ᠶᠢ ᠲᠠᠯᠪᠢᠵᠤ᠂ ᠴᠠᠭ ᠦᠶ᠎ᠠ ᠶᠢ ᠵᠠᠭᠠᠭᠯᠠᠭᠰᠠᠠ ᠠᠴᠢ ᠬᠤᠯᠪᠣᠭᠳᠠᠯ ᠲᠠᠢ᠃    ᠶᠤᠸᠠᠨ ᠬᠦᠷᠦᠨ ᠨᠢ 1256 ᠤᠨ ᠠᠴᠠ 1358 ᠤᠨ ᠪᠤᠯᠳᠠᠯᠠᠬᠢ ᠵᠠᠭᠤ ᠭᠠᠷᠤᠢ ᠵᠢᠯ ᠤᠨ ᠨᠤᠶᠠᠷᠬᠠᠯ ᠤᠨ ᠬᠤᠭᠤᠴᠠᠭᠠᠨ ᠳᠠᠭᠠᠨ ᠠᠽᠢᠶ᠎ᠠ᠂ ᠡᠧᠦ᠋ᠷᠦᠫᠡ ᠶᠢ ᠰᠤᠨᠳᠠᠯᠠᠭᠰᠠᠨ ᠲᠤᠮᠤ ᠡᠵᠡᠨᠳᠤ ᠬᠦᠷᠦᠨ ᠢ ᠪᠠᠶᠢᠭᠤᠯᠵᠤ᠂ ᠲᠦᠴᠢᠨ ᠬᠡᠳᠤᠨ ᠤᠯᠤᠰ ᠢ ᠪᠠᠶᠢᠯᠳᠤᠨ ᠲᠠᠭᠠᠭᠤᠯᠵᠤ᠂ 3600 ᠭᠠᠷᠤᠢ ᠲᠦᠮᠡᠨ ᠲᠡᠭᠰᠢ ᠲᠦᠷᠪᠡᠯᠵᠢᠨ ᠺᠢᠯᠦᠮᠧᠲᠷ ᠭᠠᠵᠠᠷ ᠢ ᠡᠵᠡᠮᠰᠢᠵᠤ ᠪᠠᠶᠢᠵᠡᠢ᠃ ᠡᠨᠡ ᠨᠢ ᠬᠦᠮᠦᠨ ᠲᠦᠷᠦᠯᠬᠢᠳᠡᠨ ᠤ ᠲᠡᠤᠭᠡᠨ ᠳᠤ ᠤᠷᠢᠳᠤ ᠡᠮᠤᠨ᠎ᠠ ᠪᠠᠶᠢᠭ᠎ᠠ ᠦᠬᠡᠢ ᠨᠦᠯᠦᠭᠡᠯᠡᠬᠦ ᠬᠦᠴᠦᠨ ᠲᠠᠢ ᠪᠠᠶᠢᠪᠠ᠃ ᠠᠳᠡ ᠨᠡᠶᠢᠰᠯᠡᠵᠤ ᠪᠠᠶᠢᠭᠰᠠᠨ ᠴᠠᠭ ᠦᠶ᠎ᠠ ᠳᠤ ᠳᠤᠮᠳᠠᠳᠤ ᠶᠢᠨ ᠦᠰᠦᠭ ᠦᠷᠦᠬᠦ ᠮᠡᠷᠭᠡᠵᠢᠯ᠂ ᠵᠦᠭᠯᠡᠬᠦᠷ᠂ ᠲᠡᠷᠢ ᠪᠠ ᠶᠤᠸᠠᠨ ᠤ ᠦᠶ᠎ᠠ ᠳᠤ ᠡᠬᠦᠳᠦᠨ ᠪᠦᠳᠦᠬᠡᠭᠳᠡᠭᠰᠡᠨ ᠭᠠᠯ ᠫᠤᠤ ᠵᠡᠷᠭᠡ ᠨᠢ ᠡᠧᠦ᠋ᠷᠦᠫᠡ ᠳᠤ ᠤᠯᠠᠮᠵᠢᠯᠠᠭᠳᠠᠨ ᠤᠷᠤᠬᠰᠡᠨ ᠪᠠᠶᠢᠨ᠎ᠠ᠃              ᠬᠤᠯᠪᠤᠭᠠᠰᠤ ᠬᠤᠶᠠᠷ᠄     700 ᠭᠠᠷᠤᠢ ᠵᠢᠯ ᠤᠨ ᠡᠮᠦᠨ᠎ᠡ᠂ ᠳᠠᠯ᠎ᠠ ᠨᠤᠳᠤᠭ ᠤᠨ ᠦᠷᠤᠴᠡᠨ ᠳᠠᠬᠢ ᠡᠨᠡᠬᠦ ᠬᠤᠳᠠ ᠮᠠᠨᠢ ᠠᠯᠤᠰ ᠠᠴᠠ ᠮᠤᠷᠢᠯᠠᠨ ᠰᠠᠭᠠᠳᠠᠭᠰᠠᠨ ᠢᠲ᠋ᠠᠯᠢ ᠶᠢᠨ ᠵᠢᠭᠤᠯᠴᠢᠨ ᠮᠠᠷᠺᠤ ᠊ ᠫᠤᠯᠣ᠋ ᠳᠤ ︽ᠲᠤᠷᠤᠨᠠᠳᠠᠬᠢᠨ ᠤ ᠰᠢᠳᠢᠳᠤ ᠲᠤᠮᠤᠭ︾ ᠬᠡᠮᠡᠨ ᠵᠦᠢᠷᠯᠡᠭᠳᠡᠵᠤ᠂ ᠳᠤᠮᠳᠠᠳᠤ ᠵᠠᠭᠤᠨ ᠤ ᠡᠧᠦ᠋ᠷᠦᠫᠡᠴᠤᠳ ᠢ ᠭᠠᠶᠢᠬᠠᠰᠢ ᠠᠯᠳᠠᠭᠤᠯᠤᠭᠰᠠᠨ ᠪᠢᠯᠡ᠃ 1797 ᠤᠨ ᠳᠤ᠂ ᠠᠩᠭᠡᠯᠢ ᠶᠢᠨ ᠰᠢᠯᠦᠭᠴᠢ ᠺᠧᠯᠧᠷᠢᠳᠧᠺ ︽ᠬᠤᠪᠢᠯᠠᠢ ᠬᠠᠭᠠᠨ︾ ᠬᠡᠬᠦ ᠠᠯᠳᠠᠷᠳᠤ ᠰᠢᠯᠦᠭ ᠢ ᠵᠤᠬᠢᠶᠠᠭᠰᠠᠨ ᠠᠴᠠ ᠲᠡᠭᠡᠳᠤ ᠨᠡᠶᠢᠰᠯᠡᠯ ᠨᠢ ᠡᠧᠦ᠋ᠷᠦᠫᠠ ᠶᠢᠨ ᠢᠵᠠᠭᠤᠷᠳᠠᠳ ᠤᠨ ᠬᠦᠰᠡᠨ ᠲᠡᠮᠡᠤᠯᠬᠦ ᠤᠷᠤᠨ ᠪᠤᠯᠤᠭᠰᠠᠨ ᠪᠠᠶᠢᠨ᠎ᠠ᠃ ᠡᠧᠦ᠋ᠷᠦᠫᠡᠴᠤᠳ ᠡᠨᠡᠬᠦ ᠤᠷᠳᠤᠨ ᠬᠠᠷᠰᠢ᠂ ᠲᠠᠯ᠎ᠠ ᠨᠤᠳᠤᠭ᠂ ᠤᠢ ᠮᠤᠳᠤ᠂ ᠭᠤᠤᠯ ᠭᠤᠷᠤᠬ᠎ᠠ ᠪᠠᠷ ᠪᠦᠳᠦᠭᠰᠡᠨ ᠨᠡᠶᠢᠰᠯᠡᠯ ᠬᠤᠳᠠ ᠶᠢ XANADU ᠬᠡᠮᠡᠨ ᠨᠡᠷᠡᠯᠡᠵᠤ᠂ ᠡᠳᠤᠭᠡ ᠬᠦᠷᠳᠡᠯ᠎ᠠ ᠦᠵᠡᠰᠬᠦᠯᠡᠩᠳᠤ ᠰᠠᠶᠢᠬᠠᠨ ᠭᠠᠵᠠᠷ ᠤᠷᠤᠨ ᠢ ᠳᠤᠰ ᠦᠭᠡ ᠪᠠᠷ ᠵᠦᠢᠷᠯᠡᠳᠡᠭ ᠪᠠᠶᠢᠵᠡᠢ᠃ ᠡᠧᠦ᠋ᠷᠦᠫᠠ ᠶᠢᠨ ᠤᠳᠤᠨ ᠤᠷᠤᠨ ᠤ ᠡᠷᠳᠡᠮᠳᠡᠨ ᠳᠤᠰ ᠨᠡᠷ᠎ᠠ ᠪᠠᠷ ᠰᠢᠷᠤᠢ ᠶᠢᠨ ᠭᠠᠷᠠᠭ ᠤᠨ ᠵᠢᠷᠭᠤᠳᠤᠭᠠᠷ ᠲᠠᠭᠠᠭᠤᠯᠢ ᠤᠳᠤ ᠶᠢ ᠨᠡᠷᠡᠶᠢᠳᠦᠭᠰᠡᠨ ᠴᠤ ᠪᠠᠶᠢᠳᠠᠭ᠃    ᠭᠡᠳᠡᠯ᠎ᠠ ᠵᠠᠭᠤᠨ ᠵᠢᠯ ᠦᠩᠭᠡᠷᠡᠭᠡ ᠦᠭᠡᠢ ᠪᠠᠷ ᠲᠠᠩᠰᠤᠭ ᠰᠠᠶᠢᠬᠠᠨ ᠲᠤᠮᠤ ᠨᠡᠶᠢᠰᠯᠡᠯ ᠨᠢ 1358 ᠤᠨ ᠳᠤ ᠪᠤᠯᠤᠭᠰᠠᠨ ᠶᠤᠸᠠᠨ ᠤ ᠰᠡᠬᠦᠯᠴᠢ ᠶᠢᠨ ᠲᠠᠷᠢᠶᠠᠴᠢᠨ ᠤ ᠪᠤᠰᠤᠯᠭ᠎ᠠ ᠳᠤ ᠰᠢᠳᠠᠭᠠᠭᠳᠠᠨ ᠰᠦᠢᠳᠭᠡᠭᠳᠡᠵᠤ᠂ ᠨᠡᠩ ᠴᠤ ᠲᠡᠬᠦᠨ ᠠᠴᠠ ᠬᠤᠶᠢᠰᠢᠬᠢ ᠬᠡᠳᠤᠨ ᠤᠳᠠᠭᠠᠨ ᠤ ᠲᠠᠶᠢᠨ ᠲᠠᠵᠢᠨ ᠢ ᠦᠩᠭᠡᠷᠡᠭᠡᠭᠡᠳ ᠪᠦᠷᠢᠮᠤᠰᠤᠨ ᠡᠪᠳᠡᠭᠳᠡᠨ ᠡᠵᠡᠬᠦ᠋ᠢᠷᠡᠭᠡᠳ ︽ᠲᠡᠤᠭᠡ ᠶᠢᠨ ᠠᠤᠭ᠎ᠠ ᠪᠤᠯᠪᠠᠰᠤᠨ ᠢ ᠡᠪᠤᠷᠯᠡᠭᠰᠡᠨ ᠪᠠᠭᠤᠷᠢ︾ ᠪᠤᠯᠤᠨ ᠦᠯᠡᠳᠡᠵᠡᠢ᠃    ᠬᠡᠳᠦ᠋ᠢᠪᠡᠷ ᠳᠤᠰ ᠬᠤᠳᠠ ᠨᠢ ᠲᠠᠶᠢᠨ ᠤ ᠬᠦᠯ ᠳᠤ ᠡᠪᠳᠡᠭᠳᠡᠨ ᠰᠢᠳᠠᠭᠠᠭᠳᠠᠭᠰᠠᠨ ᠪᠤᠯᠪᠠᠴᠤ ᠲᠡᠬᠦᠨ ᠤ ᠡᠯ᠎ᠠ ᠲᠠᠯ᠎ᠠ ᠶᠢᠨ ᠨᠦᠯᠦᠭᠡᠯᠡᠬᠦ ᠬᠦᠴᠦᠨ ᠶᠡᠭᠡ ᠪᠠᠶᠢᠵᠤ᠂ ᠲᠡᠷᠡ ᠨᠢ ᠶᠤᠸᠠᠨ ᠤ ᠲᠦᠷᠦ ᠶᠢᠨ ᠮᠠᠨᠳᠤᠨ ᠴᠡᠴᠡᠭᠯᠡᠵᠤ ᠪᠠᠶᠢᠭᠰᠠᠨ ᠤ ᠪᠤᠳᠠᠰ ᠤᠨ ᠬᠡᠷᠡᠴᠢ ᠪᠤᠯᠬᠤ ᠪᠠᠷ ᠪᠠᠷᠠᠬᠤ ᠦᠬᠡᠢ ᠶᠤᠸᠠᠨ ᠤ ᠲᠡᠤᠭᠡ᠂ ᠰᠤᠶᠤᠯ ᠤᠷᠠᠯᠢᠭ᠂ ᠰᠢᠨᠵᠢᠯᠡᠬᠦ ᠤᠬᠠᠭᠠᠨ ᠰᠤᠳᠤᠯᠭᠠᠨ ᠳᠤ ᠴᠢᠬᠤᠯᠠ ᠦᠨ᠎ᠠ ᠴᠠᠨ᠎ᠠ ᠲᠠᠢ ᠶᠤᠮ᠂ ᠮᠦᠨ ᠴᠤ ᠳᠤᠮᠳᠠᠳᠤ ᠶᠢᠨ ᠦᠨᠳᠤᠰᠦᠳᠡᠨ ᠴᠠᠭᠠᠰᠢᠯᠠᠨ ᠲᠡᠯᠡᠬᠡᠢ ᠶᠢᠨ ᠡᠯ᠎ᠠ ᠦᠨᠳᠤᠰᠦᠳᠡᠨ ᠤ ᠠᠷᠠᠳ ᠲᠦᠮᠡᠨ ᠤ ᠦᠨᠡᠳᠤ ᠦᠪ ᠪᠢᠯᠡ᠃              ᠬᠤᠯᠪᠤᠭᠠᠰᠤ ᠭᠤᠷᠪᠠ᠄     1964 ᠤᠨ ᠳᠤ᠂ ᠶᠤᠸᠠᠨ ᠤ ᠳᠡᠬᠡᠳᠦ ᠨᠡᠶᠢᠰᠯᠡᠯ ᠤᠨ ᠪᠠᠭᠤᠷᠢ ᠨᠢ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠢᠬᠡᠳᠦᠬᠡᠷ ᠪᠦᠯᠦᠭ ᠪᠦᠬᠦ ᠤᠯᠤᠰ ᠤᠨ ᠭᠤᠤᠯᠳᠠᠯᠭ᠎ᠠ ᠲᠠᠢ ᠳᠡᠦᠬᠡ ᠶᠢᠨ ᠳᠤᠷᠠᠰᠬᠠᠯᠳᠦ ᠵᠦᠢᠯᠡᠰ ᠤᠨ ᠬᠠᠮᠠᠭᠠᠯᠠᠯᠳᠠ ᠶᠢᠨ ᠨᠢᠭᠡᠴᠡ ᠂ 1988 ᠤᠨ ᠳᠤ ᠳᠦᠷᠦ ᠶᠢᠨ ᠶᠠᠪᠤᠳᠠᠯ ᠤᠨ ᠬᠤᠷᠢᠶ᠎ᠠ ᠶᠢᠨ ᠵᠦᠪᠰᠢᠶᠡᠷᠡᠯ ᠢᠶᠠᠷ ᠭᠤᠷᠪᠠᠳᠤᠭᠠᠷ ᠪᠦᠯᠦᠭ ᠪᠦᠬᠦ ᠤᠯᠤᠰ ᠤᠨ ᠭᠤᠤᠯᠳᠠᠯᠭ᠎ᠠ ᠲᠠᠢ ᠳᠡᠦᠬᠡ ᠶᠢᠨ ᠳᠤᠷᠠᠰᠬᠠᠯᠳᠦ ᠵᠦᠢᠯᠡᠰ ᠤᠨ ᠬᠠᠮᠠᠭᠠᠯᠠᠯᠳᠠ ᠶᠢᠨ ᠨᠢᠬᠡᠴᠡ ᠪᠠᠷ ᠳᠤᠭᠳᠠᠭᠠᠭᠳᠠᠵᠤ᠂ 1996 ᠤᠨ ᠳᠤ ᠶᠤᠸᠠᠨ ᠤ ᠲᠡᠭᠡᠳᠤ ᠨᠡᠶᠢᠰᠯᠡᠯ ᠤᠨ ᠪᠠᠭᠤᠷᠢ ᠨᠢ ᠲᠡᠯᠡᠬᠡᠢ ᠶᠢᠨ ᠰᠤᠶᠤᠯ ᠤᠨ ᠦᠪ ᠤᠨ ᠪᠦᠷᠢᠳᠭᠡᠯ ᠤᠨ ᠨᠡᠷᠡᠰ ᠤᠨ ᠵᠢᠭᠰᠠᠭᠠᠯᠳᠠ ᠳᠤ ᠵᠢᠭᠰᠠᠭᠠᠭᠳᠠᠵᠡᠢ᠃    2012 ᠤᠨ ᠤ 6 ᠰᠠᠷ᠎ᠠ ᠶᠢᠨ 29᠎ ᠤ ᠡᠳᠦᠷ᠂ ᠤᠷᠤᠰ ᠤᠨ ᠰᠠᠨᠲ ᠫᠧᠲᠷᠪᠦ᠋ᠷᠩ ᠲᠤ ᠶᠠᠪᠤᠭᠳᠠᠭᠰᠠᠨ 36 ᠳ᠋ᠤᠭᠠᠷ ᠤᠳᠠᠭᠠᠨ ᠤ ᠲᠡᠯᠡᠭᠡᠢ ᠶᠢᠨ ᠰᠤᠶᠤᠯ ᠤᠨ ᠦᠪ ᠤᠨ ᠵᠦᠪᠯᠡᠯ ᠤᠨ ᠬᠤᠷᠠᠯ ᠲᠡᠭᠡᠷ᠎ᠠ᠂ ︽ᠲᠡᠯᠡᠬᠡᠢ ᠶᠢᠨ ᠰᠤᠶᠤᠯ ᠤᠨ ᠦᠪ︾᠎ ᠢᠶᠠᠷ ᠪᠦᠷᠢᠳᠭᠡᠬᠦᠯᠵᠤ᠂ ᠦᠪᠦᠷ ᠮᠤᠩᠭᠤᠯ ᠳᠤ ᠲᠡᠯᠡᠬᠡᠢ ᠶᠢᠨ ᠰᠤᠶᠤᠯ ᠤᠨ ᠦᠪ ᠦᠭᠡᠢ ᠪᠠᠶᠢᠭᠰᠠᠨ ᠬᠤᠭᠤᠰᠤᠨ ᠢ ᠨᠦᠬᠦᠪᠦᠷᠢᠯᠡᠪᠡ᠃
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号