ᠠᠩᠬᠠᠳᠤᠭᠠᠷ ᠬᠤᠭᠤᠴᠠᠭᠠᠨ ᠤ ︽ᠶᠤᠸᠠᠨ ᠤ ᠲᠡᠭᠡᠳᠤ ᠨᠡᠶᠢᠰᠯᠡᠯ︾ ᠬᠤᠨᠳᠠᠭᠠᠳᠤ ᠪᠦᠭᠦ ᠤᠯᠤᠰ ᠤᠨ ᠲᠡᠯᠡᠭᠡᠢ ᠶᠢᠨ ᠰᠢᠳᠠᠷ᠎ᠠ ᠶᠢᠨ ᠤᠷᠤᠯᠳᠤᠭᠠᠨ ᠰᠢᠯᠤᠭᠤᠨ ᠭᠦᠭᠡ ᠬᠤᠰᠢᠭᠤᠨ ᠳᠤ ᠶᠠᠪᠤᠭᠳᠠᠪᠠ
2018-09-03 10:19:58
ᠵᠣᠬᠢᠶᠠᠭᠴᠢ᠄ 
ᠤᠶᠤᠩᠭᠤᠸ᠎ᠠ
ᠣᠩᠰᠢᠭᠰᠠᠨ ᠣᠳᠠᠭ᠎ᠠ᠄ 
★★★☆☆
    7 ᠰᠠᠷ᠎ᠠ ᠶᠢᠨ 26᠎ ᠠᠴᠠ 28᠎ ᠤ ᠡᠳᠤᠷ ᠪᠤᠯᠳᠠᠯ᠎ᠠ᠂ ᠠᠩᠬᠠᠳᠤᠭᠠᠷ ᠬᠤᠭᠤᠴᠠᠭᠠᠨ ᠤ ︽ᠶᠤᠸᠠᠨ ᠤ ᠲᠡᠭᠡᠳᠤ ᠨᠡᠶᠢᠰᠯᠡᠯ︾ ᠬᠤᠨᠳᠠᠭᠠᠳᠤ ᠪᠦᠭᠦ ᠤᠯᠤᠰ ᠤᠨ ᠲᠡᠯᠡᠭᠡᠢ ᠶᠢᠨ ᠰᠢᠳᠠᠷ᠎ᠠ ᠶᠢᠨ ᠤᠷᠤᠯᠳᠤᠭᠠᠨ ᠰᠢᠯᠤᠭᠤᠨ ᠭᠦᠭᠡ ᠬᠤᠰᠢᠭᠤᠨ ᠳᠤ ᠤᠷᠤᠯᠳᠤᠭᠠᠨ ᠢᠶᠠᠨ ᠡᠬᠢᠯᠡᠭᠦᠯᠦᠯ᠎ᠡ᠃    ᠲᠤᠰ ᠤᠷᠤᠯᠳᠤᠭᠠᠨ ᠢ ᠲᠤᠮᠳᠠᠳᠤ ᠤᠯᠤᠰ ᠤᠨ ᠲᠡᠯᠡᠭᠡᠢ ᠶᠢᠨ ᠰᠢᠳᠠᠷ᠎ᠠ ᠶᠢᠨ ᠨᠡᠶᠢᠭᠡᠮᠯᠢᠭ᠂ ᠦᠪᠤᠷ ᠮᠤᠩᠭᠤᠯ ᠤᠨ ᠲᠡᠯᠡᠭᠡᠢ ᠶᠢᠨ ᠰᠢᠳᠠᠷ᠎ᠠ ᠶᠢᠨ ᠨᠡᠶᠢᠭᠡᠮᠯᠢᠭ᠂ ᠪᠠᠢ ᠰᠢᠤᠸᠠᠢ ᠰᠢᠳᠠᠷ᠎ᠠ ᠶᠢᠨ ᠭᠦᠷᠢᠶᠡᠯᠡᠩ ᠤᠨ ᠦᠪᠤᠷ ᠮᠤᠩᠭᠤᠯ ᠳᠠᠬᠢ ᠬᠤᠪᠢᠶᠠᠷᠢ ᠭᠦᠷᠢᠶᠡᠯᠡᠩ ᠠᠴᠠ ᠲᠠᠭᠠᠭᠠᠴᠢᠯᠠᠨ ᠡᠷᠬᠢᠯᠡᠵᠤ᠂ ᠦᠪᠤᠷ ᠮᠤᠩᠭᠤᠯ ᠤᠨ ᠲᠡᠯᠡᠭᠡᠢ ᠰᠤᠶᠤᠯ ᠲᠠᠮᠢᠷ ᠤᠨ ᠭᠦᠭᠵᠢᠯᠳᠡ ᠶᠢᠨ ᠬᠢᠵᠠᠭᠠᠷᠳᠤ ᠺᠤᠮᠫᠠᠨᠢ ᠠᠴᠠ ᠬᠠᠮᠳᠤᠷᠠᠨ ᠡᠷᠬᠢᠯᠡᠵᠠᠢ᠃ ᠤᠷᠤᠯᠳᠤᠭᠠᠨ ᠳᠤ ᠪᠡᠭᠡᠵᠢᠩ᠂ ᠭᠠᠨᠰᠤ᠂ ᠭᠤᠸᠠᠩᠳᠦ᠋ᠡᠭ᠂ ᠡᠾᠧᠪᠸᠢ᠂ ᠬᠠᠷᠠᠮᠦ᠋ᠷᠡᠨ᠂ ᠵᠢᠶᠠᠩᠰᠤ᠂ ᠯᠢᠶᠤᠤᠨᠢᠩ᠂ ᠱᠠᠨᠳᠦ᠋ᠡᠭ᠂ ᠱᠠᠩᠬᠠᠢ᠂ ᠰᠢᠨᠵᠢᠶᠠᠩ᠂ ᠵᠧᠵᠢᠶᠠᠩ᠂ ᠦᠪᠤᠷ ᠮᠤᠩᠭᠤᠯ ᠵᠡᠷᠭᠡ 14 ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶ᠎ᠠ ᠬᠤᠳᠠ ᠶᠢᠨ ᠰᠢᠳᠠᠷ᠎ᠠ ᠶᠢᠨ ᠲᠦᠪ᠂ ᠰᠢᠳᠠᠷ᠎ᠠ ᠶᠢᠨ ᠭᠦᠷᠢᠶᠡᠯᠡᠩ᠂ ᠰᠢᠳᠠᠷ᠎ᠠ ᠶᠢᠨ ᠰᠤᠷᠭᠠᠭᠤᠯᠢ ᠪᠠ ᠰᠢᠳᠠᠷ᠎ᠠ ᠶᠢᠨ ᠺᠯᠦ᠋ᠪ ᠤᠨ 564 ᠰᠢᠳᠠᠷᠠᠴᠢᠨ ᠤᠷᠤᠯᠴᠠᠵᠠᠢ᠃    ᠤᠷᠤᠯᠳᠤᠭᠠᠨ ᠳᠤ ᠤᠷᠤᠯᠴᠠᠵᠤ ᠪᠠᠶᠢᠭ᠎ᠠ ᠰᠢᠳᠠᠷᠠᠴᠢᠤᠨ ᠤᠨ ᠤᠯᠠᠩᠭᠢ ᠨᠢ ᠰᠢᠳᠠᠷ᠎ᠠ ᠶᠢᠨ ᠮᠡᠷᠭᠡᠵᠢᠯ ᠤᠨ ᠲᠦᠪᠰᠢᠨ ᠢᠶᠠᠷ ᠦᠨᠳᠤᠷ ᠭᠦᠮᠤᠰ ᠪᠠᠶᠢᠵᠤ᠂ ᠭᠡᠤᠭᠡᠤᠨ ᠪᠠᠭᠠᠴᠤᠤᠨ ᠨᠢ ᠴᠤ ᠪᠦᠷ ᠯᠡ ᠰᠢᠳᠠᠷ᠎ᠠ ᠳᠤ ᠴᠠᠭᠠᠷᠠᠭᠰᠠᠨ ᠭᠡᠤᠭᠡᠤᠨ ᠤᠳ ᠪᠠᠶᠢᠯ᠎ᠠ᠃ ᠰᠢᠳᠠᠷᠠᠴᠢᠤᠨ ᠤᠨ ᠮᠡᠷᠭᠡᠵᠢᠯ ᠤᠨ ᠲᠦᠪᠰᠢᠨ ᠢᠶᠠᠷ ᠨᠢ ᠢᠯᠡ ᠲᠤᠭᠤᠶᠢᠯᠡᠩ᠂ ᠠᠵᠢᠯ ᠤᠨ ᠴᠢᠯᠤᠭᠡᠨ ᠤ ᠲᠤᠭᠤᠶᠢᠯᠡᠩ ᠭᠡᠵᠤ ᠬᠤᠶᠠᠷ ᠲᠤᠭᠤᠶᠢᠯᠡᠩ ᠬᠤᠪᠢᠶᠠᠬᠤ ᠶᠢᠨ ᠵᠡᠷᠭᠡ ᠪᠠᠷ ᠠᠵᠢᠯ ᠤᠨ ᠴᠢᠯᠤᠭᠡᠨ ᠤ ᠲᠤᠭᠤᠶᠢᠯᠡᠩ ᠳᠤ ᠤᠷᠤᠯᠴᠠᠭᠰᠠᠨ ᠰᠢᠳᠠᠷᠠᠴᠢᠤᠨ ᠤᠨ ᠨᠠᠰᠤᠨ ᠤ ᠠᠳᠠᠯᠢ ᠪᠤᠰᠤ ᠪᠠᠷ ᠨᠢ ᠪᠠᠭᠠᠴᠤᠤᠨ ᠤᠨ ᠲᠤᠭᠤᠶᠢᠯᠡᠩ᠂ 8 ᠨᠠᠰᠤᠨ ᠤ ᠲᠤᠭᠤᠶᠢᠯᠡᠩ᠂ 10 ᠨᠠᠰᠤᠨ ᠤ ᠲᠤᠭᠤᠶᠢᠯᠡᠩ᠂ 12 ᠨᠠᠰᠤᠨ ᠤ ᠲᠤᠭᠤᠶᠢᠯᠡᠩ᠂ 14 ᠨᠠᠰᠤᠨ ᠤ ᠲᠤᠭᠤᠶᠢᠯᠡᠩ ᠬᠡᠵᠥ ᠬᠤᠪᠢᠶᠠᠨ ᠶᠠᠪᠤᠭᠳᠠᠭᠤᠯᠪᠠ᠃
          ᠪᠠᠭᠠᠴᠤᠳ ᠤᠨ ᠲᠤᠭᠤᠢᠢᠯᠠᠩ ᠤᠨ ᠤᠷᠤᠯᠳᠤᠭᠠᠨ᠃
          ᠲᠤᠮᠤᠴᠤᠤᠯ ᠤᠨ ᠲᠤᠭᠤᠢᠢᠯᠠᠩ ᠤᠨ ᠤᠷᠤᠯᠳᠤᠭᠠᠨ᠃                          ᠤᠶᠤᠩᠭᠤᠸ᠎ᠠ ᠭᠡᠷᠡᠯ ᠵᠢᠷᠤᠭ ᠢᠶᠠᠷ ᠮᠡᠳᠡᠭᠡᠯᠡᠪᠡ
ᠨᠠᠶᠢᠷᠠᠭᠤᠯᠤᠭᠴᠢ᠄
ᠰᠠᠴᠣᠷᠠ
ᠣᠷᠴᠢᠭᠤᠯᠤᠭᠴᠢ᠄
ᠢᠷᠡᠯᠲᠡ᠄
ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ
ᠬᠤᠪᠢᠶᠠᠯᠴᠠᠬᠤ᠄
  
  
ᠰᠢᠨ᠎ᠡ ᠰᠡᠳᠬᠢᠭᠳᠡᠯ ᠪᠢᠴᠢᠬᠦ᠄
ᠬᠠᠮᠤᠭ ᠤᠨ ᠰᠢᠨ᠎ᠡ ᠸᠢᠳᠢᠤ᠋
ᠬᠠᠮᠤᠭ ᠤᠨ ᠰᠢᠨ᠎ᠡ ᠵᠢᠷᠤᠭ
2008-2018 © ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ ᠦᠮᠴᠢᠯᠡᠯ ᠤᠨ ᠡᠷᠬᠡ ᠲᠠᠢ ᠵᠤᠬᠢᠶᠠᠭᠴᠢ ᠶᠢᠨ ᠡᠷᠬᠡ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠬᠠᠲᠠᠭᠤ ᠬᠤᠷᠢᠭᠯᠠᠨ᠎ᠠ ᠬᠠᠷᠢᠯᠴᠠᠬᠤ ᠤᠲᠠᠰᠤ᠄ 0471-6659832 ᠢᠮᠧᠯ᠄ tn@mgyxw.net   蒙ICP备10000005号